ᠬᠠᠷ᠎ᠠ ᠬᠤᠰᠢᠭᠤ ᠰᠢᠶᠠᠩ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/7
      ᠲᠥᠪ ᠤᠨ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠡᠯ᠎ᠡ ᠵᠦᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤᠮᠳᠠᠬᠢ ᠠᠵᠢᠯ ᠣᠯᠭᠤᠯᠲᠠ ᠶᠢᠨ ᠴᠢᠬᠤᠯᠠ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠬᠤ ᠶᠢᠨ ᠲᠤᠰᠠᠲᠠ᠂ ︽ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ 2022 ᠣᠨ ᠤ 5 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠬᠠᠷ᠎ᠠ ᠬᠤᠰᠢᠭᠤ ᠰᠢᠶᠠᠩ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠶᠢᠨ ᠬᠦᠴᠦᠨ ᠤ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠬᠤᠷᠠᠯ ᠬᠤᠷᠠᠯᠳᠤᠭᠤᠯᠵᠤ᠂ ᠰᠢᠶᠠᠩ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠡᠷᠭᠢᠯᠡᠵᠦ᠂ ᠠᠵᠢᠯ ᠣᠯᠭᠤᠯᠲᠠ ᠶᠢ ᠬᠤᠪᠢᠳᠠᠨ ᠬᠠᠮᠢᠶᠠᠷᠴᠤ ᠪᠠᠶᠢᠭ᠎ᠠ ᠰᠢᠶᠠᠩ ᠤᠨ ᠤᠳᠤᠷᠢᠳᠤᠯᠭ᠎ᠠ᠂ ᠰᠢᠶᠠᠩ ᠤᠨ ᠬᠥᠳᠡᠯᠮᠦᠷᠢ ᠶᠢᠨ ᠪᠠᠲᠤᠯᠠᠭ᠎ᠠ ᠶᠢᠨ ᠭᠠᠵᠠᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠬᠥᠳᠡᠯᠮᠦᠷᠢ ᠶᠢᠨ ᠲᠤᠰᠠᠯᠠᠭᠴᠢ ᠣᠷᠣᠯᠴᠠᠵᠠᠶ᠃
     ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠰᠢᠶᠠᠩ᠂ ᠲᠣᠰᠬᠤᠨ ᠤ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢᠨ ᠠᠵᠢᠯ ᠬᠥᠳᠡᠯᠮᠦᠷᠢ᠂ ᠣᠷᠣᠯᠭ᠎ᠠ ᠶᠢᠨ ᠲᠦᠪᠰᠢᠨ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ 5 ᠬᠥᠳᠡᠯᠦᠩᠭᠦᠶ ᠬᠢᠨᠠᠨ ᠬᠡᠮᠵᠢᠯᠲᠡ ᠶᠢᠨ ᠡᠬᠡ ᠲᠠᠩᠰᠠ ᠪᠠ ᠬᠥᠳᠡᠭᠡ ᠲᠣᠰᠬᠤᠨ ᠤ ᠵᠠᠰᠠᠯᠲᠠ᠂ ᠡᠵᠡᠩᠨᠡᠯᠲᠡ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠵᠡᠷᠭᠡ 7 ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠡᠬᠡ ᠲᠠᠩᠰᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠴᠠᠭᠠᠯᠲᠠ ᠬᠢᠨᠠᠨ ᠬᠡᠮᠵᠢᠯᠲᠡ ᠶᠢᠨ ᠬᠦᠰᠦᠨᠦᠭᠲᠦ ᠶᠢ ᠬᠥᠳᠡᠯᠦᠩᠭᠦᠶ ᠪᠠᠷ ᠲᠣᠬᠢᠷᠠᠭᠤᠯᠵᠤ᠂ 2022 ᠣᠨ ᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠦᠨᠡᠨ ᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠤᠮᠳᠠᠬᠢ ᠠᠵᠢᠯ ᠣᠯᠭᠤᠯᠲᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号