ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ  ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ  ᠯᠢ ᠺᠧ ᠴᠢᠶᠠᠩ  ᠯᠢ ᠵᠠᠨ ᠱᠣ᠋  ᠸᠠᠩ ᠶᠠᠩ  ᠵᠤᠤ ᠯᠧ ᠵᠶᠢ  ᠬᠠᠨ ᠵᠧᠩ ᠣᠷᠣᠯᠴᠠᠵᠤ  ᠸᠠᠩ ᠬᠣ᠋ ᠨᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/5/12
     ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 10 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠵᠠᠯᠠᠭᠤ ᠨᠠᠰᠤ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠬᠦᠪᠦᠷᠡᠬᠦᠯᠵᠥ᠂ ᠵᠠᠯᠠᠭᠤᠴᠤᠳ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠴᠠᠭ ᠲᠠᠭᠠᠨ ᠲᠤᠬᠢᠶᠠᠵᠤ᠂ ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ᠂ ᠡᠷᠳᠡᠮ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ ᠬᠦᠰᠡᠯ ᠵᠡᠭᠦᠳᠦ ᠪᠠᠨ ᠲᠡᠷᠭᠡᠯᠰᠢᠬᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠪᠣᠯ ᠲᠡᠦᠬᠡ ᠶᠢᠨ ᠪᠤᠤᠬᠢᠶ᠎ᠠ ᠲᠠᠮᠵᠢᠭᠤᠯᠬᠤ ᠤᠷᠤᠯᠳᠤᠭᠠᠨ ᠮᠥᠨ᠂ ᠤᠳᠤ ᠦᠶ᠎ᠡ ᠶᠢᠨ ᠵᠠᠯᠠᠭᠤᠴᠤᠳ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠷᠤᠯᠳᠤᠭᠠᠨ ᠤ ᠵᠠᠮ ᠳᠡᠭᠡᠷ᠎ᠡ ᠡᠷᠡᠮᠡᠭᠡᠶᠢᠯᠡᠨ ᠲᠡᠮᠡᠴᠡᠬᠦ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠬᠦ᠂ ᠥᠷᠭᠡᠨ ᠤᠯᠠᠨ ᠵᠠᠯᠠᠭᠤᠴᠤᠳ ᠲᠠᠢ ᠰᠡᠳᠭᠢᠯ ᠵᠢᠷᠦᠬᠡ ᠪᠠᠨ ᠬᠤᠯᠪᠣᠬᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠳᠠᠯᠠᠵᠤ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠬᠦ ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠤᠨ ᠦᠰᠦᠨ ᠪᠤᠶᠢᠵᠢᠵᠤ᠂ ᠵᠠᠯᠠᠭᠤ ᠨᠠᠰᠤᠨ ᠤ ᠬᠥᠳᠡᠯᠭᠡᠬᠦ ᠬᠦᠴᠦᠨ ᠪᠣᠯᠤᠨ ᠡᠭᠦᠳᠦᠨ ᠪᠦᠲᠦᠭᠡᠬᠦ ᠬᠦᠴᠦᠨ ᠢᠶᠠᠷ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠴᠦᠲᠦ ᠤᠷᠤᠰᠬᠠᠯ ᠢ ᠬᠥᠭᠵᠢᠭᠡᠵᠦ᠂ ᠵᠠᠯᠠᠭᠤ ᠨᠠᠰᠤᠨ ᠤ ᠤᠶᠤᠨ ᠤᠬᠠᠭᠠᠨ ᠪᠣᠯᠤᠨ ᠬᠦᠴᠦ ᠬᠥᠯᠥᠰᠥ ᠪᠠᠷ ᠢᠶᠠᠨ ᠨᠡᠩ ᠦᠵᠡᠰᠭᠦᠯᠡᠩᠳᠤ ᠰᠠᠶᠢᠬᠠᠨ ᠳᠤᠮᠳᠠᠳᠤ ᠤᠯᠤᠰ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ ᠶᠡᠭᠡ ᠬᠤᠷᠠᠯ ᠳᠤ ᠣᠷᠣᠯᠴᠠᠪᠠ᠃      ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠠᠳᠤᠭᠠᠷ ᠳᠠᠪᠬᠤᠷᠭ᠎ᠠ ᠶᠢᠨ ᠳᠠᠶᠢᠯᠠᠯᠭ᠎ᠠ ᠶᠢᠨ ᠲᠢᠩᠬᠢᠮ ᠳᠤ ᠬᠥᠷ ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ︾ ᠭᠡᠬᠦ ᠬᠤᠷᠠᠯ ᠤᠨ ᠢᠯᠡᠷᠬᠡᠶᠢᠯᠡᠯ ᠢ ᠡᠯᠭᠦᠵᠦ᠂ ᠠᠷᠤ ᠬᠥᠰᠢᠭᠡ ᠶᠢᠨ ᠲᠦᠪ ᠳᠤᠮᠳᠠ ᠨᠢ ᠡᠪᠯᠡᠯ ᠤᠨ ᠰᠦᠯᠳᠡ ᠶᠢ ᠡᠯᠭᠦᠵᠦ᠂ ᠡᠪᠯᠡᠯ ᠤᠨ ᠰᠦᠯᠳᠡ ᠶᠢᠨ ᠳᠣᠣᠷ᠎ᠠ ᠲᠠᠯ᠎ᠠ ᠳᠤ ︽1922 — 2022︾ ᠭᠡᠬᠦ ᠪᠢᠴᠢᠭᠡᠰᠦ ᠲᠠᠢ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃      ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃      ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠭᠡᠰᠢᠭᠦᠨ ᠪᠣᠯᠤᠨ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠡᠪᠯᠡᠯ ᠤᠨ ᠺᠠᠳ᠋ᠷ ᠲᠤ ᠬᠠᠯᠠᠭᠤᠨ ᠪᠠᠶᠠᠷ ᠬᠦᠷᠭᠡᠵᠦ᠂ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠵᠠᠯᠠᠭᠤᠴᠤᠳ ᠲᠤ ᠠᠩᠬᠠᠷᠤᠯ ᠢᠶᠠᠨ ᠬᠠᠨᠳᠤᠭᠤᠯᠵᠤ᠂ ᠬᠤᠪᠢᠰᠬᠠᠯ ᠤᠨ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠲᠠᠯᠪᠢᠪᠠ᠃ ᠵᠠᠭᠤᠨ ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠯᠠᠭᠤᠴᠤᠳ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ ᠦᠶ᠎ᠡ ᠦᠶ᠎ᠡ ᠶᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠦᠳᠦᠯᠥᠨ ᠳᠠᠭᠠᠭᠤᠯᠵᠤ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠢᠶᠠᠨ ᠰᠠᠯᠤᠯ ᠦᠭᠡᠢ ᠲᠠᠭᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠬᠢᠴᠠ ᠳᠤᠮᠳᠠᠬᠢ ᠤᠮᠤᠭ ᠪᠠᠭ᠋ᠠᠳᠤᠮ᠎ᠠ ᠵᠠᠯᠠᠭᠤ ᠨᠠᠰᠤᠨ ᠤ ᠳᠠᠭᠤᠯᠠᠯ ᠢ ᠪᠢᠴᠢᠭᠯᠡᠭᠰᠡᠨ ᠪᠠᠶᠢᠨ᠎ᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠢᠮᠠᠭᠲᠠ ᠨᠠᠮ ᠲᠠᠢ ᠪᠠᠨ ᠰᠡᠳᠭᠢᠯ ᠨᠢᠭᠡᠳᠴᠦ᠂ ᠨᠠᠮ ᠢᠶᠠᠨ ᠲᠠᠭᠠᠨ ᠲᠡᠮᠡᠴᠡᠵᠦ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠦᠨᠡᠨᠴᠢ ᠰᠢᠳᠤᠷᠭᠤ ᠪᠠᠶᠢᠬᠤ ᠪᠠᠨ ᠨᠠᠮ ᠪᠣᠯᠤᠨ ᠠᠷᠠᠳ ᠲᠦᠮᠡᠨ ᠤ ᠠᠵᠢᠯ ᠦᠢᠯᠡᠰ ᠳᠤᠮᠳᠠ ᠪᠢᠴᠢᠭᠯᠡᠵᠦ᠂ ᠵᠠᠯᠠᠭᠤ ᠨᠠᠰᠤ ᠪᠠᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠶᠠᠨ ᠳᠤ ᠦᠷᠡᠯᠡᠭᠦᠯᠦᠨ ᠰᠠᠴᠤᠵᠤ᠂ ᠢᠷᠠᠭᠤ ᠠᠯᠳᠠᠷ ᠢᠶᠠᠨ ᠲᠡᠦᠬᠡ ᠶᠢᠨ ᠤᠷᠤᠭᠰᠢᠯᠠᠯᠲᠠ ᠶᠢᠨ ᠲᠡᠦᠬᠡᠨ ᠬᠠᠭᠤᠳᠠᠰᠤᠨ᠎ᠠ ᠰᠡᠶᠢᠯᠪᠡ᠃ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠡᠷ᠎ᠡ ᠨᠢᠳᠡᠷ ᠲᠡᠭᠡᠨ ᠲᠤᠬᠢᠷᠠᠭᠰᠠᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠬᠤᠰᠢᠭᠤᠴᠢ ᠠᠩᠭᠢ ᠮᠥᠨ᠂ ᠨᠠᠮ ᠤᠨ ᠰᠢᠳᠤᠷᠭᠤ ᠬᠠᠪᠰᠤᠷᠤᠭᠴᠢ ᠪᠠ ᠨᠠᠶᠢᠳᠠᠪᠤᠷᠢᠲᠠᠢ ᠪᠡᠯᠡᠳᠭᠡᠯ ᠴᠡᠷᠢᠭ ᠮᠥᠨ ᠭᠡᠳᠡᠭ ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠵᠠᠭᠤᠨ ᠵᠢᠯ ᠤᠨ ᠲᠤᠷᠰᠢ᠂ ᠡᠪ ᠬᠠᠮᠲᠤ ᠵᠠᠯᠠᠭᠤᠴᠤᠳ ᠤᠨ ᠡᠪᠯᠡᠯ ᠬᠦᠰᠡᠯᠡᠩ ᠢᠶᠠᠨ ᠪᠠᠲᠤᠳᠬᠠᠵᠤ᠂ ᠴᠥᠬᠦᠷᠡᠰᠢ ᠦᠭᠡᠢ ᠲᠡᠮᠡᠴᠡᠵᠦ᠂ ᠡᠷᠬᠢᠮ ᠨᠠᠨᠳᠢᠨ ᠲᠤᠷᠰᠢᠯᠭ᠎ᠠ ᠶᠢ ᠪᠦᠷᠢᠯᠳᠦᠭᠦᠯᠵᠡᠢ᠃ ᠵᠠᠭᠤᠨ ᠵᠢᠯ ᠤᠨ ᠠᠶᠠᠨ ᠵᠠᠮ ᠳᠤ᠂ ᠡᠪ ᠬᠠᠮᠲᠤ ᠵᠠᠯᠠᠭᠤᠴᠤᠳ ᠤᠨ ᠡᠪᠯᠡᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠣᠷᠣᠰᠢᠨ ᠲᠣᠭᠲᠠᠨᠢᠬᠤ ᠦᠨᠳᠦᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠬᠤ ᠤᠯᠤᠰ ᠲᠦᠷᠦ ᠶᠢᠨ ᠰᠦᠭ ᠰᠦᠨᠡᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠲᠡᠨ ᠤ ᠰᠡᠷᠭᠦᠨ ᠮᠠᠨᠳᠤᠯᠲᠠ ᠳᠤ ᠣᠷᠣᠯᠴᠠᠬᠤ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠷᠭᠡᠨ ᠤᠯᠠᠨ ᠵᠠᠯᠠᠭᠤᠴᠤᠳ ᠤᠨ ᠳᠤᠮᠳᠠ ᠦᠨᠳᠦᠰᠦᠯᠡᠬᠦ ᠠᠮᠢᠵᠢᠷᠠᠯ ᠤᠨ ᠬᠦᠴᠦᠨ ᠤ ᠡᠬᠢ ᠪᠤᠯᠠᠭ ᠢ ᠱᠤᠭᠤᠵᠠᠢ᠃ ᠡᠨᠡ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠢᠷᠡᠭᠡᠳᠦᠢ ᠳᠤ ᠬᠠᠨᠳᠤᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠢᠨ᠎ᠡ ᠠᠶᠠᠨ ᠵᠠᠮ ᠳᠤ᠂ ᠵᠠᠯᠠᠭᠤᠴᠤᠳ ᠢ ᠬᠡᠷᠬᠢᠨ ᠨᠡᠩ ᠰᠠᠶᠢᠲᠤᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠦᠯᠦᠭᠡ ᠲᠡᠮᠡᠴᠡᠬᠦ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠤᠨ ᠵᠠᠯᠠᠭᠤᠴᠤᠳ ᠤᠨ ᠠᠵᠢᠯ ᠳᠤ ᠡᠷᠬᠡᠪᠰᠢ ᠬᠠᠷᠢᠭᠤᠯᠬᠤ ᠴᠢᠬᠤᠯᠠ ᠶᠡᠭᠡ ᠰᠡᠳᠦᠪ ᠪᠣᠯᠤᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ ᠡᠪ ᠬᠠᠮᠲᠤ ᠵᠠᠯᠠᠭᠤᠴᠤᠳ ᠤᠨ ᠡᠪᠯᠡᠯ ᠳᠤ 4 ᠬᠦᠰᠡᠯ ᠳᠤᠷᠠᠳᠴᠠᠢ᠄ ᠨᠢᠭᠡᠳᠦᠭᠡᠷ ᠲᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠤᠨ ᠦᠵᠡᠯ ᠰᠠᠨᠠᠭᠠᠨ ᠤ ᠲᠠᠪᠰᠢᠯᠳᠠ ᠶᠢ ᠬᠦᠳᠦᠯᠦᠨ ᠳᠠᠭᠠᠭᠤᠯᠬᠤ ᠤᠯᠤᠰ ᠲᠦᠷᠦ ᠶᠢᠨ ᠰᠤᠷᠭᠠᠭᠤᠯᠢ ᠪᠣᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠠᠴᠠ ᠪᠣᠳᠣᠯᠬᠢᠯᠠᠵᠤ᠂ ᠦᠵᠡᠯ ᠰᠠᠨᠠᠭᠠᠨ ᠤ ᠲᠠᠯ᠎ᠠ ᠠᠴᠠ ᠭᠠᠷᠳᠠᠨ᠂ ᠵᠠᠯᠠᠭᠤᠴᠤᠳ ᠤᠨ ᠣᠨᠴᠠᠯᠢᠭ ᠠᠴᠠ ᠡᠭᠦᠰᠴᠦ᠂ ᠲᠡᠳᠡᠨ ᠢ ᠬᠠᠪᠰᠤᠷᠤᠨ ᠡᠷᠲᠡ ᠬᠦᠰᠡᠯᠡᠩ ᠬᠦᠭᠡᠭᠡᠴᠡᠯᠳᠦᠯ ᠲᠠᠢ ᠪᠤᠯᠭᠠᠵᠤ᠂ ᠠᠯᠤᠰ ᠬᠤᠯᠠ ᠶᠢᠨ ᠲᠠᠮᠠᠤᠯᠤᠯ ᠲᠠᠢ ᠪᠤᠯᠭᠠᠵᠤ᠂ ᠨᠠᠮ ᠤᠨ ᠲᠤᠬᠠᠢ ᠢᠲᠡᠭᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ ᠢ ᠨᠢ ᠰᠡᠳᠭᠢᠯ ᠤᠨ ᠭᠦᠨ ᠠᠴᠠ ᠨᠢ ᠵᠤᠵᠠᠭᠠᠳᠬᠠᠬᠤ ᠬᠡᠷᠡᠭᠲᠡᠢ᠃ ᠨᠠᠮ ᠤᠨ ᠦᠢᠯᠡᠰ ᠤᠨ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠤᠳᠤᠯᠭ᠎ᠠ ᠳᠤ ᠰᠠᠭᠤᠷᠢᠯᠠᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠥᠷᠭᠡᠨ ᠤᠯᠠᠨ ᠵᠠᠯᠠᠭᠤᠴᠤᠳ ᠢ ᠬᠦᠳᠦᠯᠥᠨ ᠳᠠᠭᠠᠭᠤᠯᠵᠤ ᠪᠠᠶᠢᠭᠠᠳ ᠦᠵᠡᠯ ᠰᠠᠨᠠᠭᠠᠨ ᠤ ᠲᠠᠯ᠎ᠠ ᠪᠠᠷ ᠠᠷᠢᠭᠤᠳᠬᠠᠯ ᠬᠦᠷᠳᠡᠭᠡᠵᠤ᠂ ᠦᠢᠯᠡᠳᠦᠯᠭᠡ ᠶᠢᠨ ᠳᠠᠪᠲᠠᠯᠲᠠ ᠳᠤᠮᠳᠠ ᠳᠤᠮᠳᠠᠳᠤ ᠤᠯᠤᠰ ᠤᠨ ᠬᠥᠮᠦᠨ ᠪᠣᠯᠬᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠨᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠠᠢ᠃ ᠬᠤᠶᠠᠳᠤᠭᠠᠷ ᠲᠤ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠢ ᠵᠣᠬᠢᠶᠠᠨ ᠪᠠᠶᠢᠭᠤᠯᠵᠤ ᠡᠭᠦᠷᠢᠳᠡ ᠲᠡᠮᠡᠴᠡᠭᠦᠯᠬᠦ ᠬᠤᠰᠢᠭᠤᠴᠢ ᠬᠦᠴᠦᠨ ᠪᠣᠯᠬᠤ ᠬᠡᠷᠡᠭᠲᠡᠢ᠃ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠤᠬᠠᠮᠰᠠᠷ ᠠᠴᠠ ᠪᠠᠨ ᠨᠠᠮ ᠪᠣᠯᠤᠨ ᠠᠷᠠᠳ ᠲᠦᠮᠡᠨ ᠤ ᠤᠷᠢᠶᠠᠯᠠᠭ᠎ᠠ ᠶᠢ ᠲᠠᠭᠠᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠰᠢᠨ᠎ᠡ ᠤᠷᠴᠢᠨ ᠨᠦᠬᠦᠴᠡᠯ ᠳᠤ ᠬᠦᠷᠴᠦ ᠬᠦᠰᠡᠯ ᠵᠣᠷᠢᠭ ᠢᠶᠠᠨ ᠢᠯᠡᠷᠡᠭᠦᠯᠵᠦ᠂ ᠭᠠᠪᠢᠶ᠎ᠠ ᠪᠠᠶᠢᠭᠤᠯᠤᠨ ᠦᠢᠯᠡᠰ ᠪᠤᠰᠬᠠᠵᠦ᠂ ᠠᠭᠤᠤ ᠶᠡᠭᠡ ᠬᠦᠰᠡᠯᠡᠩ  ᠢᠶᠠᠨ ᠪᠠᠶᠠᠯᠡᠬᠦᠯᠬᠦ ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠵᠤ᠂ ᠠᠭᠤᠤ ᠶᠡᠭᠡ ᠦᠢᠯᠡᠰ ᠤᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠳᠠᠢ᠃ ᠭᠤᠷᠪᠠᠳᠤᠭᠠᠷ ᠲᠤ᠂ ᠥᠷᠭᠡᠨ ᠤᠯᠠᠨ ᠵᠠᠯᠠᠭᠤᠴᠤᠳ ᠲᠠᠢ ᠰᠡᠳᠭᠢᠯ ᠵᠢᠷᠦᠬᠡ ᠪᠠᠨ ᠬᠤᠯᠪᠣᠵᠤ᠂ ᠢᠮᠠᠭᠲᠠ ᠨᠠᠮ ᠤᠨ ᠵᠠᠯᠠᠭᠤᠴᠤᠳ ᠲᠠᠢ ᠬᠠᠷᠢᠯᠴᠠᠬᠤ ᠬᠠᠮᠤᠭ ᠤᠨ ᠪᠠᠲᠤ ᠪᠠᠬᠢ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ᠃ ᠵᠠᠯᠠᠭᠤᠴᠤᠳ ᠲᠤ ᠦᠢᠯᠡᠴᠢᠯᠡᠬᠦ ᠠᠵᠢᠯ ᠤᠨ ᠠᠮᠢᠨ ᠰᠤᠳᠠᠰᠤ ᠲᠠᠢ ᠨᠢᠭᠲᠠ ᠤᠶᠠᠯᠳᠤᠭᠤᠯᠤᠨ᠂ ᠨᠠᠮ ᠤᠨ ᠲᠦᠷᠦ ᠪᠠᠷᠢᠬᠤ ᠵᠠᠯᠠᠭᠤᠴᠤᠳ ᠤᠨ ᠰᠠᠭᠤᠷᠢ ᠶᠢ ᠪᠠᠬᠢᠵᠢᠭᠦᠯᠦᠨ ᠥᠷᠭᠡᠳᠭᠡᠬᠦ ᠡᠨᠡ ᠬᠦ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠯᠠᠭᠤᠴᠤᠳ ᠲᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠠᠨᠠᠭᠠᠴᠢᠯᠠᠭ᠎ᠠ ᠠᠴᠠ ᠪᠠᠨ ᠵᠠᠯᠠᠭᠤᠴᠤᠳ ᠤᠨ ᠪᠤᠳᠤᠵᠦ ᠪᠠᠶᠢᠭ᠎ᠠ ᠵᠦᠢᠯ ᠢ ᠪᠤᠳᠤᠵᠦ᠂ ᠵᠠᠯᠠᠭᠤᠴᠤᠳ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠵᠠᠯᠠᠭᠤᠴᠤᠳ ᠲᠤ ᠦᠨᠡᠨ ᠪᠣᠳᠠᠲᠠᠢ ᠬᠠᠪᠰᠤᠷᠤᠯᠭ᠎ᠠ ᠬᠠᠩᠭᠠᠬᠤ ᠬᠡᠷᠡᠭᠲᠡᠢ᠃ ᠳᠥᠷᠪᠡᠳᠦᠭᠡᠷ ᠲᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠢᠮᠠᠭᠲᠠ ᠨᠠᠮ ᠢ ᠳᠠᠭᠠᠵᠤ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠲᠡᠷᠢᠭᠦᠨ ᠤ ᠵᠣᠬᠢᠶᠠᠨ ᠪᠠᠶᠢᠭᠤᠯᠤᠯᠲᠠ ᠪᠣᠯᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠠᠵᠢᠯ ᠤᠨ ᠪᠥᠬᠦ ᠶᠠᠪᠤᠴᠠ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠵᠠᠯᠠᠭᠤᠴᠤᠳ ᠤᠨ ᠪᠠᠶᠢᠳᠠᠯ ᠢ ᠰᠡᠷᠭᠡᠭ ᠢᠶᠠᠷ ᠡᠵᠡᠮᠰᠢᠵᠦ᠂ ᠵᠠᠯᠠᠭᠤᠴᠤᠳ ᠤᠨ ᠠᠵᠢᠯ ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠦᠨᠳᠦᠰᠦᠯᠡᠨ᠂ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠰᠡᠳᠭᠢᠴᠡ ᠰᠢᠨ᠎ᠡ ᠵᠠᠭᠪᠤᠷ ᠢ ᠰᠦᠪᠡᠭᠴᠢᠯᠡᠵᠦ᠂ ᠵᠠᠯᠠᠭᠤᠴᠤᠳ ᠤᠨ ᠬᠤᠯᠪᠣᠭ᠎ᠠ᠂ ᠰᠤᠷᠤᠭᠴᠢᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ ᠮᠠᠨᠳᠤᠭᠤᠯᠵᠤ᠂ ᠵᠠᠯᠠᠭᠤᠴᠤᠳ ᠤᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠷᠰᠢᠯᠭ᠎ᠠ ᠠᠷᠭ᠎ᠠ ᠬᠢᠳᠡᠯ ᠲᠠᠢ ᠤᠬᠠᠮᠰᠠᠷ ᠠᠴᠠ ᠪᠠᠨ ᠪᠠᠷᠢᠮᠵᠢᠶᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ ᠴᠢᠩᠭ᠎ᠠ ᠪᠣᠳᠠᠲᠠᠢ ᠪᠠᠶᠢᠬᠤ ᠰᠤᠷᠲᠠᠯ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠯᠬᠦᠮ ᠢᠶᠠᠨ ᠴᠢᠩᠭ᠎ᠠ ᠬᠠᠮᠢᠶᠠᠷᠤᠨ ᠵᠠᠰᠠᠵᠤ᠂ ᠪᠦᠬᠦ ᠲᠠᠯ᠎ᠠ ᠶᠢᠨ᠂ ᠥᠨᠳᠥᠷ ᠪᠠᠷᠢᠮᠵᠢᠶ᠎ᠠ ᠪᠠᠷ ᠳᠠᠪᠲᠠᠨ ᠪᠣᠯᠪᠠᠰᠤᠷᠠᠭᠤᠯᠬᠤ ᠳᠤᠮᠳᠠ ᠡᠪ ᠬᠠᠮᠲᠤ ᠵᠠᠯᠠᠭᠤᠴᠤᠳ ᠤᠨ ᠡᠪᠯᠡᠯ ᠤᠨ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠪᠠ᠃      ᠰᠢ ᠶᠢᠨ ᠫᠢᠩ᠂ ᠲᠠᠪᠰᠢᠯᠳᠠ ᠶᠢ ᠬᠥᠭᠡᠭᠡᠴᠡᠯᠳᠦᠬᠦ ᠪᠣᠯ ᠵᠠᠯᠠᠭᠤᠴᠤᠳ ᠤᠨ ᠬᠠᠮᠤᠭ ᠤᠨ ᠡᠷᠬᠢᠮ ᠨᠠᠨᠳᠢᠨ ᠣᠨᠴᠠᠯᠢᠭ ᠮᠥᠨ᠂ ᠪᠠᠰᠠ ᠴᠤ ᠨᠠᠮ ᠪᠠ ᠠᠷᠠᠳ ᠲᠦᠮᠡᠨ ᠤ ᠬᠠᠮᠤᠭ ᠤᠨ ᠨᠠᠨᠳᠢᠨ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ ᠶᠢᠨ ᠥᠷᠭᠡᠨ ᠣᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠠᠯᠤᠰ ᠬᠡᠲᠦ ᠶᠢᠨ ᠬᠦᠰᠡᠯᠡᠩ ᠲᠠᠢ᠂ ᠢᠲᠡᠭᠡᠯ ᠪᠢᠰᠢᠷᠡᠯ ᠪᠠᠲᠤ ᠴᠢᠩᠭ᠎ᠠ ᠵᠢᠱᠢᠶᠡᠴᠢ ᠪᠣᠯᠵᠣ᠂ ᠮᠠᠷᠺᠰ ᠤᠨ ᠦᠵᠡᠯ ᠤᠨ ᠣᠨᠣᠯ ᠢ ᠲᠦᠷᠦᠭᠦᠯᠡᠨ ᠰᠤᠷᠤᠯᠴᠠᠵᠤ᠂ ᠡᠪ ᠬᠠᠮᠲᠤ ᠶᠣᠰᠣᠨ ᠤ ᠠᠯᠤᠰ ᠬᠡᠲᠦ ᠶᠢᠨ ᠬᠦᠰᠡᠯᠡᠩ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠣᠶ ᠪᠣᠯᠭᠠᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠶ︔ ᠰᠢᠷᠭᠠᠭᠤ ᠬᠠᠲᠠᠭᠤᠵᠢᠯᠲᠠᠢ ᠰᠤᠷᠤᠯᠴᠠᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠵᠢᠱᠢᠶᠡᠴᠢ ᠪᠤᠯᠵᠤ᠂ ᠲᠦᠷᠦᠭᠦᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠠᠵᠢᠯ ᠲᠦᠷᠦᠯ ᠤᠨ ᠭᠤᠣᠯᠯᠠᠭᠴᠢ᠂ ᠵᠠᠯᠠᠭᠤᠴᠤᠳ ᠤᠨ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠵᠣᠷᠢᠭᠲᠠᠢ ᠲᠡᠮᠡᠴᠡᠬᠦ᠂ ᠴᠢᠳᠠᠮᠠᠭᠠᠢ ᠲᠡᠮᠡᠴᠡᠬᠦ ᠵᠢᠱᠢᠶᠡᠴᠢ ᠪᠤᠯᠵᠤ᠂ ᠲᠦᠷᠦᠭᠦᠯᠡᠨ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠠᠵᠢᠭᠤ ᠶᠢ ᠢᠲᠡᠭᠡᠬᠦ ᠦᠭᠡᠢ᠂ ᠴᠢᠳᠬᠦᠷ ᠰᠢᠮᠨᠤᠰ ᠠᠴᠠ ᠠᠶᠤᠬᠤ ᠦᠭᠡᠢ᠂ ᠶᠠᠰᠤ ᠬᠠᠲᠠᠭᠤ ᠪᠠᠶᠢᠬᠤ ᠬᠡᠷᠡᠭᠲᠡᠢ︔ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ ᠵᠢᠱᠢᠶᠡᠴᠢ ᠪᠤᠯᠵᠤ᠂ ᠲᠦᠷᠦᠭᠦᠯᠡᠨ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠪᠠᠭᠤᠷᠢ ᠵᠦᠳᠡᠭᠦᠷᠢ ᠶᠢ ᠤᠷᠢᠳ ᠢᠶᠠᠷ ᠠᠮᠰᠠᠵᠤ᠂ ᠵᠣᠯ ᠵᠢᠷᠭᠠᠯ ᠢ ᠬᠤᠶᠢᠨ᠎ᠠ ᠨᠢ ᠡᠳ᠋ᠯᠡᠵᠦ᠂ ᠬᠡᠵᠢᠶᠡᠳᠡ ᠵᠢᠪᠡᠷᠡᠬᠦ ᠦᠭᠡᠢ ᠡᠷᠬᠢ ᠱᠤᠷᠠᠭ ᠪᠣᠯᠬᠤ ᠬᠡᠷᠡᠭᠲᠡᠢ︔ ᠶᠣᠰᠣ ᠮᠣᠷᠠᠯ ᠢ ᠡᠷᠬᠢᠮᠯᠡᠨ ᠰᠠᠶᠢᠨ ᠶᠠᠪᠤᠳᠠᠯ ᠢ ᠡᠷᠬᠢᠮᠯᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠢᠱᠢᠶᠡᠴᠢ ᠪᠤᠯᠵᠤ᠂ ᠲᠦᠷᠦᠭᠦᠯᠡᠨ ᠶᠡᠭᠡ ᠶᠣᠰᠣ ᠶᠢ ᠮᠡᠳᠡᠵᠤ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠮᠣᠷᠠᠯ ᠢ ᠴᠢᠩᠳᠠᠯᠠᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠡᠪᠯᠡᠯ ᠤᠨ ᠭᠡᠰᠢᠭᠦᠨ ᠤ ᠡᠭᠦᠷᠭᠡ ᠪᠠᠨ ᠴᠢᠩᠭ᠎ᠠ ᠭᠦᠢᠴᠡᠳᠭᠡᠬᠦ ᠬᠡᠷᠡᠭᠲᠡᠢ᠃ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠤᠯᠤᠰ ᠲᠦᠷᠦ ᠶᠢᠨ ᠪᠣᠯᠪᠠᠰᠤᠷᠠᠯ ᠢ ᠨᠠᠷᠢᠨ ᠬᠢᠨᠠᠮᠠᠭᠠᠢ ᠬᠦᠯᠢᠶᠡᠵᠦ᠂ ᠤᠯᠤᠰ ᠲᠦᠷᠦ ᠶᠢᠨ ᠳᠠᠪᠲᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠪᠰᠢᠯᠳᠠ ᠶᠢ ᠬᠥᠭᠡᠭᠡᠴᠡᠯᠳᠦᠵᠦ᠂ ᠨᠠᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠣᠶᠢᠷᠠᠲᠤᠵᠤ᠂ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠬᠠᠷᠠᠯᠲᠠ᠂ ᠢᠷᠠᠭᠤ ᠠᠯᠳᠠᠷ ᠢᠶᠠᠨ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠡᠪᠯᠡᠯ ᠤᠨ ᠺᠠᠳ᠋ᠷᠴᠤᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠵᠠᠩ ᠴᠢᠨᠠᠷ ᠢ ᠪᠠᠲᠤ ᠪᠠᠬᠢ ᠪᠤᠢ ᠪᠣᠯᠭᠠᠵᠤ᠂ ᠬᠦᠰᠡᠯᠡᠩᠴᠢ ᠦᠵᠡᠯ ᠤᠨ ᠤᠶᠤᠨ ᠰᠠᠨᠠᠭᠠᠨ ᠤ ᠴᠤᠭ ᠰᠦᠯᠳᠡ ᠶᠢ ᠥᠨᠳᠥᠷ ᠮᠠᠨᠳᠤᠭᠤᠯᠬᠤ ᠭᠡᠷᠡᠭᠳᠠᠢ᠃ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ ᠲᠠᠢ ᠨᠢᠭᠲᠠᠷᠠᠨ ᠪᠦᠯᠬᠦᠮᠳᠡᠵᠦ᠂ ᠵᠠᠯᠠᠭᠤᠴᠤᠳ ᠤᠨ ᠨᠠᠶᠢᠵᠠ ᠪᠤᠯᠵᠤ᠂ ᠵᠠᠯᠠᠭᠤᠴᠤᠳ ᠤᠨ ︽ᠨᠣᠶᠠᠨ︾ ᠪᠣᠯᠬᠤ ᠦᠭᠡᠢ ᠪᠠᠶᠢᠵᠤ᠂ ᠵᠠᠯᠠᠭᠤᠴᠤᠳ ᠤᠨ ᠲᠥᠯᠥᠭᠡ ᠢᠯᠡᠭᠦᠬᠡᠨ ᠪᠣᠳᠣᠯᠬᠢᠯᠠᠵᠤ᠂ ᠥᠪᠡᠷ ᠤᠨ ᠢᠶᠠᠨ ᠲᠥᠯᠥᠭᠡ ᠳᠤᠲᠠᠭᠤ ᠪᠣᠳᠣᠯᠬᠢᠯᠠᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠤᠢ ᠪᠣᠯᠭᠠᠵᠤ᠂ ᠬᠤᠭᠤᠰᠣᠨ ᠦᠭᠡ ᠶᠠᠷᠢᠬᠤ ᠦᠭᠡᠢ᠂ ᠢᠯᠡᠭᠦᠬᠡᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠪᠠ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠷᠴᠦ ᠵᠣᠪᠠᠭᠤᠷᠢ ᠵᠦᠳᠡᠭᠦᠷᠢ ᠶᠢ ᠡᠭᠦᠷᠭᠡᠯᠡᠵᠦ᠂ ᠬᠦᠴᠢᠷ ᠪᠡᠷᠬᠡᠰᠢᠶᠡᠯ ᠢ ᠡᠭᠦᠷᠭᠡᠯᠡᠵᠦ᠂ ᠬᠦᠨᠳᠦ ᠡᠭᠦᠷᠭᠡ ᠶᠢ ᠡᠭᠦᠷᠭᠡᠯᠡᠵᠦ᠂ ᠠᠶᠤᠯ ᠲᠦᠭᠰᠢᠭᠦᠷᠢ ᠶᠢ ᠡᠭᠦᠷᠭᠡᠯᠡᠵᠦ᠂ ᠨᠣᠮᠣᠬᠠᠨ ᠰᠢᠳᠤᠷᠭᠤ ᠪᠠᠷ ᠬᠥᠮᠦᠨ ᠪᠤᠯᠵᠤ᠂ ᠯᠠᠪᠳᠠᠭᠤᠨ ᠪᠠᠲᠤᠲᠠᠢ ᠪᠠᠷ ᠠᠵᠢᠯ ᠬᠢᠬᠦ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠣᠰᠣ ᠰᠤᠷᠲᠠᠬᠤᠨ ᠤ ᠬᠡᠪ ᠪᠣᠯᠪᠠᠰᠤᠷᠠᠯ ᠢ ᠬᠥᠮᠦᠵᠢᠭᠦᠯᠵᠦ᠂ ᠰᠡᠳᠭᠢᠯ ᠳᠡᠭᠡᠨ ᠵᠢᠷᠦᠬᠡᠰᠢᠶᠡᠯ ᠲᠠᠢ᠂ ᠦᠭᠡ ᠶᠠᠷᠢᠶᠠᠨ ᠳᠠᠭᠠᠨ ᠴᠡᠭᠡᠷᠯᠡᠯ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠴᠡᠭᠡᠷ ᠲᠠᠢ ᠪᠠᠶᠢᠵᠤ᠂ ᠰᠥᠰᠥ ᠵᠣᠷᠢᠭ᠂ ᠲᠡᠰᠪᠦᠷᠢ ᠲᠡᠪᠴᠢᠶᠡᠷᠢ᠂ ᠪᠡᠶ᠎ᠡ ᠪᠠᠨ ᠪᠠᠷᠢᠬᠤ ᠴᠢᠳᠠᠪᠤᠷᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠨᠢᠭᠡ ᠰᠡᠳᠭᠢᠯ ᠢᠶᠠᠷ ᠲᠥᠪ ᠭᠤᠣᠯᠴᠢ᠂ ᠲᠥᠪ ᠴᠢᠬᠡᠴᠢ᠂ ᠠᠷᠢᠭᠤᠨ ᠴᠢᠬᠡᠴᠢ ᠬᠥᠮᠦᠨ ᠪᠣᠯᠬᠤ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠬᠤᠰᠢᠭᠤᠴᠢ ᠠᠩᠬᠢ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠭᠠᠪᠰᠢᠭᠠᠢ ᠠᠩᠬᠢ᠂ ᠪᠠᠭᠠᠴᠤᠳ ᠤᠨ ᠬᠤᠰᠢᠭᠤᠴᠢ ᠠᠩᠬᠢ ᠪᠣᠯ ᠪᠡᠯᠡᠳᠭᠡᠯ ᠠᠩᠬᠢ ᠪᠣᠯᠤᠨ᠎ᠠ᠃ ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ᠂ ᠡᠪᠯᠡᠯ ᠳᠤ ᠣᠷᠣᠬᠤ᠂ ᠨᠠᠮ ᠳᠤ ᠣᠷᠣᠬᠤ ᠪᠣᠯ ᠵᠠᠯᠠᠭᠤᠴᠤᠳ ᠤᠨ ᠤᠯᠤᠰ ᠲᠦᠷᠦ ᠶᠢᠨ ᠲᠠᠪᠰᠢᠯᠳᠠ ᠶᠢ ᠬᠥᠭᠡᠭᠡᠴᠡᠯᠳᠦᠬᠦ ︽ᠬᠥᠮᠦᠨ ᠤ ᠠᠮᠢᠳᠤᠷᠠᠯ ᠤᠨ ᠭᠤᠷᠪᠠᠨ ᠠᠯᠬᠤᠮ︾ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ ᠪᠥᠬᠦ ᠡᠪᠯᠡᠯ ᠢᠶᠠᠷ ᠢᠶᠠᠨ ᠡᠩᠨᠡᠭᠡ ᠳᠠᠭᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠪᠠᠭᠠᠴᠤᠳ ᠤᠨ ᠬᠤᠰᠢᠭᠤᠴᠢ ᠠᠩᠭᠢ ᠠᠴᠠ ᠡᠪᠯᠡᠯ ᠳᠤ ᠰᠢᠯᠢᠳᠡᠭ ᠬᠡᠰᠢᠭᠦᠳ ᠢ ᠨᠢ ᠰᠢᠭᠤᠳ ᠲᠠᠨᠢᠯᠴᠠᠭᠤᠯᠬᠤ᠂ ᠡᠪ ᠬᠠᠮᠲᠤ ᠵᠠᠯᠠᠭᠤᠴᠤᠳ ᠤᠨ ᠡᠪᠯᠡᠯ ᠠᠴᠠ ᠨᠠᠮ ᠳᠤ ᠰᠢᠯᠢᠳᠡᠭ ᠡᠪᠯᠡᠯ ᠤᠨ ᠭᠡᠰᠢᠭᠦᠳ ᠢ ᠰᠢᠭᠤᠳ ᠲᠠᠨᠢᠯᠴᠠᠭᠤᠯᠬᠤ ᠠᠵᠢᠯ ᠤᠨ ᠲᠣᠭᠲᠠᠴᠠ ᠶᠢ ᠵᠢᠷᠤᠮᠵᠢᠭᠤᠯᠤᠨ ᠴᠢᠩᠭᠠᠳᠬᠠᠵᠤ᠂ ᠨᠠᠮ᠂ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠬᠥᠮᠦᠨ ᠬᠥᠮᠦᠵᠢᠭᠦᠯᠬᠦ ᠬᠡᠯᠬᠢᠶ᠎ᠡ ᠶᠢ ᠬᠠᠷᠢᠯᠴᠠᠨ ᠵᠤᠯᠭᠠᠭᠤᠯᠵᠤ ᠬᠠᠷᠢᠯᠴᠠᠨ ᠨᠡᠪᠲᠡᠷᠡᠯᠴᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠯᠠᠭᠤ ᠨᠠᠮ ᠤᠨ ᠭᠡᠰᠢᠭᠦᠨ ᠢ ᠬᠥᠮᠦᠵᠢᠭᠦᠯᠦᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠤ ᠳᠤᠮᠳᠠ ᠠᠴᠠ ᠨᠠᠮ ᠤᠨ ᠭᠡᠰᠢᠭᠦᠨ ᠢ ᠬᠥᠮᠦᠵᠢᠭᠦᠯᠦᠨ ᠡᠯᠰᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠲᠦᠷᠦ ᠵᠠᠰᠠᠭ ᠡᠭᠦᠷᠢᠳᠡ ᠦᠡᠭᠭᠡ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠦᠢᠯ ᠤᠨ ᠶᠡᠭᠡ ᠬᠠᠯᠠᠭᠤᠨ ᠰᠡᠳᠭᠢᠯᠭᠡ ᠪᠠᠷ ᠵᠠᠯᠠᠭᠤᠴᠤᠳ ᠤᠨ ᠦᠰᠦᠨ ᠪᠤᠶᠢᠵᠢᠯᠲᠠ ᠶᠢᠨ ᠵᠢᠮ᠎ᠡ ᠶᠣᠰᠣ ᠪᠣᠯᠤᠨ ᠴᠠᠭ ᠦᠶ᠎ᠡ ᠶᠢᠨ ᠣᠨᠴᠠᠯᠢᠭ ᠢ ᠰᠤᠳᠤᠯᠵᠤ᠂ ᠲᠦᠢᠯ ᠤᠨ ᠶᠡᠭᠡ ᠤᠶᠤᠨ ᠴᠢᠳᠠᠯ ᠢᠶᠠᠷ ᠵᠠᠯᠠᠭᠤᠴᠤᠳ ᠤᠨ ᠠᠵᠢᠯ ᠢ ᠠᠳᠬᠤᠵᠤ᠂ ᠵᠠᠯᠠᠭᠤ ᠨᠠᠶᠢᠵᠠ ᠨᠠᠷ ᠤᠨ ᠰᠡᠳᠭᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠭᠢᠯᠲᠡᠨ᠂ ᠵᠠᠯᠠᠭᠤᠴᠤᠳ ᠤᠨ ᠵᠠᠮᠴᠢᠯᠠᠭᠴᠢ ᠪᠣᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠲᠦᠷᠢᠮ ᠲᠣᠭᠲᠠᠴᠠ ᠶᠢ ᠨᠠᠶᠢᠳᠠᠪᠤᠷᠢᠵᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠦᠷᠭᠦᠯᠵᠢ ᠰᠤᠳᠤᠯᠤᠨ ᠰᠢᠢᠳᠪᠦᠷᠢᠯᠡᠵᠦ᠂ ᠡᠪᠯᠡᠯ ᠤᠨ ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ ᠱᠠᠭᠠᠷᠳᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠣᠨᠴᠠᠯᠢᠭ ᠪᠠ ᠵᠢᠮ᠎ᠡ ᠶᠣᠰᠣ ᠪᠠᠷ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠶᠢ ᠳᠡᠮᠵᠢᠬᠦ ᠬᠡᠷᠡᠭᠲᠡᠢ ᠬᠡᠵᠤ ᠵᠢᠭᠠᠵᠤ ᠭᠠᠷᠭᠠᠪᠠ᠃      ᠰᠢ ᠶᠢᠨ ᠫᠢᠩ᠂ ᠨᠠᠮ ᠪᠠ ᠤᠯᠤᠰ ᠲᠤ ᠠᠪᠴᠤ ᠬᠡᠯᠡᠪᠡᠯ ᠵᠠᠯᠠᠭᠤᠴᠤᠳ ᠪᠣᠯ ᠬᠠᠮᠤᠭ ᠠᠴᠠ ᠢᠯᠡᠭᠦᠦ ᠬᠠᠶᠢᠷᠠᠯᠠᠨ ᠬᠠᠮᠠᠭᠠᠯᠠᠭᠤᠰᠢᠲᠠᠢ᠂ ᠬᠠᠮᠤᠭ ᠠᠴᠠ ᠢᠯᠡᠭᠦᠦ ᠬᠦᠰᠡᠨ ᠬᠦᠯᠢᠶᠡᠭᠦᠰᠢᠲᠡᠢ ᠶᠤᠮ᠃ ᠵᠠᠯᠠᠭᠤᠴᠤᠳ ᠡᠬᠡ ᠭᠠᠵᠠᠷ ᠳᠡᠭᠡᠷ᠎ᠠ ᠢᠳᠡᠷᠡᠭᠦᠨ ᠤᠷᠭᠤᠭᠰᠠᠨ ᠵᠢᠵᠢᠭ ᠮᠣᠳᠣ ᠰᠢᠭ᠋᠂ ᠠᠯᠢ ᠨᠢᠭᠡᠨ ᠡᠳᠦᠷ ᠲᠩᠷᠢ ᠲᠤᠯᠤᠮ᠎ᠠ ᠲᠣᠮᠣ ᠮᠣᠳᠣ ᠪᠣᠯᠵᠤ ᠲᠩᠷᠢ ᠶᠢ ᠪᠠᠭᠠᠨᠠᠳᠠᠬᠤ ᠶᠤᠮ᠃ ᠵᠠᠯᠠᠭᠤᠴᠤᠳ ᠪᠠᠰᠠ ᠮᠠᠨᠳᠤᠬᠤ ᠨᠡᠷᠡᠨ ᠰᠢᠭ᠋᠂ ᠲᠠᠰᠤᠷᠠᠯᠲᠠ ᠦᠭᠡᠢ ᠡᠨᠧᠷᠭᠢ ᠬᠤᠷᠠᠮᠳᠤᠭᠤᠯᠵᠤ᠂ ᠢᠷᠡᠭᠡᠳᠦᠢ  ᠳᠤ ᠭᠡᠷᠡᠯ ᠪᠠ ᠢᠯᠴᠢ ᠪᠠᠨ ᠡᠭᠡ ᠭᠠᠵᠠᠷ ᠲᠤ ᠬᠠᠷᠠᠮ ᠦᠭᠡᠢ ᠲᠦᠭᠡᠭᠡᠬᠦ ᠶᠤᠮ᠃ ᠨᠠᠮ ᠪᠣᠯᠤᠨ ᠤᠯᠤᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ ᠪᠤᠢ ᠬᠡᠵᠤ ᠴᠢᠬᠤᠯᠠᠴᠢᠯᠠᠪᠠ᠃      ᠸᠠᠩ ᠬᠤ᠋ ᠨᠢᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 ᠵᠢᠯ ᠤᠨ ᠲᠤᠷᠰᠢᠬᠢ ᠡᠪ ᠬᠠᠮᠲᠤ ᠵᠠᠯᠠᠭᠤᠴᠤᠳ ᠤᠨ ᠡᠪᠯᠡᠯ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠶᠠᠪᠤᠭᠰᠠᠨ ᠵᠠᠯᠠᠭᠤ ᠨᠠᠰᠤᠨ ᠤ ᠥᠩᠭᠡᠷᠡᠯᠲᠡ ᠶᠢ ᠪᠦᠬᠦ ᠲᠠᠯ᠎ᠠ ᠪᠠᠷ ᠡᠷᠭᠢᠴᠡᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠨᠠᠮ ᠤᠨ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ ᠶᠢᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠵᠠᠯᠠᠭᠤᠴᠤᠳ ᠤᠨ ᠠᠵᠢᠯ ᠤᠨ ᠲᠡᠦᠬᠡᠨ ᠲᠤᠷᠰᠢᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠲᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠬᠡᠵᠤ ᠢᠯᠡᠳᠬᠡᠪᠡ᠃      ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠾᠧ ᠵᠢᠶᠦ᠋ᠨ ᠺᠧ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠴᠧᠨ ᠭᠠᠩ ᠶᠡᠭᠡ ᠬᠤᠷᠠᠯ ᠳᠡᠭᠡᠷ᠎ᠡ ᠦᠭᠡ ᠶᠠᠷᠢᠵᠠᠢ᠃      ᠨᠠᠮ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃      ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠨᠡᠶᠢᠰᠯᠡᠯ ᠤᠨ ᠡᠯ᠎ᠡ ᠡᠲᠡᠭᠡᠳ ᠤᠨ ᠡᠪᠯᠡᠯ ᠤᠨ ᠭᠡᠰᠢᠭᠦᠨ ᠵᠠᠯᠠᠭᠤᠴᠤᠳ ᠤᠨ ᠲᠥᠯᠥᠭᠡᠯᠡᠭᠴᠢ ᠵᠢᠴᠢ ᠳᠤᠮᠳᠠᠳᠤ ᠤᠯᠤᠰ ᠲᠤ ᠰᠠᠭᠤᠭ᠎ᠠ ᠬᠡᠰᠡᠭ ᠤᠯᠤᠰ ᠤᠨ ᠡᠯᠴᠢᠨ ᠰᠠᠶᠢᠳ ᠵᠡᠷᠭᠡ 1000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号