5 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠶᠢᠨ ᠱᠦᠵᠢ ᠵᠧᠤ ᠵᠧᠨ ᠭᠤᠸᠠᠩ ᠰᠢᠶᠠᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ | ᠰᠢᠶᠠᠨ ᠢᠶᠠᠨ ᠵᠠᠰᠠᠬᠤ ᠵᠥᠪᠯᠡᠯ ᠤᠨ ᠠᠯᠪᠠᠨ ᠬᠡᠷ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ | ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠧᠨᠯᠢᠨ ᠹᠠᠨ | ᠬᠤᠷᠠᠯ ᠳᠤ ᠣᠷᠣᠯᠴᠠᠵᠠᠶ᠃ ᠲᠤᠰᠬᠠᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ | ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠣᠯ | ᠬᠠᠷᠢᠭᠤᠴᠠᠯᠭᠠᠲᠠᠨ᠂ ᠬᠠᠤᠯᠢ ᠶᠣᠰᠣᠭᠠᠷ ᠰᠢᠶᠠᠨ ᠢ ᠵᠠᠰᠠᠬᠤ ᠶᠢᠨ ᠬᠠᠤᠯᠢ ᠬᠡᠷᠡᠭᠵᠢᠭᠦᠯᠬᠦ ᠶᠢ ᠵᠣᠬᠢᠴᠠᠭᠤᠯᠬᠤ | ᠳᠤᠭᠤᠶᠢᠯᠠᠩ᠂ ᠬᠠᠤᠯᠢ ᠴᠠᠭᠠᠵᠠ ᠶᠢᠨ ᠵᠣᠬᠢᠴᠠᠭᠤᠯᠬᠤ ᠳᠤᠭᠤᠶᠢᠯᠠᠩ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | | ᠬᠤᠷᠠᠯ ᠠᠴᠠ ︽ᠦᠴᠤᠸᠠᠨ ᠰᠢᠶᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ | ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠠᠯᠪᠠᠨ ᠭᠡᠷ ᠤᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠵᠢᠴᠢ ᠬᠠᠤᠯᠢᠵᠢᠯ ᠤᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠶᠢ | ᠨᠠᠶᠢᠳᠠᠪᠤᠷᠢᠵᠢᠭᠤᠯᠬᠤ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠲᠥᠰᠦᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠣᠳᠣᠷᠬᠠᠶᠢᠯᠠᠯᠲᠠ | ᠬᠢᠵᠡᠢ᠃ | ᠬᠤᠷᠠᠯ ᠠᠴᠠ᠂ ᠨᠢᠭᠡ ᠳᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠣᠪᠣᠷ ᠢᠶᠠᠨ ᠲᠥᠪ ᠪᠣᠯᠭᠠᠵᠤ᠂ ᠠᠰᠠᠭᠤᠳᠠᠯ ᠲᠠᠢ | ᠬᠠᠷᠢᠴᠠᠭᠤᠯᠵᠤ ᠪᠠᠶᠢᠭᠠᠳ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠬᠡᠷᠡᠭᠲᠡᠶ︔ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠪᠠᠷ ᠵᠠᠰᠠᠬᠤ | ᠬᠢᠷᠢ ᠬᠡᠮᠵᠢᠶ᠎ᠡ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠴᠢᠩᠭᠠᠳᠬᠠᠬᠤ ᠬᠡᠷᠡᠭᠲᠡᠶ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠣᠳᠣᠷᠬᠠᠶᠢᠯᠠᠬᠤ ᠬᠡᠷᠡᠭᠲᠡᠢ᠃ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ ᠳᠤ᠂ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠭᠦᠨᠵᠡᠭᠡᠶᠢᠷᠡᠭᠦᠯᠵᠦ᠂ ᠴᠡᠭᠴᠡᠯᠡᠨ | ᠰᠠᠶᠢᠵᠢᠷᠠᠭᠤᠯᠬᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠢᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ | ᠬᠠᠷᠢᠭᠤᠴᠠᠯᠭᠠᠲᠤ ᠨᠢᠭᠡᠴᠡ ᠳᠤ ᠱᠠᠯᠠᠪᠳᠠᠭᠤᠯᠤᠨ ᠪᠠᠶᠢᠴᠠᠭᠠᠯᠲᠠ ᠬᠢᠵᠦ᠂ ᠡᠯ᠎ᠡ ᠨᠢᠭᠡᠴᠡ ᠶᠢᠨ ᠭᠤᠣᠯ | ᠬᠠᠷᠢᠭᠤᠴᠠᠯᠭᠠᠲᠠᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨᠬᠦ ᠭᠦᠢᠴᠡᠳᠬᠡᠵᠦ᠂ | ᠬᠠᠤᠯᠢ ᠪᠠᠷ ᠰᠢᠶᠠᠨ ᠢ ᠵᠠᠰᠠᠬᠤ ᠵᠥᠪᠯᠡᠯ ᠤᠨ ᠠᠯᠪᠠᠨ ᠭᠡᠷ ᠤᠨ ᠬᠢᠨ ᠨᠢᠭᠡᠳᠦᠯᠲᠡᠢ ᠲᠥᠯᠥᠪᠵᠢᠭᠦᠯᠦᠨ | ᠲᠤᠬᠢᠷᠠᠭᠤᠯᠬᠤ ᠪᠠᠨ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠲᠥᠪ ᠭᠤᠣᠯᠴᠢ ᠪᠠᠷ ᠬᠠᠤᠯᠢ | ᠪᠠᠷᠢᠬᠤ ᠶᠢ ᠠᠬᠢᠭᠤᠯᠬᠤ ᠬᠡᠷᠡᠭᠲᠡᠢ ᠭᠡᠪᠡ᠃ | | | | |