ᠦᠴᠤᠸᠠᠨ ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠳᠦ᠋ᠷᠢᠮ ᠤᠨ ᠠᠯᠪᠠᠨ ᠭᠡᠷ ᠤᠨ ᠭᠤᠣᠯ ᠴᠠᠭᠳᠠᠬᠤ ᠪᠠᠶᠢᠴᠠᠭᠠᠯᠲᠠ ᠶᠢ ᠴᠢᠩᠭᠠᠳᠬᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/4/27
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠤᠨ᠄      ᠭᠤᠣᠯ ᠮᠥᠷᠡᠨ ᠨᠠᠭᠤᠷ ᠴᠥᠭᠦᠷᠥᠮ ᠤᠨ ︽ᠲᠠᠪᠤᠨ ᠳᠤᠷ᠎ᠠ ᠪᠠᠷ ᠢᠶᠠᠨ ᠢ ᠠᠷᠢᠯᠭᠠᠬᠤ︾ ᠶᠢ ᠪᠠᠶᠢᠩᠭᠤᠵᠢᠭᠤᠯᠬᠤ ᠵᠢᠷᠤᠮᠵᠢᠭᠤᠯᠬᠤ ᠳᠦᠷᠢᠮᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠤᠣᠯ ᠤᠨ ᠵᠠᠮ ᠠᠴᠠ ᠬᠠᠶᠢᠷ ᠮᠠᠯᠲᠠᠬᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ ᠶᠢᠨ ᠲᠤᠰᠠᠲᠠ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠣᠯ ᠮᠥᠷᠡᠨ ᠤ ᠵᠠᠮ ᠳᠤ ᠲᠠᠪᠤᠨ ᠳᠤᠷ᠎ᠠ ᠪᠠᠷ ᠢᠶᠠᠨ ᠪᠠᠶᠢᠳᠠᠯ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠰᠢᠶᠠᠩ ᠪᠠᠯᠭᠠᠰᠤᠨ ᠤ ᠭᠤᠣᠯ ᠮᠥᠷᠡᠨ ᠤ ᠳᠠᠷᠤᠭ᠎ᠠ ᠨᠢᠭᠡ ᠭᠠᠷᠠᠭ ᠤᠨ ᠴᠠᠭ ᠢ ᠠᠰᠢᠭᠯᠠᠨ ᠬᠠᠷᠢᠭᠤᠴᠠᠵᠤ ᠪᠠᠶᠢᠭ᠎ᠠ ᠭᠤᠣᠯ ᠮᠥᠷᠡᠨ ᠤ ᠵᠠᠮ ᠳᠤ ᠲᠣᠭᠤᠷᠢᠨ ᠪᠠᠶᠢᠴᠠᠭᠠᠯᠲᠠ ᠬᠢᠬᠦ ᠶᠢ ᠬᠦᠰᠡᠵᠦ ᠪᠠᠶᠢᠨ᠎ᠠ᠃      ᠨᠢᠭᠡ᠂ ᠭᠤᠤᠯ ᠤᠨ ᠵᠠᠮ ᠤᠨ ᠲᠠᠪᠤᠨ ᠳᠤᠷ᠎ᠠ ᠪᠠᠷ ᠢᠶᠠᠨ ᠢ ᠪᠠᠶᠢᠴᠠᠭᠠᠬᠤ ᠠᠵᠢᠯ ᠢ ᠲᠦᠷᠭᠡᠬᠡᠨ ᠥᠷᠨᠢᠭᠦᠯᠬᠦ ᠬᠡᠷᠡᠭᠲᠡᠶ᠄ ᠡᠯ᠎ᠡ ᠰᠢᠶᠠᠩ ᠪᠠᠯᠭᠠᠰᠤ ᠶᠢᠨ ᠱᠠᠲᠤᠨ ᠤ ᠭᠤᠤᠯ ᠤᠨ ᠳᠠᠷᠤᠭ᠎ᠠ ᠠᠴᠠ ᠬᠠᠷᠢᠶ᠎ᠠ ᠣᠷᠣᠨ ᠤ ᠭᠤᠤᠯᠳᠠᠯᠭ᠎ᠠ ᠲᠠᠢ ᠭᠤᠤᠯ ᠮᠥᠷᠡᠨ ᠳᠤ ᠲᠣᠭᠤᠷᠢᠨ ᠪᠠᠶᠢᠴᠠᠭᠠᠯᠲᠠ ᠬᠢᠵᠦ᠂ ᠭᠤᠤᠯ ᠤᠨ ᠵᠠᠮ ᠳᠤ ᠲᠠᠪᠤᠨ ᠳᠤᠷ᠎ᠠ ᠪᠠᠷ ᠢᠶᠠᠨ ᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠂ ᠢᠯᠠᠩᠭᠤᠶ᠎ᠠ ᠥᠭᠦᠭᠰᠡᠨ ᠮᠠᠯ ᠵᠡᠷᠭᠡ ᠠᠮᠢᠳᠤᠷᠠᠯ ᠤᠨ ᠬᠤᠭ ᠨᠣᠪᠰᠢ ᠨᠠᠩ ᠴᠢᠬᠤᠯᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠪᠠᠶᠢᠴᠠᠭᠠᠬᠤ ᠵᠤᠷᠪᠤᠰ ᠢ ᠪᠣᠶ ᠪᠥᠬᠦᠶ ᠠᠰᠠᠭᠤᠳᠠᠯ ᠢ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠰᠢᠶᠠᠨ ᠤ ᠭᠤᠤᠯ ᠤᠨ ᠳᠠᠷᠤᠭ᠎ᠠ ᠶᠢᠨ ᠠᠯᠪᠠᠨ ᠬᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃      ᠬᠤᠶᠠᠷ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠶᠣᠰᠣᠭᠠᠷ᠂ ᠡᠯ᠎ᠡ ᠰᠢᠶᠠᠩ ᠪᠠᠯᠭᠠᠰᠤᠨ ᠤ ᠭᠤᠤᠯ ᠤᠨ ᠳᠠᠷᠤᠭ᠎ᠠ ᠶᠢ ᠤᠷᠢᠵᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ᠂ ᠣᠷᠣᠰᠢᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠯᠭᠡᠵᠦ᠂ ᠴᠢᠬᠤᠯᠠ ᠭᠤᠤᠯ ᠤᠨ ᠬᠡᠰᠡᠭ ᠤᠨ ᠬᠠᠤᠯᠢ ᠪᠤᠰᠤ ᠦᠢᠯᠡ ᠠᠵᠢᠯᠯᠠᠭ᠎ᠠ᠂ ᠢᠯᠠᠩᠭᠤᠶ᠎ᠠ ᠬᠠᠶᠢᠷ ᠴᠢᠯᠠᠭᠤ ᠬᠤᠯᠠᠭᠠᠶᠢᠯᠠᠨ ᠮᠠᠯᠲᠠᠭᠰᠠᠨ ᠦᠵᠡᠭᠳᠡᠯ ᠳᠤ᠂ ᠭᠤᠤᠯ ᠤᠨ ᠳᠠᠷᠤᠭ᠎ᠠ ᠨᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠰᠢᠶᠠᠩ ᠪᠠᠯᠭᠠᠰᠤᠨ ᠤ ᠲᠠᠰ ᠤᠨ ᠭᠤᠤᠯ ᠤᠨ ᠳᠠᠷᠤᠭ᠎ᠠ ᠨᠢ ᠭᠤᠤᠯ ᠢ ᠴᠠᠭᠳᠠᠬᠤ ᠡᠷᠴᠢᠮ ᠢᠶᠠᠨ ᠴᠢᠩᠭᠠᠷᠠᠭᠤᠯᠵᠤ᠂ ᠭᠠᠷ ᠤᠲᠠᠰᠤᠨ ᠤ APP ᠶᠢ ᠭᠦᠢᠴᠡᠳ ᠠᠰᠢᠭᠯᠠᠨ ᠭᠤᠤᠯ ᠢ ᠴᠠᠭᠳᠠᠭᠰᠠᠨ ᠲᠡᠮᠳᠡᠭᠯᠡᠯ ᠬᠢᠬᠦ ᠬᠡᠷᠡᠭᠲᠡᠢ᠃      ᠭᠤᠷᠪᠠ᠂ ᠰᠢᠶᠠᠩ ᠪᠠᠯᠭᠠᠰᠤᠨ ᠤ ᠱᠠᠲᠤᠨ ᠤ ᠭᠤᠤᠯ ᠮᠥᠷᠡᠨ ᠤ ᠳᠠᠷᠤᠭ᠎ᠠ ᠭᠤᠤᠯ ᠴᠠᠭᠳᠠᠬᠤ ᠡᠷᠴᠢᠮ ᠢᠶᠠᠨ ᠴᠢᠩᠭᠠᠷᠠᠭᠤᠯᠵᠤ᠂ ᠭᠠᠷ ᠤᠲᠠᠰᠤᠨ ᠤ APP ᠶᠢ ᠭᠦᠢᠴᠡᠳ ᠠᠰᠢᠭᠯᠠᠨ ᠭᠤᠤᠯ ᠴᠠᠭᠳᠠᠬᠤ ᠲᠡᠮᠳᠡᠭᠯᠡᠯ ᠬᠢᠵᠦ᠂ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ ᠠᠴᠠ ᠰᠠᠷ᠎ᠠ ᠪᠦᠷᠢ ᠬᠤᠷᠢᠶᠠᠩᠭᠤᠶᠢᠯᠠᠨ ᠵᠠᠳᠠᠯᠵᠤ᠂ ᠰᠢᠶᠠᠨ ᠤ ᠶᠡᠷᠦᠩᠬᠡᠶ ᠭᠤᠤᠯ ᠮᠥᠷᠡᠨ ᠤ ᠳᠠᠷᠤᠭ᠎ᠠ ᠳᠤ ᠮᠡᠳᠡᠭᠦᠯᠦᠨ᠂ ᠭᠤᠤᠯ ᠴᠠᠭᠳᠠᠬᠤ ᠠᠵᠢᠯ ᠬᠢᠭᠰᠡᠨ ᠥᠬᠡᠶ ᠭᠤᠤᠯ ᠮᠥᠷᠡᠨ ᠤ ᠳᠠᠷᠤᠭ᠎ᠠ ᠶᠢ ᠪᠥᠬᠦ ᠰᠢᠶᠠᠨ ᠢᠶᠠᠷ ᠢᠶᠠᠨ ᠵᠠᠷᠯᠠᠨ ᠮᠡᠳᠡᠭᠳᠡᠨ᠎ᠡ᠃      ᠡᠯ᠎ᠡ ᠰᠢᠶᠠᠩ ᠪᠠᠯᠭᠠᠰᠤ ᠥᠪᠡᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠤ ᠳᠠᠷᠠᠭ᠎ᠠ 2022 ᠣᠨ ᠤ 3 ᠰᠠᠷ᠎ᠠ ᠶᠢᠨ 20 ᠤ ᠡᠳᠦᠷ ᠠᠴᠠ ᠡᠮᠦᠨ᠎ᠡ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠰᠢᠷᠪᠢᠭᠰᠡᠨ ᠤ ᠳᠠᠷᠠᠭ᠎ᠠ ᠰᠢᠶᠠᠨ ᠤ ᠭᠤᠣᠯ ᠮᠦᠷᠡᠨ ᠤ ᠳᠠᠷᠤᠭ᠎ᠠ ᠶᠢᠨ ᠡᠷᠬᠢᠯᠡᠭᠰᠡᠨ ᠰᠢᠦᠳᠠᠨ ᠤ ᠬᠠᠶᠢᠷᠴᠠᠭ  475905482@qq.com ᠳᠤ ᠮᠡᠳᠡᠭᠦᠯᠦᠭᠡᠷᠡᠢ᠃                                                   ᠦᠴᠤᠸᠠᠨ ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号