ᠦᠴᠤᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠤᠬᠠᠭᠤᠯᠭ᠎ᠠ ᠵᠢᠨ‌ᠠᠵᠢᠯ ᠤᠨ ᠳ᠋ᠦᠩᠨᠡᠯᠲᠡ
ᠨᠡᠶᠢᠲᠡᠯᠡᠭᠰᠡᠨ ᠴᠠᠭ᠄
2022/4/27
     ᠦᠴᠤᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠦᠴᠤᠸᠠᠨ ᠰᠢᠶᠠᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ︵ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ︶ ᠶᠢᠨ ᠤᠳᠤᠷᠢᠳᠬᠤ ᠳᠤᠭᠤᠶᠢᠯᠠᠩ ᠤᠨ ᠪᠠᠭᠤᠯᠭᠠᠭᠰᠠᠨ ︽ᠦᠴᠤᠸᠠᠨ ᠰᠢᠶᠠᠨ ᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠢᠭ ᠤᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ ᠦᠴᠦᠸᠠᠨ ᠠᠮᠤᠷ ᠲᠥᠪᠰᠢᠨ ᠳᠤᠭᠤᠶᠢᠯᠠᠩ ︵2022︶ 4 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠶᠢᠨ ᠡᠭᠦᠷᠭᠡᠯᠡᠭᠰᠡᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ ᠂ ᠡᠳᠦᠭᠡ ᠣᠶᠢᠷ᠎ᠠ ᠶᠢᠨ ᠬᠤᠭᠤᠴᠠᠭᠠᠨ ᠤ ᠤᠬᠠᠭᠤᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠳᠣᠤᠷᠠᠬᠢ ᠮᠡᠲᠦ ᠬᠠᠷᠢᠭᠤ ᠮᠡᠳᠡᠭᠦᠯᠦᠶ᠎ᠡ᠄      ᠨᠢᠭᠡ᠂ ᠤᠬᠠᠭᠤᠯᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ      ︵ᠨᠢᠭᠡ︶ ᠡᠳᠦᠷ ᠲᠤᠳᠤᠮ  ᠤᠨ ᠤᠬᠠᠭᠤᠯᠭ᠎ᠠ᠃ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠡᠭᠦᠷᠭᠡ ᠪᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ᠤᠬᠠᠭᠤᠯᠭ᠎ᠠ ᠶᠢᠨ ᠠᠵᠢᠯ ᠢ ᠡᠳᠦᠷ ᠲᠤᠲᠤᠮ ᠤᠨ ᠠᠵᠢᠯ ᠳᠤ ᠠᠭᠤᠰᠬᠠᠨ ᠣᠷᠣᠭᠤᠯᠵᠤ᠂ ᠡᠯ᠎ᠡ ᠬᠠᠷᠢᠶ᠎ᠠ ᠣᠷᠣᠨ ᠤ ᠬᠠᠤᠯᠢ ᠬᠡᠷᠡᠭᠵᠢᠭᠦᠯᠬᠦ ᠳᠤᠮᠳᠠ ᠠᠩᠭᠢ ᠲᠣᠰ ᠲᠣᠰ ᠤᠨ ᠬᠠᠷᠢᠶ᠎ᠠ ᠣᠷᠣᠨ ᠳᠠᠭᠠᠨ ᠡᠳᠦᠷ ᠲᠤᠲᠤᠮ ᠤᠨ ᠬᠠᠮᠢᠶᠠᠷᠤᠯᠲᠠ ᠥᠷᠨᠢᠭᠦᠯᠵᠦ᠂ ᠬᠠᠤᠯᠢ ᠬᠡᠷᠡᠭᠵᠢᠭᠦᠯᠬᠦ ᠶᠠᠪᠤᠴᠠ ᠳᠤ᠂ ᠬᠠᠮᠢᠶᠠᠷᠤᠭᠳᠠᠭᠴᠢ ᠳᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠠᠮᠢᠶ᠎ᠠ ᠪᠥᠬᠦᠶ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠡᠭᠦᠨ ᠤ ᠬᠠᠮᠲᠤ ︽ᠰᠤᠷᠭᠠᠨ ᠬᠥᠮᠦᠵᠢᠯ︾ ᠢᠶᠠᠷ ᠲᠣᠷᠭᠠᠬᠤ ᠶᠢ ᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠬᠠᠮᠢᠶ᠎ᠠ ᠪᠥᠬᠦᠶ ᠲᠦᠷᠢᠮ᠂ ᠲᠣᠭᠲᠠᠭᠠᠯ ᠢ ᠠᠩᠬ᠎ᠠ ᠤᠳᠠᠭ᠎ᠠ ᠵᠥᠷᠢᠴᠡᠭᠰᠡᠨ ᠮᠥᠷᠲᠡᠭᠡᠨ ᠦᠢᠯᠡ ᠪᠠᠶᠢᠳᠠᠯ ᠨᠢ ᠬᠥᠩᠭᠡᠨ ᠪᠠᠶᠢᠪᠠᠯ᠂ ᠲᠡᠳᠡᠨ ᠢ ᠵᠣᠬᠢᠶᠠᠨ ᠪᠠᠶᠢᠭᠤᠯᠤᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠰᠤᠷᠤᠯᠴᠠᠯᠭ᠎ᠠ ᠬᠢᠯᠭᠡᠵᠦ᠂ ᠬᠠᠮᠢᠶᠠᠷᠤᠯᠲᠠ ᠶᠢᠨ ᠲᠣᠭᠲᠠᠭᠠᠯ ᠪᠠ ᠵᠢᠷᠤᠮᠵᠢᠯ ᠢ ᠬᠠᠭᠤᠯᠤᠨ ᠪᠢᠴᠢᠵᠦ᠂ ᠲᠣᠭᠲᠠᠭᠠᠯ ᠠᠴᠠ ᠵᠥᠷᠢᠴᠡᠭᠰᠡᠨ ᠬᠥᠮᠦᠰ ᠲᠤ ᠬᠠᠮᠢᠶᠠᠷᠤᠯᠲᠠ ᠶᠢᠨ ᠠᠵᠢᠯ ᠤᠨ ᠴᠢᠬᠤᠯᠠ ᠴᠢᠨᠠᠷ ᠵᠢᠴᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢ ᠥᠷᠨᠢᠭᠦᠯᠬᠦ ᠶᠢᠨ ᠴᠢᠬᠤᠯᠠ ᠴᠢᠨᠠᠷ ᠢ ᠮᠡᠳᠡᠭᠦᠯᠬᠦ ᠪᠠ ᠮᠡᠳᠡᠷᠡᠭᠦᠯᠪᠡ᠃      ︵ᠬᠤᠶᠠᠷ︶ ᠲᠤᠰᠬᠠᠶ ᠰᠡᠳᠦᠪᠲᠦ ᠤᠬᠠᠭᠤᠯᠭ᠎ᠠ᠃ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠯᠲᠠ ᠪᠣᠯ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ ᠬᠠᠮᠤᠭ ᠤᠨ ᠦᠨᠳᠦᠰᠦᠨ ᠠᠵᠢᠯ ᠮᠥᠨ᠂ ᠦᠴᠤᠸᠠᠨ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠢ ᠥᠷᠨᠢᠭᠦᠯᠬᠦ ᠪᠠ ᠳᠥᠯᠭᠢᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ 4 ᠰᠠᠷ᠎ᠠ ᠶᠢᠨ 20 ᠤ ᠡᠳᠦᠷ ᠪᠠ 4 ᠰᠠᠷ᠎ᠠ ᠶᠢᠨ 22 ᠤᠨ ᠡᠳᠦᠷ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ︾ ᠶᠢᠨ ᠤᠬᠠᠭᠤᠯᠭ᠎ᠠ ᠶᠢᠨ ᠠᠵᠢᠯᠯᠠᠭ᠎ᠠ ᠪᠠ ︽ᠳᠡᠯᠡᠬᠡᠶ ᠶᠢᠨ ᠪᠥᠮᠪᠥᠷᠴᠡᠭ ᠤᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠣᠯᠠᠨ ᠲᠦᠮᠡᠨ ᠳᠤ ᠬᠤᠭ ᠨᠣᠪᠰᠢ ᠶᠢ ᠲᠥᠷᠥᠯ ᠬᠤᠪᠢᠶᠠᠬᠤ ᠴᠢᠬᠤᠯᠠ ᠠᠴᠢ ᠬᠤᠯᠪᠣᠭᠳᠠᠯ ᠪᠠ ᠮᠠᠨ ᠤ ᠰᠢᠶᠠᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠦᠭᠰᠡᠨ ᠪᠠ ᠳᠥᠯᠭᠢᠨ ᠠᠬᠢᠭᠤᠯᠤᠭᠰᠠᠨ ᠪᠠᠶᠢᠳᠠᠯ ᠢ ᠲᠠᠶᠢᠯᠪᠤᠷᠢᠯᠠᠨ ᠥᠭᠴᠦ᠂ ᠬᠤᠭ ᠨᠣᠪᠰᠢ ᠶᠢ ᠬᠡᠷᠬᠢᠨ ᠲᠥᠷᠥᠯ ᠬᠤᠪᠢᠶᠠᠬᠤ ᠲᠤᠬᠠᠶ ᠭᠤᠤᠯᠳᠠᠯᠭ᠎ᠠ ᠲᠠᠢ ᠨᠠᠷᠢᠨ ᠲᠠᠶᠢᠯᠪᠤᠷᠢᠯᠠᠵᠤ᠂ ᠣᠯᠠᠨ ᠲᠦᠮᠡᠨ ᠢ ᠢᠳᠡᠪᠬᠢᠲᠡᠶ ᠰᠠᠨᠠᠭᠠᠴᠢᠯᠠᠭ᠎ᠠ ᠲᠠᠢ ᠪᠠᠷ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠵᠦ᠂ ᠮᠠᠨ ᠤ ᠰᠢᠶᠠᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠡᠮᠬᠢ ᠵᠢᠷᠤᠮ ᠲᠠᠢ ᠬᠥᠭᠵᠢᠬᠦ ᠶᠢ ᠳᠥᠯᠭᠢᠨ ᠠᠬᠢᠭᠤᠯᠪᠠ᠃ ᠬᠤᠶᠠᠷ ᠲᠠᠯᠠᠪᠤᠷ ᠤᠬᠠᠭᠤᠯᠭ᠎ᠠ ᠶᠢᠨ ᠠᠵᠢᠯᠯᠠᠭ᠎ᠠ ᠶᠢᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠬᠤᠭ ᠨᠣᠪᠰᠢ ᠶᠢ ᠲᠥᠷᠥᠯ ᠬᠤᠪᠢᠶᠠᠬᠤ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠵᠡᠷᠭᠡ ᠡᠯ᠎ᠡ ᠲᠥᠷᠥᠯ ᠤᠨ ᠤᠬᠠᠭᠤᠯᠭ᠎ᠠ ᠶᠢᠨ ᠬᠠᠭᠤᠳᠠᠰᠤ᠂ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡ 800 ᠭᠠᠷᠤᠶ ᠬᠤᠪᠢ ᠲᠠᠷᠬᠠᠭᠠᠵᠠᠶ᠃      ᠬᠤᠶᠠᠷ᠂ ᠤᠬᠠᠭᠤᠯᠭ᠎ᠠ ᠶᠢᠨ ᠠᠵᠢᠯ ᠢ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ      ︵ᠨᠢᠭᠡ︶ ᠤᠬᠠᠭᠤᠯᠭ᠎ᠠ ᠶᠢᠨ ᠬᠡᠪᠴᠢᠶ᠎ᠡ ᠪᠠᠷ ᠲᠡᠶᠢᠮᠦ ᠥᠷᠭᠡᠨ ᠪᠢᠰᠢ ᠪᠠᠶᠢᠨ᠎ᠠ᠃ ᠬᠤᠲᠠ ᠶᠢᠨ ᠬᠡᠪᠴᠢᠶᠡᠨ ᠤ ᠵᠠᠰᠠᠯᠲᠠ ᠶᠢᠨ ᠲᠤᠷᠰᠢᠯᠲᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠤ ᠵᠥᠪᠬᠡᠨ ᠲᠣᠰ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠤᠬᠠᠭᠤᠯᠵᠤ᠂ ᠤᠬᠠᠭᠤᠯᠤᠨ ᠲᠠᠶᠢᠯᠪᠤᠷᠢᠯᠠᠵᠤ᠂ ᠤᠬᠠᠭᠤᠯᠭ᠎ᠠ ᠶᠢᠨ ᠬᠡᠪᠴᠢᠶ᠎ᠡ ᠶᠢ ᠪᠦᠲᠦᠮᠵᠢᠲᠡᠶ ᠪᠠᠷ ᠥᠷᠭᠡᠳᠬᠡᠵᠦ ᠴᠢᠳᠠᠭᠰᠠᠨ ᠥᠬᠡᠶ᠂ ᠤᠬᠠᠭᠤᠯᠭ᠎ᠠ ᠶᠢᠨ ᠠᠭᠤᠯᠭ᠎ᠠ ᠨᠢ ᠲᠠᠩ ᠴᠤᠯᠭᠤᠶ ᠪᠠᠶᠢᠨ᠎ᠠ᠃      ︵ᠬᠤᠶᠠᠷ︶ ᠤᠬᠠᠭᠤᠯᠬᠤ ᠠᠷᠭ᠎ᠠ ᠠᠷᠭ᠎ᠠ ᠮᠠᠶ᠋ᠢᠭ ᠨᠢ ᠲᠠᠩ ᠴᠤᠯᠭᠤᠶ ᠪᠠᠶᠢᠨ᠎ᠠ᠃ ᠬᠤᠳᠠ ᠶᠢᠨ ᠬᠡᠪᠴᠢᠶᠡᠨ ᠤ ᠵᠠᠰᠠᠯᠲᠠ ᠶᠢᠨ ᠲᠤᠷᠰᠢᠯᠲᠠ ᠶᠢᠨ ᠴᠢᠭ᠋ ᠤᠨ ᠤᠬᠠᠭᠤᠯᠬᠤ ᠠᠵᠢᠯ ᠤᠨ ᠬᠡᠯᠪᠡᠷᠢ ᠮᠠᠶ᠋ᠢᠭ ᠪᠠ ᠠᠷᠭ᠎ᠠ ᠬᠡᠮᠵᠢᠶ᠎ᠡ ᠲᠡᠶᠢᠮᠦ ᠤᠯᠠᠨ ᠪᠢᠰᠢ᠂ ᠰᠢᠨ᠎ᠡ ᠬᠡᠯᠪᠡᠷᠢ ᠶᠢᠨ ᠰᠦᠯᠵᠢᠶᠡᠨ ᠤ ᠵᠠᠭᠤᠴᠢᠯᠠᠭᠤᠷ ᠢ ᠠᠰᠢᠭᠯᠠᠨ ᠤᠬᠠᠭᠤᠯᠬᠤ ᠠᠵᠢᠯ ᠢ ᠰᠠᠶᠢᠲᠤᠷ ᠥᠷᠨᠢᠭᠦᠯᠵᠦ ᠴᠢᠳᠠᠭᠰᠠᠨ ᠦᠭᠡᠢ᠂ ᠬᠦᠯᠢᠶᠡᠨ ᠠᠪᠤᠭᠴᠢᠳ ᠤᠨ ᠬᠡᠪᠴᠢᠶ᠎ᠡ ᠨᠡᠯᠢᠶᠡᠳ ᠪᠠᠭ᠎ᠠ ᠪᠠᠶᠢᠨ᠎ᠠ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ      ︵ᠨᠢᠭᠡ︶ ᠤᠤᠯ ᠤᠨ ᠤᠬᠠᠭᠤᠯᠭ᠎ᠠ ᠶᠢᠨ ᠠᠭᠤᠯᠭ᠎ᠠ ᠶᠢᠨ ᠰᠠᠭᠤᠷᠢᠨ ᠳᠡᠭᠡᠷ᠎ᠡ᠂ ᠤᠬᠠᠭᠤᠯᠭ᠎ᠠ ᠶᠢᠨ ᠠᠭᠤᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠠᠬ᠎ᠠ ᠳᠡᠭᠦᠤ ᠨᠢᠭᠡᠴᠡ ᠲᠠᠢ ᠢᠳᠡᠪᠬᠢᠲᠡᠶ ᠪᠠᠷ ᠬᠠᠷᠢᠯᠴᠠᠵᠤ ᠬᠠᠮᠲᠤᠷᠠᠨ ᠤᠬᠠᠭᠤᠯᠬᠤ ᠠᠵᠢᠯᠯᠠᠭ᠎ᠠ ᠥᠷᠨᠢᠭᠦᠯᠦᠨ᠂ ᠤᠬᠠᠭᠤᠯᠭ᠎ᠠ ᠶᠢᠨ ᠬᠡᠪᠴᠢᠶ᠎ᠡ ᠶᠢ ᠥᠷᠭᠡᠳᠬᠡᠵᠦ᠂ ᠬᠤᠲᠠ ᠶᠢᠨ ᠬᠡᠪᠴᠢᠶ᠎ᠡ ᠶᠢ ᠵᠠᠰᠠᠬᠤ ᠲᠤᠷᠰᠢᠯᠲᠠ ᠶᠢᠨ ᠴᠢᠬ ᠤᠨ ᠤᠬᠠᠭᠤᠯᠭ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠮᠵᠢᠲᠡᠶ ᠠᠬᠢᠭᠤᠯᠤᠨ᠎ᠠ᠃      ︵ᠬᠤᠶᠠᠷ︶ ᠤᠯᠠᠮᠵᠢᠯᠠᠯᠲᠤ ᠤᠬᠠᠭᠤᠯᠭ᠎ᠠ ᠬᠢᠭᠡᠳ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠪᠠᠷ ᠳᠠᠮᠵᠢᠭᠤᠯᠤᠨ᠂ ᠲᠥᠪᠯᠡᠷᠡᠭᠦᠯᠦᠨ ᠤᠬᠠᠭᠤᠯᠬᠤ ᠬᠢᠭᠡᠳ ᠬᠤᠪᠢ ᠬᠥᠮᠦᠨ ᠤ ᠤᠬᠠᠭᠤᠯᠭ᠎ᠠ ᠶᠢ ᠬᠠᠷᠢᠯᠴᠠᠨ ᠤᠶᠠᠯᠳᠤᠭᠤᠯᠵᠤ᠂ ᠤᠬᠠᠭᠤᠯᠭ᠎ᠠ ᠶᠢᠨ ᠠᠷᠭ᠎ᠠ ᠵᠠᠮ ᠢ ᠢᠳᠡᠪᠬᠢᠲᠡᠶ ᠪᠠᠷ ᠥᠷᠭᠡᠳᠬᠡᠨ᠂ ᠮᠠᠨ ᠤ ᠨᠢᠭᠡᠴᠡ ᠶᠢᠨ ᠠᠵᠢᠯᠲᠠᠨ ᠤ ᠳᠠᠪᠠᠭᠤᠯᠢᠭ ᠢ ᠪᠠᠳᠠᠷᠠᠭᠤᠯᠵᠤ᠂ ᠬᠤᠪᠢ ᠬᠥᠮᠦᠨ ᠤ ᠰᠦᠯᠵᠢᠶᠡᠨ ᠤ ᠵᠠᠭᠤᠴᠢᠯᠠᠭᠤᠷ ᠤᠨ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠵᠤ᠂ ᠤᠬᠠᠭᠤᠯᠭ᠎ᠠ ᠶᠢᠨ ᠭᠥᠯᠢᠶᠡᠨ ᠠᠪᠤᠭᠴᠢᠳ ᠤᠨ ᠬᠡᠪᠴᠢᠶ᠎ᠡ ᠶᠢ ᠪᠦᠲᠦᠮᠵᠢᠲᠡᠶ ᠪᠠᠷ ᠥᠷᠭᠡᠳᠬᠡᠨ᠂ ᠨᠠᠩ ᠣᠯᠠᠨ ᠣᠯᠠᠨ ᠲᠦᠮᠡᠨ ᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠠᠵᠢᠯ ᠳᠤ ᠣᠶᠢᠯᠠᠭᠠᠭᠤᠯᠬᠤ ᠪᠠ ᠣᠷᠣᠯᠴᠠᠭᠤᠯᠤᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号