ᠦᠴᠤᠸᠠᠨ ᠰᠢᠶᠠᠨ ᠤ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ︽ᠦᠴᠤᠸᠠᠨ ᠰᠢᠶᠠᠨ ᠤ 2022 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭ᠎ᠠ ᠶᠢᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/5/5
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠭᠡᠷ᠄      ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠶᠠᠷ ᠱᠠᠲᠤᠨ ᠤ ᠤᠰᠤᠨ ᠠᠰᠢᠭᠯᠠᠯᠲᠠ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠭᠤᠤᠯ ᠮᠥᠷᠡᠨ ᠤ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ ᠪᠠᠶᠢᠭᠤᠯᠤᠯ ᠲᠣᠭᠲᠠᠴᠠ ᠶᠢᠨ ᠬᠠᠤᠯᠢ ᠪᠠᠷ ᠵᠠᠰᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠶᠢᠨ ᠱᠤᠭᠤᠮ ᠤᠨ ᠣᠷᠣᠨ ᠵᠠᠶ ᠶᠢ ᠬᠠᠮᠢᠶᠠᠷᠤᠨ ᠡᠵᠡᠮᠳᠡᠬᠦ ᠪᠠ ᠭᠤᠤᠯ ᠤᠨ ᠵᠠᠮ ᠠᠴᠠ ᠡᠯᠡᠰᠦ ᠮᠠᠯᠲᠠᠬᠤ ᠬᠠᠮᠢᠶᠠᠷᠤᠯᠲᠠ ᠶᠢ ᠴᠢᠩᠳᠠᠯᠠᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠳᠤᠷ᠎ᠠ ᠪᠠᠷ ᠢᠶᠠᠨ ᠢ ᠠᠷᠢᠯᠭᠠᠬᠤ︾ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠬᠤᠳᠠ ᠶᠢᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ 2022 ᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ ︵ᠳᠣᠷᠣᠭᠰᠢ ︽ᠬᠠᠪᠤᠷ ᠤᠨ ᠤᠯᠠᠷᠢᠯ︾ ᠤᠨ ᠠᠵᠢᠯᠯᠠᠭ᠎ᠠ ᠭᠡᠵᠦ ᠳᠥᠭᠦᠮᠴᠢᠯᠡᠨ᠎ᠡ︶᠃      ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠦᠴᠤᠸᠠᠨ ᠰᠢᠶᠠᠨ ᠤ 2022 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭᠠᠨ ᠤ ᠲᠥᠰᠦᠯ︾ ᠢ ᠣᠨᠴᠠᠭᠠᠶᠢᠯᠠᠨ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠠᠮᠢᠶ᠎ᠠ ᠪᠥᠬᠦᠶ ᠠᠵᠢᠯ ᠢ ᠱᠠᠯᠠᠪᠳᠠᠨ ᠥᠷᠨᠢᠭᠦᠯᠲᠦᠭᠡᠶ᠃ᠳᠠᠭᠠᠯᠳᠤᠭᠤᠯᠤᠯ᠄ ︽ᠦᠴᠤᠸᠠᠨ ᠰᠢᠶᠠᠨ ᠤ 2022 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︿ᠬᠠᠪᠤᠷ ᠤᠨ ᠤᠯᠠᠷᠢᠯ﹀ ᠤᠨ ᠠᠵᠢᠯᠯᠠᠭᠠᠨ ᠤ ᠲᠥᠰᠦᠯ︾                              ᠦᠴᠤᠸᠠᠨ ᠰᠢᠶᠠᠨ ᠤ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ                                2022 ᠣᠨ ᠤ 4 ᠰᠠᠷ᠎ᠠ ᠶᠢᠨ 1 ᠤ ᠡᠳᠦᠷ
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号