2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠳᠠᠷᠤᠮᠠᠯᠯᠠᠨ ᠲᠠᠷᠬᠠᠭᠠᠬᠤ ᠲᠤᠬᠠᠶ ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/4/27
                        2022 ᠣᠨ ᠤ 2 ᠳ᠋ᠤᠭᠠᠷ ᠰᠠᠷ᠎ᠠ ᠶᠢᠨ 10 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ ᠬᠤᠳᠠ ᠶᠢᠨ ᠠᠷᠠᠳ ᠤᠨ ᠵᠠᠰᠠᠭ ᠤᠨ ᠣᠷᠳᠣᠨ ᠤ 2021 ᠣᠨ ᠤ 29 ᠳ᠋ᠣᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠬᠤ ᠶᠢᠨ ᠬᠠᠮᠲᠤ ᠬᠤᠳᠠ ᠶᠢᠨ ᠨᠠᠮ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠠᠨᠠᠷ ᠲᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠬᠠᠤᠯᠢ ᠲᠣᠭᠲᠠᠭᠠᠬᠤ ᠬᠠᠷᠢᠭᠤᠴᠠᠯᠭ᠎ᠠ ᠲᠠᠢ ᠨᠢᠭᠡᠴᠡ ᠨᠦᠭᠦᠳ ᠲᠤᠰᠬᠠᠶ ᠪᠠᠭ ᠵᠣᠬᠢᠶᠠᠨ ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠤᠨ᠂ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠶ᠃ ᠭᠤᠣᠯ ᠬᠠᠷᠢᠭᠤᠴᠠᠯᠭᠠᠲᠠᠨ ᠬᠠᠤᠯᠢ ᠲᠣᠭᠲᠠᠭᠠᠬᠤ ᠠᠵᠢᠯ ᠢ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠠᠬᠢᠴᠠ ᠶᠢᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠤᠯᠢ ᠲᠣᠭᠲᠠᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃      ᠬᠤᠶᠠᠷ᠂ ᠬᠠᠤᠯᠢ ᠲᠣᠭᠲᠠᠭᠠᠬᠤ ᠵᠢᠷᠤᠮ ᠢ ᠴᠢᠩᠳᠠᠯᠠᠬᠤ ᠬᠡᠷᠡᠭᠲᠡᠢ᠃ ᠲᠣᠭᠲᠠᠭᠠᠬᠤ ᠪᠠ ᠵᠠᠰᠠᠪᠤᠷᠢ ᠣᠷᠣᠭᠤᠯᠬᠤ ᠬᠠᠤᠯᠢ ᠲᠣᠭᠲᠠᠭᠠᠬᠤ ᠵᠦᠢᠯᠡᠰ ᠲᠤ᠂ ᠡᠯ᠎ᠡ ᠬᠠᠤᠯᠢ ᠲᠣᠭᠲᠠᠭᠠᠬᠤ ᠬᠠᠷᠢᠭᠤᠴᠠᠯᠭᠠᠲᠤ ᠨᠢᠭᠡᠴᠡ ᠨᠦᠭᠦᠳ ᠪᠠᠶᠢᠴᠠᠭᠠᠨ ᠰᠤᠳᠤᠯᠬᠤ᠂ ᠲᠤᠭᠤᠷᠪᠢᠨ ᠪᠢᠴᠢᠬᠦ᠂ ᠰᠠᠨᠠᠯ ᠬᠤᠷᠢᠶᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠂ ᠬᠠᠮᠲᠤ ᠪᠠᠷ ᠬᠢᠨᠠᠨ ᠶᠠᠷᠢᠯᠴᠠᠬᠤ ᠵᠡᠷᠭᠡ ᠬᠠᠤᠯᠢ ᠲᠣᠭᠲᠠᠭᠠᠬᠤ ᠵᠢᠷᠤᠮ ᠢ ᠬᠢᠨᠠᠮᠠᠭᠠᠶ ᠭᠦᠢᠴᠡᠳᠬᠡᠵᠦ᠂ ᠬᠠᠤᠯᠢ ᠲᠣᠭᠲᠠᠭᠠᠬᠤ ᠡᠭᠦᠷᠭᠡ ᠪᠠᠨ ᠬᠠᠤᠯᠢ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ ᠬᠦᠴᠦᠨ ᠦᠭᠡᠢ ᠪᠣᠯᠭᠠᠭᠰᠠᠨ ᠬᠠᠤᠯᠢ ᠲᠣᠭᠲᠠᠭᠠᠬᠤ ᠵᠦᠢᠯᠡᠰ ᠲᠤ ᠴᠦ ᠬᠤᠯᠪᠣᠭᠳᠠᠯ ᠪᠦᠬᠦᠢ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠶ᠃      ᠭᠤᠷᠪᠠ᠂ ᠨᠢᠭᠡᠳᠦᠯᠲᠡᠶ ᠲᠥᠯᠥᠪᠯᠡᠨ ᠵᠢᠯᠣᠭᠤᠳᠬᠤ ᠶᠢ ᠴᠢᠩᠭᠠᠷᠠᠭᠤᠯᠬᠤ ᠬᠡᠷᠡᠭᠲᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢᠨ ᠲᠦᠷᠢᠮ ᠲᠣᠭᠲᠠᠭᠠᠯ ᠤᠨ ᠲᠥᠰᠦᠯ ᠢ ᠬᠢᠨᠠᠮᠠᠭᠠᠶ ᠬᠢᠨᠠᠨ ᠪᠠᠶᠢᠴᠠᠭᠠᠵᠤ᠂ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠤᠯᠢ ᠲᠣᠭᠲᠠᠭᠠᠬᠤ ᠲᠠᠰ ᠳᠠᠷᠠᠭᠠᠯᠠᠯ ᠢᠶᠠᠷ ᠬᠢᠨᠠᠨ ᠲᠣᠭᠲᠠᠭᠠᠯᠭᠠᠵᠤ᠂ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠲᠥᠯᠥᠪᠯᠡᠭᠡ ᠶᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠳᠠᠭᠠᠯᠳᠤᠭᠤᠯᠤᠯ᠄ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠵᠦᠢᠯᠡᠰ ᠤᠨ ᠭᠠᠷᠴᠠᠭ ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 2022 ᠣᠨ ᠤ 2 ᠳ᠋ᠤᠭᠠᠷ ᠰᠠᠷ᠎ᠠ ᠶᠢᠨ 10 ᠤ ᠡᠳᠦᠷ 2022 ᠣᠨ ᠤ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠵᠦᠢᠯᠡᠰ ᠤᠨ ᠭᠠᠷᠴᠠᠭ ᠵᠠᠰᠠᠭ ᠤᠨ ᠣᠷᠳᠣᠨ ᠤ ᠲᠦᠷᠢᠮ ᠲᠣᠭᠲᠠᠭᠠᠯ ᠤᠨ ᠨᠡᠷᠡᠶᠢᠳᠦᠯ / ᠲᠤᠭᠤᠷᠪᠢᠨ ᠪᠢᠴᠢᠭᠰᠡᠨ ᠰᠠᠯᠠᠭ᠎ᠠ ᠮᠥᠴᠢᠷ / ᠲᠥᠷᠥᠯ ᠵᠦᠢᠯ ᠤᠨ ᠠᠩᠭᠢᠯᠠᠯ      1. ᠬᠥᠬᠡᠬᠤᠲᠠ ᠶᠢᠨ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ / ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ / ᠲᠣᠭᠲᠠᠭᠠᠨ᠎ᠠ      2. ᠬᠥᠬᠡᠬᠤᠲᠠ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶᠠᠷᠤᠯᠲᠠ ᠶᠢᠨ ᠠᠷᠭ᠎ᠠ / ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ / ᠲᠣᠭᠲᠠᠭᠠᠨ᠎ᠠ      3. ᠬᠥᠬᠡᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠠᠷᠭ᠎ᠠ / ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠶᠢᠨ ᠲᠣᠪᠴᠢᠶ᠎ᠠ / ᠵᠠᠰᠠᠪᠤᠷᠢ ᠣᠷᠣᠭᠤᠯᠣᠨ᠎ᠠ      4. ᠬᠥᠬᠡᠬᠤᠲᠠ ᠶᠢᠨ ᠦᠨᠳᠦᠰᠦᠲᠡᠨ ᠤ ᠠᠵᠢᠯ ᠤᠨ ᠲᠤᠬᠠᠶ ᠲᠣᠭᠲᠠᠭᠠᠯ ᠤᠳ / ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ / ᠬᠦᠴᠦᠨ ᠦᠭᠡᠶ ᠪᠣᠯᠭᠠᠨ᠎ᠠ      5. ᠬᠥᠬᠡᠬᠤᠲᠠ ᠶᠢᠨ ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ ᠬᠠᠮᠢᠶᠠᠷᠤᠯᠲᠠ ᠶᠢᠨ ᠠᠷᠭ᠎ᠠ / ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ / ᠬᠦᠴᠦᠨ ᠦᠭᠡᠶ ᠪᠣᠯᠭᠠᠨ᠎ᠠ       6. ᠬᠥᠬᠡᠬᠤᠲᠠ ᠶᠢᠨ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ / ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ / ᠬᠦᠴᠦᠨ ᠥᠬᠡᠶ ᠪᠣᠯᠭᠠᠨ᠎ᠠ       7. ᠬᠥᠬᠡᠬᠤᠲᠠ ᠶᠢᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶᠠᠷᠤᠯᠲᠠ ᠶᠢᠨ ᠠᠷᠭ᠎ᠠ / ᠬᠤᠲᠠ ᠶᠢᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ / ᠬᠦᠴᠦᠨ ᠥᠬᠡᠶ ᠪᠣᠯᠭᠠᠨ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号