ᠬᠠᠷ᠎ᠠ ᠬᠤᠰᠢᠭᠤ ᠰᠢᠶᠠᠩ ︽ᠪᠥᠭᠡᠮᠨᠡᠷᠡᠯ ᠤᠨ ᠮᠠᠶ᠋ᠢᠭ ᠤᠨ︾ ᠤᠨ ᠨᠡᠶᠢᠭᠡᠮ ᠤᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/29
     4 ᠰᠠᠷ᠎ᠠ ᠶᠢᠨ 26 ᠤ ᠡᠳᠦᠷ᠂ ᠬᠥᠬᠡᠬᠤᠲᠠ ᠶᠢᠨ ︽ᠪᠥᠭᠡᠮᠨᠡᠷᠡᠯ ᠤᠨ ᠮᠠᠶ᠋ᠢᠭ ᠤᠨ︾ ᠤᠨ ᠨᠡᠶᠢᠭᠡᠮ ᠤᠨ ᠳᠠᠭᠠᠭᠠᠴᠢᠯᠠᠨ ᠬᠤᠯᠪᠣᠭᠠᠯᠠᠨ ᠬᠠᠪᠰᠤᠷᠤᠨ ᠲᠡᠳᠬᠦᠬᠦ ᠨᠢᠭᠡᠴᠡ ᠬᠠᠷ᠎ᠠ ᠬᠤᠰᠢᠭᠤ ᠰᠢᠶᠠᠩ ᠳᠤ ᠬᠦᠷᠴᠦ ᠳᠠᠭᠠᠭᠠᠴᠢᠯᠠᠨ ᠬᠤᠯᠪᠣᠭᠠᠯᠠᠨ ᠬᠠᠪᠰᠤᠷᠤᠨ ᠲᠡᠳᠬᠦᠬᠦ ᠶᠠᠷᠢᠯᠴᠠᠬᠤ ᠬᠤᠷᠠᠯ ᠬᠢᠪᠡ᠃ ᠲᠦᠷᠦᠭᠦᠯᠡᠬᠦ ᠨᠢᠭᠡᠴᠡ ᠶᠢᠨ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ ᠰᠠᠷᠠᠩᠭᠤᠸ᠎ᠠ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠶᠠᠩ ᠶᠢᠨ ᠫᠢᠩ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠶ ᠲᠤᠰᠢᠶᠠᠯᠲᠤ ᠳᠡᠳ᠋ ᠱᠦᠵᠢ ᠶᠤᠸᠠᠢ ᠮᠢᠨ ᠨᠡᠷ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠬᠥᠬᠡᠬᠤᠲᠠ ᠶᠢᠨ ᠳᠤᠮᠳᠠᠳᠤ ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠬᠥᠬᠡᠬᠤᠲᠠ ᠶᠢᠨ ᠬᠤᠳᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠠᠨ ᠬᠦ᠋ ᠹᠠᠩ ᠠᠮᠢ ᠠᠬᠤᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠦᠩ ᠱᠢ ᠠᠵᠤ ᠦᠢᠯᠡᠰ ᠵᠡᠷᠭᠡ ᠪᠦᠯᠬᠦᠮ ᠪᠠᠶᠢᠭᠤᠯᠵᠤ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ 9 ᠨᠢᠭᠡᠴᠡ ᠶᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠨ ᠶᠠᠷᠢᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦᠢ ᠪᠢᠶᠤᠤ ᠵᠡᠷᠭᠡ ᠰᠢᠶᠠᠨ ᠤ ᠤᠳᠤᠷᠢᠳᠤᠯᠭ᠎ᠠ᠂ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ᠲᠣᠪᠴᠢᠶᠠᠨ ᠤ ᠳᠡᠳ᠋ ᠳᠠᠷᠤᠭ᠎ᠠ  ᠰᠠᠷᠠᠩᠭᠤᠸ᠎ᠠ᠂ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠷᠸᠦ ᠵᠢᠶᠠᠨ ᠵᠢᠶᠦ᠋ᠨ ᠲᠤᠰ ᠲᠤᠰ ᠬᠤᠶᠠᠷ ᠲᠠᠯ᠎ᠠ ᠶᠢᠨ ᠬᠤᠷᠠᠯ ᠳᠤ ᠣᠷᠣᠯᠴᠠᠭᠰᠠᠳ ᠢ ᠲᠠᠨᠢᠯᠴᠠᠭᠤᠯᠵᠠᠢ᠃ ᠷᠸᠦ ᠵᠢᠶᠠᠨ ᠵᠢᠶᠦ᠋ᠨ ᠡᠩ ᠲᠡᠷᠢᠭᠦᠨ ᠳᠤ ᠬᠠᠷ᠎ᠠ ᠬᠤᠰᠢᠭᠤ ᠰᠢᠶᠠᠩ ᠤᠨ ᠦᠨᠳᠦᠰᠦᠨ ᠪᠠᠶᠢᠳᠠᠯ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠤᠨ ᠬᠢᠨᠠᠨ ᠬᠡᠮᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ ᠳᠠᠷᠠᠭ᠎ᠠ ᠳᠤᠨᠢ᠂ ᠪᠦᠯᠬᠦᠮ ᠵᠣᠬᠢᠶᠠᠨ ᠪᠠᠶᠢᠭᠤᠯᠵᠤ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠨᠢᠭᠡᠴᠡ ᠶᠢᠨ ᠲᠥᠯᠥᠭᠡᠯᠡᠭᠴᠢ ᠪᠣᠯᠤᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠥᠯᠥᠭᠡᠯᠡᠭᠴᠢ ᠲᠤᠰ ᠲᠤᠰ ᠦᠭᠡ ᠬᠡᠯᠡᠪᠡ ᠃ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠣᠪᠴᠢᠶᠠᠨ ᠤ ᠳᠡᠳ᠋ ᠳᠠᠷᠤᠭ᠎ᠠ ᠰᠠᠷᠠᠩᠭᠤᠸ᠎ᠠ ᠬᠤᠶᠠᠷ ᠲᠠᠯ᠎ᠠ ᠶᠢᠨ ᠬᠠᠷᠢᠭᠤ ᠮᠡᠳᠡᠭᠦᠯᠦᠯᠲᠡ ᠶᠢᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠳᠠᠭᠠᠭᠠᠴᠢᠯᠠᠨ ᠬᠤᠯᠪᠣᠭᠠᠯᠠᠨ ᠬᠠᠪᠰᠤᠷᠤᠨ ᠲᠡᠳᠬᠦᠬᠦ ᠠᠵᠢᠯ ᠤᠨ ᠠᠴᠢ ᠬᠤᠯᠪᠣᠭᠳᠠᠯ ᠢ ᠭᠦᠢᠴᠡᠳ ᠨᠤᠲᠠᠯᠠᠵᠤ᠂ ᠲᠡᠷᠡ᠄ ︽ᠳᠠᠭᠠᠭᠠᠴᠢᠯᠠᠨ ᠬᠤᠯᠪᠣᠭᠠᠯᠠᠨ ᠬᠠᠪᠰᠤᠷᠤᠨ ᠲᠡᠳᠬᠦᠬᠦ ᠪᠠᠶᠢᠭᠤᠯᠭ᠎ᠠ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠦᠷ᠎ᠡ ᠠᠰᠢᠭ ᠢ ᠡᠭᠦᠳᠬᠦ ᠮᠥᠷᠲᠡᠭᠡᠨ ᠪᠠᠰᠠ ᠨᠡᠶᠢᠭᠡᠮ ᠤᠨ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠰᠢᠶᠠᠩ ᠪᠠᠯᠭᠠᠰᠤᠨ ᠤ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠶᠠᠰᠤ ᠴᠢᠨᠠᠷ ᠪᠣᠯᠤᠨ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠨ ᠲᠠᠢ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠡᠭᠦᠷᠭᠡ ᠶᠢ ᠴᠢᠩᠭ᠎ᠠ ᠪᠣᠳᠠᠲᠠᠢ ᠨᠠᠷᠢᠯᠢᠭ ᠠᠬᠢᠭᠤᠯᠬᠤ ᠬᠡᠷᠡᠭᠲᠡᠢ︾ ᠭᠡᠵᠦ ᠬᠡᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ ᠢᠯᠡᠷᠬᠡᠶᠢᠯᠡᠬᠦ ᠳᠡᠭᠡᠨ᠄ ︽ᠡᠯ᠎ᠡ ᠠᠵᠤ ᠠᠬᠤᠶᠢᠯᠠᠯᠲᠠᠳ ᠰᠢᠶᠠᠩ ᠪᠠᠯᠭᠠᠰᠤᠨ ᠤ ᠲᠥᠷᠥ ᠶᠢᠨ ᠪᠣᠳᠣᠯᠭ᠎ᠠ᠂ ᠰᠡᠳᠬᠢᠴᠡ ᠵᠡᠷᠭᠡ ᠲᠠᠯ᠎ᠠ ᠪᠠᠷ ᠬᠢ ᠵᠢᠯᠣᠭᠤᠳᠣᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠠᠵᠤ ᠠᠬᠤᠶᠢᠯᠠᠯ ᠤᠨ ᠳᠠᠪᠠᠭᠤᠯᠢᠭ ᠢ ᠪᠠᠳᠠᠷᠠᠭᠤᠯᠵᠤ᠂ ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠢᠶᠠᠩ᠂ ᠭᠠᠴᠠᠭᠠᠨ ᠤ ᠪᠣᠳᠠᠲᠤ ᠬᠡᠷᠡᠭᠴᠡᠭᠡ ᠪᠣᠯᠤᠨ ᠥᠪᠡᠷ ᠤᠨ ᠳᠠᠭᠠᠭᠠᠴᠠ ᠪᠠᠨ ᠦᠨᠳᠦᠰᠦᠯᠡᠵᠦ᠂ ᠡᠯ᠎ᠡ ᠲᠣᠰᠬᠤᠨ ᠤ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠡᠭᠦᠷᠭᠡ ᠶᠢᠨ ᠪᠢᠴᠢᠭ ᠪᠣᠯᠤᠨ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠬᠠᠪᠰᠤᠷᠤᠨ ᠲᠡᠳᠬᠦᠬᠦ ᠲᠥᠯᠥᠪᠯᠡᠭᠡ ᠭᠠᠷᠭᠠᠵᠤ᠂ ᠪᠣᠳᠠᠲᠠᠢ ᠶᠢ ᠡᠷᠬᠢᠮᠯᠡᠨ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠥᠷᠭᠡᠳᠬᠡᠵᠦ᠂ ᠠᠯᠤᠰ ᠬᠡᠳᠤ ᠶᠢᠨ ᠲᠥᠯᠥᠪᠵᠢᠭᠦᠯᠭᠡ ᠶᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠪᠣᠳᠠᠲᠤ ᠬᠡᠷᠡᠭᠴᠡᠭᠡ ᠶᠢ ᠪᠣᠳᠣᠯᠬᠢᠯᠠᠵᠤ᠂ ︿ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠢ ᠪᠦᠲᠦᠭᠡᠬᠦ﹀ ᠢᠯᠡᠳᠲᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠪᠰᠤᠷᠤᠨ ᠲᠡᠳᠬᠦᠬᠦ ᠠᠵᠢᠯ ᠢ ᠨᠡᠩ ᠶᠠᠰᠤ ᠴᠢᠨᠠᠷ ᠲᠠᠢ᠂ ᠨᠡᠩ ᠦᠷ᠎ᠡ ᠪᠦᠲᠦᠮᠵᠢ ᠲᠠᠢ ᠪᠣᠯᠭᠠᠬᠤ ᠬᠡᠷᠡᠭᠲᠡᠢ︾ ᠭᠡᠵᠦ ᠬᠡᠯᠡᠪᠡ᠃ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠪᠠᠷ ᠢᠶᠠᠨ ᠤᠯᠠᠨ ᠲᠠᠯ᠎ᠠ ᠪᠠᠷ ᠬᠠᠪᠰᠤᠷᠤᠨ ᠲᠡᠳᠬᠦᠬᠦ ᠲᠠᠯ᠎ᠠ ᠪᠠᠷ ᠰᠠᠨᠠᠯ ᠨᠢᠭᠡᠲᠡᠢ ᠪᠤᠯᠵᠤ᠂ ᠳᠠᠷᠠᠭᠠᠴᠢ ᠶᠢᠨ ᠠᠯᠬᠤᠮ ᠳᠤ ᠲᠥᠯᠥᠪᠵᠢᠭᠦᠯᠦᠨ ᠪᠠᠶᠢᠷᠢᠰᠢᠭᠤᠯᠵᠤ᠂ ᠨᠠᠷᠢᠨ ᠬᠢᠨᠠᠮᠠᠭᠠᠢ ᠰᠤᠳᠤᠯᠤᠨ ᠶᠠᠷᠢᠯᠴᠠᠭᠰᠠᠨ ᠰᠠᠭᠤᠷᠢᠨ ᠳᠡᠭᠡᠷ᠎ᠡ ᠬᠠᠪᠰᠤᠷᠤᠨ ᠲᠡᠳᠬᠦᠬᠦ ᠠᠵᠢᠯ ᠢ ᠨᠡᠩ ᠣᠨᠣᠪᠴᠢᠲᠠᠢ᠂ ᠨᠡᠩ ᠨᠠᠷᠢᠯᠢᠭ᠂ ᠨᠡᠩ ᠯᠠᠪᠳᠠᠭᠤᠨ ᠪᠠᠲᠤᠲᠠᠢ ᠬᠢᠨ᠎ᠡ ᠭᠡᠵᠡᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号