ᠡᠯ᠎ᠡ ᠨᠢᠭᠡᠴᠡ ᠶᠢᠨ ᠣᠷᠣᠵᠤ ᠰᠠᠭᠤᠬᠤ ᠴᠣᠩᠬᠤ᠄ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠠᠨ ᠤ ᠰᠢᠶᠠᠨ ᠤ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠵᠢᠨᠦᠢᠯᠡᠴᠢᠯᠡᠭᠡᠨ ᠤ ᠵᠦᠢᠯᠡᠰ ᠤᠨ ︽ᠨᠢᠭᠡ ᠵᠦᠢᠯ ᠤᠨ ᠬᠡᠯᠪᠡᠷᠢ︾ | ᠶᠢᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠵᠤ᠂ ᠡᠳᠦᠭᠡ ︽ᠦᠴᠤᠸᠠᠨ ᠰᠢᠶᠠᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠲᠣᠪᠴᠢᠶ᠎ᠠ ᠶᠢᠨ | ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠲᠢᠩᠬᠢᠮ ᠤᠨ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠵᠦᠢᠯᠡᠰ ᠤᠨ | ᠣᠷᠣᠵᠤ ᠰᠠᠭᠤᠬᠤ ᠬᠠᠮᠢᠶᠠᠷᠤᠯᠲᠠ ᠶᠢᠨ ᠲᠦᠷᠢᠮ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | ᠳᠠᠭᠠᠯᠳᠤᠭᠤᠯᠤᠯ᠄ ᠦᠴᠤᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠬᠠᠮᠢᠶᠠᠷᠤᠯᠲᠠ ᠶᠢᠨ ᠲᠦᠷᠢᠮ ︵ | ᠲᠤᠷᠰᠢᠨ ᠬᠡᠷᠡᠭᠵᠢᠭᠦᠯᠬᠦ︶ | | ᠦᠴᠤᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ | 2022 ᠣᠨ ᠤ 4 ᠰᠠᠷ᠎ᠠ ᠶᠢᠨ 15 ᠤ ᠡᠳᠦᠷ | ᠳᠠᠭᠠᠯᠳᠤᠭᠤᠯᠤᠯ᠄ | ᠦᠴᠤᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨᠦᠢᠯᠡᠴᠢᠯᠡᠭᠡᠨ ᠤ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠬᠠᠮᠢᠶᠠᠷᠤᠯᠲᠠ ᠶᠢᠨ ᠲᠦᠷᠢᠮ | | ᠨᠢᠭᠡᠳᠦᠭᠡᠷ ᠵᠦᠢᠯ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠠᠵᠢᠯ ᠢ ᠵᠢᠷᠤᠮᠵᠢᠭᠤᠯᠬᠤ ᠶᠢᠨ | ᠲᠤᠰᠠᠳᠠ᠂ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠦᠷᠢᠮ︾ ᠪᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ | ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ ᠲᠣᠰ ᠲᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨᠤ ᠲᠢᠩᠬᠢᠮ ᠳᠤ ᠣᠷᠣᠵᠤ ᠰᠠᠭᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠨᠢ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ | ᠨᠡᠶᠢᠲᠡᠯᠡᠭᠰᠡᠨ ᠭᠤᠶᠤᠴᠢᠯᠠᠬᠤ ᠡᠷᠬᠡ ᠶᠢᠨ ᠵᠦᠢᠯᠡᠰ ᠪᠠ ᠣᠯᠠᠨ ᠨᠡᠶᠢᠲᠡ ᠵᠢᠨᠦᠢᠯᠡᠴᠢᠯᠡᠭᠡᠨ ᠤ ᠵᠦᠢᠯᠡᠰ ᠪᠠᠶᠢᠬᠤ | ᠬᠡᠷᠡᠭᠲᠡᠶ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ | ᠱᠠᠩᠨᠠᠯ᠂ ᠵᠠᠰᠠᠭ ᠵᠠᠬᠢᠷᠭᠠᠨ ᠤ ᠲᠠᠰᠤᠯᠤᠯᠲᠠ᠂ ᠵᠠᠰᠠᠭ ᠵᠠᠬᠢᠷᠭᠠᠨ ᠤ ᠥᠭᠭᠦᠯᠲᠡ᠂ ᠪᠤᠰᠤᠳ ᠡᠷᠬᠡ ︵ᠭᠤᠶᠤᠴᠢᠯᠠᠬᠤ | ᠲᠥᠷᠥᠯ︶ ᠪᠠ ᠣᠯᠠᠨ ᠨᠡᠶᠢᠲᠡ ᠶᠢᠨ ᠦᠢᠯᠡᠴᠢᠯᠡᠭᠡ ︵ᠭᠦᠢᠴᠡᠳᠬᠡᠬᠦ ᠲᠥᠷᠥᠯ︶ ᠵᠡᠷᠭᠡ 7 ᠶᠡᠭᠡ ᠲᠥᠷᠥᠯ | ᠪᠠᠭᠲᠠᠨ᠎ᠠ᠃ | ᠭᠤᠷᠪᠠᠳᠤᠭᠠᠷ ᠵᠦᠢᠯ ᠣᠷᠣᠵᠤ ᠰᠠᠭᠤᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ | ᠲᠣᠳᠣᠷᠬᠠᠶ ᠬᠡᠷᠡᠭᠵᠢᠭᠦᠯᠬᠦ ᠭᠤᠤᠯ ᠴᠣᠭᠴᠠ᠂ ᠭᠦᠢᠴᠡᠳᠬᠡᠬᠦ ᠨᠥᠬᠦᠴᠡᠯ᠂ ᠭᠦᠢᠴᠡᠳᠬᠡᠬᠦ ᠴᠢᠬᠤᠯᠠ ᠨᠥᠬᠦᠴᠡᠯ᠂ | ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠪᠠ ᠭᠦᠢᠴᠡᠳᠬᠡᠬᠦ ᠴᠤᠪᠤᠷᠠᠯ ᠲᠠᠢ ᠪᠠᠶᠢᠬᠤ ᠬᠡᠷᠡᠭᠲᠡᠶ᠃ | ᠳᠥᠷᠪᠡᠳᠦᠭᠡᠷ ᠵᠦᠢᠯ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠨᠢ ᠨᠢᠭᠤᠴᠠ ᠳᠤ ᠬᠤᠯᠪᠣᠭᠳᠠᠬᠤ᠂ ᠲᠠᠯᠠᠪᠤᠷ ᠭᠠᠵᠠᠷ ᠵᠡᠷᠭᠡ ᠰᠢᠯᠲᠠᠭᠠᠨ ᠠᠴᠠ ᠪᠣᠯᠵᠣ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠵᠤ ᠳᠡᠶᠢᠯᠬᠦ ᠥᠬᠡᠶ ᠪᠣᠯ᠂ ᠰᠢᠭᠤᠳ ᠬᠠᠤᠯᠢ | ᠴᠠᠭᠠᠵᠠ᠂ ᠬᠠᠤᠯᠢ ᠲᠣᠭᠲᠠᠭᠠᠯ ᠪᠤᠶᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠦᠨᠳᠦᠰᠦ ᠪᠠᠷᠢᠮᠲᠠ ᠶᠢ ᠬᠠᠩᠭᠠᠬᠤ | ᠬᠡᠷᠡᠭᠲᠡᠶ᠃ | ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠢᠭᠡᠨᠲᠡ ᠬᠡᠷᠡᠭ | ᠡᠷᠭᠢᠯᠡᠬᠦ ᠴᠣᠩᠬᠤ ᠭᠠᠷᠭᠠᠭᠰᠠᠨ ᠰᠠᠯᠠᠭ᠎ᠠ ᠮᠥᠴᠢᠷ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ | ︽ᠣᠷᠣᠭᠤᠯᠬᠤ ᠶᠣᠰᠣᠲᠠᠶ ᠨᠢ ᠵᠠᠪᠠᠯ ᠣᠷᠣᠭᠤᠯᠬᠤ︾ ᠶᠢ ᠪᠡᠶᠡᠯᠡᠭᠦᠯᠬᠦ ᠶᠢᠨ ᠬᠠᠮᠲᠤ᠂ ︽ᠭᠤᠷᠪᠠ ᠶᠢ ᠲᠥᠪᠯᠡᠷᠡᠭᠦᠯᠬᠦ | ᠂ ᠭᠤᠷᠪᠠ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ︵︽ᠭᠤᠷᠪᠠ ᠶᠢ | ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠭᠡᠳᠡᠭ ᠨᠢ ᠳᠠᠷᠤᠶ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠠᠯᠠᠭ᠎ᠠ | ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠰᠠᠨ ᠲᠠᠪᠴᠠᠩ ᠳᠤ ᠲᠥᠪᠯᠡᠷᠡᠭᠦᠯᠬᠦ ᠶᠢ ᠬᠡᠯᠡᠨ᠎ᠡ︔ ᠰᠠᠯᠠᠭ᠎ᠠ | ᠮᠥᠴᠢᠷ ᠤᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠪᠠ ᠠᠵᠢᠯᠲᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠣᠷᠣᠵᠤ ᠰᠠᠭᠤᠬᠤ ᠶᠢ ᠪᠣᠳᠠᠲᠠᠶᠢᠵᠢᠭᠤᠯᠵᠤ᠂ ᠰᠠᠯᠠᠭ᠎ᠠ ᠮᠥᠴᠢᠷ ᠠᠴᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠴᠣᠩᠬᠤᠨ ᠤ ᠡᠷᠬᠡ ᠣᠯᠭᠤᠯᠲᠠ ᠶᠢ | ᠪᠣᠳᠠᠲᠠᠶᠢᠵᠢᠭᠤᠯᠵᠤ᠂ ᠬᠢᠨᠠᠨ ᠵᠥᠪᠰᠢᠶᠡᠷᠡᠬᠦ︶ | ᠵᠢᠷᠭᠤᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠦᠢᠯᠡᠴᠢᠯᠡᠭᠡᠨ ᠤ | ᠴᠣᠩᠬᠤ ᠲᠣᠬᠢᠷᠠᠭᠤᠯᠤᠭᠰᠠᠨ ᠦᠭᠡᠶ ᠰᠠᠯᠠᠭ᠎ᠠ ᠮᠥᠴᠢᠷ ᠬᠠᠷᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠲᠤ ᠣᠯᠠᠨ ᠵᠢᠯ ᠤᠨ ᠲᠤᠷᠰᠢ ᠠᠯᠪᠠᠨ ᠪᠢᠴᠢᠭ ᠭᠠᠷᠭᠠᠭᠰᠠᠨ ᠦᠭᠡᠶ ᠪᠥᠭᠡᠳ ᠬᠦᠴᠦᠨ ᠦᠭᠡᠶ ᠪᠣᠯᠭᠠᠭᠰᠠᠨ | ᠦᠭᠡᠶ ᠪᠣᠯ ᠡᠰᠡᠬᠦᠯ᠎ᠡ ᠣᠶᠢᠷ᠎ᠠ ᠶᠢᠨ 3 ᠵᠢᠯ ᠳᠤ ᠵᠢᠯ ᠪᠦᠷᠢ ᠶᠢᠨ ᠭᠦᠢᠴᠡᠳᠬᠡᠭᠰᠡᠨ ᠮᠠᠲ᠋ᠧᠷᠢᠶᠠᠯ ᠤᠨ ᠬᠡᠮᠵᠢᠶ᠎ᠡ ᠨᠢ | 20 ᠬᠤᠪᠢ ᠳᠤ ᠬᠥᠷᠬᠦ ᠥᠬᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠣᠯ᠂ ᠠᠳᠠᠯᠢ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠨᠠᠶᠢᠳᠠᠵᠤ ᠭᠥᠯᠢᠶᠡᠨ ᠠᠪᠴᠤ | ᠰᠢᠢᠳᠪᠦᠷᠢᠯᠡᠬᠦ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ | ᠰᠠᠭᠤᠬᠤ ᠶᠢᠨ ᠬᠠᠮᠲᠤ᠂ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠵᠦᠢᠯᠡᠰ ᠤᠨ ᠭᠥᠯᠢᠶᠡᠨ ᠠᠪᠤᠭᠰᠠᠨ ᠮᠠᠲ᠋ᠧᠷᠢᠶᠠᠯ ᠢ | ᠭᠥᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠬᠡᠬᠦ ᠪᠠ ᠦᠷ᠎ᠡ ᠳ᠋ᠦᠩ ᠢ ᠬᠦᠷᠭᠡᠬᠦ ᠠᠵᠢᠯ ᠢ | ᠬᠠᠷᠢᠭᠤᠴᠠᠨ᠎ᠠ᠃ | ᠳᠣᠯᠣᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠤᠰᠬᠠᠶ ᠮᠡᠷᠭᠡᠵᠢᠯ ᠤᠨ | ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠨᠠᠶᠢᠳᠠᠯᠭ᠎ᠠ ᠬᠦᠯᠢᠶᠡᠬᠦ ᠪᠢᠴᠢᠭ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ ᠴᠢᠳᠠᠪᠤᠷᠢ ᠶᠢ | ᠪᠦᠷᠢᠯᠳᠦᠭᠦᠯᠦᠭᠰᠡᠨ ᠥᠬᠡᠶ ᠪᠠᠶᠢᠪᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠪᠠ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠵᠥᠪᠳᠡᠯᠴᠡᠨ ᠵᠥᠪᠰᠢᠶᠡᠷᠡᠭᠦᠯᠦᠭᠡᠳ᠂ | ᠤᠷᠢᠳᠴᠢᠯᠠᠨ ᠪᠣᠯᠵᠣᠵᠤ ᠭᠦᠢᠴᠡᠳᠬᠡᠬᠦ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠷᠣᠵᠤ ᠰᠠᠭᠤᠭᠠᠳ᠂ ᠪᠣᠯᠵᠣᠨ ᠲᠣᠭᠲᠠᠭᠰᠠᠨ ᠴᠠᠭ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠤᠨ ᠵᠢᠭᠠᠨ ᠲᠣᠭᠲᠠᠭᠠᠭᠰᠠᠨ ᠴᠣᠩᠬᠤᠨ ᠳᠤ ᠬᠦᠷᠴᠦ ᠭᠦᠢᠴᠡᠳᠬᠡᠨ᠎ᠡ︔ ᠤᠷᠢᠳᠴᠢᠯᠠᠨ ᠪᠣᠯᠵᠣᠵᠤ | ᠭᠦᠢᠴᠡᠳᠬᠡᠬᠦ ᠵᠦᠢᠯᠡᠰ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠠᠠᠴᠠᠵᠢᠭᠤᠯᠬᠤ ᠲᠠᠪᠴᠠᠩ ᠳᠤ ᠠᠵᠢᠯ | ᠶᠠᠪᠤᠳᠠᠯ ᠭᠦᠢᠴᠡᠳᠬᠡᠬᠦ ᠵᠦᠭᠯᠡᠭᠦᠷ᠂ ᠤᠷᠢᠳᠴᠢᠯᠠᠨ ᠪᠣᠯᠵᠣᠬᠤ ᠠᠷᠭ᠎ᠠ ᠮᠠᠶ᠋ᠢᠭ ᠪᠠ ᠭᠦᠢᠴᠡᠳᠬᠡᠬᠦ ᠠᠵᠢᠯᠲᠠᠨ ᠤ | ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ | ᠨᠠᠢᠮᠠᠳᠤᠭᠠᠷ ᠵᠦᠢᠯ ᠣᠨ ᠤ ᠭᠦᠶ᠋ᠴᠡᠳᠬᠡᠭᠰᠡᠨ ᠮᠠᠲ᠋ᠧᠷᠢᠶᠠᠯ ᠤᠨ ᠬᠡᠮᠵᠢᠶ᠎ᠡ ᠨᠢ 20 ᠬᠤᠪᠢ ᠠᠴᠠ | ᠬᠡᠲᠦᠷᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠦᠢᠯᠡᠴᠢᠯᠡᠭᠡᠨ ᠤ ᠴᠣᠩᠬᠤ | ᠳᠣᠭᠢᠷᠠᠭᠤᠯᠤᠨ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ | ᠶᠢᠰᠦᠳᠦᠭᠡᠷ ᠵᠦᠢᠯ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠶᠡᠭᠡ ᠲᠢᠩᠬᠢᠮ ᠳᠤ ᠨᠢᠭᠡᠨᠲᠡ | ᠦᠢᠯᠡᠴᠢᠯᠡᠭᠡᠨ ᠤ ᠴᠣᠩᠬᠤ ᠳᠣᠭᠢᠷᠠᠭᠤᠯᠤᠭᠰᠠᠨ ᠰᠠᠯᠠᠭ᠎ᠠ ᠮᠥᠴᠢᠷ᠂ ᠠᠳᠠᠯᠢ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠨᠢ ᠵᠥᠪᠯᠡᠯᠴᠡᠭᠡᠷ ᠤᠨ ᠠᠷᠭ᠎ᠠ ᠮᠠᠶ᠋ᠢᠭ ᠢᠶᠠᠷ ᠨᠠᠶᠢᠳᠠᠨ ᠬᠠᠷᠢᠭᠤᠴᠠᠭᠤᠯᠤᠭᠰᠠᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠥᠯᠢᠶᠡᠨ ᠠᠪᠤᠭᠰᠠᠨ ᠮᠠᠲ᠋ᠧᠷᠢᠶᠠᠯ ᠢ ᠭᠥᠯᠢᠶᠡᠨ ᠠᠪᠴᠤ | ᠰᠢᠢᠳᠪᠦᠷᠢᠯᠡᠬᠦ᠂ ᠰᠢᠯᠵᠢᠭᠦᠯᠦᠨ ᠭᠦᠢᠴᠡᠳᠬᠡᠬᠦ ᠪᠠ ᠦᠷ᠎ᠡ ᠳ᠋ᠦᠩ ᠢ ᠬᠦᠷᠭᠡᠬᠦ ᠠᠵᠢᠯ ᠢ ᠳᠠᠭᠢᠵᠤ ᠭᠥᠯᠢᠶᠡᠨ ᠠᠪᠬᠤ | ᠥᠬᠡᠶ᠃ | ᠠᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠣᠷᠣᠵᠤ ᠰᠠᠭᠤᠬᠤ᠂ | ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠶᠡᠭᠡ ᠲᠢᠩᠬᠢᠮ ᠠᠴᠠ ᠤᠬᠤᠷᠢᠨ ᠭᠠᠷᠬᠤ ᠳᠤ ᠣᠷᠣᠵᠤ ᠰᠠᠭᠤᠬᠤ᠂ | ᠤᠬᠤᠷᠢᠨ ᠭᠠᠷᠬᠤ ᠵᠢᠩᠬᠢᠨᠢ ᠭᠠᠷᠳᠠᠮ ᠢ ᠭᠦᠢᠴᠡᠳᠬᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠳᠡᠭᠡᠷ᠎ᠡ ᠨᠢᠭᠡ ᠱᠠᠲᠤᠨ ᠠᠴᠠ ᠳᠣᠷᠣᠭᠰᠢ ᠪᠠᠭᠤᠯᠭᠠᠭᠰᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠲᠣᠰ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠳᠠᠭᠠᠭᠠᠨ | ᠠᠪᠤᠭᠰᠠᠨ ᠪᠠᠶᠢᠪᠠᠯ᠂ ᠱᠠᠭᠠᠷᠳᠠᠯᠭ᠎ᠠ ᠶᠣᠰᠣᠭᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ | ᠣᠷᠣᠵᠤ ᠰᠠᠭᠤᠨ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ ᠰᠠᠭᠤᠬᠤ ᠶᠢ | ᠳᠡᠩᠰᠡᠯᠡᠨ ᠲᠡᠮᠳᠡᠭᠯᠡᠬᠦ ᠬᠦᠰᠦᠨᠦᠭᠲᠦ︾ ︵ᠳᠠᠭᠠᠯᠳᠤᠭᠤᠯᠤᠯ ᠬᠦᠰᠦᠨᠦᠭᠲᠦ A︶ ᠶᠢ ᠲᠠᠭᠯᠠᠨ ᠪᠢᠴᠢᠬᠦ ᠶᠢᠨ ᠬᠠᠮᠲᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠰᠠᠨ ᠲᠠᠪᠴᠠᠩ ᠳᠤ ᠵᠦᠢᠯᠡᠰ ᠢ ᠲᠠᠨᠢᠵᠤ ᠠᠪᠠᠨ᠋ᠥ | ᠠᠵᠢᠯ ᠢ ᠬᠢᠵᠦ᠂ ᠨᠠᠷᠢᠯᠢᠬᠵᠢᠭᠤᠯᠤᠨ ᠡᠮᠬᠢᠯᠡᠬᠦ ᠬᠠᠮᠢᠶ᠎ᠠ ᠪᠥᠬᠦᠶ ᠠᠵᠢᠯ ᠢ ᠪᠡᠶᠡᠯᠡᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠨᠢᠭᠡᠨᠲᠡ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠷᠣᠵᠤ ᠰᠠᠭᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠬᠦᠴᠦᠨ ᠦᠭᠡᠶ | ᠪᠣᠯᠭᠠᠬᠤ᠂ ᠳᠣᠷᠣᠭᠰᠢ ᠪᠠᠭᠤᠯᠭᠠᠬᠤ ᠪᠤᠶᠤ ᠬᠡᠷᠡᠭᠵᠢᠭᠦᠯᠬᠦ ᠡᠷᠬᠡ ᠲᠠᠢ ᠰᠠᠯᠠᠭ᠎ᠠ ᠮᠥᠴᠢᠷ ᠲᠤ ᠲᠣᠬᠢᠷᠠᠭᠤᠯᠤᠯᠲᠠ | ᠬᠢᠬᠦ ᠳᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠠᠴᠠ ᠭᠠᠷᠭᠠᠬᠤ ᠪᠤᠶᠤ | ᠬᠡᠷᠡᠭᠵᠢᠭᠦᠯᠬᠦ ᠰᠠᠯᠠᠭ᠎ᠠ ᠮᠥᠴᠢᠷ ᠢ ᠬᠤᠪᠢᠷᠠᠭᠤᠯᠬᠤ ᠳᠤ ᠬᠤᠯᠪᠣᠭᠳᠠᠭᠰᠠᠨ ᠪᠠᠶᠢᠪᠠᠯ᠂ ᠤᠤᠯ ᠤᠨ ᠵᠦᠶ᠋ᠯᠡᠰ ᠢ | ᠭᠦᠢᠴᠡᠳᠬᠡᠬᠦ ᠰᠠᠯᠠᠭ᠎ᠠ ᠮᠥᠴᠢᠷ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠠᠶᠢᠯᠡᠭᠡᠨ ᠤ ᠶᠡᠭᠡ ᠲᠢᠩᠬᠢᠮ ᠢ | ᠬᠦᠴᠦᠨ ᠥᠬᠡᠶ ᠪᠣᠯᠭᠠᠬᠤ ᠪᠤᠶᠤ ᠬᠡᠷᠡᠭᠵᠢᠭᠦᠯᠬᠦ ᠰᠠᠯᠠᠭ᠎ᠠ ᠮᠥᠴᠢᠷ ᠲᠤ ᠲᠣᠬᠢᠷᠠᠭᠤᠯᠤᠯᠲᠠ ᠬᠢᠬᠦ ᠪᠠᠷ | ᠭᠤᠶᠤᠴᠢᠯᠠᠬᠤ ᠶᠢᠨ ᠬᠠᠮᠲᠤ ᠵᠦᠢᠯᠡᠰ ᠢ ᠬᠦᠴᠦᠨ ᠥᠬᠡᠶ ᠪᠣᠯᠭᠠᠬᠤ᠂ ᠳᠣᠷᠣᠭᠰᠢ ᠪᠠᠭᠤᠯᠭᠠᠬᠤ᠂ ᠲᠣᠬᠢᠷᠠᠭᠤᠯᠤᠯᠲᠠ | ᠬᠢᠬᠦ ᠶᠢᠨ ᠬᠠᠮᠢᠶ᠎ᠠ ᠪᠥᠬᠦᠶ ᠦᠨᠳᠦᠰᠦᠯᠡᠯ ᠬᠠᠩᠭᠠᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠬᠦᠴᠦᠨ ᠥᠬᠡᠶ ᠪᠣᠯᠭᠠᠬᠤ ︵ᠲᠣᠬᠢᠷᠠᠭᠤᠯᠤᠯᠲᠠ ᠬᠢᠬᠦ︶ ᠳᠡᠩᠰᠡᠯᠡᠨ ᠲᠡᠮᠳᠡᠭᠯᠡᠬᠦ ᠬᠦᠰᠦᠨᠦᠭᠲᠦ︾ ︵ | ᠳᠠᠭᠠᠯᠳᠤᠭᠤᠯᠤᠯ ᠬᠦᠰᠦᠨᠦᠭᠲᠦ B︶ ᠶᠢ ᠲᠠᠭᠯᠠᠨ ᠪᠢᠴᠢᠬᠦ ᠶᠢᠨ ᠬᠠᠮᠲᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠢᠭᠡ ᠴᠣᠠᠠᠴᠠᠵᠢᠭᠤᠯᠬᠤ ᠲᠠᠪᠴᠠᠩ ᠤᠨ ᠵᠦᠢᠯᠡᠰ ᠲᠤ ᠲᠣᠬᠢᠷᠠᠭᠤᠯᠤᠯᠲᠠ ᠬᠢᠬᠦ ᠬᠠᠮᠢᠶ᠎ᠠ ᠪᠥᠬᠦᠶ | ᠠᠵᠢᠯ ᠢ ᠪᠡᠶᠡᠯᠡᠭᠦᠯᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠲᠦᠷᠢᠮ︾ ᠢ ᠦᠨᠳᠦᠰᠦᠯᠡᠪᠡᠯ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ | ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠪᠠᠶᠢᠳᠠᠯ ᠢ ᠭᠠᠷᠭᠠᠪᠠᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠨᠢᠭᠡ ᠴᠤᠭᠴᠠᠵᠢᠭᠤᠯᠤᠭᠰᠠᠨ ᠰᠦᠯᠵᠢᠶᠡᠨ ᠤ ᠲᠠᠪᠴᠠᠩ ᠳᠤ ᠣᠷᠣᠭᠤᠯᠤᠨ ᠭᠦᠢᠴᠡᠳᠬᠡᠨ᠎ᠡ᠃ | ᠠᠷᠪᠠᠨ ᠳᠥᠷᠪᠡᠳᠦᠭᠡᠷ ᠵᠦᠢᠯ ᠨᠢᠭᠡᠨᠲᠡ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠲᠢᠩᠬᠢᠮ ᠳᠤ ᠣᠷᠣᠵᠤ ᠰᠠᠭᠤᠭᠰᠠᠨ ᠪᠣᠯᠪᠠᠴᠤ ᠠᠵᠢᠯ ᠲᠥᠷᠥᠯ ᠤᠨ ᠲᠤᠰᠬᠠᠶ ᠰᠦᠯᠵᠢᠶ᠎ᠡ ᠶᠢ ᠬᠡᠷᠡᠭᠯᠡᠨ ᠬᠢᠨᠠᠨ | ᠵᠥᠪᠰᠢᠶᠡᠷᠡᠬᠦ ᠲᠤᠬᠠᠶᠢᠯᠠᠭᠰᠠᠨ ᠠᠵᠢᠯ ᠥᠷᠨᠢᠭᠦᠯᠦᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠲᠤᠰᠬᠠᠶ ᠰᠦᠯᠵᠢᠶ᠎ᠡ ᠬᠢᠭᠡᠳ ᠨᠢᠭᠡ ᠴᠤᠭᠴᠠᠵᠢᠭᠤᠯᠤᠭᠰᠠᠨ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠢᠭᠡ ᠴᠤᠭᠴᠠᠵᠢᠭᠤᠯᠤᠭᠰᠠᠨ ᠲᠠᠪᠴᠠᠩ ᠢᠶᠠᠷ ᠳᠠᠮᠵᠢᠭᠤᠯᠤᠨ ᠭᠦᠢᠴᠡᠳᠬᠡᠬᠦ ᠶᠢ ᠪᠡᠶᠡᠯᠡᠭᠦᠯᠬᠦ | ᠬᠡᠷᠡᠭᠲᠡᠶ᠃ | ᠠᠷᠪᠠᠨ ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠣᠷᠣᠵᠤ | ᠰᠠᠭᠤᠭᠰᠠᠨ ᠪᠠᠶᠢᠳᠠᠯ ᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ ᠬᠤᠲᠠ ᠶᠢᠨ ᠰᠢᠭᠤᠳ | ᠬᠠᠷᠢᠶ᠎ᠠ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠎ᠠ᠃ | ᠠᠷᠪᠠᠨ ᠵᠢᠷᠭᠤᠳᠤᠭᠠᠷ ᠵᠦᠢᠯ ᠲᠤᠰ ᠳᠦᠷᠢᠮ ᠢ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠳᠣᠯᠣᠳᠤᠭᠠᠷ ᠵᠦᠢᠯ ᠲᠤᠰ ᠲᠥᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | |