ᠦᠴᠤᠸᠠᠨ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠳᠤ ᠳᠠᠬᠢᠨ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/5/12
ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠥᠪ᠂ ᠣᠶ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠳᠤ᠄      ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠲᠣᠬᠢᠷᠠᠭᠤᠯᠤᠯᠲᠠ ᠬᠢᠬᠦ ᠪᠠᠷ ᠰᠤᠳᠤᠯᠤᠨ ᠲᠣᠭᠲᠠᠭᠠᠪᠠ᠂ ᠣᠳᠣ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠡᠯ᠎ᠡ ᠳᠤᠭᠤᠶᠢᠯᠠᠩ ᠤᠨ ᠪᠦᠷᠢᠯᠳᠦᠬᠦᠨ ᠤ ᠨᠡᠷᠡᠰ ᠢ ᠳᠣᠣᠷᠠᠬᠢ ᠮᠡᠲᠦ ᠮᠡᠳᠡᠭᠳᠡᠶ᠎ᠡ᠄ ᠳᠤᠭᠤᠶᠢᠯᠠᠩ ᠤᠨ ᠳᠠᠷᠤᠭ᠎ᠠ᠄ ᠰᠢᠤᠸᠠᠢ ᠱᠤ᠋ ᡁᠢ ︵ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︶ ᠳᠡᠳ᠋ ᠳᠤᠭᠤᠶᠢᠯᠠᠩ ᠤᠨ ᠳᠠᠷᠤᠭ᠎ᠠ᠄ ᠯᠸᠢ ᠸᠧᠨ ᠬᠤᠸᠠ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠣᠪᠴᠢᠶᠠᠨ ᠤ ᠳᠡᠳ᠋ ᠳᠠᠷᠤᠭ᠎ᠠ︶     ᠯᠢᠦ ᠾᠧ ᠫᠢᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ︶     ᠬᠤᠤ ᠰᠢᠤ ᠭᠧᠨ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠠᠮᠠᠭᠠᠯᠠᠯᠲᠠ ᠶᠢᠨ ᠲᠥᠪ ᠤᠨ ᠡᠷᠬᠢᠯᠡᠭᠴᠢ︶     ᠸᠠᠩ ᠹᠤᠩ ᠢᠩ ︵ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ︶     ᠪᠦᠷᠢᠯᠳᠦᠭᠦᠨ᠄ ᠬᠤᠤ ᠸᠧᠨ ᠵᠢᠶᠦ᠋ᠨ ︵ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠥᠪ ᠤᠨ ᠳᠡᠳ᠋ ᠡᠷᠬᠢᠯᠡᠭᠴᠢ︶     ᠸᠧᠨ ᠶᠦᠩ ᠴᠢᠶᠠᠩ ︵ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠳᠠᠷᠤᠭ᠎ᠠ︶     ᠸᠠᠩ ᠵᠧᠩ ᠱᠧᠩ ︵ᠤᠢ ᠰᠢᠭᠤᠶ ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠥᠷᠲᠡᠭᠡᠨ ᠤ ᠳᠠᠷᠤᠭ᠎ᠠ︶     ᠵᠧᠦ ᠵᠢᠶᠠᠨ ᠵᠢᠶᠦ᠋ᠨ ︵ᠠᠯᠪᠠᠨ ᠭᠡᠷ ᠤᠨ ᠡᠷᠬᠢᠯᠡᠭᠴᠢ︶     ᠲᠣᠰ ᠠᠵᠢᠯ ᠢ ᠰᠢᠤᠸᠠᠢ ᠱᠤ᠋ ᡁᠢ ᠨᠥᠬᠦᠷ ᠶᠡᠷᠦᠩᠬᠡᠶᠢᠯᠡᠨ ᠬᠠᠷᠢᠭᠤᠴᠠᠵᠤ᠂ ᠯᠸᠢ ᠸᠧᠨ ᠬᠤᠸᠠ ᠨᠥᠬᠦᠷ ᠲᠦᠷᠦᠭᠦᠯᠡᠨ᠂ ᠪᠠᠭ ᠤᠨ ᠪᠦᠷᠢᠯᠳᠦᠬᠦᠨ ᠨᠡᠷ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ  ᠬᠡᠯᠲᠡᠰ ᠲᠠᠰᠤᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠨ᠎ᠠ᠃      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠪᠴᠢᠶ᠎ᠠ ᠶᠢᠨ ᠶᠡᠷᠦᠩᠬᠡᠶᠢᠯᠡᠭᠰᠡᠨ ᠠᠯᠪᠠᠨ ᠭᠡᠷ ᠲᠤ ᠲᠣᠬᠢᠷᠠᠭᠤᠯᠵᠤ᠂ ᠪᠦᠬᠦ ᠲᠠᠯ᠎ᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠧᠦ ᠵᠢᠶᠠᠨ ᠵᠢᠶᠦ᠋ᠨ ᠨᠥᠬᠦᠷ ᠡᠭᠦᠷᠭᠡᠯᠡᠨ᠎ᠡ᠂ ᠤᠲᠠᠰᠤ᠄ 8812879᠃      ᠡᠯ᠎ᠡ ᠬᠤᠶᠠᠳᠤᠭᠠᠷ ᠳᠡᠰ ᠤᠨ ᠨᠢᠭᠡᠴᠡ ᠨᠦᠭᠦᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠪᠡᠰᠦ ᠪᠡᠯᠴᠢᠭᠡᠷ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠪᠥᠭᠡᠳ ᠯᠠᠪᠳᠠᠭᠤᠨ ᠪᠠᠲᠤᠲᠠᠶ ᠠᠬᠢᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠤᠨ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ ᠨᠠᠷᠢᠯᠢᠭ ᠬᠢᠵᠦ ᠯᠠᠪᠳᠠᠭᠤᠨ ᠪᠠᠲᠤᠲᠠᠶ ᠬᠢᠬᠦ ᠬᠡᠷᠡᠭᠲᠡᠶ᠃      ᠣᠨᠴᠠᠭᠠᠶᠢᠯᠠᠨ ᠮᠡᠳᠡᠭᠳᠡᠪᠡ                          ᠦᠴᠤᠸᠠᠨ ᠰᠢᠶᠠᠨ ᠤ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                           2022 ᠣᠨ ᠤ 4 ᠰᠠᠷ᠎ᠠ ᠶᠢᠨ 14 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号