︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/5/25
     ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠬᠢᠭᠡᠳ ᠬᠠᠷᠠᠯᠲᠠ ᠶᠢ ᠲᠣᠳᠣᠷᠬᠠᠶᠢᠯᠠᠵᠤ᠂ ᠣᠲᠣ ᠦᠶ᠎ᠡ ᠶᠢᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠪᠦᠷᠢᠯᠳᠦᠭᠦᠯᠬᠦ ᠶᠢ ᠠᠬᠢᠭᠤᠯᠵᠤ᠂ ᠨᠤᠲᠤᠭ ᠤᠨ ᠢᠳᠡᠰᠢᠨ  ᠨᠣᠭᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠪᠠ ᠪᠣᠬᠢᠷᠳᠤᠯ ᠦᠭᠡᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠣᠨᠴᠠᠭᠠᠶᠢᠯᠠᠨ ᠲᠣᠭᠲᠠᠭᠠᠪᠠ᠃      ᠨᠢᠭᠡ᠂ ᠶᠡᠷᠦᠩᠬᠡᠢ ᠰᠡᠳᠬᠢᠴᠡ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ  ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠪᠠᠷᠢᠮᠲᠠᠯᠠᠵᠤ᠂ ︽ᠴᠢᠨᠠᠷ ᠰᠠᠶᠢᠲᠠᠢ᠂ ᠥᠨᠳᠥᠷ  ᠭᠠᠷᠤᠯᠲᠠ ᠲᠠᠢ᠂ ᠥᠨᠳᠥᠷ ᠦᠷ᠎ᠡ ᠠᠰᠢᠭ ᠲᠠᠢ᠂ ᠠᠮᠢ ᠠᠬᠤᠢ ᠶᠢᠨ᠂ ᠠᠮᠤᠷ ᠲᠦᠪᠰᠢᠨ︾ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠠᠭᠤᠰᠤᠯᠴᠠᠨ ᠬᠥᠭᠵᠢᠬᠦ᠂ ᠪᠣᠬᠢᠷᠳᠤᠯ ᠦᠭᠡᠢ ᠪᠠᠷ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠪᠠᠷ ᠭᠤᠣᠯᠳᠠᠯᠭ᠎ᠠ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠶᠠᠰᠤ ᠴᠢᠨᠠᠷ᠂ ᠲᠥᠷᠥᠯ ᠲᠡᠮᠳᠡᠭᠲᠦ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠷᠠᠭᠤᠯᠵᠤ᠂ ᠴᠢᠨᠠᠷ ᠰᠠᠶᠢᠲᠠᠢ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃      ᠬᠤᠶᠠᠷ᠂ ᠲᠥᠯᠦᠪᠵᠢᠭᠦᠯᠭᠡ ᠶᠢᠨ ᠶᠡᠷᠦᠩᠬᠡᠢ ᠠᠭᠤᠯᠭ᠎ᠠ ᠵᠢᠴᠢ ᠭᠢᠯᠠᠰ ᠴᠡᠭ      ᠲᠣᠰ ᠲᠥᠯᠦᠪᠵᠢᠭᠦᠯᠭᠡ ᠶᠢᠨ ᠬᠦᠷᠢᠶ᠎ᠡ ᠬᠡᠪᠴᠢᠶ᠎ᠡ ᠨᠢ ᠬᠥᠬᠡᠬᠤᠲᠠ ᠶᠢᠨ ᠵᠠᠰᠠᠭ ᠵᠠᠬᠢᠷᠭᠠᠨ ᠤ  ᠬᠤᠪᠢᠶᠠᠷᠢ ᠶᠢᠨ ᠬᠦᠷᠢᠶ᠎ᠡ ᠬᠡᠪᠴᠢᠶ᠎ᠡ᠂ ᠲᠥᠯᠦᠪᠵᠢᠭᠦᠯᠭᠡ ᠶᠢᠨ ᠬᠤᠭᠤᠴᠠᠭ᠎ᠠ ᠨᠢ 2021 ︱ 2025 ᠣᠨ ᠪᠣᠯᠣᠨ᠎ᠠ᠂ ᠤᠯᠤᠰ᠂ ᠥᠪᠡᠷᠲᠡᠭᠡᠨ ᠵᠠᠰᠠᠬᠤ ᠣᠷᠣᠨ᠂ ᠮᠠᠨ ᠤ ᠬᠤᠲᠠ ᠶᠢᠨ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠵᠢᠴᠢ ᠣᠶᠢᠷ᠎ᠠ ᠶᠢᠨ 5 ᠵᠢᠯ ᠤᠨ ᠲᠤᠭ᠎ᠠ ᠪᠦᠷᠢᠳᠬᠡᠯ ᠤᠨ ᠣᠨ ᠤ ᠦᠢᠯᠡᠪᠦᠷᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠤᠭ᠎ᠠ ᠪᠦᠷᠢᠳᠬᠡᠯ ᠤᠨ ᠠᠯᠪᠠᠨ ᠮᠡᠳᠡᠭᠡ ᠵᠡᠷᠭᠡ 19 ᠵᠦᠢᠯ ᠤᠨ ᠪᠢᠴᠢᠭ ᠮᠠᠲ᠋ᠧᠷᠢᠶᠠᠯ ᠲᠥᠷᠥ ᠶᠢᠨ ᠪᠣᠳᠣᠯᠭ᠎ᠠ ᠪᠠ ᠮᠠᠲ᠋ᠧᠷᠢᠶᠠᠯ ᠲᠤᠭ᠎ᠠ ᠪᠠᠷᠢᠮᠲᠠ ᠪᠠᠷ ᠦᠨᠳᠦᠰᠦᠯᠡᠯ  ᠪᠣᠯᠭᠠᠪᠠ᠃ ᠲᠣᠰ ᠲᠥᠯᠦᠪᠵᠢᠭᠦᠯᠭᠡ ᠨᠢ ᠨᠡᠶᠢᠲᠡ 9 ᠪᠦᠯᠦᠭ ᠂ 37 ᠬᠡᠰᠡᠭ᠂ ᠪᠠᠷᠤᠭ 1.6 ᠲᠦᠮᠡᠨ ᠥᠰᠥᠭ ᠲᠠᠢ᠃      ᠨᠢᠭᠡᠳᠦᠭᠡᠷ ᠪᠦᠯᠦᠭ ᠨᠢ ᠲᠥᠯᠦᠪᠵᠢᠭᠦᠯᠭᠡ ᠶᠢᠨ ᠠᠬᠤᠢ ᠪᠠᠶᠢᠳᠠᠯ᠃  ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ᠂ ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠶᠢ ᠨᠠᠷᠢᠨ ᠲᠣᠳᠣᠷᠬᠠᠢ ᠥᠭᠦᠯᠡᠪᠡ᠃      ᠬᠤᠶᠠᠳᠤᠭᠠᠷ ᠪᠦᠯᠦᠭ ᠨᠢ ᠰᠠᠭᠤᠷᠢ ᠨᠥᠬᠦᠴᠡᠯ ᠤᠨ ᠵᠠᠳᠠᠯᠤᠯᠲᠠ᠂ ᠮᠠᠨ ᠤ ᠬᠤᠲᠠ ᠶᠢᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠲᠤᠯᠭᠠᠷᠠᠵᠤ ᠪᠠᠶᠢᠭ᠎ᠠ ᠠᠰᠠᠭᠤᠳᠠᠯ ᠵᠢᠴᠢ ᠣᠳᠣᠬᠠᠨ ᠤ ᠬᠥᠭᠵᠢᠯᠲᠡ ᠶᠢᠨ ᠠᠵᠠ ᠲᠣᠬᠢᠶᠠᠯ ᠢ ᠨᠠᠷᠢᠨ ᠵᠠᠳᠠᠯᠪᠠ᠃      ᠭᠤᠷᠪᠠᠳᠤᠭᠠᠷ ᠪᠦᠯᠦᠭ ᠨᠢ ᠶᠡᠷᠦᠩᠬᠡᠢ ᠰᠡᠳᠬᠢᠴᠡ ᠪᠠ ᠬᠠᠷᠠᠯᠲᠠ᠂ ᠮᠠᠨ ᠤ ᠬᠤᠲᠠ ᠶᠢᠨ ᠢᠳᠡᠰᠢᠨ  ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠬᠦ ᠳᠤ ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠭᠦᠯᠬᠦ ᠶᠡᠷᠦᠩᠬᠡᠢ ᠱᠠᠭᠠᠷᠳᠠᠯᠭ᠎ᠠ ᠶᠢ ᠵᠢᠷᠤᠮᠯᠠᠵᠤ᠂ ︽ᠴᠢᠨᠠᠷ ᠰᠠᠶᠢᠲᠠᠢ᠂ ᠥᠨᠳᠥᠷ  ᠭᠠᠷᠤᠯᠲᠠ ᠲᠠᠢ᠂ ᠥᠨᠳᠥᠷ ᠦᠷ᠎ᠡ ᠠᠰᠢᠭ ᠲᠠᠢ᠂ ᠠᠮᠢ ᠠᠬᠤᠢ ᠶᠢᠨ᠂ ᠠᠮᠤᠷ ᠲᠦᠪᠰᠢᠨ︾ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠣᠨᠤᠵᠢᠯᠬᠤᠨ ᠢᠶᠠᠷ ᠵᠣᠷᠢᠯᠲᠠ ᠪᠣᠯᠭᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠴᠡᠭᠡ  ᠶᠢ ᠨᠡᠩ ᠰᠠᠶᠢᠨ ᠬᠠᠩᠭᠠᠬᠤ ᠪᠠᠷ ᠭᠠᠷᠳᠠᠴᠠ ᠪᠣᠯᠭᠠᠵᠤ᠂ ᠪᠦᠬᠦ ᠣᠷᠣᠨ ᠤ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢᠨ ᠦᠯᠢᠭᠡᠷ ᠳᠠᠭᠤᠷᠢᠶᠠᠯ ᠢ ᠴᠤᠭᠴᠠᠯᠠᠬᠤ ᠪᠠᠷ ᠬᠠᠷᠠᠯᠲᠠ ᠪᠣᠯᠭᠠᠵᠤ᠂ 2025 ᠣᠨ ᠪᠣᠯᠬᠤ ᠳᠤ᠂ ᠪᠦᠬᠦ ᠬᠤᠲᠠ ᠶᠢᠨ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 15 ᠲᠦᠮᠡᠨ ᠮᠦ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠭᠠᠷᠤᠯᠲᠠ ᠶᠢᠨ ᠬᠡᠮᠵᠢᠶ᠎ᠡ ᠶᠢ 65 ᠲᠦᠮᠡᠨ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠨᠤᠲᠤᠭ ᠤᠨ ᠢᠳᠡᠰᠢᠨ ᠨᠣᠭᠤᠭ᠎ᠠ ᠶᠢᠨ ᠬᠠᠩᠭᠠᠯᠭ᠎ᠠ ᠵᠣᠨ ᠨᠠᠮᠤᠷ ᠤᠨ ᠤᠯᠠᠷᠢᠯ ᠤᠨ ᠢᠳᠡᠰᠢᠨ ᠨᠣᠭᠤᠭ᠎ᠠ ᠳᠤ ᠡᠵᠡᠯᠡᠬᠦ ᠬᠠᠷᠢᠴᠠᠯ 65% ᠬᠦᠷᠴᠦ᠂ ᠡᠪᠦᠯ ᠬᠠᠪᠤᠷ ᠤᠨ ᠤᠯᠠᠷᠢᠯ ᠤᠨ ᠢᠳᠡᠰᠢᠨ ᠨᠣᠭᠤᠭ᠎ᠠ ᠳᠤ ᠡᠵᠡᠯᠡᠬᠦ ᠬᠠᠷᠢᠴᠠᠯ 35% ᠬᠦᠷᠬᠦ ᠨᠡᠯᠢᠶᠡᠳ ᠥᠨᠳᠥᠷ ᠲᠠᠰ ᠳᠠᠪᠬᠤᠷᠭ᠎ᠠ ᠶᠢᠨ ᠬᠢᠷᠢ ᠬᠡᠮᠵᠢᠶ᠎ᠡ ᠶᠢ ᠪᠡᠶᠡᠯᠡᠭᠦᠯᠵᠦ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ  ᠳᠡᠭᠡᠭᠰᠢᠯᠡᠭᠦᠯᠦᠭᠰᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠢᠯᠡᠳᠲᠡ  ᠨᠡᠮᠡᠭᠳᠡᠭᠦᠯᠦᠭᠰᠡᠨ᠂ ᠪᠣᠬᠢᠷᠳᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠭᠰᠡᠨ᠂ ᠠᠵᠤ ᠦᠢᠯᠡᠰ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠠᠰᠤᠷᠠᠯᠲᠠ ᠦᠭᠡᠢ  ᠪᠣᠵᠠᠭᠠᠶᠢᠷᠠᠭᠤᠯᠤᠭᠰᠠᠨ ᠶᠡᠷᠦᠩᠬᠡᠢ ᠪᠠᠶᠢᠷᠢᠰᠢᠯ ᠢ ᠪᠦᠷᠢᠯᠳᠦᠭᠦᠯᠦᠨ᠎ᠡ ᠭᠡᠵᠦ ᠲᠣᠳᠤᠷᠬᠠᠶᠢᠯᠠᠪᠠ᠃      ᠳᠥᠷᠪᠡᠳᠦᠭᠡᠷ ᠪᠦᠯᠦᠭ ᠨᠢ ᠬᠥᠭᠵᠢᠯᠲᠡ ᠶᠢᠨ ᠪᠠᠶᠢᠷᠢᠰᠢᠭᠤᠯᠤᠯᠲᠠ᠂ ᠮᠠᠨ ᠤ ᠬᠤᠲᠠ ᠶᠢᠨ ᠢᠳᠡᠰᠢᠨ  ᠨᠣᠭᠤᠭ᠎ᠠ ᠶᠢᠨ ᠠᠵᠤ ᠦᠢᠯᠡᠰ ᠢ ︽ᠨᠢᠭᠡ ᠭᠤᠣᠯ ᠨᠢᠭᠡ ᠪᠦᠰᠡ ᠬᠤᠶᠠᠷ ᠵᠢᠭᠦᠷ︾ ᠤᠨ ᠶᠡᠷᠦᠩᠬᠡᠢ ᠰᠡᠳᠬᠢᠮᠵᠢ ᠪᠠᠷ ᠪᠠᠶᠢᠷᠢᠰᠢᠭᠤᠯᠬᠤ ᠶᠢ ᠲᠣᠳᠤᠷᠬᠠᠶᠢᠯᠠᠪᠠ᠃ ᠨᠢᠭᠡ ᠭᠤᠣᠯ ᠭᠡᠳᠡᠭ ᠨᠢ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠥᠢ ᠴᠢᠤᠸᠠᠨ ᠲᠣᠭᠤᠷᠢᠭ ᠢᠶᠠᠷ ᠭᠤᠣᠯ ᠪᠣᠯᠭᠠᠵᠤ᠂ ᠢᠳᠡᠰᠢᠨ ᠨᠣᠭᠤᠭ᠎ᠠ ᠶᠢᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠭᠤᠣᠯ ᠲᠣᠭᠤᠷᠢᠭ ᠢ ᠪᠠᠶᠢᠭᠤᠯᠤᠨ᠎ᠠ︔ ᠨᠢᠭᠡ ᠪᠦᠰᠡ ᠭᠡᠳᠡᠭ ᠨᠢ ᠲᠤᠬᠠᠶᠢᠯᠠᠪᠠᠯ ᠬᠥᠬᠡᠬᠤᠲᠠ ᠶᠢ ᠲᠣᠭᠤᠷᠢᠭᠰᠠᠨ ᠣᠲᠣ ᠦᠶ᠎ᠡ ᠶᠢᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠪᠦᠰᠡ ᠪᠣᠯᠣᠨ᠎ᠠ᠃ ᠲᠦᠮᠡᠳ ᠵᠡᠭᠦᠨ ᠬᠤᠰᠢᠭᠤ᠂  ᠬᠤᠷᠢᠨᠬᠡᠷ ᠰᠢᠶᠠᠨ᠂ ᠲᠣᠭᠲᠠᠬᠤ ᠰᠢᠶᠠᠨ᠂ ᠰᠢᠨ᠎ᠡ ᠬᠤᠲᠠ ᠲᠣᠭᠤᠷᠢᠭ᠂ ᠢᠦᠢ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠵᠡᠷᠭᠡ ᠪᠠᠷ ᠭᠤᠣᠯᠳᠠᠯᠭ᠎ᠠ ᠪᠣᠯᠭᠠᠵᠤ᠂ ᠪᠠᠷᠢᠮᠵᠢᠶᠠᠵᠢᠭᠤᠯᠤᠭᠰᠠᠨ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠢ ᠴᠤᠭᠴᠠᠯᠠᠨ᠎ᠠ᠂ ᠬᠤᠶᠠᠷ ᠵᠢᠭᠦᠷ ᠭᠡᠳᠡᠭ  ᠨᠢ ᠲᠤᠬᠠᠶᠢᠯᠠᠪᠠᠯ ᠮᠤᠨᠢ ᠠᠭᠤᠯᠠ ᠶᠢᠨ ᠡᠮᠦᠨ᠎ᠡ ᠬᠤᠷᠮᠣᠢ ᠶᠢᠨ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ ᠪᠠ ᠮᠤᠨᠢ ᠠᠭᠤᠯᠠ ᠶᠢᠨ ᠠᠷᠤ ᠬᠤᠷᠮᠣᠢ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠭ ᠪᠣᠯᠣᠨ᠎ᠠ᠃ ᠮᠤᠨᠢ ᠠᠭᠤᠯᠠ ᠶᠢᠨ ᠡᠮᠦᠨ᠎ᠡ ᠬᠤᠷᠮᠣᠢ ᠶᠢᠨ ᠪᠡᠯᠡᠳᠭᠡᠮᠵᠢᠳᠤ ᠢᠳᠡᠰᠢᠨ ᠨᠣᠭᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠤᠣᠯᠳᠠᠯᠭ᠎ᠠ ᠨᠢ ᠴᠢᠩ ᠱᠦᠢ ᠾᠧ ᠰᠢᠶᠠᠨ᠂  ᠬᠤᠷᠢᠨᠬᠡᠷ ᠰᠢᠶᠠᠨ ᠤ ᠡᠮᠦᠨ᠎ᠡ ᠬᠡᠰᠡᠭ ᠤᠨ ᠠᠭᠤᠯᠠᠷᠬᠠᠭ ᠣᠷᠣᠨ ᠳᠤ ᠤᠤᠯ ᠤᠨ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠦᠢᠯᠡᠳᠪᠦᠷᠢᠯᠡᠯ ᠤᠨ ᠬᠢᠷᠢ  ᠲᠥᠪᠰᠢᠨ ᠢ ᠥᠭᠡᠷᠡᠴᠢᠯᠡᠨ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠪᠡᠯᠡᠳᠭᠡᠮᠵᠢᠳᠤ ᠢᠳᠡᠰᠢᠨ  ᠨᠣᠭᠤᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠮᠣᠨᠢ ᠠᠭᠤᠯᠠ ᠶᠢᠨ ᠠᠷᠤ ᠬᠤᠷᠮᠣᠢ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠭ ᠲᠤ᠂ ᠦᠴᠦᠸᠠᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠵᠠᠳᠠᠭᠠᠢ ᠭᠠᠵᠠᠷ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠ ᠳᠡᠯᠭᠡᠷᠡᠭᠦᠯᠬᠦ ᠶᠢ ᠴᠢᠩᠭᠠᠳᠬᠠᠨ᠎ᠠ᠃ ᠲᠥᠯᠦᠪᠵᠢᠭᠦᠯᠭᠡ ᠳᠤ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠰᠠᠭᠤᠷᠢᠨ ᠭᠠᠵᠠᠷ᠂ ᠵᠠᠳᠠᠭᠠᠢ ᠭᠠᠵᠠᠷ ᠤᠨ ᠢᠳᠡᠰᠢᠨ ᠨᠣᠭᠤᠭ᠎ᠠ᠂ ᠪᠡᠯᠡᠳᠭᠡᠮᠵᠢᠳᠤ ᠢᠳᠡᠰᠢᠨ ᠨᠣᠭᠤᠭ᠎ᠠ᠂ ᠢᠳᠡᠭᠡᠨ ᠤ ᠮᠥᠭᠦ ᠶᠢᠨ ᠠᠵᠤ ᠦᠢᠯᠡᠰ᠂ ᠣᠲᠣ ᠦᠶ᠎ᠡ ᠶᠢᠨ ᠬᠤᠲᠠ ᠶᠢᠨ ᠲᠠᠷᠢᠶᠠᠯᠠᠩ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠠᠯ᠎ᠠ ᠪᠠᠷ ᠴᠥᠮ ᠪᠣᠳᠠᠲᠠᠢ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠲᠣᠳᠤᠷᠬᠠᠶᠢᠯᠠᠪᠠ᠃      ᠲᠠᠪᠤᠳᠤᠭᠠᠷ ᠪᠦᠯᠦᠭ ᠨᠢ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠬᠦ ᠂ ᠢᠳᠡᠰᠢᠨ ᠨᠣᠭᠤᠭ᠎ᠠ ᠶᠢᠨ ᠡᠷᠴᠢᠮᠵᠢᠭᠦᠯᠦᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠪᠠᠷᠢᠮᠵᠢᠠᠵᠢᠭᠰᠠᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ᠂  ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠶᠢᠨ ᠪᠠᠷᠢᠮᠵᠢᠠᠵᠢᠭᠰᠠᠨ ᠦᠢᠯᠡᠳᠪᠦᠷᠢᠯᠡᠯ ᠢ ᠴᠢᠩᠭᠠᠳᠬᠠᠬᠤ᠂ ᠢᠳᠡᠭᠡᠨ ᠤ ᠮᠦᠬᠦ ᠶᠢᠨ ᠠᠵᠤ ᠦᠢᠯᠡᠰ ᠢ ᠵᠣᠬᠢᠰᠲᠠᠢ ᠬᠥᠭᠵᠢᠭᠦᠯᠬᠦ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ᠵᠢᠷᠭᠤᠳᠤᠭᠠᠷ ᠪᠦᠯᠦᠭ ᠨᠢ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠃ ᠨᠢᠭᠡ ᠳᠤ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ᠂ ᠪᠣᠯᠪᠠᠰᠤᠷᠠᠭᠤᠯᠤᠯᠲᠠ᠂ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 2025 ᠣᠨ ᠪᠣᠯᠬᠤ ᠳᠤ ᠵᠢᠮᠢᠰ ᠢᠳᠡᠰᠢᠨ ᠨᠣᠭᠤᠭ᠎ᠠ ᠶᠢ ᠰᠢᠨ᠎ᠡ ᠰᠣᠷᠭᠤᠭ ᠢᠶᠠᠷ ᠬᠠᠳᠠᠭᠠᠯᠠᠬᠤ ᠬᠥᠯᠳᠡᠭᠡᠬᠦ ᠬᠥᠮᠥᠷᠭᠡ ᠶᠢ 30 ᠶᠢ ᠰᠢᠨ᠎ᠡ ᠪᠠᠷ ᠪᠠᠶᠢᠭᠤᠯᠤᠨ᠎ᠠ︔ ᠪᠥᠬᠦ ᠬᠤᠲᠠ ᠶᠢᠨ ᠢᠳᠡᠰᠢᠨ ᠨᠣᠭᠤᠭ᠎ᠠ ᠪᠣᠯᠪᠠᠰᠤᠷᠠᠭᠤᠯᠬᠤ ᠴᠢᠳᠠᠪᠤᠷᠢ ᠶᠢ 1 ᠲᠦᠮᠡᠨ ᠲᠣᠨ ᠬᠦᠷᠭᠡᠨ᠎ᠡ︔  ᠨᠤᠲᠤᠭ ᠤᠨ ᠭᠠᠷᠤᠯᠲᠠ ᠢᠳᠡᠰᠢᠨ ᠨᠣᠭᠤᠭ᠎ᠠ ᠶᠢ ᠰᠢᠭᠤᠳ ᠪᠣᠷᠣᠯᠠᠭᠤᠯᠬᠤ ᠲᠥᠪ ᠢ ᠪᠠᠶᠢᠭᠤᠯᠤᠨ᠎ᠠ︔ ᠪᠠᠰᠠ ᠬᠡᠳᠦᠨ ᠪᠠᠷᠢᠮᠵᠢᠶᠠᠵᠢᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ  ᠲᠦᠯᠦᠪᠵᠢᠬᠦᠯᠦᠨ ᠪᠠᠶᠢᠭᠤᠯᠤᠨ᠎ᠠ︔ ᠬᠤᠲᠠ ᠶᠢᠨ ᠳᠥᠷᠪᠡᠨ ᠲᠣᠭᠤᠷᠢᠭ ᠲᠤ ᠬᠥᠬᠡ ᠬᠤᠲᠠ ᠶᠢᠨ ᠠᠷᠠᠳ ᠲᠤ ᠠᠰᠢᠭ ᠬᠦᠷᠲᠡᠭᠡᠬᠦ ᠰᠢᠨ᠎ᠡ ᠰᠣᠷᠭᠤᠭ ᠢᠳᠡᠭᠡᠨ ᠤ ᠳᠡᠯᠭᠡᠭᠦᠷ ᠪᠠᠶᠢᠭᠤᠯᠤᠨ᠎ᠠ︔ ᠨᠤᠲᠤᠭ ᠤᠨ ᠢᠳᠡᠰᠢᠨ ᠨᠣᠭᠤᠭ᠎ᠠ ᠠᠷᠠᠯᠵᠢᠶᠠᠯᠠᠬᠤ ᠲᠤᠰᠬᠠᠢ ᠣᠷᠣᠨ ᠭᠠᠷᠭᠠᠵᠤ ᠨᠤᠲᠤᠭ ᠤᠨ ᠢᠳᠡᠰᠢᠨ ᠨᠣᠭᠤᠭ᠎ᠠ ᠪᠣᠷᠣᠯᠠᠭᠤᠯᠬᠤ ᠳᠤ ᠬᠡᠷᠡᠭᠯᠡᠨ᠎ᠡ︔ ᠬᠤᠳᠠ ᠶᠢᠨ ᠲᠦᠷᠪᠡᠨ ᠲᠣᠭᠤᠷᠢᠭ ᠲᠤ ᠢᠳᠡᠰᠢᠨ ᠨᠣᠭᠤᠭ᠎ᠠ ᠶᠢ ᠰᠢᠭᠤᠳ ᠪᠣᠷᠣᠯᠠᠭᠤᠯᠬᠤ ᠨᠢᠭᠡ ᠪᠦᠯᠦᠭ ᠲᠣᠣᠷ ᠴᠡᠭ ︵ᠡᠷᠲᠡ ᠶᠢᠨ ᠵᠠᠬ᠎ᠠ︶ ᠢ ᠵᠠᠭᠠᠭᠯᠠᠨ ᠲᠣᠭᠲᠠᠭᠠᠨ᠎ᠠ᠃ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠨᠢ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠪᠣᠷᠣᠯᠠᠭᠤᠯᠬᠤ ᠴᠡᠭ ᠯᠦᠭᠡ ᠣᠷᠳᠣ ᠬᠤᠭᠤᠴᠠᠭ᠎ᠠ ᠪᠠᠷ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠵᠣᠷᠢᠭᠵᠢᠭᠤᠯᠵᠤ᠂ ᠲᠣᠭᠲᠠᠪᠤᠷᠢᠲᠠᠢ ᠬᠠᠩᠭᠠᠨ ᠪᠣᠷᠤᠯᠠᠭᠤᠯᠭ᠎ᠠ ᠶᠢᠨ ᠬᠠᠮᠳᠤᠷᠠᠯᠴᠠᠭᠠᠨ ᠤ ᠠᠷᠭ᠎ᠠ ᠵᠠᠮ ᠢ ᠪᠣᠶ ᠪᠣᠯᠭᠠᠵᠤ᠂ ᠨᠤᠲᠤᠭ ᠤᠨ ᠢᠳᠡᠰᠢᠨ ᠨᠣᠭᠤᠭ᠎ᠠ ᠶᠢᠨ ᠪᠣᠷᠤᠯᠠᠭᠤᠯᠭ᠎ᠠ ᠶᠢ ᠳᠠᠶᠢᠴᠢᠯᠠᠨ᠂ ᠳᠤᠮᠳᠠᠬᠢ  ᠭᠤᠭᠴᠤᠭ᠎ᠠ ᠶᠢ ᠪᠠᠭᠠᠰᠬᠠᠵᠤ᠂ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ ᠢᠳᠡᠰᠢᠨ ᠨᠣᠭᠤᠭ᠎ᠠ ᠶᠢᠨ ᠦᠨ᠎ᠡ ᠬᠠᠩᠰᠢ ᠶᠢ ᠬᠢᠵᠠᠭᠠᠷᠯᠠᠨ ᠲᠤᠭᠲᠠᠪᠤᠷᠢᠳᠠᠢ ᠪᠠᠶᠢᠯᠭᠠᠨ᠎ᠠ᠃ ᠬᠤᠶᠠᠷ ᠲᠤ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠢ ᠪᠤᠵᠠᠭᠠᠶᠢᠷᠠᠭᠤᠯᠤᠨ ᠰᠢᠯᠢᠳᠡᠭᠵᠢᠭᠦᠯᠦᠨ᠎ᠡ᠃ ᠪᠥᠬᠦ ᠬᠤᠲᠠ ᠳᠤ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ 7 ᠶᠢ ᠪᠠᠶᠢᠭᠤᠯᠵᠤ᠂ ᠰᠡᠯᠡᠭᠦᠴᠡᠯ ᠤᠨ ᠲᠠᠷᠢᠶᠠᠴᠢᠨ ᠠᠶᠢᠯ ᠤᠨ ᠵᠤᠭᠠᠴᠠᠯ ᠢ 150 ᠡᠷᠦᠬᠡ ᠠᠴᠠ ᠳᠡᠭᠡᠭᠰᠢ ᠪᠣᠯᠭᠠᠵᠤ᠂ ᠬᠤᠰᠢᠭᠤ ᠰᠢᠶᠠᠨ ᠲᠣᠭᠤᠷᠢᠭ  ᠪᠣᠯᠭᠠᠨ ᠵᠢᠯ ᠪᠦᠷᠢ ᠨᠠᠭᠠᠲᠤ ᠵᠠᠬ᠎ᠠ ᠳᠠᠭᠠᠨ 1 ᠬᠡᠪᠴᠢᠶᠡᠵᠢᠯ ᠠᠴᠠ ᠳᠡᠭᠡᠭᠰᠢᠬᠢ  ᠰᠡᠯᠡᠭᠦᠴᠡᠯ ᠤᠨ ᠴᠡᠭ ᠢ ᠰᠢᠨ᠎ᠡ ᠪᠠᠷ ᠨᠡᠮᠡᠭᠳᠡᠭᠦᠯᠵᠦ᠂ ᠬᠤᠰᠢᠭᠤ ᠰᠢᠶᠠᠨ ᠲᠣᠭᠤᠷᠢᠭ ᠪᠦᠷᠢ ᠨᠢᠭᠡ ᠵᠤᠷᠪᠤᠰ ᠬᠤᠲᠠ ᠶᠢᠨ ᠲᠠᠷᠢᠶᠠᠯᠠᠩ ᠤᠨ ᠰᠡᠯᠡᠭᠦᠴᠡᠯ ᠵᠤᠭᠠᠴᠠᠯ ᠤᠨ ᠰᠣᠳᠣᠨ ᠵᠠᠮ ᠱᠤᠭᠤᠮ ᠢ ᠭᠤᠣᠯᠳᠠᠯᠭ᠎ᠠ ᠲᠠᠢ ᠪᠣᠶ ᠪᠣᠯᠭᠠᠨ ᠰᠢᠯᠢᠳᠡᠭᠵᠢᠭᠦᠯᠵᠦ᠂ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠠᠶᠢᠴᠢᠯᠠᠨ ᠳᠡᠭᠡᠭᠰᠢᠯᠡᠭᠦᠯᠦᠨ᠎ᠡ᠃      ᠳᠣᠯᠣᠳᠤᠭᠠᠷ ᠪᠦᠯᠦᠭ ᠨᠢ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠲᠤᠯᠭᠠᠭᠤᠷᠢᠯᠠᠬᠤ ᠰᠢᠰᠲ᠋ᠧᠮᠵᠢ ᠶᠢ ᠪᠦᠷᠢᠨᠰᠢᠭᠦᠯᠬᠦ᠃ ᠲᠥᠯᠦᠪᠵᠢᠭᠦᠯᠭᠡ ᠳᠤ ᠲᠣᠳᠤᠷᠬᠠᠢ ᠳᠤᠷᠠᠳᠤᠭᠰᠠᠨ ᠨᠢ ᠣᠷᠣᠨ ᠤ ᠳᠣᠲᠣᠷ᠎ᠠ ᠭᠠᠳᠠᠨᠠᠬᠢ ᠢᠳᠡᠰᠢᠨ ᠨᠣᠭᠤᠭ᠎ᠠ ᠶᠢᠨ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠮᠡᠷᠭᠡᠵᠢᠯ ᠤᠨ ᠬᠦᠴᠦᠨ ᠳᠤ ᠨᠢᠭᠲᠠ ᠲᠦᠰᠢᠭᠯᠡᠵᠦ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠲᠦᠬᠡᠮᠡᠯᠵᠢᠭᠦᠯᠦᠯᠲᠡ ᠳᠥᠷᠪᠡ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠣᠷᠣᠭᠤᠯᠤᠨ ᠠᠪᠴᠢᠷᠠᠵᠤ ᠳᠡᠯᠭᠡᠷᠡᠭᠦᠯᠬᠦ ᠵᠢᠱᠢᠶ᠎ᠡ ᠦᠵᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠬᠡᠷᠡᠭᠲᠡᠢ︔ ᠨᠤᠲᠤᠭ ᠪᠡᠯᠴᠢᠭᠡᠷ ᠤᠨ ᠰᠣᠳᠤᠯᠭᠠᠨ ᠤ ᠭᠠᠵᠠᠷ ᠤᠨ ᠰᠠᠭᠤᠷᠢᠨ ᠭᠠᠵᠠᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠮᠡᠷᠭᠡᠵᠢᠯ ᠤᠨ ᠵᠠᠭᠪᠤᠷ ᠤᠨ ᠲᠡᠷᠢᠭᠦᠨ ᠤ ᠣᠶᠤᠨᠲᠤ ᠬᠦᠯᠡᠮᠵᠢ  ᠶᠢ ᠪᠠᠶᠢᠭᠤᠯᠵᠤ ᠵᠢᠱᠢᠶ᠎ᠡ ᠦᠵᠡᠭᠦᠯᠦᠨ᠎ᠡ︔ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠰᠢᠨ᠎ᠡ ᠡᠭᠦᠯᠳᠡᠷ ᠢ ᠵᠢᠯ ᠪᠦᠷᠢ 20 ᠶᠢ ᠣᠷᠣᠭᠤᠯᠵᠤ ᠠᠪᠴᠢᠷᠠᠨ᠂ ᠵᠢᠱᠢᠶ᠎ᠡ  ᠦᠵᠡᠭᠦᠯᠵᠦ ᠳᠡᠯᠭᠡᠷᠡᠭᠦᠯᠦᠨ᠎ᠡ︔ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠢ 5᠂ ᠲᠠᠷᠢᠶᠠᠴᠢᠨ ᠤ ᠲᠤᠰᠬᠠᠢ  ᠬᠤᠷᠰᠢᠶᠠᠵᠢᠯ ᠢ 20 ᠶᠢ ᠰᠢᠨ᠎ᠡ ᠪᠠᠷ ᠪᠣᠶᠢᠵᠢᠭᠤᠯᠤᠨ᠎ᠠ︔ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠣᠯᠪᠠᠰᠤᠷᠠᠭᠤᠯᠤᠯ ᠢ 1000 ᠬᠥᠮᠥᠨ ᠤᠳᠠᠭ᠎ᠠ ᠬᠢᠨ᠎ᠡ︔ ᠢᠳᠡᠰᠢᠨ ᠨᠣᠭᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ︔  ᠴᠢᠨᠠᠷ ᠰᠠᠶᠢᠲᠠᠢ ᠪᠣᠬᠢᠷᠳᠤᠯ ᠦᠭᠡᠢ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠪᠠ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ ᠤᠬᠠᠭᠤᠯᠬᠤ ᠵᠡᠷᠭᠡ ᠴᠢᠬᠤᠯᠠ ᠠᠷᠭ᠎ᠠ ᠬᠡᠮᠵᠢᠶ᠎ᠡ ᠶᠢ ᠳᠡᠮᠵᠢᠨ᠎ᠡ᠃      ᠨᠠᠢᠮᠠᠳᠤᠭᠠᠷ ᠪᠦᠯᠦᠭ ᠨᠢ ᠣᠷᠴᠢᠨ ᠲᠣᠭᠤᠷᠢᠨ ᠤ ᠨᠥᠯᠥᠭᠡᠯᠡᠯ ᠤᠨ ᠬᠦᠴᠦᠨ ᠵᠦᠢᠯ ᠢ ᠵᠠᠳᠠᠯᠬᠤ᠃ ︽ᠠᠮᠢ ᠠᠬᠤᠢ ᠶᠢ ᠤᠷᠢᠳᠠᠪᠡᠷ ᠪᠣᠳᠤᠯᠬᠢᠯᠠᠵᠤ᠂ ᠪᠣᠬᠢᠷᠳᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠤ ᠶᠣᠰᠣᠭᠠᠷ᠂  ᠲᠦᠯᠦᠪᠵᠢᠭᠦᠯᠭᠡ ᠳᠤ ᠵᠠᠳᠠᠭᠠᠢ ᠭᠠᠵᠠᠷ ᠤᠨ ᠢᠳᠡᠰᠢᠨ ᠨᠣᠭᠤᠭ᠎ᠠ ᠳᠠᠷᠢᠬᠤ ᠳᠤ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ᠂ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠪᠡᠯᠡᠳᠭᠡᠮᠵᠢᠳᠤ ᠢᠳᠡᠰᠢᠨ ᠨᠣᠭᠤᠭ᠎ᠠ ᠳᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠ ᠠᠦ᠋ᠲ᠋ᠤᠴᠢᠯᠠᠭᠰᠠᠨ ᠳᠤᠰᠤᠯᠭᠠᠨ ᠤᠰᠤᠯᠠᠬᠤ ᠬᠤᠭᠤᠯᠠᠢ ᠪᠠᠷ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠤᠰᠤ ᠠᠷᠪᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ ᠢᠳᠡᠰᠢᠨ ᠨᠣᠭᠤᠭ᠎ᠠ ᠶᠢᠨ ᠲᠠᠷᠢᠮᠠᠯ ᠤᠨ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ ᠢᠳᠡᠰᠢᠨ ᠨᠣᠭᠤᠭ᠎ᠠ ᠶᠢᠨ ᠪᠣᠷᠳᠤᠭᠤᠷ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ᠂ ᠢᠳᠡᠰᠢᠨ ᠨᠣᠭᠤᠭ᠎ᠠ ᠳᠤ ᠪᠣᠷᠳᠤᠭᠤᠷ ᠪᠠᠭ᠎ᠠ ᠣᠷᠤᠭᠤᠯᠤᠨ ᠳᠠᠷᠢᠬᠤ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠦᠨ᠎ᠡ᠃ ᠡᠰᠢ ᠰᠦᠷᠡᠯ ᠳᠡᠭᠡᠷ᠎ᠡ ᠢᠳᠡᠰᠢᠨ ᠮᠥᠭᠦ ᠳᠠᠷᠢᠵᠤ ᠪᠣᠶᠢᠵᠢᠭᠤᠯᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠮᠠᠯ ᠤᠨ ᠡᠰᠢ ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ  ᠲᠦᠪᠰᠢᠨ ᠢ ᠳᠡᠭᠡᠭᠰᠢᠯᠡᠭᠦᠯᠦᠨ᠎ᠡ᠃      ᠶᠢᠰᠦᠳᠦᠭᠡᠷ ᠪᠦᠯᠦᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ᠂ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠠᠬᠢᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠬᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠪᠤᠨ ᠲᠠᠯ᠎ᠠ ᠪᠠᠷ ᠠᠵᠢᠯ ᠤᠨ ᠱᠠᠭᠠᠷᠳᠠᠯᠭ᠎ᠠ ᠳᠤᠷᠠᠳᠪᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ      ᠬᠠᠷᠢᠯᠴᠠᠬᠤ ᠬᠥᠮᠥᠨ᠄ ᠭᠦᠸᠧ ᠰᠢᠦᠢ᠂ ᠬᠠᠷᠢᠯᠴᠠᠬᠤ ᠤᠲᠠᠰᠤ᠄ 0471-4369535
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号