ᠬᠥᠬᠡᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/4/27
                  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ︹2022︺ 5 ᠳ᠋ᠤᠭᠠᠷ ᠲᠣᠭᠠᠲᠤ                              2022 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠥᠬᠡᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ ᠬᠥᠬᠡᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠵᠢᠭᠦᠯᠬᠦ ᠠᠷᠭ᠎ᠠ ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ︹2020︺ 5 ᠳ᠋ᠤᠭᠠᠷ ᠲᠣᠭᠠᠲᠤ︶᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢ ᠬᠢᠨᠠᠨ ᠬᠠᠮᠢᠶᠠᠷᠬᠤ ᠳᠦᠷᠢᠮ︾ ︵ᠲᠥᠷᠥ ᠶᠢᠨ ᠵᠠᠷᠯᠢᠭ 735 ᠳ᠋ᠤᠭᠠᠷ ᠲᠣᠭᠠᠲᠤ︶᠂ ︽ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠲᠠᠩᠰᠠ ᠶᠢᠨ ᠳᠦᠷᠢᠮ ᠢ ᠪᠠᠶᠢᠭᠤᠯᠬᠤ ᠲᠤᠬᠠᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠰᠠᠨᠠᠯ︾ ︵ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ︹2021︺ 5 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ︾ ᠵᠡᠷᠭᠡ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ᠶᠢ ᠬᠥᠬᠡᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠪᠠᠭᠲᠠᠬᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠬᠡᠷᠡᠭᠯᠡᠨ᠎ᠡ᠃      ᠭᠤᠷᠪᠠᠳᠤᠭᠠᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠳᠣᠣᠷᠠᠬᠢ ᠵᠠᠷᠴᠢᠮ ᠤᠳ ᠢ ᠪᠠᠷᠢᠮᠲᠠᠯᠠᠨ᠎ᠠ᠄      ︵ᠨᠢᠭᠡ︶ ᠪᠦᠬᠦᠨ ᠢ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠣᠯᠠᠨ ᠲᠠᠰ ᠳᠠᠪᠬᠤᠷᠭ᠎ᠠ ᠲᠠᠢ᠂ ᠦᠷᠭᠦᠯᠵᠢᠯᠡᠬᠦ᠋ᠢᠴᠡ ᠵᠠᠷᠴᠢᠮ ᠢ ᠪᠠᠷᠢᠮᠲᠠᠯᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠪᠣᠯᠣᠨ ᠡᠯ᠎ᠡ ᠲᠠᠯ᠎ᠠ ᠶᠢᠨ ᠬᠢᠨ ᠤ ᠳᠠᠭᠠᠭᠠᠬᠤ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠤᠨ᠎ᠠ᠃      ︵ᠬᠤᠶᠠᠷ︶ ︽ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠠᠶᠢᠯᠭᠠᠬᠤ᠂ ᠪᠠᠭ᠎ᠠ ᠦᠯᠡᠳᠡᠪᠦᠷᠢ ᠲᠠᠢ ᠪᠠᠶᠢᠯᠭᠠᠬᠤ︾ ᠦᠷᠭᠦᠯᠵᠢᠯᠡᠬᠦ᠋ᠢᠴᠡ ᠴᠢᠨᠠᠷ ᠤᠨ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠤᠭᠯᠠᠭᠤᠯᠬᠤ ᠪᠠ ᠬᠡᠷᠡᠭᠯᠡᠨ᠎ᠡ᠃      ︵ᠭᠤᠷᠪᠠ︶ ᠡᠷᠬᠡ ᠪᠠ ᠠᠯᠪᠠ ᠶᠢ ᠠᠳᠠᠯᠢ ᠲᠡᠭᠰᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ ᠲᠤᠰᠢᠶᠠᠵᠤ᠂ ᠬᠠᠷᠠᠭᠠᠯᠵᠠᠭᠰᠠᠨ ᠬᠠᠷᠠᠭᠠᠯᠵᠠᠯ ᠬᠦᠷᠲᠡᠨ᠎ᠡ᠃      ︵ᠳᠥᠷᠪᠡ︶ ᠬᠤᠲᠠ ᠶᠢᠨ ᠱᠠᠲᠤᠨ ᠠᠴᠠ ᠨᠢᠭᠡᠳᠦᠯᠲᠡᠢ ᠲᠥᠯᠥᠪᠯᠡᠬᠦ ᠵᠠᠷᠴᠢᠮ ᠢ ᠪᠠᠷᠢᠮᠲᠠᠯᠠᠨ᠂ ᠰᠠᠭᠤᠷᠢ ᠮᠥᠩᠭᠦ ᠶᠢ ᠬᠤᠲᠠ ᠶᠢᠨ ᠱᠠᠲᠤᠨ ᠤ ᠨᠡᠶᠢᠭᠡᠮ ᠤᠨ ᠪᠠᠲᠤᠯᠠᠭ᠎ᠠ ᠶᠢᠨ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠳᠤ ᠣᠷᠣᠭᠤᠯᠵᠤ᠂ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠨ᠂ ᠠᠰ ᠲᠤᠨᠢ ᠳᠠᠩᠰᠠᠯᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠨ᠎ᠡ᠃      ︵ᠲᠠᠪᠤ︶ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ ᠯᠦᠭᠡ ᠬᠠᠷᠢᠯᠴᠠᠨ ᠵᠣᠯᠭᠠᠯᠳᠤᠬᠤ ᠵᠠᠷᠴᠢᠮ ᠢ ᠪᠠᠷᠢᠮᠲᠠᠯᠠᠨ᠎ᠠ᠃      ᠳᠥᠷᠪᠡᠳᠦᠭᠡᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠶᠢᠨ ᠬᠠᠮᠲᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠬᠡᠷᠡᠭᠵᠢᠭᠦᠯᠦᠨ᠎ᠡ᠃      ᠲᠠᠪᠤᠳᠤᠭᠠᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠨᠢ ᠭᠤᠣᠯᠳᠠᠭᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠪᠢ ᠬᠥᠮᠥᠨ ᠤ ᠲᠤᠰᠢᠶᠠᠭᠰᠠᠨ ᠳᠠᠭᠠᠳᠬᠠᠯ ᠤᠨ ᠰᠦᠢᠳᠬᠡᠯ ᠬᠢᠭᠡᠳ ᠡᠯ᠎ᠡ ᠱᠠᠲᠤᠨ ᠤ ᠵᠠᠰᠠᠭ ᠤᠨ ᠣᠷᠳᠣᠨ ᠤ ᠲᠤᠰᠬᠠᠢ ᠨᠥᠬᠦᠪᠦᠷᠢ ᠪᠡᠯᠡ ᠮᠥᠩᠭᠦ ᠪᠠᠷ ᠪᠦᠷᠢᠯᠳᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠰᠢᠯᠵᠢᠭᠦᠯᠦᠨ ᠰᠠᠯᠭᠠᠵᠤ᠂ ᠰᠠᠭᠤᠭᠠᠯᠢ ᠠᠷᠠᠳ ᠬᠤᠪᠢ ᠬᠥᠮᠥᠨ ᠳᠠᠭᠢᠵᠤ ᠠᠰ ᠲᠤᠨᠢ ᠲᠤᠰᠢᠶᠠᠬᠤ ᠦᠭᠡᠢ᠃      ᠵᠢᠷᠭᠤᠳᠤᠭᠠᠷ ᠵᠦᠢᠯ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠠᠵᠢᠯ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠬᠤᠲᠠ ᠶᠢᠨ ᠡᠮᠴᠢᠯᠡᠭᠡᠨ ᠤ ᠳᠠᠭᠠᠳᠬᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠪᠣᠯ ᠪᠦᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠪᠣᠯᠣᠨ᠎ᠠ᠃ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯ ᠲᠣᠰ ᠬᠠᠷᠢᠶ᠎ᠠ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠲᠣᠰ ᠬᠠᠷᠢᠶ᠎ᠠ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠠᠵᠢᠯ ᠢ ᠬᠠᠷᠢᠭᠤᠴᠠᠨ᠎ᠠ ᠃ ᠡᠯ᠎ᠡ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠭᠠᠶᠢᠯᠢ ᠶᠢᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠨᠠᠨ ᠪᠤᠳᠤᠬᠤ᠂ ᠣᠷᠣᠨ ᠲᠤᠭ᠎ᠠ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ᠂ ᠰᠤᠷᠭᠠᠨ ᠬᠥᠮᠦᠵᠢᠯ᠂ ᠵᠠᠬ᠎ᠠ ᠳᠡᠯᠭᠡᠭᠦᠷ ᠤᠨ ᠬᠢᠨᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠤᠭᠠᠲᠤ ᠬᠤᠷᠠᠯ ᠬᠤᠯᠪᠣᠭ᠎ᠠ᠂ ᠲᠣᠮᠣ ᠳ᠋ᠠᠶᠢᠲ᠋ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠷᠢᠯᠴᠠᠨ ᠬᠠᠮᠵᠢᠯᠴᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠢ᠃ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠳᠤ ᠣᠷᠣᠭᠤᠯᠬᠤ ᠶᠢ ᠬᠠᠷᠢᠭᠤᠴᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠶᠢᠨ ᠬᠢᠨᠠᠯᠲᠠ ᠬᠠᠮᠢᠶᠠᠷᠤᠯᠲᠠ ᠪᠠ ᠡᠳ᠋ ᠤᠨ ᠶᠠᠪᠤᠳᠠᠯ ᠤᠨ ᠨᠢᠭᠲᠠᠯᠠᠨ ᠪᠣᠳᠣᠭᠴᠢ ᠶᠢᠨ ᠳᠦᠷᠢᠮ ᠢ ᠬᠠᠷᠢᠭᠤᠴᠠᠨ ᠲᠣᠭᠲᠠᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠶᠢᠨ ᠬᠠᠮᠲᠤ ᠴᠣᠬᠤᠯᠠᠪᠤᠷᠢᠯᠠᠨ ᠬᠠᠷᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠵᠢᠴᠢ ᠣᠨᠴᠠᠭᠠᠢ ᠬᠥᠮᠥᠰ ᠤᠨ ᠡᠳ᠋ ᠤᠨ ᠵᠠᠰᠠᠭ ᠤᠨ ᠨᠥᠬᠦᠪᠦᠷᠢ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠦᠷᠦᠭᠦᠯᠡᠨ ᠬᠠᠷᠢᠭᠤᠴᠠᠭᠰᠠᠨ ᠲᠠᠩᠰᠠ ᠬᠠᠷᠭᠤᠭᠤᠯᠬᠤ ᠠᠵᠢᠯ ᠳᠤ ᠰᠠᠶᠢᠲᠤᠷ ᠬᠠᠮᠵᠢᠯᠴᠠᠨ᠂ ᠡᠮᠴᠢᠯᠡᠭᠡ ᠶᠢᠨ ᠪᠠᠲᠤᠯᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠣᠯᠣᠨ ᠠᠷᠠᠳ ᠤᠨ ᠪᠠᠩᠬᠢ ᠶᠢᠨ ᠤᠯᠤᠰ ᠤᠨ ᠬᠥᠮᠥᠷᠭᠡ ᠶᠢᠨ ᠬᠤᠭᠤᠷᠣᠨᠳᠣᠬᠢ ᠲᠠᠩᠰᠠ ᠬᠠᠷᠭᠤᠭᠤᠯᠬᠤ ᠠᠵᠢᠯ ᠢ ᠵᠣᠬᠢᠴᠠᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ︽ᠨᠡᠶᠢᠭᠡᠮ ᠤᠨ ᠪᠠᠲᠤᠯᠠᠭ᠎ᠠ ᠶᠢᠨ ᠺᠠᠷᠲ︾ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠬᠤ ᠲᠤᠰᠢᠶᠠᠬᠤ ᠠᠵᠢᠯ ᠢ ᠬᠠᠷᠢᠭᠤᠴᠠᠵᠤ᠂ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠶᠢᠨ ᠶᠠᠰᠤ ᠴᠢᠨᠠᠷ ᠲᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠳᠠᠭᠠᠳᠬᠠᠯ ᠢ ᠮᠡᠬᠡᠯᠡᠵᠦ ᠬᠢᠬᠠᠬᠤ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠢᠨᠠᠨ ᠪᠤᠳᠤᠬᠤ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠪᠠ ᠠᠵᠢᠯᠯᠠᠭᠠᠨ ᠤ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠣᠷᠣᠨ ᠲᠤᠭ᠎ᠠ ᠶᠢᠨ ᠠᠯᠪᠠᠨ ᠭᠡᠷ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠴᠡᠭᠡ ᠱᠠᠭᠠᠷᠳᠠᠯᠭ᠎ᠠ ᠵᠢᠴᠢ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠰᠲ᠋ᠧᠮᠵᠢ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠠᠵᠢᠯᠲᠠᠨ ᠢ ᠲᠣᠬᠢᠷᠠᠭᠤᠯᠤᠭᠰᠠᠨ ᠪᠠᠶᠢᠳᠠᠯ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠬᠡᠬᠦ ᠠᠵᠢᠯᠲᠠᠨ ᠤ ᠣᠷᠣᠨ ᠲᠤᠭ᠎ᠠ ᠶᠢ ᠵᠦᠢ ᠵᠣᠬᠢᠰᠲᠠᠢ ᠲᠣᠬᠢᠷᠠᠭᠤᠯᠬᠤ ᠶᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠷᠦᠬᠡ ᠠᠮᠠ ᠶᠢᠨ ᠲᠠᠩᠰᠠ ᠪᠤᠶᠤ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠠᠵᠢᠯ ᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠳᠠᠭᠠᠳᠬᠠᠯ ᠢ ᠮᠡᠬᠡᠯᠡᠵᠦ ᠬᠢᠬᠠᠬᠤ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠡᠷᠡᠭᠦᠦ ᠪᠠᠷ ᠰᠢᠢᠳᠬᠡᠭᠳᠡᠭᠰᠡᠨ ᠬᠥᠮᠥᠰ ᠤᠨ ᠮᠡᠳᠡᠭᠡ ᠵᠠᠩᠭᠢ ᠶᠢ ᠬᠠᠮᠲᠤ ᠪᠠᠷ ᠬᠡᠷᠡᠭᠯᠡᠬᠦ ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠮᠢᠳᠤᠷᠠᠯ ᠨᠢ ᠬᠦᠴᠢᠷᠳᠡᠯᠲᠡᠢ ᠰᠠᠭᠤᠭᠠᠯᠢ ᠠᠷᠠᠳ ᠤᠨ ᠬᠥᠮᠥᠨ ᠤ ᠲᠤᠭ᠎ᠠ᠂ ᠪᠦᠷᠢᠯᠳᠦᠯ ᠵᠡᠷᠭᠡ ᠪᠠᠶᠢᠳᠠᠯ ᠢ ᠣᠨᠣᠪᠴᠢᠲᠠᠶ ᠡᠵᠡᠮᠰᠢᠬᠦ ᠶᠢ ᠬᠠᠷᠢᠭᠤᠴᠠᠵᠤ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠥᠨᠥᠴᠢᠨ ᠬᠡᠦᠬᠡᠳ ᠵᠡᠷᠭᠡ ᠣᠷᠣᠯᠭ᠎ᠠ ᠳᠣᠣᠷ᠎ᠠ ᠬᠥᠮᠥᠰ ᠤᠨ ᠬᠢᠷᠢ ᠬᠡᠮ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠨ᠎ᠡ︔ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠮᠠᠭᠠᠳᠯᠠᠨ ᠲᠤᠭᠲᠠᠭᠠᠭᠰᠠᠨ ᠬᠥᠮᠥᠰ ᠤᠨ ᠵᠥᠪ ᠣᠨᠣᠪᠴᠢᠲᠠᠶ ᠮᠡᠳᠡᠭᠡ ᠵᠠᠩᠭᠢ ︵ᠤᠬᠤᠷᠢᠨ ᠭᠠᠷᠤᠭᠰᠠᠨ ᠬᠦᠮᠦᠰ ᠪᠠᠭᠲᠠᠨ᠎ᠠ︶ ᠶᠢ ᠬᠠᠩᠭᠠᠵᠤ᠂ ᠲᠣᠭᠲᠠᠭᠠᠯ ᠶᠣᠰᠣᠭᠠᠷ ᠲᠡᠳᠡᠨ ᠳᠤ ᠳᠠᠭᠠᠳᠬᠠᠯ ᠳᠤ ᠣᠷᠤᠯᠴᠠᠬᠤ ᠠᠵᠢᠯ ᠶᠠᠪᠤᠳᠠᠯ ᠢ ᠨᠢ ᠭᠦᠢᠴᠡᠳᠬᠡᠵᠦ᠂ ᠪᠣᠢ ᠪᠦᠬᠦᠢ ᠮᠠᠭᠠᠳᠯᠠᠨ ᠲᠤᠭᠲᠠᠭᠠᠭᠰᠠᠨ ᠬᠥᠮᠥᠰ ᠪᠦᠬᠦᠨ ᠢᠶᠠᠷ ᠢᠶᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ ᠦᠨᠡᠨᠬᠦ ᠪᠠᠲᠤᠯᠠᠨ᠎ᠠ︔ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠠᠴᠠ ᠲᠥᠪᠯᠡᠷᠡᠭᠦᠯᠦᠨ ᠠᠰᠠᠷᠠᠨ ᠲᠡᠵᠢᠭᠡᠬᠦ ᠬᠥᠮᠥᠰ ᠤᠨ ᠳᠠᠭᠠᠳᠬᠠᠯ ᠤᠨ ᠰᠦᠢᠳᠬᠡᠯ ᠢ ᠲᠤᠰᠢᠶᠠᠬᠤ ᠶᠢ ᠬᠠᠷᠢᠭᠤᠴᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠵᠡᠷᠭᠡ ᠬᠠᠮᠢᠶ᠎ᠠ ᠪᠦᠬᠦᠢ ᠬᠥᠮᠥᠰ ᠤᠨ ᠪᠡᠶ᠎ᠡ ᠶᠢᠨ ᠭᠠᠷᠤᠯ ᠢ ᠮᠠᠭᠠᠳᠯᠠᠨ ᠲᠤᠭᠲᠠᠭᠠᠬᠤ ᠪᠠ ᠲᠤᠭ᠎ᠠ ᠪᠠᠷᠢᠮᠲᠠ ᠪᠠᠷ ᠳᠡᠮᠵᠢᠬᠦ ᠠᠵᠢᠯ ᠢ ᠬᠠᠷᠢᠭᠤᠴᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠤᠯᠴᠠᠬᠤ ᠠᠵᠢᠯ ᠢ ᠬᠠᠷᠢᠭᠤᠴᠠᠵᠤ᠂ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠ ᠳᠠᠭᠠᠳᠬᠠᠯ ᠳᠤ ᠣᠷᠣᠯᠴᠠᠭᠰᠠᠨ ᠠᠬᠢᠴᠠ ᠶᠢ ᠰᠢᠮᠳᠠᠭᠤᠯᠤᠨ ᠪᠠᠶᠢᠴᠠᠭᠠᠵᠤ᠂ ᠡᠯ᠎ᠡ ᠲᠥᠷᠥᠯ ᠤᠨ ᠰᠤᠷᠭᠠᠭᠤᠯᠢ ︵ᠴᠡᠴᠡᠷᠯᠢᠭ︶ ᠶᠢᠨ ᠰᠤᠷᠤᠭᠴᠢᠳ ᠤᠨ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠴᠤᠭᠯᠠᠭᠤᠯᠬᠤ᠂ ᠬᠠᠷᠭᠤᠭᠤᠯᠬᠤ ᠠᠵᠢᠯ ᠢ ᠬᠠᠷᠢᠭᠤᠴᠠᠵᠤ᠂ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠪᠥᠬᠦ ᠰᠤᠷᠤᠭᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ ᠦᠨᠡᠨᠬᠦ ᠪᠠᠲᠤᠯᠠᠨ᠎ᠠ︔ ᠰᠣᠷᠣᠭᠴᠢ ᠶᠢᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠰᠤᠷᠭᠠᠭᠤᠯᠢ ᠶᠢᠨ ᠣᠨ ᠤ ᠬᠢᠨᠠᠨ ᠰᠢᠯᠭᠠᠯᠲᠠ ᠳᠤ ᠣᠷᠣᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠳᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠠᠭᠠᠳᠬᠠᠯ ᠢ ᠮᠡᠬᠡᠯᠡᠵᠦ ᠬᠢᠬᠠᠬᠤ ᠦᠶ᠋ᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠬᠢᠨᠠᠨ ᠠᠵᠢᠭᠯᠠᠬᠤ ᠬᠡᠪᠴᠢᠶᠡᠨ ᠳᠤ ᠣᠷᠣᠭᠤᠯᠤᠭᠰᠠᠨ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠡᠷᠦᠬᠡ ᠵᠢᠴᠢ ᠭᠡᠨᠡᠳᠲᠡ ᠶᠢᠨ ᠲᠦᠢᠯ ᠤᠨ ᠬᠦᠴᠢᠷᠳᠡᠯᠲᠡᠢ ᠡᠷᠦᠬᠡ ᠶᠢᠨ ᠭᠠᠷᠤᠯ ᠢ ᠮᠠᠭᠠᠳᠯᠠᠨ ᠲᠤᠭᠲᠠᠭᠠᠬᠤ ᠶᠢ ᠬᠠᠷᠢᠭᠤᠴᠠᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠮᠠᠭᠠᠳᠯᠠᠨ ᠲᠤᠭᠲᠠᠭᠠᠭᠰᠠᠨ ᠬᠦᠮᠦᠰ ᠤᠨ ᠵᠥᠪ ᠣᠨᠣᠪᠴᠢᠲᠠᠶ ᠮᠡᠳᠡᠭᠡ ᠵᠠᠩᠭᠢ ᠶᠢ ᠬᠠᠩᠭᠠᠵᠤ᠂ ᠳᠠᠭᠠᠳᠬᠠᠯ ᠳᠤ ᠣᠷᠣᠯᠴᠠᠬᠤ ᠶᠣᠰᠣᠲᠠᠢ ᠶᠢ ᠨᠢ ᠪᠦᠬᠦᠨ ᠢ ᠣᠷᠤᠯᠴᠠᠭᠤᠯᠬᠤ ᠶᠢ ᠪᠠᠲᠤᠯᠠᠨ᠎ᠠ︔ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠠᠵᠢᠭᠯᠠᠬᠤ ᠮᠡᠳᠡᠭᠡ ᠵᠠᠩᠭᠢ ᠶᠢᠨ ᠰᠢᠰᠲ᠋ᠧᠮ ᠳᠠᠬᠢ ᠪᠣᠶ ᠪᠦᠬᠦᠢ ᠬᠢᠨᠠᠨ ᠠᠵᠢᠭᠯᠠᠬᠤ ᠡᠲᠡᠭᠡᠳ ᠤᠨ ᠮᠡᠳᠡᠭᠡ ᠵᠠᠩᠭᠢ ᠶᠢ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭᠴᠦᠳ ᠤᠨ ᠪᠡᠶ᠎ᠡ ᠶᠢᠨ ᠭᠠᠷᠤᠯ ᠢ ᠮᠠᠭᠠᠳᠯᠠᠨ ᠲᠣᠭᠲᠠᠭᠠᠬᠤ ᠶᠢ ᠬᠠᠷᠢᠭᠤᠴᠠᠨ᠎ᠠ︔ ᠮᠠᠭᠠᠳᠯᠠᠨ ᠲᠤᠭᠲᠠᠭᠠᠭᠰᠠᠨ ᠬᠦᠮᠦᠰ ᠤᠨ ᠵᠥᠪ ᠣᠨᠣᠪᠴᠢᠲᠠᠶ ᠮᠡᠳᠡᠭᠡ ᠵᠠᠩᠭᠢ ᠶᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠠᠩᠭᠠᠵᠤ᠂ ᠲᠣᠭᠲᠠᠭᠠᠯ ᠶᠣᠰᠣᠭᠠᠷ ᠲᠡᠳᠡᠨ ᠤ ᠳᠠᠭᠠᠳᠬᠠᠯ ᠳᠤ ᠣᠷᠤᠯᠴᠠᠬᠤ ᠠᠵᠢᠯ ᠶᠠᠪᠤᠳᠠᠯ ᠢ ᠭᠦᠢᠴᠡᠳᠬᠡᠵᠦ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠤᠨ ᠪᠦᠬᠦᠨ ᠢᠶᠠᠷ ᠢᠶᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠶᠢ ᠦᠨᠡᠨᠬᠦ ᠪᠠᠲᠤᠯᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠎ᠡ᠃ ᠲᠣᠮᠣ ᠳ᠋ᠠᠶᠢᠲ᠋ᠠ ᠶᠢᠨ ᠰᠠᠯᠠᠭ᠎ᠠ ᠮᠥᠴᠢᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠤᠯᠪᠣᠭᠳᠠᠬᠤ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠳᠡᠮᠵᠢᠯᠭᠡ ᠶᠢ ᠬᠠᠷᠢᠭᠤᠴᠠᠨ᠎ᠠ᠃      ᠬᠤᠶᠠᠳᠤᠭᠠᠷ ᠪᠦᠯᠦᠭ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ      ᠳᠣᠯᠣᠳᠤᠭᠠᠷ ᠵᠦᠢᠯ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ      ︵ᠨᠢᠭᠡ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ ᠪᠦᠬᠦᠯᠢ 18 ᠨᠠᠰᠤ ᠬᠦᠷᠦᠭᠡᠳᠦᠢ ᠰᠤᠷᠭᠠᠭᠤᠯᠢ ᠳᠤ ᠦᠭᠡᠢ ᠪᠠᠭᠠᠴᠤᠳ ᠬᠡᠦᠬᠡᠳ᠃      ︵ᠬᠤᠶᠠᠷ︶ ᠡᠴᠢᠭᠡ ᠡᠬᠡ ᠶᠢᠨ ᠨᠢᠭᠡ ᠨᠢ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ ᠪᠤᠶᠤ ᠣᠶᠢᠷ᠎ᠠ ᠶᠢᠨ ᠵᠢᠷᠭᠤᠭᠠᠨ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤ᠂ ᠬᠥᠬᠡᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠨ ᠪᠥᠭᠡᠳ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠳᠠᠭᠠᠳᠬᠠᠯ ᠳᠤ ᠣᠷᠣᠯᠴᠠᠨ ᠳᠠᠩᠰᠠᠯᠠᠭᠤᠯᠵᠤ ᠰᠦᠢᠳᠬᠡᠯ ᠲᠤᠰᠢᠶᠠᠭᠰᠠᠨ ᠲᠣᠰ ᠬᠤᠲᠠ ᠶᠢᠨ ᠡᠷᠦᠬᠡ ᠠᠮᠠ ᠦᠭᠡᠢ ᠨᠢᠯᠬ᠎ᠠ ᠬᠡᠦᠬᠡᠳ᠃      ︵ᠭᠤᠷᠪᠠ︶ ᠲᠣᠰ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ ᠬᠡᠦᠬᠡᠳ᠃ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠭᠡᠳᠡᠭ ᠨᠢ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠪᠣᠶ ᠪᠦᠬᠦᠢ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠᠭᠲᠠᠨ᠎ᠠ︶᠂ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠵᠢᠭᠠᠵᠤ ᠪᠣᠶ᠃      ︵ᠳᠥᠷᠪᠡ︶ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠲᠥᠷᠥᠯ ᠤᠨ ᠡᠩ ᠤᠨ ᠳᠡᠭᠡᠳᠦ ᠰᠤᠷᠭᠠᠭᠤᠯᠢ ︵ᠠᠷᠠᠳ ᠠᠴᠠ ᠡᠷᠭᠢᠯᠡᠭᠰᠡᠨ ᠳᠡᠭᠡᠳᠦ ᠰᠤᠷᠭᠠᠭᠤᠯᠢ ᠪᠠᠭᠲᠠᠨ᠎ᠠ︶ ᠶᠢᠨ ᠰᠤᠷᠭᠠᠭᠤᠯᠢ ᠳᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ︵ᠲᠤᠰᠬᠠᠢ︶ ᠠᠩᠭᠢ ᠶᠢᠨ ᠤᠶᠤᠲᠠᠨ᠂ ᠠᠰᠫᠢᠷᠠᠨᠲ᠃      ︵ᠲᠠᠪᠤ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠪᠠᠭᠲᠠᠬᠤ ᠦᠭᠡᠢ ᠪᠦᠬᠦᠯᠢ 18 ᠨᠠᠰᠤ ᠬᠦᠷᠦᠭᠰᠡᠨ ᠪᠤᠰᠤᠳ ᠰᠠᠭᠤᠭᠠᠯᠢ ᠠᠷᠠᠳ᠃ ᠲᠣᠰ ᠬᠥᠮᠥᠨ ᠤ ᠲᠥᠷᠥᠭᠰᠡᠨ ᠡᠳᠦᠷ ᠬᠤᠭᠤᠴᠠᠭ᠎ᠠ ᠠᠴᠠ ᠬᠢᠨᠠᠨ ᠲᠣᠭᠲᠠᠭᠠᠬᠤ ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ︵ᠪᠠᠭᠲᠠᠨ᠎ᠠ︶ ᠢ ᠳᠠᠭᠠᠳᠬᠠᠯ ᠳᠤ ᠣᠷᠣᠯᠴᠠᠭᠴᠢ ᠶᠢᠨ ᠨᠠᠰᠤ ᠪᠠᠷ ᠲᠣᠭᠲᠠᠭᠠᠨ᠎ᠠ᠃      ᠨᠠᠢᠮᠠᠳᠤᠭᠠᠷ ᠵᠦᠢᠯ ᠲᠤᠰ ᠬᠤᠲᠠ ᠶᠢᠨ ᠡᠷᠦᠬᠡ ᠠᠮᠠ ᠶᠢᠨ ᠳᠠᠩᠰᠠ ᠲᠠᠢ ᠪᠤᠶᠤ ᠲᠤᠰ ᠬᠤᠲᠠ ᠶᠢᠨ ︽ᠣᠷᠣᠰᠢᠨ ᠰᠠᠭᠤᠬᠤ ᠦᠨᠡᠮᠯᠡᠯ︾ ᠲᠠᠢ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠤᠭᠤᠴᠠᠭᠠᠨ ᠳᠤ ᠪᠠᠶᠢᠬᠤ ᠦᠭᠡᠢ ᠪᠥᠭᠡᠳ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠳᠠᠭᠠᠳᠬᠠᠯ ᠢᠶᠠᠨ ᠵᠣᠭᠰᠣᠭᠠᠭᠰᠠᠨ ᠬᠥᠮᠥᠰ ᠰᠠᠶᠢᠨ ᠳᠤᠷ᠎ᠠ ᠠᠴᠠ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠪᠣᠯᠣᠨ᠎ᠠ᠃ ᠭᠤᠷᠪᠠᠳᠤᠭᠠᠷ ᠪᠦᠯᠦᠭ ᠰᠠᠭᠤᠷᠢ ᠮᠥᠩᠭᠦ ᠶᠢ ᠴᠤᠭᠯᠠᠭᠤᠯᠬᠤ ᠪᠠ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ ᠶᠢᠰᠦᠳᠦᠭᠡᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠪᠢ ᠬᠥᠮᠥᠨ ᠰᠦᠢᠳᠬᠡᠯ ᠲᠤᠰᠢᠶᠠᠬᠤ ᠪᠠ ᠵᠠᠰᠠᠭ ᠤᠨ ᠣᠷᠳᠣᠨ ᠠᠴᠠ ᠨᠥᠬᠦᠪᠦᠷᠢᠯᠡᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠴᠤᠭᠯᠠᠭᠤᠯᠤᠨ᠎ᠠ᠂ ᠰᠠᠭᠤᠷᠢ ᠮᠦᠩᠭᠦ ᠳᠤ ᠳᠣᠣᠷᠠᠬᠢ ᠵᠦᠢᠯᠡᠰ ᠪᠠᠭᠲᠠᠨ᠎ᠠ᠄      ︵ᠨᠢᠭᠡ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠬᠤᠪᠢ ᠬᠥᠮᠥᠨ ᠤ ᠲᠣᠭᠲᠠᠭᠠᠯ ᠶᠣᠰᠣᠭᠠᠷ ᠲᠤᠰᠢᠶᠠᠭᠰᠠᠨ ᠡᠮᠴᠢᠯᠡᠭᠡᠨ ᠤ ᠳᠠᠭᠠᠳᠬᠠᠯ ᠤᠨ ᠰᠦᠢᠳᠬᠡᠯ᠃      ︵ᠬᠤᠶᠠᠷ︶ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ ᠬᠢᠭᠡᠳ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠨᠥᠬᠦᠪᠦᠷᠢ ᠪᠡᠯᠡ ᠮᠥᠩᠭᠦ᠃       ︵ᠭᠤᠷᠪᠠ︶ ᠰᠠᠭᠤᠷᠢ ᠮᠥᠩᠭᠦᠨ ᠤ ᠬᠦᠦ ᠮᠥᠩᠭᠦ ᠶᠢᠨ ᠣᠷᠣᠯᠭ᠎ᠠ᠃      ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠣᠷᠣᠯᠭ᠎ᠠ᠃      ᠠᠷᠪᠠᠳᠤᠭᠠᠷ ᠵᠦᠢᠯ ᠲᠣᠰ ︽ᠠᠷᠭ᠎ᠠ︾ ᠶᠢᠨ ᠬᠤᠶᠠᠳᠤᠭᠠᠷ ᠪᠦᠯᠦᠭ ᠤᠨ ᠲᠣᠭᠲᠠᠭᠠᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠳ ᠳᠣᠣᠷᠠᠬᠢ ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠤᠰᠢᠶᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠵᠢᠴᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠠᠴᠠ ᠬᠠᠷᠠᠭᠠᠯᠵᠠᠭᠰᠠᠨ ᠨᠥᠬᠦᠪᠦᠷᠢ ᠣᠯᠭᠤᠨ᠎ᠠ᠃      ︵ᠨᠢᠭᠡ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠬᠤᠪᠢ ᠬᠥᠮᠥᠨ ᠤ ᠰᠦᠢᠳᠬᠡᠯ ᠲᠤᠰᠢᠶᠠᠬᠤ ᠳᠤ ᠨᠢᠭᠡᠳᠦᠯᠲᠡᠢ ᠨᠢᠭᠡ ᠪᠠᠷᠢᠮᠵᠢᠶ᠎ᠠ ᠶᠢ ᠬᠡᠷᠡᠭᠵᠢᠭᠦᠯᠵᠦ᠂ ᠵᠢᠯ ᠪᠦᠷᠢ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠳ᠋ ᠤᠨ ᠵᠠᠰᠠᠭ ᠤᠨ ᠰᠠᠯᠠᠭ᠎ᠠ ᠮᠥᠴᠢᠷ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠣᠭᠲᠠᠭᠠᠨ᠎ᠠ᠃      ︵ᠬᠤᠶᠠᠷ︶ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷᠠᠬᠢ ᠲᠣᠰ ᠬᠤᠲᠠ ᠶᠢᠨ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠮᠦᠰ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠤᠨ ᠬᠢᠨ᠂ ᠣᠷᠣᠯᠭ᠎ᠠ ᠳᠣᠣᠷ᠎ᠠ ᠭᠡᠷ ᠪᠦᠯᠢ ᠶᠢᠨ ᠬᠥᠮᠥᠰ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠪᠦᠷᠢᠳᠬᠡᠭᠳᠡᠭᠰᠡᠨ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ ᠵᠢᠴᠢ ᠭᠡᠨᠡᠳᠲᠡ ᠶᠢᠨ ᠲᠦᠢᠯ ᠤᠨ ᠬᠦᠴᠢᠷᠳᠡᠯᠲᠡᠢ ᠬᠥᠮᠥᠰ᠂ ᠲᠤᠰ ᠵᠢᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠲᠤᠰᠢᠶᠠᠵᠤ᠂ ᠦᠯᠡᠳᠡᠭᠰᠡᠨ ᠬᠡᠰᠡᠭ ᠢ ᠬᠤᠲᠠ ᠶᠢᠨ ᠲᠣᠰ ᠱᠠᠲᠤ ᠬᠢᠭᠡᠳ ᠬᠤᠰᠢᠭᠤ ᠰᠢᠶᠠᠨ ᠲᠣᠭᠤᠷᠢᠭ ᠠᠴᠠ ᠣᠲᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠤᠨ ᠬᠠᠷᠢᠴᠠᠯ ᠢᠶᠠᠷ ᠬᠤᠪᠢᠶᠠᠨ ᠡᠭᠦᠷᠭᠡᠯᠡᠨ᠎ᠡ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳᠠᠭᠠᠳᠬᠠᠯ ᠳᠤ ᠣᠷᠣᠯᠴᠠᠬᠤ ᠳᠤ ᠲᠤᠰᠠᠯᠠᠬᠤ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠲᠤ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠲᠤᠰᠠᠯᠠᠮᠵᠢ ᠣᠯᠭᠤᠨ᠎ᠠ᠂ ᠪᠣᠳᠠᠲᠠᠢ ᠲᠤᠰᠠᠯᠠᠮᠵᠢ ᠶᠢᠨ ᠪᠠᠷᠢᠮᠵᠢᠶ᠎ᠠ ᠶᠢ ᠮᠠᠨ ᠤ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ︵ᠭᠤᠷᠪᠠ︶ ᠰᠤᠷᠭᠠᠭᠤᠯᠢ ᠳᠤ ᠪᠠᠶᠢᠭ᠎ᠠ ᠣᠶᠤᠲᠠᠳ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠢ ᠵᠠᠷᠴᠢᠮ ᠳᠡᠭᠡᠷ᠎ᠡ ᠪᠠᠨ ᠲᠣᠰ ᠬᠥᠮᠥᠨ ᠪᠠ ᠭᠡᠷ ᠪᠦᠯᠢ ᠠᠴᠠ ᠨᠢ ᠡᠭᠦᠷᠭᠡᠯᠡᠵᠦ᠂ ᠨᠥᠬᠦᠴᠡᠯ ᠲᠠᠢ ᠶᠡᠭᠡ ᠳᠡᠭᠡᠳᠦ ᠰᠤᠷᠭᠠᠭᠤᠯᠢ ᠨᠤᠭᠤᠳ ᠨᠥᠬᠦᠪᠦᠷᠢ ᠣᠯᠭᠤᠵᠤ ᠪᠣᠯᠣᠨ᠎ᠠ᠃      ᠠᠷᠪᠠᠨ ᠨᠢᠭᠡᠳᠦᠭᠡᠷ ᠵᠦᠢᠯ ᠲᠥᠪ ᠤᠨ ᠡᠳ᠋ ᠤᠨ ᠵᠠᠰᠠᠭ᠂ ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠨᠥᠬᠦᠪᠦᠷᠢ ᠶᠢᠨ ᠪᠠᠷᠢᠮᠵᠢᠶ᠎ᠠ ᠪᠠᠷ ᠣᠯᠭᠤᠨ᠎ᠠ᠃ ᠠᠷᠪᠠᠨ ᠬᠤᠶᠠᠳᠤᠭᠠᠷ ᠵᠦᠢᠯ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯ ᠬᠠᠷᠢᠶ᠎ᠠ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠬᠠᠷᠢᠶ᠎ᠠ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠠᠭᠠᠳᠬᠠᠯ ᠳᠤ ᠣᠷᠤᠯᠴᠠᠬᠤ ᠶᠣᠰᠣᠲᠠᠢ ᠨᠢ ᠴᠥᠮ ᠣᠷᠤᠯᠴᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠦᠰᠢᠭᠯᠡᠨ ᠲᠣᠰ ᠬᠠᠷᠢᠶ᠎ᠠ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠳᠠᠩᠰᠠᠯᠠᠯᠲᠠ ᠶᠢ ᠭᠦᠢᠴᠡᠳᠬᠡᠵᠦ᠂ ᠨᠥᠬᠦᠴᠡᠯ ᠲᠠᠢ ᠭᠠᠵᠠᠷ ᠣᠷᠣᠨ ᠨᠢ ᠪᠠᠰᠠ ᠲᠣᠰᠬᠤᠨ ︵ᠨᠡᠶᠢᠭᠡᠮ ᠲᠣᠭᠤᠷᠢᠭ︶ ᠳᠤ ᠪᠠᠭᠤᠯᠭᠠᠨ ᠭᠦᠢᠴᠡᠳᠬᠡᠵᠦ ᠪᠣᠯᠣᠨ᠎ᠠ᠃ ᠬᠤᠲᠠ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠬᠤ ᠲᠤᠰᠢᠶᠠᠬᠤ ᠠᠵᠢᠯ ᠢ ᠬᠠᠷᠢᠭᠤᠴᠠᠨ ᠪᠠᠶᠢᠷᠢᠯᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠷᠢᠶᠠᠲᠤ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠠᠲᠠᠪᠤᠷᠢᠯᠠᠬᠤ ᠲᠤᠰᠢᠶᠠᠬᠤ ᠠᠵᠢᠯ ᠢ ᠬᠠᠷᠢᠭᠤᠴᠠᠨ᠎ᠠ᠃ ᠠᠷᠪᠠᠨ ᠭᠤᠷᠪᠠᠳᠤᠭᠠᠷ ᠵᠦᠢᠯ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ ᠪᠠ ᠰᠦᠢᠳᠬᠡᠯ ᠲᠤᠰᠢᠶᠠᠬᠤ᠄      ︵ᠨᠢᠭᠡ︶ ᠰᠠᠶ᠋ᠢ ᠲᠥᠷᠥᠭᠰᠡᠨ ᠬᠡᠦᠬᠡᠳ ᠳᠠᠭᠠᠳᠬᠠᠯ ᠳᠤ ᠣᠷᠤᠯᠴᠠᠬᠤ᠃ ᠳᠠᠭᠠᠳᠬᠠᠯ ᠳᠤ ᠣᠷᠣᠯᠴᠠᠬᠤ ᠬᠡᠪᠴᠢᠶᠡᠨ ᠳᠠᠬᠢ ᠰᠠᠶ᠋ᠢ ᠲᠦᠷᠦᠭᠰᠡᠨ ᠬᠡᠦᠬᠡᠳ ᠤᠨ ᠠᠰᠠᠷᠠᠨ ᠬᠠᠮᠠᠭᠠᠯᠠᠭᠴᠢ ᠨᠢ ᠰᠠᠶ᠋ᠢ ᠲᠦᠷᠦᠭᠰᠡᠨ ᠭᠡᠦᠭᠡᠳ ᠤᠨ ᠡᠷᠦᠬᠡ ᠠᠮᠠ ᠶᠢᠨ ᠳᠠᠩᠰᠠ ᠶᠢ ᠠᠪᠴᠤ ᠲᠥᠷᠥᠭᠰᠡᠨ ᠤ ᠳᠠᠷᠠᠭᠠᠬᠢ 90 ᠡᠳᠦᠷ ᠤᠨ ᠳᠣᠲᠣᠷ᠎ᠠ ᠡᠷᠦᠬᠡ ᠠᠮᠠ ᠨᠢ ᠪᠠᠶᠢᠭ᠎ᠠ ᠭᠠᠵᠠᠷ ︵ᠲᠤᠰ ᠬᠤᠲᠠ ᠶᠢᠨ ᠡᠷᠦᠬᠡ ᠠᠮᠠ ᠶᠢᠨ ᠳᠠᠩᠰᠠ ᠦᠭᠡᠢ ᠰᠠᠶ᠋ᠢ ᠲᠥᠷᠥᠭᠰᠡᠨ ᠬᠡᠦᠬᠡᠳ ᠪᠣᠯ ᠰᠠᠭᠤᠭ᠎ᠠ ᠭᠠᠵᠠᠷ︶ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ︽ᠨᠢᠯᠬ᠎ᠠ ᠬᠡᠦᠬᠡᠳ ᠤᠨ ᠲᠥᠷᠥᠭᠰᠡᠨ ᠨᠢᠭᠡᠯᠡ ᠤᠴᠢᠷ︾ ᠢ ᠭᠠᠷᠳᠠᠨ ᠭᠦᠢᠴᠡᠳᠬᠡᠬᠦ ᠲᠡᠰ ᠳᠠᠷᠠᠭᠠᠯᠠᠯ ᠢᠶᠠᠷ ᠨᠢᠯᠬ᠎ᠠ ᠬᠡᠦᠬᠡᠳ ᠤᠨ ᠲᠥᠷᠥᠭᠰᠡᠨ ᠲᠤᠬᠠᠢ ᠶᠢᠨ ᠵᠢᠯ ᠤᠨ ᠳᠠᠭᠠᠳᠬᠠᠯ ᠳᠤ ᠣᠷᠤᠯᠴᠠᠬᠤ ᠲᠠᠩᠰᠠᠯᠠᠯᠲᠠ ᠶᠢ ᠬᠢᠨ᠎ᠡ᠃ ᠡᠭᠦᠨ ᠤ ᠬᠠᠮᠲᠤ ᠲᠥᠷᠥᠭᠰᠡᠨ ᠲᠤᠬᠠᠢ ᠶᠢᠨ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠣᠭᠲᠠᠭᠠᠯ ᠶᠣᠰᠣᠭᠠᠷ ᠲᠤᠰᠢᠶᠠᠨ᠎ᠠ᠃ ᠳᠠᠩᠰᠠᠯᠠᠭᠤᠯᠬᠤ ᠳᠠᠭᠠᠨ ᠰᠠᠶ᠋ᠢ ᠲᠥᠷᠥᠭᠰᠡᠨ ᠬᠡᠦᠬᠡᠳ ᠤᠨ ᠦᠨᠡᠨ ᠨᠡᠷ᠎ᠡ ᠪᠠ ᠬᠦᠴᠦᠨ ᠪᠦᠬᠦᠢ ᠪᠡᠶ᠎ᠡ ᠶᠢᠨ ᠭᠠᠷᠤᠯ ᠤᠨ ᠭᠡᠷᠡᠴᠢ ᠶᠢ ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ ᠪᠡᠶ᠎ᠡ ᠶᠢᠨ ᠭᠠᠷᠤᠯ ᠢ ︽ᠰᠠᠶ᠋ᠢ ᠲᠥᠷᠥᠭᠰᠡᠨ ᠬᠡᠦᠬᠡᠳ︾ ᠢᠶᠠᠷ ᠳᠠᠩᠰᠠᠯᠠᠨ᠎ᠠ᠃ ᠲᠥᠷᠥᠭᠰᠡᠨ ᠤ 90 ᠡᠳᠦᠷ ᠤᠨ ᠳᠠᠷᠠᠭ᠎ᠠ ᠳᠠᠭᠠᠳᠬᠠᠯ ᠳᠤ ᠣᠷᠤᠯᠴᠠᠬᠤ ᠪᠠᠷ ᠲᠠᠩᠰᠠᠯᠠᠭᠤᠯᠤᠭᠰᠠᠨ ᠪᠠ ᠰᠦᠢᠳᠬᠡᠯ ᠲᠤᠰᠢᠶᠠᠭᠰᠠᠨ ᠪᠤᠶᠤ ᠲᠥᠷᠥᠭᠰᠡᠨ ᠲᠤᠬᠠᠢ ᠶᠢᠨ ᠵᠢᠯ ᠤᠨ 9 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠢᠭᠤᠳ ᠲᠥᠷᠥᠭᠰᠡᠨ ᠤ ᠳᠠᠷᠠᠭ᠎ᠠ ᠵᠢᠯ ᠤᠨ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠤᠭᠰᠠᠨ ᠪᠠ ᠰᠦᠢᠳᠬᠡᠯ ᠲᠤᠰᠢᠶᠠᠭᠰᠠᠨ ᠪᠠᠶᠢᠪᠠᠯ᠂ ᠳᠠᠭᠠᠳᠬᠠᠯ ᠳᠤ ᠣᠷᠣᠬᠤ ᠪᠡᠶ᠎ᠡ ᠶᠢᠨ ᠭᠠᠷᠤᠯ ᠢ ︽ᠪᠦᠬᠦᠯᠢ 18 ᠨᠠᠰᠤᠨ ᠠᠴᠠ ᠳᠣᠷᠣᠭᠰᠢᠬᠢ ᠰᠤᠷᠭᠠᠭᠤᠯᠢ ᠳᠤ ᠦᠭᠡᠢ ᠪᠠᠭᠠᠴᠤᠳ ᠬᠡᠦᠬᠡᠳ︾ ᠢᠶᠠᠷ ᠳᠠᠩᠰᠠᠯᠠᠨ᠎ᠠ᠃      ︵ᠬᠤᠶᠠᠷ︶ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠤᠭᠰᠠᠨ ᠪᠡᠶ᠎ᠡ ᠶᠢᠨ ᠭᠠᠷᠤᠯ ᠨᠢ ︽ᠰᠠᠶ᠋ᠢ ᠲᠥᠷᠥᠭᠰᠡᠨ ᠬᠡᠦᠬᠡᠳ︾ ᠪᠢᠰᠢ ᠪᠤᠰᠤᠳ ᠬᠤᠲᠠ ᠬᠥᠳᠡᠭᠡ ᠶᠢᠨ ᠰᠠᠭᠤᠭᠠᠯᠢ ᠠᠷᠠᠳ᠂ ᠵᠢᠯ ᠪᠦᠷᠢ ᠶᠢᠨ 9 ᠳ᠋ᠦ᠋ᠭᠡᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠳᠠᠷᠠᠭ᠎ᠠ ᠨᠢᠭᠡ ᠵᠢᠯ ᠤᠨ ᠳᠠᠭᠠᠳᠬᠠᠯ ᠳᠤ ᠣᠷᠣᠯᠴᠠᠬᠤ ᠰᠦᠢᠳᠬᠡᠯ ᠢᠶᠠᠨ ᠲᠤᠰᠢᠶᠠᠵᠤ᠂ ᠵᠢᠯ ᠪᠦᠷᠢ ᠶᠢᠨ 1 ᠳ᠋ᠦ᠋ᠭᠡᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ ᠲᠣᠰ ᠵᠢᠯ ᠤᠨ ᠳᠠᠭᠠᠳᠬᠠᠯ ᠳᠤ ᠣᠷᠣᠯᠴᠠᠬᠤ ᠰᠦᠢᠳᠬᠡᠯ ᠢᠶᠠᠨ ᠲᠤᠰᠢᠶᠠᠨ᠎ᠠ᠃ 1. ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ᠂ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ ᠵᠡᠷᠭᠡ ᠣᠷᠣᠯᠭ᠎ᠠ ᠳᠣᠣᠷ᠎ᠠ ᠬᠥᠮᠥᠨ ᠠᠮᠠ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠰᠠᠭᠤᠭᠠᠯᠢ ᠠᠷᠠᠳ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠪᠦᠷᠢᠳᠬᠡᠭᠳᠡᠭᠰᠡᠨ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ ᠵᠢᠴᠢ ᠭᠡᠨᠡᠳᠲᠡ ᠶᠢᠨ ᠲᠦᠢᠯ ᠤᠨ ᠬᠦᠴᠢᠷᠳᠡᠯᠲᠡᠢ ᠬᠥᠮᠥᠰ ᠳᠠᠭᠠᠳᠬᠠᠯ ᠳᠤ ᠣᠷᠤᠯᠴᠠᠬᠤ ᠳᠤ ︽ᠴᠠᠭ ᠲᠤᠬᠠᠢ ᠳᠤᠨᠢ ᠮᠠᠭᠠᠳᠯᠠᠨ ᠲᠣᠭᠲᠠᠭᠠᠵᠤ᠂ ᠴᠠᠭ ᠲᠤᠬᠠᠢ ᠳᠤᠨᠢ ᠳᠠᠭᠠᠳᠬᠠᠯ ᠳᠤ ᠣᠷᠤᠯᠴᠠᠬᠤ︾ ᠵᠠᠷᠴᠢᠮ ᠶᠣᠰᠣᠭᠠᠷ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠥᠨᠥᠴᠢᠨ ᠬᠡᠦᠬᠡᠳ ᠵᠡᠷᠭᠡ ᠣᠷᠣᠯᠭ᠎ᠠ ᠳᠣᠣᠷ᠎ᠠ ᠬᠥᠮᠥᠰ ᠵᠢᠴᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠣᠯᠪᠠᠴᠤ ᠡᠮᠴᠢᠯᠡᠭᠡᠨ ᠤ ᠠᠪᠤᠷᠠᠨ ᠲᠤᠰᠠᠯᠠᠬᠤ ᠳᠤ ᠣᠷᠣᠭᠤᠯᠤᠭᠰᠠᠨ ᠦᠭᠡᠢ ᠵᠡᠮᠳᠡᠭᠴᠦᠳ ᠲᠤ᠂ ᠡᠷᠦᠬᠡ ᠠᠮᠠ ᠶᠢᠨ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠤᠶᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠠᠴᠠ ᠡᠳᠡᠭᠡᠷ ᠬᠥᠮᠥᠰ ᠤᠨ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠨᠢᠭᠡᠳᠦᠯᠲᠡᠢ ᠬᠠᠩᠭᠠᠵᠤ᠂ ᠠᠳᠠᠯᠢ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠦᠷᠴᠦ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢ ᠨᠢ ᠭᠦᠢᠴᠡᠳᠬᠡᠬᠦ ᠶᠢᠨ ᠬᠠᠮᠲᠤ ᠰᠦᠢᠳᠬᠡᠯ ᠲᠤᠰᠢᠶᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠪᠦᠷᠢᠳᠬᠡᠭᠳᠡᠭᠰᠡᠨ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ ᠵᠢᠴᠢ ᠭᠡᠨᠡᠳᠲᠡ ᠶᠢᠨ ᠲᠦᠢᠯ ᠤᠨ ᠬᠦᠴᠢᠷᠳᠡᠯᠲᠡᠢ ᠬᠥᠮᠥᠰ ᠲᠤ᠂ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠠᠩᠭᠠᠭᠰᠠᠨ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠦᠨᠳᠦᠰᠦᠯᠡᠨ ᠨᠢᠭᠡᠳᠦᠯᠲᠡᠢ ᠭᠦᠢᠴᠡᠳᠬᠡᠨ᠎ᠡ᠃ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠤᠭᠠᠲᠤ ᠬᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠲᠤᠭ᠎ᠠ ᠪᠠᠷᠢᠮᠲᠠ ᠶᠢ ᠬᠠᠮᠲᠤᠪᠠᠷ ᠬᠡᠷᠡᠭᠯᠡᠬᠦ ᠶᠢ ᠴᠢᠩᠭᠠᠳᠬᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠬᠦᠴᠢᠷᠳᠡᠯᠲᠡᠢ ᠬᠥᠮᠥᠰ ᠪᠦᠬᠦᠨ ᠢᠶᠠᠷ ᠢᠶᠠᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠪᠠᠲᠤᠯᠠᠬᠤ ᠬᠡᠷᠡᠭᠲᠡᠢ᠃ 2. ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠠᠴᠠ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠬᠥᠮᠥᠰ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠠᠴᠠ ᠪᠠᠶᠢᠭ᠎ᠠ ᠭᠠᠵᠠᠷ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠡᠳᠡᠭᠡᠷ ᠬᠥᠮᠥᠰ ᠤᠨ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠬᠠᠩᠭᠠᠵᠤ ᠬᠠᠮᠲᠤ ᠪᠠᠷ ᠳᠠᠭᠠᠳᠬᠠᠯ ᠳᠤ ᠣᠷᠤᠯᠴᠠᠬᠤ ᠳᠠᠩᠰᠠᠯᠠᠯᠲᠠ ᠶᠢ ᠭᠦᠢᠴᠡᠳᠬᠡᠬᠦ ᠶᠢᠨ ᠬᠠᠮᠲᠤ ᠰᠦᠢᠳᠬᠡᠯ ᠢ ᠣᠷᠣᠯᠠᠨ ᠲᠤᠰᠢᠶᠠᠨ᠎ᠠ᠃ 3. ᠰᠤᠷᠭᠠᠭᠤᠯᠢ ᠳᠤ ᠪᠠᠶᠢᠭ᠎ᠠ ᠰᠣᠷᠣᠭᠴᠢ ᠪᠣᠯᠣᠨ ᠬᠡᠦᠬᠡᠳ ᠤᠨ ᠴᠡᠴᠡᠷᠯᠢᠭ ᠤᠨ ᠬᠡᠦᠬᠡᠳ ᠲᠤ ᠲᠥᠪᠯᠡᠷᠡᠭᠦᠯᠦᠨ ᠰᠦᠢᠳᠬᠡᠯ ᠲᠤᠰᠢᠶᠠᠬᠤ ᠶᠢ ᠬᠡᠷᠡᠭᠵᠢᠭᠦᠯᠵᠦ᠂ ᠰᠦᠢᠳᠬᠡᠯ ᠲᠤᠰᠢᠶᠠᠬᠤ ᠬᠤᠭᠤᠴᠠᠭ᠎ᠠ ᠨᠢ ᠵᠢᠯ ᠪᠦᠷᠢ ᠶᠢᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠳᠠᠷᠠᠭ᠎ᠠ ᠵᠢᠯ ᠤᠨ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠃ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠨᠢ ᠳᠠᠭᠠᠳᠬᠠᠯ ᠳᠤ ᠣᠷᠤᠯᠴᠠᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠬᠤᠪᠢ ᠪᠠᠷ ᠨᠢᠭᠡᠳᠦᠯᠲᠡᠢ ᠣᠷᠣᠯᠠᠨ ᠬᠤᠷᠢᠶᠠᠵᠤ᠂ ᠮᠡᠳᠡᠭᠡ ᠵᠠᠩᠭᠢ ︵ᠨᠡᠷᠡᠰ ᠤᠨ ᠪᠦᠷᠢᠳᠬᠡᠯ︶ ᠶᠢ ᠪᠦᠯᠦᠭ ᠤᠳᠠᠭ᠎ᠠ ᠬᠤᠪᠢᠶᠠᠨ ᠪᠠᠶᠢᠭ᠎ᠠ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠠᠩᠭᠠᠵᠤ ᠬᠠᠮᠲᠤ ᠪᠠᠷ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠶᠢᠨ ᠬᠠᠮᠲᠤ ᠰᠦᠢᠳᠬᠡᠯ ᠲᠤᠰᠢᠶᠠᠵᠤ ᠪᠣᠯᠣᠨ᠎ᠠ᠂ ᠰᠦᠢᠳᠬᠡᠯ ᠲᠤᠰᠢᠶᠠᠬᠤ ᠠᠴᠠ ᠡᠮᠦᠨ᠎ᠡ ᠣᠷᠣᠯᠠᠨ ᠬᠤᠷᠢᠶᠠᠭᠰᠠᠨ ᠳᠠᠭᠠᠳᠬᠠᠯ ᠤᠨ ᠰᠦᠢᠳᠬᠡᠯ ᠢ ᠲᠣᠰ ᠰᠤᠷᠭᠠᠭᠤᠯᠢ ︵ᠴᠡᠴᠡᠷᠯᠢᠭ︶ ᠶᠢᠨ ᠠᠯᠪᠠᠨ ᠤ ᠲᠠᠩᠰᠠᠨ ᠡᠷᠦᠬᠡ ᠳᠤ ᠲᠦᠷ ᠬᠠᠳᠠᠭᠠᠯᠠᠵᠤ ᠪᠣᠯᠣᠨ᠎ᠠ᠃ 4. ᠬᠥᠳᠡᠭᠡ ᠲᠣᠰᠬᠤᠨ ᠤ ᠭᠠᠵᠠᠷ ᠣᠷᠣᠨ ᠰᠤᠷᠭᠠᠭᠤᠯᠢ ᠪᠠᠶᠢᠭᠤᠯᠤᠮᠵᠢ ᠶᠢᠨ ᠳᠠᠭᠠᠳᠬᠠᠯ ᠳᠤ ᠣᠷᠤᠯᠴᠠᠬᠤ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠵᠤ᠂ ᠲᠣᠰᠬᠤᠨ ᠤ ᠠᠷᠠᠳ ᠤᠨ ᠵᠥᠪᠯᠡᠯ ᠠᠴᠠ ᠵᠣᠬᠢᠶᠠᠨ ᠪᠠᠶᠢᠭᠤᠯᠤᠨ ᠬᠠᠮᠲᠤ ᠪᠠᠷ ᠳᠠᠭᠠᠳᠬᠠᠯ ᠳᠤ ᠣᠷᠤᠯᠴᠠᠬᠤ ᠲᠠᠩᠰᠠᠯᠠᠯᠲᠠ ᠶᠢ ᠭᠦᠢᠴᠡᠳᠬᠡᠬᠦ ᠶᠢᠨ ᠬᠠᠮᠲᠤ ᠰᠦᠢᠳᠬᠡᠯ ᠲᠤᠰᠢᠶᠠᠵᠤ ᠪᠣᠯᠣᠨ᠎ᠠ᠃ 5. ᠳᠡᠭᠡᠷ᠎ᠡ ᠳᠤᠷᠠᠳᠤᠭᠰᠠᠨ ᠬᠠᠮᠲᠤ ᠪᠠᠷ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠶᠢᠨ ᠬᠠᠮᠲᠤ ᠰᠦᠢᠳᠬᠡᠯ ᠲᠤᠰᠢᠶᠠᠬᠤ ᠰᠠᠭᠤᠭᠠᠯᠢ ᠠᠷᠠᠳ ᠠᠴᠠ ᠪᠤᠰᠤᠳ ᠬᠤᠪᠢ ᠬᠦᠮᠦᠨ ᠤ ᠬᠡᠯᠪᠡᠷᠢ ᠪᠠᠷ ᠠᠩᠬ᠎ᠠ ᠤᠳᠠᠭ᠎ᠠ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠳᠤ ︽ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ︾ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠢᠶᠠᠨ ᠠᠪᠴᠤ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠣᠷᠣᠰᠢᠨ ᠰᠠᠭᠤᠬᠤ ᠦᠨᠡᠮᠯᠡᠯ ᠤᠨ ᠪᠠᠶᠢᠭ᠎ᠠ ᠭᠠᠵᠠᠷ ᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠳᠠᠭᠠᠳᠬᠠᠯ ᠳᠤ ᠣᠷᠤᠯᠴᠠᠬᠤ ᠪᠠᠷ ᠳᠠᠩᠰᠠᠯᠠᠭᠤᠯᠬᠤ ᠶᠢᠨ ᠬᠠᠮᠲᠤ ᠰᠦᠢᠳᠬᠡᠯ ᠲᠤᠰᠢᠶᠠᠨ᠎ᠠ᠃      ᠠᠷᠪᠠᠨ ᠳᠥᠷᠪᠡᠳᠦᠭᠡᠷ ᠵᠦᠢᠯ ᠨᠢᠭᠡᠳᠦᠯᠲᠡᠢ ᠲᠥᠯᠥᠪᠯᠡᠬᠦ ᠣᠷᠣᠨ ᠠᠯᠤᠰᠯᠠᠭᠰᠠᠨ ᠪᠤᠶᠤ ᠳᠦᠷᠢᠮ ᠠᠯᠤᠰᠯᠠᠨ ᠳᠠᠭᠠᠳᠬᠠᠯ ᠳᠤ ᠳᠠᠪᠬᠤᠷ ᠣᠷᠣᠯᠴᠠᠭᠰᠠᠨ ᠬᠥᠮᠥᠰ ᠬᠠᠷᠠᠭᠠᠯᠵᠠᠯ ᠤᠨ ᠬᠤᠭᠤᠴᠠᠭᠠᠨ ᠳᠤ ᠣᠷᠣᠭᠰᠠᠨ ᠤ ᠳᠠᠷᠠᠭ᠎ᠠ ᠬᠤᠪᠢ ᠬᠥᠮᠥᠨ ᠤ ᠭᠤᠶᠤᠴᠢᠯᠠᠯ ᠢᠶᠠᠷ ᠢᠶᠠᠨ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢᠶᠠᠨ ᠵᠣᠭᠰᠤᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠵᠠᠷᠤᠳᠠᠯ ᠢ ᠪᠤᠴᠠᠭᠠᠬᠤ ᠦᠭᠡᠢ᠃      ᠳᠥᠷᠪᠡᠳᠦᠭᠡᠷ ᠪᠦᠯᠦᠭ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ       ᠠᠷᠪᠠᠨ ᠲᠠᠪᠤᠳᠤᠭᠠᠷ ᠵᠦᠢᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠤᠪᠢ ᠬᠥᠮᠥᠨ ᠤ ᠲᠠᠩᠰᠠᠨ ᠡᠷᠦᠭᠡ ᠪᠠᠶᠢᠭᠤᠯᠬᠤ ᠦᠭᠡᠢ᠂ ᠴᠤᠭᠯᠠᠭᠤᠯᠤᠭᠰᠠᠨ ᠪᠡᠯᠡ ᠮᠥᠩᠭᠦ ᠶᠢ ᠪᠦᠬᠦᠨ ᠢ ᠨᠡᠶᠢᠭᠡᠮ ᠤᠨ ᠨᠢᠭᠡᠳᠦᠯᠲᠡᠢ ᠲᠥᠯᠥᠪᠯᠡᠬᠦ ᠳᠤ ᠬᠡᠷᠡᠭᠯᠡᠨ᠎ᠡ᠃      ᠠᠷᠪᠠᠨ ᠵᠢᠷᠭᠤᠳᠤᠭᠠᠷ ᠵᠦᠢᠯ ᠬᠤᠲᠠ ᠬᠥᠳᠡᠭᠡ ᠶᠢᠨ ᠰᠠᠭᠤᠭᠠᠯᠢ ᠠᠷᠠᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠭᠦᠢᠴᠡᠳ ᠲᠤᠭ᠎ᠠ ᠪᠠᠷ ᠲᠤᠰᠢᠶᠠᠭᠰᠠᠨ ᠪᠠᠶᠢᠪᠠᠯ᠂ ᠪᠠᠶᠢᠭᠠᠯᠢ ᠶᠢᠨ ᠣᠨ ᠢᠶᠠᠷ ᠳᠠᠭᠠᠳᠬᠠᠯ ᠳᠤ ᠣᠷᠤᠯᠴᠠᠭᠰᠠᠨ ᠦᠶᠡᠯᠡᠯ ᠤᠨ ᠬᠤᠭᠤᠴᠠᠭ᠎ᠠ ᠶᠢ ᠪᠤᠳᠤᠬᠤ ᠶᠢᠨ ᠬᠠᠮᠲᠤ ᠬᠠᠷᠠᠭᠠᠯᠵᠠᠯ ᠭᠥᠷᠳᠡᠨ᠎ᠡ᠂ ᠳᠠᠭᠠᠳᠬᠠᠯ ᠳᠤ ᠣᠷᠣᠯᠴᠠᠭᠰᠠᠨ ᠣᠨ ᠨᠢᠭᠡᠪᠦᠷᠢ ᠶᠢᠨ ᠬᠠᠷᠠᠭᠠᠯᠵᠠᠯ ᠤᠨ ᠳᠠᠭᠤᠰᠬᠤ ᠴᠠᠭ ᠨᠢ ᠳᠠᠭᠠᠳᠬᠠᠯ ᠳᠤ ᠣᠷᠣᠯᠴᠠᠭᠰᠠᠨ ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ︔ ᠬᠠᠷᠠᠭᠠᠯᠵᠠᠯ ᠡᠬᠢᠯᠡᠵᠦ ᠬᠦᠷᠳᠡᠬᠦ ᠴᠠᠭ ᠢ ᠳᠣᠣᠷᠠᠬᠢ ᠲᠣᠭᠲᠠᠭᠠᠯ ᠢᠶᠠᠷ ᠲᠣᠭᠲᠠᠭᠠᠨ᠎ᠠ᠄      ︵ᠨᠢᠭᠡ︶ ᠰᠤᠷᠭᠠᠭᠤᠯᠢ ᠪᠤᠶᠤ ᠬᠡᠦᠬᠡᠳ ᠤᠨ ᠴᠡᠴᠡᠷᠯᠢᠭ ᠠᠴᠠ ᠣᠷᠣᠯᠠᠨ ᠲᠤᠰᠢᠶᠠᠭᠰᠠᠨ ᠰᠤᠷᠭᠠᠭᠤᠯᠢ ︵ᠴᠡᠴᠡᠷᠯᠢᠭ︶ ᠳᠤ ᠪᠠᠶᠢᠭ᠎ᠠ ᠰᠣᠷᠣᠭᠴᠢ ᠬᠡᠦᠬᠡᠳ ᠲᠥᠪᠯᠡᠷᠡᠭᠦᠯᠦᠨ ᠰᠦᠢᠳᠬᠡᠯ ᠲᠤᠰᠢᠶᠠᠬᠤ ᠬᠤᠭᠤᠴᠠᠭᠠᠨ ᠳᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠪᠠᠶᠢᠪᠠᠯ᠂ ᠳᠠᠭᠠᠳᠬᠠᠯ ᠳᠤ ᠣᠷᠣᠯᠴᠠᠭᠰᠠᠨ ᠣᠨ ᠤ ᠲᠦᠷᠦᠭᠦᠤ ᠨᠢᠭᠡ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠠᠷᠠᠭᠠᠯᠵᠠᠯ ᠭᠥᠷᠳᠡᠨ᠎ᠡ᠃      ︵ᠬᠤᠶᠠᠷ︶ ᠳᠠᠭᠠᠳᠬᠠᠯ ᠳᠤ ᠣᠷᠣᠯᠴᠠᠭᠰᠠᠨ ᠪᠡᠶ᠎ᠡ ᠶᠢᠨ ᠭᠠᠷᠤᠯ ᠢ ︽ᠰᠠᠶ᠋ᠢ ᠲᠥᠷᠥᠭᠰᠡᠨ ᠬᠡᠦᠬᠡᠳ︾ ᠢᠶᠠᠷ ᠳᠠᠩᠰᠠᠯᠠᠭᠤᠯᠤᠭᠰᠠᠨ ᠪᠠᠶᠢᠪᠠᠯ᠂ ᠲᠣᠭᠲᠠᠭᠠᠯ ᠶᠣᠰᠣᠭᠠᠷ ᠲᠥᠷᠥᠭᠰᠡᠨ ᠤ 90 ᠡᠳᠦᠷ ᠤᠨ ᠳᠣᠲᠣᠷ᠎ᠠ ᠲᠥᠷᠥᠭᠰᠡᠨ ᠲᠤᠬᠠᠢ ᠶᠢᠨ ᠵᠢᠯ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠪᠠᠶᠢᠪᠠᠯ᠂ ᠲᠥᠷᠥᠭᠰᠡᠨ ᠡᠳᠦᠷ ᠠᠴᠠ ᠪᠠᠨ ᠡᠬᠢᠯᠡᠨ ᠲᠣᠭᠲᠠᠭᠠᠯ ᠶᠣᠰᠣᠭᠠᠷ ᠬᠠᠷᠠᠭᠠᠯᠵᠠᠯ ᠭᠥᠷᠳᠡᠨ᠎ᠡ᠃      ︵ᠭᠤᠷᠪᠠ︶ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠮᠠᠭᠠᠳᠯᠠᠨ ᠲᠤᠭᠲᠠᠭᠠᠭᠰᠠᠨ ᠬᠤᠲᠠ ᠬᠥᠳᠡᠭᠡ ᠶᠢᠨ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠥᠮᠥᠰ᠂ ᠥᠨᠥᠴᠢᠨ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ᠂ ᠣᠷᠣᠯᠭ᠎ᠠ ᠳᠣᠣᠷ᠎ᠠ ᠭᠡᠷ ᠪᠦᠯᠢ ᠶᠢᠨ ᠬᠥᠮᠥᠰ᠂ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠬᠥᠮᠥᠰ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠬᠥᠮᠥᠰ᠂ ᠠᠮᠠᠷᠬᠠᠨ ᠶᠠᠳᠠᠭᠤᠷᠠᠬᠤ ᠬᠦᠪᠡᠭᠡ ᠵᠠᠬ᠎ᠠ ᠶᠢᠨ ᠬᠥᠮᠥᠰ᠂ ᠭᠡᠨᠡᠳᠲᠡ ᠶᠢᠨ ᠲᠦᠢᠯ ᠤᠨ ᠬᠦᠴᠢᠷᠳᠡᠯᠲᠡᠢ ᠬᠥᠮᠥᠰ ᠵᠢᠴᠢ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠡᠦᠬᠡᠳ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠤ ᠳᠠᠷᠠᠭ᠎ᠠ ᠬᠦᠯᠢᠶᠡᠬᠦ ᠬᠤᠭᠤᠴᠠᠭ᠎ᠠ ᠭᠠᠷᠭᠠᠬᠤ ᠦᠭᠡᠢ᠂ ᠰᠦᠢᠳᠬᠡᠯ ᠲᠤᠰᠢᠶᠠᠭᠰᠠᠨ ᠲᠤᠬᠠᠢ ᠶᠢᠨ ᠰᠠᠷ᠎ᠠ ᠠᠴᠠ ᠡᠬᠢᠯᠡᠨ ᠬᠠᠷᠠᠭᠠᠯᠵᠠᠯ ᠭᠥᠷᠳᠡᠨ᠎ᠡ᠃      ︵ᠳᠥᠷᠪᠡ︶ ᠪᠤᠰᠤᠳ ᠰᠠᠭᠤᠭᠠᠯᠢ ᠠᠷᠠᠳ ᠲᠤ ᠳᠣᠣᠷᠠᠬᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠄ 1. ᠠᠩᠬ᠎ᠠ ᠤᠳᠠᠭ᠎ᠠ ᠳᠠᠭᠠᠳᠬᠠᠯ ᠳᠤ ᠣᠷᠣᠯᠴᠠᠭᠰᠠᠨ᠄ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ ᠡᠬᠢᠯᠡᠨ ᠬᠠᠷᠠᠭᠠᠯᠵᠠᠯ ᠭᠥᠷᠳᠡᠨ᠎ᠡ᠃ 2. ᠳᠠᠭᠠᠳᠬᠠᠯ ᠢᠶᠠᠨ ᠦᠷᠭᠦᠯᠵᠢᠯᠡᠭᠦᠯᠦᠭᠰᠡᠨ᠄ ᠳᠠᠭᠠᠳᠬᠠᠯ ᠳᠤ ᠣᠷᠣᠯᠴᠠᠭᠰᠠᠳ ᠬᠠᠷᠠᠭᠠᠯᠵᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠲᠠᠷᠠᠭ᠎ᠠ ᠨᠢᠭᠡ ᠵᠢᠯ ᠤᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠭᠰᠠᠨ ᠪᠣᠯ ᠳᠡᠭᠡᠷ᠎ᠡ ᠨᠢᠭᠡ ᠵᠢᠯ ᠤᠨ ᠬᠢ ᠪᠠᠨ ᠰᠢᠭᠤᠳ ᠵᠠᠯᠭᠠᠵᠤ ᠬᠠᠷᠠᠭᠠᠯᠵᠠᠯ ᠬᠦᠷᠳᠡᠨ᠎ᠠ᠃ 3. ᠳᠠᠭᠠᠳᠬᠠᠯ ᠳᠤ ᠣᠷᠤᠯᠴᠠᠬᠤ ᠪᠠᠨ ᠵᠣᠭᠰᠣᠭᠰᠠᠨ ᠤ ᠳᠠᠷᠠᠭ᠎ᠠ ᠳᠠᠭᠢᠵᠤ ᠳᠠᠭᠠᠳᠬᠠᠯ ᠳᠤ ᠣᠷᠣᠯᠴᠠᠭᠰᠠᠨ᠄ ᠬᠠᠷᠠᠭᠠᠯᠵᠠᠯ ᠤᠨ ᠬᠤᠭᠤᠴᠠᠭ᠎ᠠ ᠳᠦᠭᠦᠷᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠳᠡᠭᠡᠷ᠎ᠡ ᠨᠢᠭᠡ ᠵᠢᠯ ᠤᠨ ᠳᠠᠭᠠᠳᠬᠠᠯ ᠤᠨ ᠰᠦᠢᠳᠬᠡᠯ ᠢᠶᠠᠨ ᠵᠠᠯᠭᠠᠵᠤ ᠲᠤᠰᠢᠶᠠᠭᠰᠠᠨ ᠦᠭᠡᠢ ᠪᠣᠯ ᠳᠠᠭᠠᠳᠬᠠᠯ ᠳᠤ ᠣᠷᠤᠯᠴᠠᠬᠤ ᠪᠠᠨ ᠵᠣᠭᠰᠣᠭᠰᠠᠨ ᠢᠶᠠᠷ ᠪᠤᠳᠤᠨ᠎ᠠ᠃ ᠳᠠᠭᠠᠳᠬᠠᠯ ᠳᠤ ᠣᠷᠤᠯᠴᠠᠬᠤ ᠪᠠᠨ ᠵᠣᠭᠰᠣᠭᠰᠠᠨ ᠤ ᠳᠠᠷᠠᠭ᠎ᠠ ᠳᠠᠭᠢᠵᠤ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ 3 ᠰᠠᠷ᠎ᠠ ᠶᠢᠨ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭ᠎ᠠ ᠲᠣᠬᠢᠷᠠᠭᠤᠯᠤᠨ᠎ᠠ᠂ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠶᠠᠮᠠᠷᠪᠠ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠭᠥᠷᠳᠡᠬᠦ ᠦᠭᠡᠢ᠃ 4. ᠳᠦᠷᠢᠮ ᠠᠯᠤᠰᠯᠠᠨ ᠳᠠᠭᠠᠳᠬᠠᠯ ᠳᠤ ᠣᠷᠣᠯᠴᠠᠭᠰᠠᠨ᠄ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠪᠠᠨ ᠵᠣᠭᠰᠣᠭᠰᠠᠨ ᠤ 3 ᠰᠠᠷ᠎ᠠ ᠶᠢᠨ ᠳᠣᠲᠣᠷ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠬᠦᠯᠢᠶᠡᠬᠦ ᠬᠤᠭᠤᠴᠠᠭ᠎ᠠ ᠭᠠᠷᠭᠠᠬᠤ ᠦᠭᠡᠢ᠂ ᠰᠦᠢᠳᠬᠡᠯ ᠲᠤᠰᠢᠶᠠᠭᠰᠠᠨ ᠲᠣᠰ ᠰᠠᠷ᠎ᠠ ᠠᠴᠠ ᠡᠬᠢᠯᠡᠨ ᠬᠠᠷᠠᠭᠠᠯᠵᠠᠯ ᠭᠥᠷᠳᠡᠨ᠎ᠡ᠃ ᠰᠦᠢᠳᠬᠡᠯ ᠲᠤᠰᠢᠶᠠᠬᠤ ᠪᠠᠨ ᠵᠣᠭᠰᠣᠭᠰᠠᠨ 3 ᠰᠠᠷ᠎ᠠ ᠶᠢᠨ ᠳᠣᠲᠣᠷ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠢᠶᠠᠨ ᠲᠤᠰᠢᠶᠠᠭᠰᠠᠨ ᠦᠭᠡᠢ ᠪᠠᠶᠢᠪᠠᠯ᠂ ᠰᠦᠢᠳᠬᠡᠯ ᠲᠤᠰᠢᠶᠠᠭᠰᠠᠨ ᠲᠤᠬᠠᠢ ᠶᠢᠨ ᠰᠠᠷ᠎ᠠ ᠠᠴᠠ 3 ᠰᠠᠷ᠎ᠠ ᠶᠢᠨ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭ᠎ᠠ ᠲᠣᠬᠢᠷᠠᠭᠤᠯᠵᠤ᠂ ᠬᠠᠷᠠᠭᠠᠯᠵᠠᠯ ᠭᠥᠷᠳᠡᠬᠦ ᠶᠢ ᠬᠦᠯᠢᠶᠡᠬᠦ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠶᠠᠮᠠᠷᠪᠠ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢ ᠭᠥᠷᠳᠡᠬᠦ ᠦᠭᠡᠢ᠃ ᠨᠢᠭᠡᠳᠦᠯᠲᠡᠢ ᠲᠥᠯᠥᠪᠯᠡᠬᠦ ᠣᠷᠣᠨ ᠠᠯᠤᠰᠯᠠᠨ ᠳᠠᠭᠠᠳᠬᠠᠯ ᠳᠤ ᠣᠷᠣᠯᠴᠠᠭᠰᠠᠨ ᠪᠠᠶᠢᠪᠠᠯ᠂ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠭᠤᠯᠬᠤ ᠪᠠ ᠭᠠᠷᠲᠠᠨ ᠭᠦᠢᠴᠡᠳᠬᠡᠬᠦ ᠳᠦᠷᠢᠮ ᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ︵ᠲᠠᠪᠤ︶ ᠰᠦᠢᠳᠬᠡᠯ ᠲᠤᠰᠢᠶᠠᠭᠰᠠᠨ ᠴᠠᠭ ᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠪᠣᠳᠠᠲᠠᠢ ᠬᠤᠷᠢᠶᠠᠭᠰᠠᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ᠠᠷᠪᠠᠨ ᠳᠣᠯᠣᠳᠤᠭᠠᠷ ᠵᠦᠢᠯ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮᠨᠡᠯᠭᠡ ᠳᠤ ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠢ ᠡᠪᠡᠳᠴᠢᠨ ᠤ ᠡᠮᠴᠢᠯᠡᠭᠡᠨ ᠤ ᠵᠠᠷᠤᠳᠠᠯ ᠳᠤ ᠬᠡᠷᠡᠭᠯᠡᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号