| | | 5 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 11 | ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠢᠰᠦᠳᠦᠭᠡᠷ ᠤᠳᠠᠭ᠎ᠠ᠂ ᠠᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠤᠨ ᠵᠥᠪᠯᠡᠨ | ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠢ ᠰᠣᠨᠣᠰᠪᠠ︔ ︽ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢ ᠳᠠᠩᠰᠠᠯᠠᠬᠤ ᠳᠦᠷᠢᠮ ᠤᠨ ᠲᠤᠷᠰᠢᠨ ᠬᠡᠷᠡᠭᠵᠢᠭᠦᠯᠬᠦ ᠲᠥᠰᠦᠯ︾ ᠢ ᠬᠢᠨᠠᠨ | ᠵᠥᠪᠯᠡᠪᠡ 2022 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠯᠲᠠᠲᠤ ᠡᠭᠦᠷᠭᠡ ᠶᠢ ᠵᠠᠳᠠᠯᠬᠤ | ᠬᠤᠯᠪᠣᠭᠳᠠᠯ ᠪᠥᠬᠦᠶ ᠤᠴᠢᠷ ᠶᠠᠪᠤᠳᠠᠯ ᠵᠢᠴᠢ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠤᠷ ᠲᠤ | ᠣᠷᠣᠰᠢᠵᠤ ᠪᠠᠶᠢᠭ᠎ᠠ ᠠᠰᠠᠭᠤᠳᠠᠯ ᠵᠢᠴᠢ ᠰᠢᠢᠳᠪᠦᠷᠢᠯᠡᠬᠦ ᠲᠥᠰᠦᠯ ᠤᠨ ᠤᠴᠢᠷ ᠶᠠᠪᠤᠳᠠᠯ ᠢ ᠰᠤᠳᠤᠯᠪᠠ᠃ | ᠬᠤᠷᠠᠯ ᠠᠴᠠ᠂ ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯᠤᠨ ᠬᠠᠷᠢᠭᠤᠴᠠᠯᠭ᠎ᠠ ᠲᠠᠢ | ᠨᠢᠭᠡᠴᠡ ᠶᠢᠨ ᠬᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠢᠭᠡᠨᠲᠡ ᠵᠥᠪᠯᠡᠨ ᠲᠣᠭᠲᠠᠭᠰᠠᠨ | ᠡᠭᠦᠷᠭᠡ ᠤᠴᠢᠷ ᠶᠠᠪᠤᠳᠠᠯ ᠢ ᠰᠢᠢᠳᠪᠦᠷᠢᠯᠡᠵᠦ ᠳᠠᠭᠤᠰᠬᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ | ᠠᠬᠢᠴᠠ ᠶᠢᠨ ᠱᠠᠭᠠᠷᠳᠠᠯᠭ᠎ᠠ ᠳᠤ ᠭᠦᠷᠦᠭᠰᠡᠨ ᠥᠬᠡᠶ ᠵᠦᠢᠯᠡᠰ ᠢ ᠤᠯᠠᠮ ᠨᠢᠭᠡ ᠠᠯᠬᠤᠮ ᠡᠮᠬᠢᠯᠡᠨ ᠰᠤᠳᠤᠯᠵᠤ᠂ | ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠵᠤ ᠪᠠᠶᠢᠭᠠᠳ ᠠᠰᠠᠭᠤᠳᠠᠯ ᠤᠨ ᠵᠠᠩᠭᠢᠯᠠᠭ᠎ᠠ ᠶᠢ | ᠣᠨᠣᠪᠴᠢᠲᠠᠶ ᠡᠷᠢᠵᠦ᠂ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠨ᠂ ᠡᠭᠦᠷᠭᠡ ᠲᠤᠰᠢᠶᠠᠯ ᠢᠶᠠᠨ ᠴᠢᠩᠭ᠎ᠠ | ᠭᠦᠢᠴᠡᠳᠬᠡᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ᠨᠢᠭᠡ ᠬᠥᠯᠭᠡ | ᠰᠢᠲᠠᠷ᠎ᠠ︾ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠤᠨ ᠲᠣᠭᠲᠠᠭᠠᠭᠰᠠᠨ ᠬᠡᠷᠡᠭ ᠶᠠᠪᠤᠳᠠᠯ ᠢ ᠳᠠᠭᠠᠵᠤ ᠭᠦᠢᠴᠡᠳᠬᠡᠬᠦ ᠶᠢ ᠪᠥᠬᠦ ᠬᠦᠴᠦᠨ ᠢᠶᠠᠷ ᠳᠥᠯᠭᠢᠨ | ᠠᠬᠢᠭᠤᠯᠵᠤ᠂ ᠨᠢᠭᠡᠨᠲᠡ ᠲᠣᠭᠲᠠᠭᠠᠭᠰᠠᠨ ᠬᠡᠷᠡᠭ ᠶᠠᠪᠤᠳᠠᠯ ᠢ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ | ᠪᠥᠬᠦ ᠲᠠᠯ᠎ᠠ ᠪᠠᠷ ᠰᠢᠢᠳᠪᠦᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠶᠤᠯᠭᠦᠶ ᠦᠢᠯᠡᠳᠪᠦᠷᠢᠯᠡᠯ ᠪᠣᠯ ᠴᠢᠬᠤᠯᠠ ᠶᠡᠭᠡ ᠶᠠᠪᠤᠳᠠᠯ ᠮᠥᠨ᠂ | ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ | ᠴᠢᠩᠭ᠎ᠠ ᠵᠢᠷᠤᠮᠯᠠᠨ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠶ | ᠦᠢᠯᠡᠳᠪᠦᠷᠢᠯᠡᠯ ᠤᠨ ᠲᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ | ᠵᠦᠢᠯ ᠤᠨ ᠠᠶᠤᠯᠭᠦᠶ ᠶᠢᠨ ᠬᠠᠮᠢᠶ᠎ᠠ ᠪᠥᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠨᠠᠷᠢᠨ ᠨᠢᠮᠪᠠᠶ ᠠᠵᠢᠯ ᠤᠨ ᠠᠷᠭ᠎ᠠ ᠬᠡᠮᠵᠢᠶ᠎ᠡ᠂ ᠴᠢᠩᠭ᠎ᠠ ᠨᠢᠮᠪᠠᠶ ᠬᠢᠨᠠᠯᠲᠠ ᠲᠠᠯᠪᠢᠵᠤ ᠬᠢᠨᠠᠨ ᠰᠢᠯᠭᠠᠬᠤ᠂ ᠯᠠᠪᠳᠠᠭᠤᠨ | ᠪᠠᠲᠤᠲᠠᠶ ᠠᠵᠢᠯ ᠤᠨ ᠰᠤᠷᠲᠠᠯ ᠢᠶᠠᠷ ᠥᠪᠡᠷ ᠲᠡᠭᠡᠨ ᠪᠠᠶᠢᠭᠤᠯᠤᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠵᠡᠷᠭᠡ ᠬᠠᠮᠢᠶ᠎ᠠ ᠪᠥᠬᠦᠢ ᠠᠵᠢᠯ ᠢ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠲᠤ ᠪᠠᠬᠢ ᠪᠠᠶᠢᠭᠤᠯᠬᠤ ᠬᠡᠷᠡᠭᠲᠡᠶ ᠭᠡᠪᠡ᠃ | ᠬᠤᠷᠠᠯ ᠠᠴᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠰᠢᠶᠠᠨ ᠤ | ᠬᠡᠪᠴᠢᠶᠡᠨ ᠤ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠪᠦᠬᠦ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡᠳᠦᠭᠡᠷ ᠬᠥᠳᠡᠯᠭᠡᠬᠦ | ᠬᠦᠴᠦᠨ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠲᠠᠢ ᠲᠦᠷᠦᠯ ᠵᠦᠢᠯ ᠤᠨ | ᠬᠠᠮᠲᠤᠷᠠᠯᠴᠠᠭᠠᠨ ᠤ ᠶᠠᠪᠤᠳᠠᠯ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠲᠥᠯᠥᠪᠯᠡᠭᠡ ᠶᠢ ᠵᠣᠬᠢᠰᠲᠠᠢ | ᠲᠡᠭᠦᠯᠳᠡᠷᠵᠢᠭᠦᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠦᠴᠤᠸᠠᠨ ᠰᠢᠶᠠᠨ ᠤ | ᠬᠥᠭᠵᠢᠯᠲᠡ ᠶᠢᠨ ᠲᠥᠯᠥᠪᠵᠢᠭᠦᠯᠭᠡ ᠳᠤ ᠳᠤᠬᠢᠷᠠᠬᠤ ᠲᠥᠰᠦᠯ ᠢ ᠲᠣᠭᠲᠠᠭᠠᠬᠤ ᠬᠡᠷᠡᠭᠲᠡᠢ᠃ ᠨᠡᠶᠢᠭᠡᠮ ᠤᠨ | ᠲᠦᠷᠦᠯ ᠤᠨ ᠪᠡᠯᠡ ᠣᠷᠣᠭᠤᠯᠤᠯᠲᠠ ᠶᠢᠨ ᠠᠵᠤ ᠦᠢᠯᠡᠰ ᠤᠨ ᠲᠠᠯ᠎ᠠ ᠪᠠᠷ᠂ ᠰᠢᠨᠵᠢᠯᠡᠨ ᠪᠠᠶᠢᠴᠠᠭᠠᠬᠤ ᠪᠠᠨ | ᠴᠢᠩᠭᠠᠳᠬᠠᠵᠤ᠂ ᠪᠣᠭᠤᠮᠲᠠ ᠶᠢ ᠴᠢᠩᠭ᠎ᠠ ᠠᠳᠬᠤᠵᠤ᠂ ᠮᠠᠨ ᠤ ᠰᠢᠶᠠᠨ ᠤ ᠡᠷᠡᠭᠦᠯ ᠪᠥᠭᠡᠳ ᠥᠨᠳᠥᠷ ᠪᠦᠲᠦᠮᠵᠢᠲᠡᠢ | ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠤᠷᠢᠲᠠᠯ ᠪᠣᠯᠭᠠᠵᠤ᠂ ᠡᠭᠦᠷ ᠪᠠᠶᠢᠭᠤᠯᠤᠨ ᠭᠠᠷᠤᠳᠢ ᠭᠠᠯᠪᠢᠩᠭ᠎ᠠ ᠶᠢ | ᠲᠠᠲᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠵᠦ᠂ ᠵᠣᠬᠢᠴᠠᠭᠤᠯᠤᠨ | ᠬᠠᠮᠲᠤᠷᠠᠯᠴᠠᠬᠤ ᠪᠠᠨ ᠴᠢᠩᠭᠠᠳᠬᠠᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃ | ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠠᠲᠤᠳᠬᠠᠵᠤ᠂ ᠠᠮᠢ ᠠᠬᠤᠢ | ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠪᠤᠶᠢᠯᠭᠠᠬᠤ ᠪᠣᠯ ᠨᠢᠭᠡ ᠵᠦᠢᠯ ᠤᠨ | ᠤᠯᠤᠰ ᠲᠦᠷᠦ ᠶᠢᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠤᠯᠠᠨ ᠲᠦᠮᠡᠨ ᠤ ᠦᠵᠡᠰᠬᠦᠯᠡᠩᠲᠦ ᠰᠠᠶᠢᠬᠠᠨ | ᠠᠮᠢ ᠠᠬᠤᠢ ᠣᠷᠴᠢᠨ ᠲᠣᠭᠤᠷᠢᠨ ᠳᠤ ᠲᠠᠯᠪᠢᠵᠤ ᠪᠠᠶᠢᠭ᠎ᠠ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠤᠨ᠎ᠠ᠂ | ᠡᠭᠦᠨ ᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ︔ ᠲᠦᠷᠭᠡᠨ ᠠᠬᠢᠭᠤᠯᠵᠤ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠳᠠᠯᠠᠵᠤ᠂ | ᠠᠵᠢᠯ ᠤᠨ ᠠᠬᠢᠴᠠ ᠶᠢ ᠲᠦᠷᠭᠡᠳᠬᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ ᠴᠢᠨᠠᠷ ᠰᠠᠶᠢᠲᠠᠶ | ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠤᠶᠢᠮ᠎ᠠ ᠠᠰᠠᠭᠤᠳᠠᠯ ᠢ ᠲᠣᠳᠣᠷᠬᠠᠶ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠤᠷᠳᠤ ᠬᠤᠭᠤᠴᠠᠭ᠎ᠠ ᠪᠠᠷ | ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠬᠡᠷᠡᠭᠲᠡᠢ᠂ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠣᠯ ᠬᠠᠲᠠᠭᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ | ᠳᠠᠶᠢᠯᠠᠯᠳᠤᠭᠠᠨ ᠪᠣᠯᠬᠤ ᠶᠢ ᠲᠤᠪᠤᠶᠢᠯᠭᠠᠵᠦ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠂ ᠦᠷᠭᠦᠯᠵᠢᠯᠡᠨ | ᠬᠦᠴᠦᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ᠂ ᠰᠠᠭᠤᠷᠢ ᠪᠠᠨ | ᠲᠠᠰᠤᠷᠠᠯᠳᠡ ᠦᠭᠡᠢ ᠪᠠᠬᠢᠵᠢᠭᠦᠯᠵᠦ᠂ ᠦᠴᠤᠸᠠᠨ ᠰᠢᠶᠠᠨ ᠤ ᠪᠣᠳᠠᠲᠠᠢ ᠪᠠᠶᠢᠳᠠᠯ ᠳᠤ ᠰᠠᠭᠤᠷᠢᠯᠠᠵᠤ᠂ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠳᠡ ᠦᠭᠡᠢ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ | | |