ᠦᠴᠤᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ︾  ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/5/12
     5 ᠰᠠᠷ᠎ᠠ ᠶᠢᠨ 10 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠭᠰᠡᠨ  ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠬᠢᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠶᠠᠨ ᠶᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠬᠤᠷᠠᠯ ᠠᠴᠠ᠂ ᠡᠯ᠎ᠡ ᠱᠠᠳᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠳᠤᠷᠢᠳᠬᠤ ᠺᠠᠳ᠋ᠷ ᠤᠨ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ᠤᠬᠠᠮᠰᠠᠷ ᠠᠴᠠ ᠪᠠᠨ ︽ᠲᠦᠷᠪᠡ ᠶᠢ ᠲᠠᠭᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠦᠶ᠋ᠯᠡ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠡᠷᠡᠭ ᠤᠨ ᠶᠠᠰᠤ ᠴᠢᠨᠠᠷ ᠢ ᠡᠵᠡᠮᠳᠡᠬᠦ ᠪᠣᠭᠤᠮᠲᠠ ᠶᠢ ᠴᠢᠩᠭ᠎ᠠ ᠠᠳᠬᠤᠵᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠠᠵᠢᠯ ᠤᠨ ᠳᠤᠮᠳᠠ ᠪᠠᠨ ᠤᠬᠠᠭᠤᠯᠭ᠎ᠠ ᠶᠢ ᠴᠢᠬᠤᠯᠠᠴᠢᠯᠠᠨ᠂ ᠤᠬᠠᠭᠤᠯᠭ᠎ᠠ ᠪᠠᠷ ᠳᠠᠮᠵᠢᠭᠤᠯᠤᠨ ᠬᠢᠨᠠᠨ ᠬᠠᠮᠢᠶᠠᠷᠤᠭᠳᠠᠬᠤ ᠡᠲᠡᠭᠡᠳ ᠤᠨ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠶᠢ ᠭᠦᠢᠴᠡᠳ  ᠪᠠᠳᠠᠷᠠᠭᠤᠯᠬᠤ ᠬᠡᠷᠡᠭᠲᠡᠢ᠃ ︽ᠬᠥᠬᠡᠮᠳᠦᠭ ᠲᠩᠷᠢ᠂ ᠨᠣᠮᠢᠨ ᠤᠰᠤ᠂ ᠴᠡᠪᠡᠷ ᠬᠥᠷᠥᠰᠥ︾ ᠶᠢ ᠪᠠᠲᠤ ᠰᠠᠬᠢᠬᠤ ᠶᠢᠨ ᠬᠠᠮᠲᠤ᠂ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号