ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ ᠪᠢᠲᠡᠭᠦᠮᠵᠢᠯᠡᠬᠦ᠂ ᠬᠠᠮᠢᠶᠠᠷᠬᠤ᠂ ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ ᠲᠤᠰᠠᠭᠠᠷᠯᠠᠬᠤ ᠴᠠᠭ ᠢ ᠪᠣᠭᠤᠨᠢᠰᠬᠠᠨ᠎ᠠ ᠁ ᠬᠠᠮᠤᠭ ᠤᠨ ᠰᠢᠨ᠎ᠡ ᠪᠠᠶᠢᠳᠠᠯ ᠤᠨ ᠲᠤᠬᠠᠢ ᠮᠡᠳᠡᠭᠡᠯᠡᠯ︕
ᠨᠡᠶᠢᠲᠡᠯᠡᠭᠰᠡᠨ ᠴᠠᠭ᠄
2022/5/17
     5 ᠳ᠋ᠤᠭᠠᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠴᠠᠭ ᠮᠥᠴᠡ ᠶᠢ ᠠᠯᠳᠠᠯ ᠦᠭᠡᠢ ᠴᠢᠷᠮᠠᠶᠢᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ ᠪᠠᠶᠢᠭ᠎ᠠ ᠪᠠᠶᠢᠳᠠᠯ ᠢ ᠲᠠᠨᠢᠯᠴᠠᠭᠤᠯᠪᠠ᠂ ᠬᠠᠮᠲᠤ ᠳᠤ ᠪᠠᠨ ᠣᠶᠢᠯᠠᠭᠠᠶ᠎ᠠ︕      ᠣᠶᠢᠷ᠎ᠠ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠪᠠᠭᠤᠷᠠᠬᠤ ᠬᠠᠨᠳᠤᠰᠢ ᠲᠠᠢ ᠪᠠᠶᠢᠨ᠎ᠠ      ᠣᠶᠢᠷ᠎ᠠ ᠶᠢᠨ ᠬᠤᠭᠤᠴᠠᠭᠠᠨ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ ᠪᠠᠭᠤᠷᠠᠬᠤ ᠬᠠᠨᠳᠤᠰᠢ ᠲᠠᠢ ᠪᠣᠯᠵᠤ᠂ 5 ᠳ᠋ᠤᠭᠠᠷ ᠰᠠᠷ᠎ᠠ ᠶᠢᠨ 5 ᠤ ᠡᠳᠦᠷ ᠠᠴᠠ ᠨᠠᠭᠠᠰᠢ᠂ ᠪᠥᠬᠦ ᠤᠯᠤᠰ ᠤᠨ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠰᠠᠳ ᠴᠥᠮ 5000 ᠬᠥᠮᠥᠨ ᠠᠴᠠ ᠳᠣᠣᠷ᠎ᠠ ᠪᠠᠶᠢᠨ᠎ᠠ᠃ 5 ᠳ᠋ᠤᠭᠠᠷ ᠰᠠᠷ᠎ᠠ ᠶᠢᠨ 12 ᠤᠨ ᠡᠳᠦᠷ ᠪᠦᠬᠦ ᠤᠯᠤᠰ ᠤᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ 2300  ᠠᠴᠠ ᠳᠣᠷᠣᠭᠰᠢ ᠪᠣᠯᠵᠠᠢ᠃      ᠣᠳᠣᠬᠠᠨ ᠳᠤ᠂ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠰᠠᠶᠢᠵᠢᠷᠠᠵᠤ᠂ ᠪᠥᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠲᠣᠭᠲᠠᠭᠤᠨ ᠢᠶᠠᠷ ᠪᠠᠭᠤᠷᠠᠬᠤ ᠬᠠᠨᠳᠤᠰᠢ ᠲᠠᠢ ᠪᠠᠶᠢᠨ᠎ᠠ᠃      ᠭᠢᠷᠢᠨ ᠮᠤᠵᠢ ᠶᠢᠨ ᠬᠢᠵᠢᠭ ᠤᠨ ᠪᠠᠶᠢᠳᠠᠯ ᠰᠡᠭᠦᠯ ᠬᠤᠷᠢᠶᠠᠬᠤ ᠱᠠᠲᠤᠨ ᠳᠤ ᠣᠷᠣᠪᠠ᠃      ᠣᠶᠢᠷ᠎ᠠ ᠳᠤ ᠪᠡᠭᠡᠵᠢᠩ ᠬᠤᠲᠠ ᠶᠢᠨ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠤᠨ ᠲᠤᠭ᠎ᠠ ᠡᠳᠦᠢ ᠲᠡᠳᠦᠢ ᠪᠠᠭᠠᠰᠴᠤ᠂ ᠬᠠᠮᠤᠭ ᠤᠨ ᠥᠨᠳᠥᠷ ᠲᠤ ᠪᠠᠨ 70 ᠭᠠᠷᠤᠢ ᠬᠥᠮᠥᠨ ᠪᠠᠶᠢᠭᠰᠠᠨ ᠠᠴᠠ 5 ᠳ᠋ᠤᠭᠠᠷ ᠰᠠᠷ᠎ᠠ ᠶᠢᠨ 12 ᠤᠨ ᠡᠳᠦᠷ ᠲᠤ 47 ᠬᠥᠮᠥᠨ ᠪᠣᠯᠵᠤ ᠪᠠᠭᠤᠷᠠᠪᠠ᠂ ᠡᠨᠡ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢ ᠶᠢ ᠢᠯᠡᠷᠡᠭᠦᠯᠵᠦ ᠪᠠᠶᠢᠪᠠᠴᠤ ᠬᠠᠮᠢᠶᠠᠷᠤᠨ ᠡᠵᠡᠮᠳᠡᠬᠦ ᠪᠠᠶᠢᠳᠠᠯ ᠳᠤ ᠣᠷᠤᠭ᠎ᠠ ᠦᠭᠡᠢ ᠬᠠᠯᠳᠠᠪᠤᠷᠢᠯᠠᠭᠰᠠᠳ ᠤᠨ ᠮᠡᠳᠡᠭᠦᠯᠦᠯᠲᠡ ᠮᠥᠨ ᠯᠠ ᠢᠯᠡᠷᠡᠵᠦ᠂ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠷᠠᠬᠠᠨ ᠪᠦᠷᠢᠮᠦᠰᠦᠨ ᠬᠤᠷᠢᠭᠯᠠᠵᠤ ᠳᠡᠶᠢᠯᠦᠭᠡᠳᠦᠢ ᠪᠠᠶᠢᠨ᠎ᠠ᠃      ᠰᠧᠴᠤᠸᠠᠨ ᠤ ᠭᠤᠸᠠᠩ ᠠᠨ ᠤ ᠬᠢᠵᠢᠭ ᠤᠨ ᠪᠠᠶᠢᠳᠠᠯ ᠮᠥᠨ ᠬᠦ ᠬᠥᠭᠵᠢᠵᠦ ᠪᠠᠶᠢᠭ᠎ᠠ ᠪᠣᠯᠬᠤᠷ ᠠᠯᠢ ᠲᠦᠷᠭᠡᠨ ᠢᠶᠠᠷ ᠢᠯᠭᠠᠷᠠᠭᠤᠯᠤᠨ ᠪᠠᠶᠢᠴᠠᠭᠠᠵᠤ ᠬᠠᠮᠢᠶᠠᠷᠤᠨ ᠡᠵᠡᠮᠳᠡᠬᠦ ᠴᠢᠬᠤᠯᠠᠲᠠᠢ ᠪᠠᠶᠢᠨ᠎ᠠ᠃      ᠾᠧᠨᠠᠨ᠂ ᠵᠢᠶᠠᠩᠰᠤ᠂ ᠵᠧᠵᠢᠶᠠᠩ᠂ ᠵᠢᠶᠠᠩᠰᠢ᠂ ᠯᠢᠶᠣᠤᠨᠢᠩ ᠵᠡᠷᠭᠡ ᠭᠠᠵᠠᠷ ᠤᠨ ᠬᠢᠵᠢᠭ ᠤᠨ ᠪᠠᠶᠢᠳᠠᠯ ᠤᠯᠠᠮ ᠢᠶᠠᠷ ᠲᠣᠭᠲᠠᠭᠤᠨ ᠪᠣᠯᠵᠤ ᠪᠠᠶᠢᠪᠠᠴᠤ ᠮᠥᠨ ᠬᠦ ᠠᠯᠢ ᠲᠦᠷᠭᠡᠨ ᠢᠶᠠᠷ ᠲᠡᠭ ᠪᠣᠯᠭᠠᠬᠤ ᠴᠢᠬᠤᠯᠠᠲᠠᠢ ᠪᠠᠶᠢᠨ᠎ᠠ᠃      ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠪᠢᠲᠡᠭᠦᠮᠵᠢᠯᠡᠬᠦ᠂ ᠬᠠᠮᠢᠶᠠᠷᠬᠤ᠂ ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ ᠲᠤᠰᠠᠭᠠᠷᠯᠠᠬᠤ ᠴᠠᠭ ᠢ ᠪᠣᠭᠤᠨᠢᠰᠬᠠᠨ᠎ᠠ      ᠤᠮᠢᠺᠷᠤᠨ ᠬᠢᠵᠢᠭ ᠤᠨ ᠪᠠᠶᠢᠳᠠᠯ ᠨᠢ ᠥᠩᠭᠡᠷᠡᠭᠰᠡᠨ ᠤ ᠬᠢᠵᠢᠭ ᠤᠨ ᠪᠠᠶᠢᠳᠠᠯ ᠤᠨ ᠣᠨᠴᠠᠯᠢᠭ ᠲᠠᠢ ᠠᠳᠠᠯᠢ ᠦᠭᠡᠢ᠂ ᠣᠨᠴᠠᠭᠠᠶᠢᠯᠠᠨ ᠲᠠᠷᠬᠠᠬᠤ ᠬᠤᠷᠳᠤᠴᠠ ᠨᠢ ᠲᠦᠷᠭᠡᠨ᠂ ᠨᠢᠭᠤᠭᠳᠠᠬᠤ ᠬᠤᠭᠤᠴᠠᠭ᠎ᠠ ᠨᠢ ᠣᠬᠤᠷ᠂ ᠨᠢᠭᠤᠭᠳᠠᠮᠠᠯ ᠴᠢᠨᠠᠷ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠳᠠᠭ᠃ ︽ᠭᠤᠷᠪᠠᠨ ᠣᠷᠣᠨ︾ ᠤ ᠬᠠᠮᠢᠶᠠᠷᠤᠯᠲᠠ ᠪᠣᠯ ᠪᠦᠲᠦᠮᠵᠢᠲᠡᠶ ᠰᠢᠢᠳᠪᠦᠷᠢᠯᠡᠬᠦ ᠠᠷᠭ᠎ᠠ ᠮᠥᠨ᠂ ᠤᠮᠢᠺᠷᠤᠨ ᠬᠢᠵᠢᠭ ᠤᠨ ᠪᠠᠶᠢᠳᠠᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠪᠢᠲᠡᠭᠦᠮᠵᠢᠯᠡᠬᠦ᠂ ᠬᠠᠮᠢᠶᠠᠷᠬᠤ ᠂ ᠬᠢᠵᠠᠭᠠᠷᠯᠠᠬᠤ ᠴᠠᠭ ᠢ ᠤᠯᠠᠮ ᠨᠢᠭᠡ ᠠᠯᠬᠤᠮ ᠲᠦᠷᠭᠡᠳᠬᠡᠵᠦ᠂ ᠲᠥᠪᠯᠡᠷᠡᠭᠦᠯᠦᠨ ᠲᠤᠰᠠᠭᠠᠷᠯᠠᠬᠤ ᠴᠠᠭ ᠢ ᠪᠣᠭᠤᠨᠢᠰᠬᠠᠨ᠎ᠠ᠃ ᠲᠦᠷ ᠴᠠᠭ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ᠂ ᠲᠦᠷᠭᠡᠨ ᠬᠠᠮᠢᠶᠠᠷᠴᠤ ᠲᠦᠷᠭᠡᠨ ᠰᠢᠯᠢᠬᠦ ᠠᠷᠭ᠎ᠠ ᠪᠣᠳᠣᠯᠭ᠎ᠠ ᠪᠠᠷ ᠳᠠᠮᠵᠢᠭᠤᠯᠤᠨ᠂ ᠲᠦᠷᠭᠡᠨ ᠢᠶᠠᠷ ᠲᠦᠷᠭᠡᠨ ᠢ ᠡᠵᠡᠮᠳᠡᠵᠦ᠂ ᠲᠦᠭᠰᠢᠭᠦᠷᠢ ᠭᠠᠳᠠᠭᠰᠢ ᠯᠡᠪᠡᠷᠡᠬᠦ ᠠᠴᠠ ᠰᠡᠷᠭᠡᠶᠢᠯᠡᠵᠦ᠂ ᠲᠦᠭᠰᠢᠭᠦᠷᠢ ᠶᠢ ᠠᠷᠢᠯᠭᠠᠭᠰᠠᠨ ᠤ ᠳᠠᠷᠠᠭ᠎ᠠ ᠳᠠᠷᠤᠢ ᠲᠦᠷᠭᠡᠨ ᠤᠤᠯ ᠪᠠᠶᠢᠳᠠᠯ ᠳᠤ ᠨᠢ ᠪᠤᠴᠠᠭᠠᠬᠤ ᠬᠡᠷᠡᠭᠲᠡᠢ᠃      ᠶᠡᠭᠡ ᠬᠤᠲᠠ ᠳᠤ ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ ᠠᠪᠬᠤ ᠴᠠᠭᠠᠷᠢᠭ︾ ᠢ ᠪᠠᠶᠢᠭᠤᠯᠤᠨ᠎ᠠ      ᠶᠡᠭᠡ ᠬᠤᠲᠠ ᠳᠤ ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ ᠠᠪᠬᠤ ᠴᠠᠭᠠᠷᠢᠭ︾ ᠪᠠᠶᠢᠭᠤᠯᠬᠤ ᠨᠢ ᠨᠢᠭᠡ ᠲᠠᠯ᠎ᠠ ᠪᠠᠷ ᠣᠯᠠᠨ ᠨᠡᠶᠢᠲᠡ ᠶᠢᠨ ᠣᠶᠢᠷ᠎ᠠ ᠬᠠᠪᠢ ᠳᠤ ᠪᠠᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠦᠢᠯᠡᠴᠢᠯᠡᠭᠡ ᠶᠢ ᠬᠦᠯᠢᠶᠡᠬᠦ ᠳᠤ ᠠᠰᠢᠭᠲᠠᠢ ᠪᠥᠭᠡᠳ ᠬᠠᠯᠳᠠᠪᠤᠷᠢᠯᠠᠭᠳᠠᠭᠰᠠᠳ ᠢ ᠡᠷᠲᠡᠬᠡᠨ ᠢᠯᠡᠷᠡᠭᠦᠯᠬᠦ ᠳᠤ ᠨᠠᠩ ᠠᠰᠢᠭᠲᠠᠢ ᠪᠠᠶᠢᠵᠤ᠂ ᠪᠠᠶᠢᠴᠠᠭᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ ᠬᠤᠷᠳᠤᠴᠠ ᠶᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠡᠷᠲᠡᠬᠡᠨ ᠢᠯᠡᠷᠡᠭᠦᠯᠵᠦ᠂ ᠬᠢᠵᠢᠭ ᠤᠨ ᠪᠠᠶᠢᠳᠠᠯ ᠢ ᠴᠠᠭ ᠲᠤᠬᠠᠢ ᠳᠤ ᠨᠢ ᠡᠵᠡᠮᠳᠡᠬᠦ ᠳᠤ ᠠᠰᠢᠭᠲᠠᠢ᠃      ᠶᠠᠪᠠᠭᠠᠨ ᠢᠶᠠᠷ 15 ᠮᠢᠨᠦ᠋ᠲ ᠤᠨ ᠵᠠᠢ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ︽ᠥᠯᠢᠭᠡᠷ ᠠᠪᠬᠤ ᠴᠠᠭᠠᠷᠢᠭ ︾ ᠨᠢ ᠠᠵᠢᠯᠲᠠᠨ ᠤ ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠬᠡᠬᠦ ᠶᠢ ᠱᠠᠭᠠᠷᠳᠠᠵᠤ ᠪᠠᠶᠢᠨ᠎ᠠ᠃ ᠨᠢᠭᠡ ᠲᠠᠯ᠎ᠠ ᠪᠠᠷ ᠰᠢᠯᠭᠠᠨ ᠪᠠᠶᠢᠴᠠᠭᠠᠬᠤ ᠮᠡᠷᠭᠡᠵᠢᠯ ᠤᠨ ᠠᠵᠢᠯᠲᠠᠨ ᠡᠨᠡ ᠬᠤᠶᠠᠷ ᠵᠢᠯ ᠤᠨ ᠪᠣᠯᠪᠠᠰᠤᠷᠠᠯ ᠢᠶᠠᠷ ᠳᠡᠮᠵᠢᠨ ᠵᠣᠬᠢᠬᠤ ᠨᠥᠭᠡᠴᠡ ᠲᠠᠢ ᠪᠣᠯᠵᠤ᠂ ᠨᠥᠭᠦᠭᠡ ᠲᠠᠯ᠎ᠠ ᠪᠠᠷ ᠡᠶᠢᠮᠦ ᠣᠯᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠡᠭ ᠢ ᠪᠠᠶᠢᠷᠢᠯᠠᠭᠤᠯᠬᠤ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠥᠯᠢᠭᠡᠷ ᠠᠪᠬᠤ ᠠᠵᠢᠯᠲᠠᠨ ᠤ ᠡᠩᠨᠡᠭᠡ ᠶᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠢ᠃ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠰᠤᠷᠤᠯᠴᠠᠭᠰᠠᠨ ᠬᠥᠮᠥᠰ ᠤᠨ ᠲᠤᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠣᠯᠪᠠᠰᠤᠷᠠᠯ ᠢᠶᠠᠷ ᠳᠡᠮᠵᠢᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠳᠤ ᠣᠷᠤᠯᠴᠠᠬᠤ ᠶᠢ ᠵᠣᠷᠢᠭᠵᠢᠭᠤᠯᠵᠤ᠂ ᠵᠥᠪᠬᠡᠨ ᠣᠲᠣ ᠶᠢᠨ ᠪᠠᠶᠢᠭ᠎ᠠ ᠡᠮᠴᠢ ᠪᠠ ᠰᠤᠪᠢᠯᠠᠭᠴᠢ ᠪᠠᠷ ᠬᠢᠵᠠᠭᠠᠷᠯᠠᠬᠤ ᠦᠭᠡᠢ᠃ ᠡᠭᠦᠨ ᠠᠴᠠ ᠭᠠᠳᠠᠨ᠎ᠠ᠂ ᠪᠥᠭᠡᠮ ᠬᠦᠴᠢᠯ ᠤᠨ ᠥᠯᠢᠭᠡᠷ ᠠᠪᠬᠤ ᠲᠤᠬᠠᠢ ᠶᠢᠨ ᠲᠠᠯᠠᠪᠤᠷ ᠲᠤ ᠪᠠᠰᠠ ᠨᠢᠭᠡ ᠪᠦᠯᠦᠭ ᠬᠥᠮᠥᠰ ᠢ ᠱᠠᠭᠠᠷᠳᠠᠵᠤ᠂ ᠭᠤᠣᠯᠳᠠᠭᠤ ᠮᠡᠳᠡᠭᠡ ᠵᠠᠩᠭᠢ ᠣᠷᠣᠭᠤᠯᠬᠤ᠂ ᠡᠮᠬᠢ ᠳᠢᠭᠯᠢᠮ ᠢ ᠬᠠᠮᠠᠭᠠᠯᠠᠬᠤ ᠠᠵᠢᠯ ᠢ ᠬᠠᠷᠢᠴᠠᠭᠤᠯᠵᠤ᠂ ᠪᠠᠰᠠ ᠠᠷᠠᠳ ᠣᠯᠠᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠢᠯᠭᠡᠵᠦ ᠪᠤᠢ᠂ ᠡᠨᠡ ᠬᠡᠰᠡᠭ ᠠᠵᠢᠯ ᠢ ᠡᠩ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢ ᠪᠠᠷ ᠡᠭᠦᠷᠭᠡᠯᠡᠭᠦᠯᠵᠦ ᠪᠣᠯᠣᠨ᠎ᠠ᠃      ᠮᠠᠨ ᠤ ᠤᠯᠤᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠨᠢᠭᠡᠨᠲᠡ ᠲᠠᠩ ᠬᠤᠭᠤᠯᠠᠢ ᠪᠠᠷ ᠡᠳᠦᠷ ᠪᠦᠷᠢ 5700 ᠲᠦᠮᠡᠨ ᠬᠤᠭᠤᠯᠠᠢ ᠦᠯᠢᠭᠡᠷ ᠠᠪᠬᠤ ᠬᠡᠮᠵᠢᠶᠡᠨ ᠳᠤ ᠬᠦᠷᠴᠡᠢ      ᠬᠤᠶᠠᠷ ᠵᠢᠯ ᠭᠠᠷᠤᠢ ᠶᠢᠨ ᠢᠳᠡᠪᠬᠢᠲᠡᠢ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠮᠠᠨ ᠤ ᠤᠯᠤᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠶᠡᠬᠡᠬᠡᠨ ᠲᠠᠪᠰᠢᠯᠳᠠ ᠲᠠᠢ ᠪᠣᠯᠵᠠᠢ᠃ ᠣᠲᠣ ᠪᠣᠯᠲᠠᠯ᠎ᠠ᠂ ᠪᠥᠬᠦ ᠤᠯᠤᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠣᠯᠬᠤ 1.3 ᠲᠦᠮᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ ᠪᠣᠯᠣᠭᠰᠠᠨ ᠪᠥᠭᠡᠳ 15.3 ᠲᠦᠮᠡᠨ ᠲᠤᠰᠬᠠᠢ ᠮᠡᠷᠭᠡᠵᠢᠯ ᠤᠨ ᠠᠵᠢᠯᠲᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠮᠡᠷᠭᠡᠵᠢᠯ ᠤᠨ ᠠᠵᠢᠯ ᠢ ᠬᠢᠵᠦ ᠪᠣᠶ᠃ ᠣᠳᠣᠬᠠᠨ ᠳᠤ ᠡᠳᠦᠷ ᠪᠦᠷᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠨᠢ ᠨᠢᠭᠡᠨᠲᠡ ᠲᠠᠩ ᠬᠤᠭᠤᠯᠠᠢ ᠪᠠᠷ ᠡᠳᠦᠷ ᠪᠦᠷᠢ 5700 ᠲᠦᠮᠡᠨ ᠬᠤᠭᠤᠯᠠᠢ ᠦᠯᠢᠭᠡᠷ ᠠᠪᠬᠤ ᠬᠡᠮᠵᠢᠶᠡᠨ ᠳᠤ ᠬᠦᠷᠴᠦ ᠪᠠᠶᠢᠨ᠎ᠠ᠂ ᠶᠡᠷᠦᠩᠬᠡᠢ ᠳᠤ ᠨᠢ ᠠᠪᠴᠤ ᠦᠵᠡᠪᠡᠯ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠢᠯᠡᠳᠲᠡ ᠳᠡᠭᠡᠭᠰᠢᠯᠡᠵᠡᠢ᠃      ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠶᠢ ᠲᠠᠷᠢᠬᠤ ᠨᠢ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠳᠤ ᠴᠢᠭᠯᠡᠭᠦᠯᠦᠭᠰᠡᠨ ᠬᠠᠮᠠᠭᠠᠯᠠᠯᠲᠠ ᠶᠢᠨ ᠦᠷ᠎ᠡ ᠪᠦᠲᠦᠮᠵᠢ ᠨᠢ ᠨᠡᠩ ᠰᠠᠶᠢᠨ      ᠣᠳᠣᠬᠠᠨ ᠳᠤ ᠮᠠᠨ ᠤ ᠤᠯᠤᠰ ᠤᠨ ᠤᠮᠢᠺᠷᠤᠨ ᠳᠡᠯᠭᠡᠷᠡᠵᠦ ᠪᠠᠶᠢᠭ᠎ᠠ ᠭᠠᠵᠠᠷ ᠣᠷᠣᠨ᠂ ᠢᠯᠠᠩᠭᠤᠶ᠎ᠠ ᠥᠷᠭᠡᠨ ᠳᠡᠯᠭᠡᠷᠡᠩᠭᠦᠢ᠂ ᠬᠦᠨᠳᠦ ᠨᠣᠴᠢᠲᠠᠢ ᠳᠡᠯᠭᠡᠷᠡᠵᠦ ᠪᠠᠶᠢᠭ᠎ᠠ ᠭᠠᠵᠠᠷ ᠣᠷᠣᠨ ᠤ ᠬᠢᠨᠠᠨ ᠪᠠᠶᠢᠴᠠᠭᠠᠭᠰᠠᠨ ᠪᠠ ᠦᠨᠡᠯᠡᠨ ᠵᠢᠱᠢᠭᠰᠡᠨ ᠦᠷ᠎ᠡ ᠳ᠋ᠦᠩ ᠠᠴᠠ ᠠᠪᠴᠤ ᠦᠵᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ ᠪᠠ ᠬᠤᠶᠠᠷ ᠤᠳᠠᠭ᠎ᠠ ᠲᠠᠷᠢᠯᠭ᠎ᠠ ᠬᠢᠭᠰᠡᠨ᠂ ᠭᠤᠷᠪᠠᠨ ᠤᠳᠠᠭ᠎ᠠ ᠲᠠᠷᠢᠯᠭ᠎ᠠ ᠬᠢᠭᠰᠡᠨ ᠤ ᠬᠤᠭᠤᠷᠣᠨᠳᠣᠬᠢ ᠬᠠᠮᠠᠭᠠᠯᠠᠬᠤ ᠦᠢᠯᠡᠳᠦᠯ ᠤᠨ ᠵᠥᠷᠢᠶ᠎ᠡ ᠨᠢ ᠮᠠᠰᠢ ᠢᠯᠡᠷᠬᠡᠢ ᠪᠠᠶᠢᠳᠠᠭ ᠪᠥᠭᠡᠳ ᠬᠤᠶᠠᠷ ᠤᠳᠠᠭ᠎ᠠ ᠲᠠᠷᠢᠯᠭ᠎ᠠ ᠬᠢᠭᠰᠡᠨ ᠪᠠ ᠭᠤᠷᠪᠠᠨ ᠤᠳᠠᠭ᠎ᠠ ᠲᠠᠷᠢᠯᠭ᠎ᠠ ᠬᠢᠭᠰᠡᠨ ᠤ ᠬᠤᠭᠤᠷᠣᠨᠳᠣᠬᠢ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠰᠡᠷᠭᠡᠶᠢᠯᠡᠬᠦ ᠦᠢᠯᠡᠳᠦᠯ ᠤᠨ ᠲᠠᠯ᠎ᠠ ᠪᠠᠷ ᠴᠤ ᠢᠯᠡᠷᠬᠡᠢ ᠵᠥᠷᠢᠶ᠎ᠡ ᠲᠠᠢ ᠪᠠᠶᠢᠬᠤ ᠶᠢ ᠣᠯᠵᠤ ᠬᠠᠷᠠᠵᠤ ᠪᠣᠯᠣᠨ᠎ᠠ᠃ ᠡᠩ ᠤᠨ ᠪᠠᠶᠢᠳᠠᠯ ᠠᠴᠠ ᠠᠪᠴᠤ ᠬᠡᠯᠡᠪᠡᠯ ᠵᠥᠷᠢᠶ᠎ᠡ ᠨᠢ ᠭᠤᠣᠯᠳᠠᠭᠤ ᠬᠤᠶᠠᠷ ᠲᠠᠯ᠎ᠠ ᠪᠠᠷ ᠢᠯᠡᠷᠡᠵᠦ ᠪᠤᠢ᠄ ᠨᠢᠭᠡ ᠳᠤ ᠠᠨᠲ᠋ᠢᠪᠤᠳ ᠤᠨ ᠬᠢᠷᠢ ᠲᠦᠪᠰᠢᠨ ᠤ ᠬᠤᠪᠢᠷᠠᠯᠲᠠ ᠶᠢᠨ ᠪᠠᠶᠢᠳᠠᠯ︔ ᠬᠤᠶᠠᠷ ᠲᠤ ᠡᠪᠡᠳᠴᠢᠯᠡᠬᠦ ᠨᠤᠷᠮ᠎ᠠ᠂ ᠬᠦᠨᠳᠦ ᠡᠪᠡᠳᠴᠢᠨ ᠳᠤ ᠨᠡᠷᠪᠡᠭᠳᠡᠬᠦ ᠨᠤᠷᠮ᠎ᠠ᠂ ᠡᠪᠡᠳᠴᠢᠨ ᠢᠶᠠᠷ ᠦᠬᠦᠬᠦ ᠨᠤᠷᠮ᠎ᠠ ᠶᠢᠨ ᠵᠥᠷᠢᠶ᠎ᠡ ᠵᠡᠷᠭᠡ ᠳᠤ ᠬᠤᠯᠪᠣᠭᠳᠠᠨ᠎ᠠ᠃      ᠰᠢᠶᠠᠩᠭᠠᠩ ᠤᠨ ᠡᠷᠡᠭᠦᠯ ᠬᠠᠮᠠᠭᠠᠯᠠᠯ ᠤᠨ ᠵᠠᠬᠢᠷᠭ᠎ᠠ ᠶᠢᠨ 5 ᠳ᠋ᠤᠭᠠᠷ ᠰᠠᠷ᠎ᠠ ᠶᠢᠨ 5 ᠤ ᠡᠳᠦᠷ ᠨᠡᠶᠢᠲᠡᠯᠡᠭᠰᠡᠨ ᠮᠡᠳᠡᠭᠡ ᠵᠠᠩᠭᠢ ᠶᠢ ᠦᠨᠳᠦᠰᠦᠯᠡᠪᠡᠯ᠂ ᠰᠢᠶᠠᠩᠭᠠᠩ ᠳᠤ ᠸᠠᠺᠼᠢᠨ ᠤ ᠲᠠᠷᠢᠯᠭ᠎ᠠ ᠬᠢᠭᠰᠡᠨ ᠦᠭᠡᠢ 70 ︱ 79 ᠨᠠᠰᠤᠨ ᠤ ᠬᠤᠭᠤᠷᠣᠨᠳᠤᠬᠢ ᠨᠠᠰᠤᠲᠠᠶᠢᠴᠤᠳ ᠤᠨ ᠳᠣᠲᠣᠷ᠎ᠠ ᠡᠪᠡᠳᠴᠢᠨ ᠢᠶᠠᠷ ᠦᠬᠦᠭᠰᠡᠨ ᠨᠣᠷᠮ᠎ᠠ ᠨᠢ 5.55% ᠪᠠᠶᠢᠵᠤ᠂ ᠬᠤᠶᠠᠷ ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠡᠪᠡᠳᠴᠢᠨ ᠢᠶᠠᠷ ᠦᠬᠦᠭᠰᠡᠨ ᠨᠣᠷᠮ᠎ᠠ ᠨᠢ 0.59% ᠪᠠᠶᠢᠵᠤ᠂ ᠭᠤᠷᠪᠠᠨ ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠡᠪᠡᠳᠴᠢᠨ ᠢᠶᠠᠷ ᠦᠬᠦᠭᠰᠡᠨ ᠨᠣᠷᠮ᠎ᠠ ᠨᠢ 0.16% ᠪᠠᠶᠢᠪᠠ᠃ ᠥᠭᠡᠷ᠎ᠡ ᠪᠠᠷ ᠬᠡᠯᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ 70 ︱ 79 ᠨᠠᠰᠤᠨ ᠤ ᠬᠤᠭᠤᠷᠣᠨᠳᠤᠬᠢ ᠨᠠᠰᠤᠲᠠᠶᠢᠴᠤᠳ ᠤᠨ ᠡᠪᠡᠳᠴᠢᠨ ᠢᠶᠠᠷ ᠦᠬᠦᠬᠦ ᠨᠣᠷᠮ᠎ᠠ ᠨᠢ ᠲᠣᠰ ᠲᠣᠰ ᠬᠤᠶᠠᠷ ᠤᠳᠠᠭ᠎ᠠ᠂ ᠭᠤᠷᠪᠠᠨ ᠤᠳᠠᠭ᠎ᠠ ᠲᠠᠷᠢᠯᠭ᠎ᠠ ᠬᠢᠭᠰᠡᠨ ᠲᠣᠰ ᠨᠠᠰᠤᠨ ᠤ ᠬᠥᠮᠥᠰ ᠤᠨ 9 ᠳᠠᠬᠢᠨ ᠪᠠ 34 ᠳᠠᠬᠢᠨ ᠪᠣᠯᠣᠨ᠎ᠠ᠃      ᠤᠮᠢᠺᠷᠤᠨ ᠳᠡᠯᠭᠡᠷᠡᠭᠰᠡᠨ ᠬᠤᠭᠤᠴᠠᠭᠠᠨ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠭᠢᠷᠢᠨ ᠬᠤᠲᠠ ᠳᠤ ᠰᠤᠳᠤᠯᠤᠯᠲᠠ ᠬᠢᠭᠰᠡᠨ ᠦᠷ᠎ᠡ ᠳ᠋ᠦᠩ ᠢ ᠨᠢᠭᠡᠨᠲᠡ ᠨᠡᠶᠢᠲᠡᠯᠡᠪᠡ᠃ 60 ᠨᠠᠰᠤᠨ ᠠᠴᠠ ᠳᠡᠭᠡᠭᠰᠢᠬᠢ ᠬᠥᠮᠥᠰ ᠤᠨ ᠳᠣᠲᠣᠷ᠎ᠠ᠂ ᠸᠠᠺᠼᠢᠨ ᠤ ᠲᠠᠷᠢᠯᠭ᠎ᠠ ᠬᠢᠭᠰᠡᠨ ᠦᠭᠡᠢ ᠪᠠ ᠨᠢᠭᠡ ᠯᠡ ᠤᠳᠠᠭ᠎ᠠ ᠢᠳᠡᠪᠬᠢ ᠦᠭᠡᠶᠢᠳᠡᠭᠦᠯᠬᠦ ᠸᠠᠺᠼᠢᠨ ᠤ ᠲᠠᠷᠢᠯᠭ᠎ᠠ ᠬᠢᠭᠰᠡᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠨᠢ ᠬᠤᠶᠠᠷ ᠤᠳᠠᠭ᠎ᠠ᠂ ᠭᠤᠷᠪᠠ ᠤᠳᠠᠭ᠎ᠠ ᠸᠠᠺᠼᠢᠨ ᠤ ᠲᠠᠷᠢᠯᠭ᠎ᠠ ᠬᠢᠭᠰᠡᠳ ᠤᠨ ᠬᠦᠨᠳᠦ ᠡᠪᠡᠳᠴᠢᠨ ᠳᠤ ᠨᠡᠷᠪᠡᠭᠳᠡᠬᠦ ᠨᠣᠷᠮ᠎ᠠ ᠶᠢᠨ 20 ᠳᠠᠬᠢᠨ ᠠᠴᠠ ᠳᠡᠭᠡᠭᠰᠢ ᠪᠠᠶᠢᠳᠠᠭ᠃      ᠡᠲᠡᠭᠡᠷ ᠲᠤᠭ᠎ᠠ ᠪᠠᠷᠢᠮᠲᠠ ᠪᠠᠷ ᠳᠡᠮᠵᠢᠨ ᠪᠥᠬᠦ ᠶᠠᠪᠤᠴᠠ ᠳᠤ ᠸᠠᠺᠼᠢᠨ ᠤ ᠲᠠᠷᠢᠯᠭ᠎ᠠ ᠶᠢ ᠲᠠᠷᠢᠬᠤ᠂ ᠴᠢᠩᠭᠠᠳᠬᠠᠬᠤ ᠲᠠᠷᠢᠯᠭ᠎ᠠ ᠶᠢ ᠲᠠᠷᠢᠬᠤ ᠨᠢ ᠬᠦᠨᠳᠦ ᠡᠪᠡᠳᠴᠢᠨ ᠪᠠ ᠡᠪᠡᠳᠴᠢᠨ ᠢᠶᠠᠷ ᠦᠬᠦᠬᠦ ᠶᠢ ᠤᠷᠢᠳᠴᠢᠯᠠᠨ ᠰᠡᠷᠭᠡᠶᠢᠯᠡᠬᠦ ᠳᠤ ᠴᠢᠭᠯᠡᠭᠦᠯᠦᠭᠰᠡᠨ ᠬᠠᠮᠠᠭᠠᠯᠠᠯᠲᠠ ᠶᠢᠨ ᠦᠷ᠎ᠡ ᠳ᠋ᠦᠩ ᠨᠢ ᠨᠠᠩ ᠰᠠᠶᠢᠨ ᠪᠣᠯᠬᠤ ᠶᠢ ᠮᠡᠳᠡᠵᠦ ᠪᠣᠯᠣᠨ᠎ᠠ᠃      ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠪᠠᠨ ᠰᠤᠯᠠᠳᠬᠠᠪᠠᠯ᠂ ᠣᠬᠤᠷ ᠬᠤᠭᠤᠴᠠᠭᠠᠨ ᠳᠤ ᠶᠡᠭᠡ ᠬᠡᠮᠵᠢᠶᠡᠨ ᠤ ᠬᠥᠮᠥᠰ ᠡᠪᠡᠳᠴᠢᠨ ᠳᠤ ᠬᠠᠯᠳᠠᠪᠤᠷᠢᠯᠠᠭᠳᠠᠨ᠎ᠠ      ᠤᠮᠢᠺᠷᠤᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠬᠤ ᠴᠢᠨᠠᠷ ᠨᠢ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ᠂ R0 ᠬᠡᠮᠵᠢᠭᠳᠡᠯ ᠨᠢ 9.5 ᠪᠠᠶᠢᠵᠤ᠂ ᠳ᠋ᠧᠯᠲᠨ ᠣᠨᠳᠣᠣᠰᠢᠭᠰᠠᠨ ᠸᠢᠷᠦ᠋ᠰ ᠤᠨ 2 ᠳᠠᠬᠢᠨ ᠪᠠᠶᠢᠳᠠᠭ᠂ ᠬᠠᠷᠢᠨ ᠦᠶ᠎ᠡ ᠶᠢᠨ ᠬᠤᠭᠤᠷᠣᠨᠳᠣᠬᠢ ᠵᠠᠢ ᠨᠢ ᠵᠥᠪᠬᠡᠨ 2.83 ᠡᠳᠦᠷ ᠪᠠᠶᠢᠵᠤ᠂ ᠲᠠᠷᠬᠠᠬᠤ ᠶᠠᠪᠤᠴᠠ ᠳᠤ ᠪᠠᠰᠠ ᠵᠣᠬᠢᠬᠤ ᠬᠠᠷᠢᠴᠠᠯ ᠤᠨ ᠬᠠᠯᠳᠠᠪᠤᠷᠢᠯᠠᠭᠰᠠᠳ ᠨᠢ ᠡᠪᠡᠳᠴᠢᠨ ᠤ ᠢᠯᠡᠷᠡᠯ ᠦᠭᠡᠢ ᠪᠠᠶᠢᠳᠠᠭ᠃ ᠡᠶᠢᠮᠦ ᠠᠴᠠ ᠲᠠᠷᠬᠠᠬᠤ ᠬᠤᠷᠳᠤᠴᠠ ᠨᠢ ᠲᠦᠷᠭᠡᠨ ᠮᠥᠷᠲᠡᠭᠡᠨ ᠠᠮᠠᠷᠬᠠᠨ ᠮᠡᠳᠡᠭᠳᠡᠬᠦ ᠦᠭᠡᠢ ᠪᠠᠶᠢᠵᠤ᠂ ᠰᠡᠷᠭᠡᠶᠢᠯᠡᠨ ᠡᠵᠡᠮᠳᠡᠬᠦ ᠬᠦᠴᠢᠷᠳᠡᠯ ᠢ ᠴᠦ ᠨᠡᠮᠡᠭᠳᠡᠭᠦᠯᠵᠡᠢ᠃      ᠭᠡᠪᠡᠴᠦ ᠪᠢᠳᠡ ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠤᠯᠠᠷᠠᠭᠤᠯᠪᠠᠯ᠂ ᠣᠬᠤᠷᠬᠠᠨ ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ ᠬᠥᠮᠥᠰ ᠡᠪᠡᠳᠴᠢᠨ ᠳᠤ ᠬᠠᠯᠳᠠᠪᠤᠷᠢᠯᠠᠭᠳᠠᠬᠤ ᠪᠣᠯᠣᠨ᠎ᠠ᠃ ᠮᠠᠨ ᠤ ᠤᠯᠤᠰ ᠤᠨ ᠬᠥᠮᠥᠨ ᠠᠮᠠ ᠶᠢᠨ ᠰᠠᠭᠤᠷᠢ ᠲᠤᠭ᠎ᠠ ᠶᠡᠭᠡ᠂ ᠨᠠᠰᠤᠵᠢᠭᠰᠠᠨ ᠬᠥᠮᠥᠨ ᠠᠮᠠ ᠤᠯᠠᠨ᠃ ᠨᠠᠰᠤᠲᠠᠶᠢᠴᠤᠳ ᠪᠠ ᠰᠠᠭᠤᠷᠢ ᠴᠢᠨᠠᠷᠲᠠᠢ ᠡᠪᠡᠳᠴᠢᠨ ᠡᠮᠭᠡᠭ ᠲᠠᠢ ᠬᠥᠮᠥᠰ ᠡᠪᠡᠳᠴᠢᠨ ᠳᠤ ᠬᠠᠯᠳᠠᠪᠤᠷᠢᠯᠠᠭᠳᠠᠪᠠᠯ ᠠᠮᠠᠷᠬᠠᠨ ᠬᠦᠨᠳᠦ ᠡᠪᠡᠳᠴᠢᠨ ᠪᠣᠯᠵᠤ ᠬᠥᠭᠵᠢᠨ᠎ᠡ᠂ ᠡᠭᠦᠨ ᠤ ᠳᠡᠭᠡᠷ᠎ᠡ ᠮᠠᠨ ᠤ ᠤᠯᠤᠰ ᠤᠨ ᠡᠮᠴᠢᠯᠡᠭᠡᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ᠂ ᠢᠯᠠᠩᠭᠤᠶ᠎ᠠ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠤᠳᠠ ᠬᠥᠳᠡᠭᠡ᠂ ᠣᠷᠣᠨ ᠪᠦᠰᠡ ᠶᠢᠨ ᠬᠤᠭᠤᠷᠣᠨᠳᠣᠬᠢ ᠲᠠᠷᠬᠠᠯᠲᠠ ᠲᠡᠩᠴᠡᠭᠦᠷᠢ ᠦᠭᠡᠢ ᠪᠠᠶᠢᠳᠠᠭ᠃ ᠬᠦᠨᠳᠦ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠢᠶᠠᠷ ᠵᠢᠱᠢᠶᠡᠯᠡᠪᠡᠯ᠂ ᠥᠨᠳᠥᠷ ᠬᠢᠷᠢ ᠲᠦᠪᠰᠢᠨ ᠪᠦᠬᠦᠢ ᠬᠦᠨᠳᠦ ᠡᠪᠡᠳᠴᠢᠨ ᠤ ᠡᠮᠴᠢᠯᠡᠭᠡᠨ ᠤ ᠪᠦᠯᠬᠦᠮ ᠪᠤᠶᠤ ᠬᠦᠨᠳᠦ ᠡᠪᠡᠳᠴᠢᠲᠡᠨ ᠤ ᠣᠷᠣ ᠶᠡᠷᠦ ᠨᠢ ᠲᠣᠮᠣ ᠡᠮᠨᠡᠯᠭᠡ ᠶᠢᠨ ᠬᠤᠷᠢᠶ᠎ᠠ ᠪᠠ ᠲᠣᠮᠣ ᠬᠤᠲᠠ ᠳᠤ ᠲᠥᠪᠯᠡᠷᠡᠵᠦ ᠪᠠᠶᠢᠳᠠᠭ᠃      ᠡᠶᠢᠮᠦ ᠠᠴᠠ ᠪᠢᠳᠡ ᠡᠷᠬᠡᠪᠰᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠨᠣᠯᠵᠢᠬᠤᠨ ᠢ ᠪᠠᠷᠢᠮᠲᠠᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠬᠢᠵᠦ ᠪᠠᠶᠢᠭᠠᠳ ᠶᠡᠭᠡ ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠵᠠᠶᠢᠯᠠᠰᠬᠢᠵᠦ᠂ ᠡᠭᠦᠨ ᠤ ᠤᠯᠠᠮ ᠠᠴᠠ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠹᠢᠽᠢᠺ ᠤᠨ ᠲᠤᠰᠠᠭᠠᠷᠯᠠᠯ ᠤᠨ ᠠᠷᠭ᠎ᠠ ᠠᠪᠴᠠᠯ ᠠᠪᠬᠤ ᠶᠢᠨ ᠬᠠᠮᠲᠤ ᠠᠮᠤᠷ ᠲᠦᠪᠰᠢᠨ ᠤ ᠨᠡᠪᠲᠡᠷᠡᠬᠦ ᠵᠠᠮ᠂ ᠠᠮᠢ ᠨᠠᠰᠤᠨ ᠤ ᠨᠡᠪᠲᠡᠷᠡᠬᠦ ᠵᠠᠮ ᠢ ᠰᠠᠶᠢᠲᠤᠷ ᠦᠯᠡᠳᠡᠭᠡᠬᠦ ᠬᠡᠷᠡᠭᠲᠡᠢ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠵᠠᠷᠢᠮ ᠪᠣᠭᠤᠮᠲᠠ ᠲᠣᠬᠢᠷᠠᠭᠤᠯᠬᠤ᠂ ᠣᠷᠣᠵᠤ ᠭᠠᠷᠬᠤ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠭᠠᠳᠠᠭᠰᠢ ᠯᠡᠪᠡᠷᠡᠬᠦ ᠶᠢ ᠰᠡᠷᠭᠡᠶᠢᠯᠡᠬᠦ ᠪᠠ ᠵᠠᠷᠢᠮ ᠬᠦᠮᠦᠰ ᠤᠨ ᠲᠦᠭᠰᠢᠭᠦᠷᠢᠲᠦ ᠣᠷᠣᠨ ᠳᠤ ᠣᠷᠣᠬᠤ ᠶᠢ ᠰᠡᠷᠭᠡᠶᠢᠯᠡᠵᠦ᠂ ᠥᠷᠭᠡᠨ ᠤᠯᠠᠨ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠬᠤ ᠳᠤ ᠲᠤᠶᠢᠯ ᠤᠨ ᠴᠢᠬᠤᠯᠠᠲᠠᠢ ᠶᠤᠮ᠃ ᠭᠡᠪᠡᠴᠦ ᠹᠢᠽᠢᠺ ᠤᠨ ᠲᠤᠰᠠᠭᠠᠷᠯᠠᠯ ᠤᠨ ᠠᠷᠭ᠎ᠠ ᠬᠡᠮᠵᠢᠶ᠎ᠡ ᠠᠪᠬᠤ ᠶᠢᠨ ᠬᠠᠮᠲᠤ᠂ ᠭᠠᠵᠠᠷ ᠵᠦᠢ ᠶᠢᠨ ᠣᠷᠴᠢᠨ ᠲᠣᠭᠤᠷᠢᠨ ᠲᠠᠢ ᠪᠠᠨ ᠤᠶᠠᠯᠳᠤᠭᠤᠯᠤᠨ ᠠᠮᠤᠷ ᠲᠦᠪᠰᠢᠨ ᠤ ᠨᠡᠪᠲᠡᠷᠡᠬᠦ ᠵᠠᠮ᠂ ᠠᠮᠢ ᠨᠠᠰᠤᠨ ᠤ ᠨᠡᠪᠲᠡᠷᠡᠬᠦ ᠵᠠᠮ ᠢ ᠰᠠᠶᠢᠲᠤᠷ ᠦᠯᠡᠳᠡᠭᠡᠵᠦ᠂ ᠲᠤᠰᠬᠠᠢ ᠬᠥᠮᠥᠨ ᠲᠣᠬᠢᠷᠠᠭᠤᠯᠤᠨ ᠵᠢᠵᠢᠭᠦᠷᠯᠡᠭᠦᠯᠵᠦ᠂ ᠣᠨᠢᠰᠤᠯᠠᠵᠤ ᠦᠭᠡᠢ᠂ ᠪᠢᠲᠡᠭᠦᠮᠵᠢᠯᠡᠬᠦ ᠦᠭᠡᠢ ᠪᠠᠶᠢᠵᠤ᠂ ᠪᠠᠴᠢᠮ ᠪᠠᠶᠢᠳᠠᠯ ᠭᠠᠷᠬᠤ ᠦᠶ᠎ᠡ ᠳᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠵᠡᠭᠡᠯᠢ ᠰᠢᠶᠠᠩ᠂ ᠨᠡᠶᠢᠭᠡᠮ ᠲᠣᠭᠤᠷᠢᠭ ︵ᠲᠣᠰᠬᠤᠨ︶ ᠨᠢ ᠪᠠᠰᠠ ᠪᠢᠲᠡᠭᠦᠮᠵᠢᠯᠡᠨ ᠡᠵᠡᠮᠳᠡᠬᠦ᠂ ᠬᠠᠮᠢᠶᠠᠷᠤᠨ ᠡᠵᠡᠮᠳᠡᠬᠦ ᠣᠷᠣᠨ ᠪᠦᠰᠡ ᠶᠢᠨ ᠳᠣᠲᠣᠷᠠᠬᠢ ᠭᠤᠣᠯᠳᠠᠯᠭ᠎ᠠ ᠲᠠᠢ ᠬᠥᠮᠥᠰ ᠤᠨ ᠰᠠᠭᠤᠷᠢ ᠲᠤᠭ᠎ᠠ ᠪᠣᠯᠣᠨ ᠲᠠᠷᠬᠠᠯᠲᠠ ᠶᠢᠨ ᠪᠠᠶᠢᠳᠠᠯ ᠢ ᠡᠵᠡᠮᠰᠢᠵᠦ᠂ ᠬᠠᠷᠢᠶᠠᠲᠤ ᠣᠷᠣᠨ ᠤ ᠳᠣᠲᠣᠷᠠᠬᠢ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠴᠢᠭᠯᠡᠯᠲᠦ ᠴᠢᠨᠠᠷᠲᠠᠢ ᠪᠠᠷ ᠲᠣᠭᠲᠠᠭᠠᠨ᠂ ᠬᠠᠷᠢᠯᠴᠠᠬᠤ ᠬᠥᠮᠥᠨ᠂ ᠬᠠᠷᠢᠯᠴᠠᠬᠤ ᠠᠷᠭ᠎ᠠ ᠮᠠᠶ᠋ᠢᠭ ᠢᠶᠠᠨ ᠰᠠᠨᠠᠭᠠᠴᠢᠯᠠᠭ᠎ᠠ ᠠᠴᠠ ᠪᠠᠨ ᠰᠠᠭᠤᠭᠠᠯᠢ ᠠᠷᠠᠳ ᠲᠤ ᠨᠡᠶᠢᠲᠡᠯᠡᠵᠦ᠂ ᠰᠠᠭᠤᠭᠠᠯᠢ ᠠᠷᠠᠳ ᠬᠡᠷᠪᠡ ᠪᠠᠴᠢᠮ ᠪᠠᠶᠢᠳᠠᠯ ᠳᠤ ᠲᠤᠯᠭᠠᠷᠠᠪᠠᠯ ᠠᠵᠢᠯᠲᠠᠨ ᠢ ᠡᠷᠢᠵᠦ ᠣᠯᠬᠤ᠂ ᠲᠦᠷᠭᠡᠨ ᠵᠠᠶᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠥᠮᠥᠰ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠳᠤ ᠣᠷᠤᠯᠴᠠᠬᠤ ᠳᠤ ᠪᠠᠨ ᠶᠠᠭᠤ ᠶᠢ ᠠᠩᠬᠠᠷᠪᠠᠯ ᠵᠣᠬᠢᠬᠤ ᠪᠣᠶ︖      ᠲᠤᠬᠠᠢ ᠶᠢᠨ ᠲᠠᠯᠠᠪᠤᠷ ᠲᠤ ᠦᠯᠢᠭᠡᠷ ᠠᠪᠬᠤ ᠠᠵᠢᠯ ᠢ ᠰᠠᠶᠢᠲᠤᠷ ᠬᠢᠬᠦ ᠳᠤ ᠤᠯᠠᠨ ᠨᠡᠶᠢᠲᠡ ᠶᠢᠨ ᠢᠳᠡᠪᠬᠢᠲᠡᠢ ᠬᠠᠮᠵᠢᠯᠴᠠᠭ᠎ᠠ ᠠᠴᠠ ᠰᠠᠯᠵᠤ ᠴᠢᠳᠠᠬᠤ ᠦᠭᠡᠢ᠃ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠥᠮᠥᠰ ᠠᠮᠠᠪᠴᠢ ᠵᠡᠭᠦᠵᠦ᠂ ᠪᠥᠭᠡᠮᠨᠡᠷᠡᠬᠦ ᠦᠭᠡᠢ᠂ ᠠᠮᠤᠷ ᠲᠦᠪᠰᠢᠨ ᠤ ᠵᠠᠢ ᠶᠢ ᠪᠠᠲᠤᠯᠠᠬᠤ ᠬᠡᠷᠡᠭᠲᠡᠢ᠃ ᠲᠤᠬᠠᠢ ᠶᠢᠨ ᠲᠠᠯᠠᠪᠤᠷ ᠤᠨ ᠠᠵᠢᠯᠲᠠᠨ ᠤ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠵᠤ᠂ ᠥᠯᠢᠭᠡᠷ ᠠᠪᠬᠤ ᠶᠠᠪᠤᠴᠠ ᠳᠤ ᠥᠯᠢᠭᠡᠷ ᠠᠪᠬᠤ ᠲᠠᠪᠴᠠᠩ ᠵᠢᠴᠢ ᠥᠯᠢᠭᠡᠷ ᠠᠪᠬᠤ ᠲᠠᠪᠴᠠᠩ ᠳᠡᠭᠡᠷᠡᠬᠢ ᠶᠠᠮᠠᠷᠪᠠ ᠡᠳ᠋ ᠪᠣᠳᠠᠰ ᠲᠤ ᠭᠠᠷ ᠬᠦᠷᠴᠦ ᠪᠣᠯᠬᠤ ᠦᠭᠡᠢ᠂ ᠥᠯᠢᠭᠡᠷ ᠠᠪᠴᠤ ᠪᠠᠷᠠᠭᠰᠠᠨ ᠤ ᠳᠠᠷᠠᠭ᠎ᠠ ᠳᠠᠷᠤᠢ ᠲᠦᠷᠭᠡᠨ ᠠᠮᠠᠪᠴᠢ ᠪᠠᠨ ᠵᠡᠭᠦᠵᠦ᠂ ᠲᠤᠬᠠᠢ ᠶᠢᠨ ᠲᠠᠯᠠᠪᠤᠷ ᠠᠴᠠ ᠲᠦᠷᠭᠡᠨ ᠵᠠᠶᠢᠯᠠᠨ᠎ᠠ᠃ ᠶᠡᠭᠡ ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠠᠵᠢᠯ ᠢ ᠰᠠᠶᠢᠲᠤᠷ ᠬᠢᠬᠦ ᠨᠢ ᠲᠡᠶᠢᠮᠦ ᠬᠢᠯᠪᠠᠷ ᠶᠠᠪᠤᠳᠠᠯ ᠪᠢᠰᠢ ᠶᠤᠮ᠂ ᠨᠠᠷᠢᠨ ᠨᠢᠭᠲᠠ ᠵᠣᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠱᠠᠭᠠᠷᠳᠠᠬᠤ ᠶᠢᠨ ᠬᠠᠮᠲᠤ ᠤᠯᠠᠨ ᠨᠡᠶᠢᠲᠡ ᠶᠢᠨ ᠮᠠᠰᠢ ᠰᠠᠶᠢᠨ ᠬᠠᠮᠵᠢᠯᠴᠠᠭ᠎ᠠ ᠶᠢ ᠱᠠᠭᠠᠷᠳᠠᠨ᠎ᠠ᠃      ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢ ᠬᠡᠷᠡᠭᠴᠡᠭᠡ ᠲᠠᠢ ᠦᠶ᠎ᠡ ᠳᠤ ᠲᠦᠷᠭᠡᠨ ᠬᠡᠷᠡᠭᠯᠡᠬᠦ ᠶᠢ ᠬᠡᠷᠬᠢᠨ ᠪᠠᠲᠤᠯᠠᠬᠤ ᠪᠣᠶ      ᠣᠳᠣᠬᠠᠨ ᠳᠤ ᠣᠯᠠᠩᠬᠢ ᠮᠤᠵᠢ ᠬᠤᠲᠠ ᠶᠢᠨ ᠬᠢᠨ ᠨᠢᠭᠡᠨᠲᠡ ᠱᠠᠭᠠᠷᠳᠠᠯᠭ᠎ᠠ ᠶᠣᠰᠣᠭᠠᠷ ᠵᠣᠬᠢᠬᠤ ᠲᠣᠭᠠᠨ ᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠭᠠᠷᠭᠠᠭᠰᠠᠨ ᠪᠥᠭᠡᠳ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠵᠣᠬᠢᠬᠤ ᠬᠡᠮᠵᠢᠶᠡᠨ ᠤ ᠡᠪᠡᠳᠴᠢᠨ ᠤ ᠣᠷᠣ ᠶᠢ ᠨᠥᠭᠡᠴᠡᠯᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ ᠡᠯ᠎ᠡ ᠮᠤᠵᠢ ᠶᠢᠨ ᠬᠢᠨ ᠬᠢᠵᠢᠭ ᠤᠨ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠢᠯᠠᠩᠭᠤᠶ᠎ᠠ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠪᠡᠯᠡᠳᠬᠡᠯ ᠲᠠᠢ ᠪᠠᠶᠢᠬᠤ ᠬᠡᠷᠡᠭᠲᠡᠢ ᠭᠡᠵᠦ ᠱᠠᠭᠠᠷᠳᠠᠵᠠᠢ᠃      ᠨᠢᠭᠡᠳᠦᠭᠡᠷ ᠲᠤ᠂ ᠡᠯ᠎ᠡ ᠮᠤᠵᠢ ᠶᠢᠨ ᠬᠢᠨ ᠲᠤᠰᠬᠠᠢ ᠣᠷᠣᠨ ᠤ ᠲᠡᠰ ᠤᠨ ᠬᠤᠳᠠ ᠪᠠᠷ ᠨᠢᠭᠡᠴᠢ ᠪᠣᠯᠭᠠᠵᠤ᠂ ᠡᠩ ᠤᠨ ᠦᠶ᠎ᠡ ᠪᠠ ᠬᠢᠵᠢᠭ ᠤᠨ ᠦᠶ᠎ᠡ ᠶᠢ ᠤᠶᠠᠯᠳᠤᠭᠤᠯᠬᠤ ᠵᠠᠷᠴᠢᠮ ᠢᠶᠠᠷ᠂ ᠵᠣᠬᠢᠬᠤ ᠲᠣᠭᠠᠨ ᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢ ᠬᠡᠪ ᠤᠨ ᠪᠠᠶᠢᠳᠠᠯ ᠢᠶᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠬᠤᠯᠪᠣᠭᠳᠠᠯ ᠪᠦᠬᠦᠢ ᠤᠰᠤ᠂ ᠴᠠᠬᠢᠯᠭᠠᠨ᠂ ᠵᠣᠷᠯᠣᠩ᠂ ᠰᠦᠷᠴᠢᠭᠦᠷ ᠤᠬᠢᠶᠠᠯᠭ᠎ᠠ᠂ ᠰᠠᠯᠬᠢ ᠨᠡᠪᠲᠡᠷᠡᠭᠦᠯᠬᠦ ᠵᠡᠷᠭᠡ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠥᠭᠡᠷᠡᠴᠢᠯᠡᠯᠲᠡ ᠶᠢ ᠤᠷᠢᠳᠴᠢᠯᠠᠨ ᠪᠣᠳᠠᠲᠠᠶᠢᠵᠢᠭᠤᠯᠬᠤ ᠬᠡᠷᠡᠭᠲᠡᠢ ᠭᠡᠵᠦ ᠤᠯᠠᠮ ᠴᠢᠨᠠᠭᠰᠢᠳᠠ ᠱᠠᠭᠠᠷᠳᠠᠪᠠ᠃      ᠬᠤᠶᠠᠳᠤᠭᠠᠷ ᠲᠤ᠂ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠪᠠ ᠡᠮᠴᠢᠯᠡᠭᠡᠨ ᠤ ᠲᠥᠬᠦᠭᠡᠷᠦᠮᠵᠢ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠬᠤ ᠬᠠᠷᠢᠴᠠᠯ ᠢᠶᠠᠷ ᠡᠮᠴᠢᠯᠡᠭᠡᠨ ᠤ ᠡᠩᠨᠡᠭᠡ ᠶᠢ ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠠᠪᠤᠷᠠᠨ ᠵᠠᠰᠠᠬᠤ ᠪᠠ ᠬᠠᠯᠳᠠᠪᠤᠷᠢᠯᠠᠯ ᠢ ᠡᠵᠡᠮᠳᠡᠬᠦ ᠵᠡᠷᠭᠡ ᠲᠠᠯ᠎ᠠ ᠶᠢᠨ ᠪᠣᠯᠪᠠᠰᠤᠷᠠᠯ ᠢ ᠰᠠᠶᠢᠲᠤᠷ ᠬᠢᠬᠦ ᠬᠡᠷᠡᠭᠲᠡᠢ᠃ ᠡᠭᠦᠨ ᠠᠴᠠ ᠭᠠᠳᠠᠨ᠎ᠠ ᠡᠪᠡᠳᠴᠢᠲᠡᠨ ᠤ ᠣᠷᠣ ᠶᠢᠨ ᠨᠢᠭᠡᠴᠢ᠂ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ᠂ ᠡᠮᠴᠢᠯᠡᠭᠡᠨ ᠤ ᠲᠣᠨᠤᠭ ᠲᠥᠬᠦᠭᠡᠷᠦᠮᠵᠢ ᠶᠢ ᠰᠠᠶᠢᠲᠤᠷ ᠨᠥᠭᠡᠴᠡᠯᠡᠬᠦ ᠶᠢᠨ ᠬᠠᠮᠲᠤ ᠡᠮᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠢ ᠰᠠᠶᠢᠲᠤᠷ ᠪᠠᠶᠢᠭᠤᠯᠵᠤ᠂ ᠬᠢᠵᠢᠭ ᠤᠨ ᠪᠠᠶᠢᠳᠠᠯ ᠭᠠᠷᠪᠠᠯ 24 ᠴᠠᠭ ᠤᠨ ᠳᠣᠲᠣᠷ᠎ᠠ ᠡᠲᠡᠭᠡᠷ ᠲᠣᠨᠤᠭ ᠲᠥᠬᠦᠭᠡᠷᠦᠮᠵᠢ ᠶᠢ ᠨᠢᠭᠡᠨᠲᠡ ᠪᠡᠯᠡᠳᠬᠡᠭᠰᠡᠨ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠣᠷᠣᠭᠤᠯᠵᠤ᠂ ᠡᠮᠨᠡᠯᠭᠡ ᠶᠢᠨ ᠠᠵᠢᠯᠲᠠᠨ ᠵᠢᠴᠢ ᠬᠠᠮᠢᠶ᠎ᠠ ᠪᠦᠬᠦᠢ ᠲᠣᠨᠤᠭ ᠲᠥᠬᠦᠭᠡᠷᠦᠮᠵᠢ ᠶᠢ ᠴᠦ ᠭᠦᠢᠴᠡᠳ ᠣᠷᠣᠭᠤᠯᠵᠤ ᠴᠢᠳᠠᠬᠤ ᠬᠡᠷᠡᠭᠲᠡᠢ ᠭᠡᠵᠦ ᠱᠠᠭᠠᠷᠳᠠᠪᠠ᠃      ᠭᠤᠷᠪᠠᠳᠤᠭᠠᠷ ᠲᠤ᠂ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠪᠠ ᠠᠵᠢᠯᠯᠠᠭᠠᠨ ᠢ ᠰᠠᠶᠢᠲᠤᠷ ᠪᠠᠲᠤᠯᠠᠵᠤ᠂ ᠡᠯ᠎ᠡ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠴᠢᠩᠭᠡᠯᠢᠭᠲᠦ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠵᠢᠴᠢ ᠪᠦᠲᠦᠭᠡᠨ ᠪᠠᠶᠢᠭᠤᠯᠤᠭᠰᠠᠨ ᠤ ᠳᠠᠷᠠᠭᠠᠬᠢ ᠬᠡᠪ ᠤᠨ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠪᠠᠲᠤᠯᠠᠵᠤ᠂ ᠬᠡᠷᠡᠭᠴᠡᠭᠡ ᠲᠠᠢ ᠦᠶ᠎ᠡ ᠳᠤ ᠨᠢᠭᠡ ᠡᠳᠦᠷ ᠤᠨ ᠳᠣᠲᠣᠷ᠎ᠠ᠂ ᠥᠭᠡᠷ᠎ᠡ ᠪᠠᠷ ᠬᠡᠯᠡᠪᠡᠯ 24 ᠴᠠᠭ ᠤᠨ ᠳᠣᠲᠣᠷ᠎ᠠ ᠴᠢᠩᠭᠡᠯᠢᠭᠲᠦ ᠡᠮᠨᠡᠯᠭᠡ ᠶᠢᠨ ᠬᠤᠷᠢᠶ᠎ᠠ ᠪᠣᠯᠭᠠᠨ ᠬᠤᠪᠢᠷᠠᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠡᠪᠡᠳᠴᠢᠲᠡᠨ ᠢ ᠠᠯᠢ ᠲᠦᠷᠭᠡᠨ ᠢᠶᠠᠷ ᠡᠮᠨᠡᠨ ᠵᠠᠰᠠᠵᠤ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠨ ᠠᠪᠴᠤ᠂ ᠵᠠᠰᠠᠪᠠᠰᠤ ᠵᠣᠬᠢᠬᠤ ᠶᠢ ᠨᠢ ᠪᠦᠬᠦᠨ ᠢ ᠵᠠᠰᠠᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号