ᠬᠥᠬᠡᠬᠤᠲᠠ ᠶᠢᠨ 2022 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/5/9
     ︱ 2022 ᠣᠨ ᠤ 2 ᠳ᠋ᠤᠭᠠᠷ ᠰᠠᠷ᠎ᠠ ᠶᠢᠨ 10 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡᠲᠥᠯᠥᠭᠡᠯᠡᠭᠴᠢᠳ ᠠ᠋᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2021 ᠣᠨ ᠵᠢᠴᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ      2021 ᠣᠨ ᠳᠤ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3121.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.5% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 9.5% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 12.3% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 1104.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 228.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.4% ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 53026 ᠲᠥᠭᠦᠷᠢᠭ ᠪᠠ 22435 ᠲᠥᠭᠦᠷᠢᠭ ᠲᠤ ᠬᠦᠷᠴᠦ᠂ ᠲᠣᠰ ᠲᠣᠰ 6.5% ᠪᠠ 9.5% ᠨᠡᠮᠡᠭᠳᠡᠵᠦ᠂ ᠡᠯ᠎ᠡ ᠵᠦᠢᠯ ᠤᠨ  ᠭᠦᠢᠴᠡᠳᠬᠡᠯ ᠲᠤᠭ᠎ᠠ ᠴᠥᠮ ᠵᠢᠯ ᠤᠨ ᠡᠬᠢᠨ ᠤ ᠬᠠᠷᠠᠯᠲᠠ ᠶᠢ ᠳᠠᠪᠠᠭᠤᠯᠤᠨ ᠪᠡᠶᠡᠯᠡᠭᠦᠯᠪᠡ᠃      ︵ᠨᠢᠭᠡ︶ ᠠᠵᠤ ᠠᠬᠤᠢ ᠶᠢᠨ ᠪᠣᠳᠠᠲᠤ ᠬᠦᠴᠦᠨ ᠯᠠᠪᠳᠠᠭᠤᠨ ᠢᠶᠠᠷ ᠳᠠᠪᠰᠢᠪᠠ᠃ ᠠᠮᠤ ᠪᠤᠳᠠᠭᠠᠨ ᠤ ᠶᠡᠷᠦᠩᠬᠡᠢ ᠤᠨᠠᠯᠲᠠ 35.4 ᠳ᠋ᠦᠩᠰᠢᠭᠤᠷ ᠵᠢᠩ ᠳᠤ ᠬᠦᠷᠴᠦ᠂ ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ︔ ᠮᠠᠯ ᠤᠨ ᠲᠤᠭ᠎ᠠ ᠲᠣᠯᠣᠭᠠᠢ ᠨᠡᠶᠢᠲᠡ 328.5 ᠲᠦᠮᠡ ᠳᠤ ᠬᠦᠷᠴᠦ᠂ 4% ᠨᠡᠮᠡᠭᠳᠡᠪᠡ︔ 51.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ︔ ︽ᠬᠤᠶᠠᠷ ᠪᠦᠲᠦᠭᠡᠭᠳᠡᠬᠦᠨ ᠨᠢᠭᠡ ᠢᠯᠡᠷᠬᠡᠶᠢᠯᠡᠯ︾ ᠤᠨ ᠪᠦᠲᠦᠭᠡᠭᠳᠡᠬᠦᠨ 23 ᠰᠢᠨ᠎ᠡ ᠪᠠᠷ ᠨᠡᠮᠡᠭᠳᠡᠵᠦ᠂ 17 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ︽ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠤ ᠭᠠᠷᠴᠠᠭ︾ ᠲᠤ ᠣᠷᠣᠵᠤ᠂ ︽ᠴᠡᠯᠡᠭᠡᠷ ᠲᠠᠯ᠎ᠠ ᠶᠢᠨ ᠦᠨᠦᠷ ᠠᠮᠲᠠ︾ ᠨᠢ ︽ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠪᠡᠯᠭᠡ ᠲᠡᠮᠳᠡᠭ ᠤᠨ ᠴᠢᠨᠠᠷᠲᠠᠢ ᠲᠦᠷᠦᠯ ᠲᠡᠮᠳᠡᠭᠲᠦ︾   ᠶᠢᠨ ᠢᠷᠠᠭᠤ ᠠᠯᠳᠠᠷ ᠢ ᠭᠥᠷᠳᠡᠪᠡ᠃ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ︽ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ︾ ︽ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠵᠡᠷᠭᠡ ᠶᠢ ᠲᠣᠭᠲᠠᠭᠠᠨ ᠨᠡᠶᠢᠲᠡᠯᠡᠪᠡ︔ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠦᠭᠦᠬᠡᠢ ᠰᠦ ᠶᠢᠨ ᠦᠢᠯᠡᠳᠪᠦᠷᠢ᠂ ᠵᠧᠩ ᠳ᠋ᠡ ᠪᠦᠯᠦᠭᠯᠡᠯ ᠤᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠲᠤᠰ ᠵᠢᠯ ᠳᠡᠭᠡᠨ ᠠᠵᠢᠯ ᠢᠶᠠᠨ ᠡᠬᠢᠯᠡᠭᠦᠯᠵᠦ᠂ ᠲᠤᠰ ᠵᠢᠯ ᠳᠡᠭᠡᠨ ᠠᠰᠢᠭᠯᠠᠯᠲᠠ ᠳᠤ ᠣᠷᠣᠪᠠ︔ ᠵᠥᠩ ᠬᠤᠸᠠᠨ ᠤ ᠲᠠᠪᠤᠳᠤᠭᠠᠷ ᠬᠤᠭᠤᠴᠠᠭ᠎ᠠ᠂ ᠬᠤᠸᠠ ᠶᠣᠣ ᠬᠡᠷᠡᠯ ᠴᠠᠬᠢᠯᠭᠠᠨ ᠤ ᠨᠢᠭᠡᠳᠦᠭᠡᠷ ᠬᠤᠭᠤᠴᠠᠭ᠎ᠠ᠂ ᠳ᠋ᠦᠩ ᠹᠠᠩ ᠬᠡᠲᠦ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠲᠡᠰ ᠠᠴᠠ ᠳᠠᠪᠠᠭᠰᠠᠨ ᠺᠤᠮᠫᠢᠥ᠋ᠲ᠋ᠧᠷ ᠤᠨ ᠨᠢᠭᠡᠳᠦᠭᠡᠷ ᠬᠤᠭᠤᠴᠠᠭ᠎ᠠ ᠵᠡᠷᠭᠡ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠳ᠋ᠠ ᠲᠠᠩ ᠤᠨ ᠵᠠᠭᠤᠨ ᠲᠦᠮᠡᠨ ᠤ ᠳᠡᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠳᠤᠮᠳᠠᠳᠤ ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ︔ ᠰᠢᠦᠢ ᠶᠠᠩ ᠵᠥᠩ ᠷᠠᠨ ᠤ 300 ᠲᠦᠮᠡᠨ ᠲᠣᠨ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠪᠠ︔ ᠵᠢᠦ ᠲᠠᠢ ᠶᠢᠨ100 ᠲᠦᠮᠡᠨ ᠲᠣᠨ ᠡᠲ᠋ᠠ ᠬᠤᠶᠠᠷᠴᠢ ᠠᠯᠺᠣᠣᠯ ᠤᠨ ᠲᠦᠷᠦᠯ ᠵᠦᠢᠯ ᠲᠤᠷᠰᠢᠨ ᠲᠣᠬᠢᠷᠠᠭᠤᠯᠬᠤ ᠱᠠᠲᠤᠨ ᠳᠤ ᠣᠷᠣᠪᠠ︔ ᠬᠥᠬᠡᠬᠤᠲᠠ ᠶᠢᠨ ᠤᠯᠤᠰ ᠤᠨ ᠳᠡᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠣᠯᠲᠠ ᠶᠢᠨ ᠴᠡᠭ ᠢ ᠵᠢᠩᠬᠢᠨᠢ ᠪᠠᠷ ᠨᠠᠪᠲᠠᠷᠡᠭᠦᠯᠵᠦ᠂ ᠤᠯᠤᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠡᠷᠬᠡᠶᠢᠯᠡᠯ ᠤᠨ ᠵᠠᠳᠠᠯᠤᠯᠲᠠ ᠶᠢᠨ ᠶᠡᠷᠦᠩᠬᠡᠶᠢᠯᠡᠭᠰᠡᠨ ᠬᠡᠯᠪᠡᠷᠢ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ ᠴᠡᠭ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ ᠢᠶᠠᠷ ᠵᠥᠪᠰᠢᠶᠡᠷᠡᠭᠳᠡᠵᠦ᠂ ᠪᠦᠬᠦ ᠤᠯᠤᠰ ᠤᠨ ᠠᠩᠬᠠᠨ ᠤ ᠪᠦᠯᠦᠭ ︽ᠮᠢᠩᠭᠠᠨ ᠮᠧᠭ᠎ᠠ ᠶᠢᠨ ᠬᠤᠳᠠ︾ ᠪᠠᠷ ᠠᠮᠵᠢᠯᠲᠠ ᠲᠠᠢ ᠰᠣᠩᠭᠤᠭᠳᠠᠪᠠ᠃ ᠤᠮᠠᠷᠠᠲᠤ ᠬᠡᠰᠡᠭ ᠤᠨ ᠴᠡᠯᠡᠭᠡᠷ ᠲᠠᠯ᠎ᠠ᠂ ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ ᠠᠬᠢᠭᠤᠯᠵᠤ᠂ ᠬᠤᠸᠠ ᠢ ᠰᠢᠶᠦ᠋ᠩ ᠳ᠋ᠢ ᠴᠡᠯᠡᠭᠡᠷ ᠲᠠᠯ᠎ᠠ ᠶᠢᠨ ᠣᠳᠣᠨ ᠵᠦᠴᠦᠭᠡ ᠶᠢᠨ ᠲᠢᠶᠠᠲᠷ᠂ ᠮᠣᠷᠢᠨ ᠬᠤᠭᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠂ ᠴᠡᠯᠡᠭᠡᠷ ᠲᠠᠯ᠎ᠠ ᠶᠢᠨ ᠬᠠᠭᠤᠷᠠᠢ ᠭᠠᠵᠠᠷ ᠤᠨ ᠵᠢᠭᠤᠯᠴᠢᠯᠠᠯ ᠤᠨ ᠭᠡᠷ ᠲᠡᠷᠭᠡ ᠶᠢᠨ ᠪᠠᠭᠤᠴᠠ ᠵᠡᠷᠭᠡ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ︔ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ ᠠᠩᠬᠠᠨ ᠤ ᠲᠥᠯᠥᠪ ᠲᠠᠢ ᠪᠣᠯᠵᠤ᠂ ᠮᠠ ᠽᠥᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠢ ᠡᠬᠢᠯᠡᠨ ᠠᠵᠢᠯᠯᠠᠵᠤ᠂ ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ ᠰᠢᠨ᠎ᠡ ᠬᠠᠯᠠᠭᠤᠨ ᠥᠷᠨᠢᠯᠲᠡ ᠭᠠᠷᠪᠠ︔ ᠤᠰᠤᠨ ᠤ ᠡᠷᠭᠢ ᠶᠢᠨ ᠰᠡᠯᠡᠭᠦᠴᠡᠯ ᠤᠨ ᠵᠡᠭᠡᠯᠢ᠂ ᠸᠠᠩ ᠹᠦ᠋ ᠵᠢᠩ ᠤᠤᠯᠠᠢ᠂ ᠭᠠᠵᠠᠷ ᠳᠣᠣᠷᠠᠬᠢ ᠲᠡᠮᠦᠷ ᠵᠠᠮ ᠤᠨ ᠰᠦᠯᠵᠢᠶᠡᠨ ᠤ ᠣᠳᠣᠨ ᠵᠡᠭᠡᠯᠢ ᠵᠡᠷᠭᠡ ᠨᠢ ᠥᠷᠭᠡᠨ ᠤᠯᠠᠨ ᠲᠦᠮᠡᠨ ᠤ ᠰᠡᠯᠡᠭᠦᠴᠡᠯ ᠤᠨ ᠬᠡᠷᠡᠭᠯᠡᠭᠡᠨ ᠤ ᠰᠢᠨ᠎ᠡ ᠵᠤᠭᠠᠴᠠᠬᠤ ᠭᠠᠵᠠᠷ ᠪᠣᠯᠪᠠ︔ ᠪᠣᠭᠤᠮᠲᠠ ᠶᠢᠨ ᠬᠠᠭᠤᠴᠢᠨ ᠵᠡᠭᠡᠯᠢ ᠶᠢᠨ ᠲᠡᠦᠬᠡ ᠰᠣᠶᠣᠯ ᠤᠨ ᠵᠡᠭᠡᠯᠢ ᠲᠣᠭᠤᠷᠢᠭ ᠨᠢ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠯ ᠤᠨ ᠲᠣᠭᠤᠷᠢᠭ᠂ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠰᠣᠩᠭᠤᠭᠳᠠᠪᠠ︔ ᠢᠯᠢ ᠶᠢᠨ ᠰᠦ ᠶᠢᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠨᠢ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ︔ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ ᠨᠢ ᠤᠯᠤᠰ ᠤᠨ 4A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ︔ ᠶᠦᠨ ᠳ᠋ᠡ᠂ ᠵᠥᠩ ᠲᠦᠩ᠂ ᠶᠤᠸᠠᠨ ᠲᠦᠩ᠂ ᠵᠢᠦ ᠵᠧᠦ ᠲᠦᠩ ᠵᠡᠷᠭᠡ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠠᠩᠬᠠᠳᠠᠭᠴᠢ ︽ᠴᠢᠩ ᠴᠧᠩ ᠨᠡᠷᠡᠮᠵᠢᠲᠦ︾ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠨ ᠠᠵᠢᠯᠯᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠬᠤᠲᠠ ᠪᠠᠷ ᠵᠥᠪᠰᠢᠶᠡᠷᠡᠭᠳᠡᠪᠡ᠃      ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠰ ᠳᠠᠪᠰᠢᠵᠤ ᠳᠡᠭᠡᠭᠰᠢᠯᠡᠪᠡ᠃ ᠪᠦᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ 50 ᠳ᠋ᠦᠩᠰᠢᠭᠤᠷ ᠰᠢᠬᠠᠮ ᠲᠥᠭᠦᠷᠢᠭ ᠲᠤ ᠬᠦᠷᠪᠡ᠃ 2 ᠲᠥᠷᠥᠯ ᠵᠦᠢᠯ ᠳᠤ ︽ᠵᠠᠷᠯᠠᠯ ᠭᠥᠯᠢᠶᠡᠨ ᠬᠤᠰᠢᠭᠤᠷᠠᠨ ᠠᠵᠢᠯᠯᠠᠵᠤ︾᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠵᠦᠢᠯ ᠢ 22 ᠬᠡᠷᠡᠭᠵᠢᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷᠳᠡᠭ ᠲᠤ ᠡᠵᠡᠯᠡᠬᠦ ᠬᠤᠪᠢ ᠶᠢᠨ ᠵᠢᠩ ᠨᠢ ᠲᠦᠷᠦᠭᠦᠦ ᠵᠢᠯ 18. 9% ᠪᠠᠶᠢᠭᠰᠠᠨ ᠠᠴᠠ ᠪᠠᠨ 28.1% ᠬᠦᠷᠪᠡ᠃ ᠴᠢᠨᠠᠷ ᠰᠠᠶᠢᠲᠠᠢ ᠴᠠᠷᠭᠠᠰᠤ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢᠨ 6 ᠵᠦᠢᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠳᠠᠩᠰᠠᠯᠠᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠴᠣᠬᠤᠯᠠᠪᠤᠷᠢ ᠶᠢ ᠣᠯᠪᠠ᠃ ᠠᠺᠠᠳᠧᠮᠢᠴᠢ ᠶᠢᠨ ᠠᠵᠢᠯ ᠤᠨ ᠦᠷᠳᠡᠭᠡ 1᠂ ᠰᠤᠳᠤᠯᠤᠨ ᠨᠡᠭᠡᠭᠡᠬᠦ ᠪᠠᠶᠢᠭᠤᠯᠤᠮᠵᠢ 53᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 27 ᠶᠢ ᠰᠢᠨ᠎ᠡ ᠪᠠᠷ ᠨᠡᠮᠡᠪᠡ︔ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ᠂ ᠤᠯᠤᠰ ᠤᠨ ᠡᠭᠦᠳᠦᠯᠲᠡ ᠶᠢᠨ ᠨᠡᠶᠢᠭᠡᠮᠯᠢᠭ ᠤᠨ ᠠᠯᠳᠠᠨ ᠱᠠᠩᠨᠠᠯ ᠢ ᠲᠤᠰ ᠪᠦᠷᠢ 1 ᠬᠦᠷᠲᠡᠪᠡ᠃ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠥᠬᠦ ᠤᠯᠤᠰ ᠲᠤ 10 ᠨᠡᠷᠡᠰ ᠳᠡᠪᠰᠢᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠲᠠᠢ ᠬᠠᠮᠲᠤᠷᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠫᠠᠶᠢᠰᠠ ᠡᠯᠭᠦᠨ ᠪᠠᠶᠢᠭᠤᠯᠤᠭᠳᠠᠵᠤ᠂ ᠠᠮᠵᠢᠯᠲᠠ ᠲᠠᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠬᠤᠲᠠ ᠪᠠᠷ ᠰᠣᠩᠭᠤᠭᠳᠠᠪᠠ᠃ ︽ᠴᠢᠳᠠᠪᠤᠷᠢᠲᠠᠨ ᠢ ᠲᠠᠲᠠᠬᠤ 10 ᠵᠤᠷᠪᠤᠰ ᠲᠦᠷᠦ ᠶᠢᠨ ᠪᠣᠳᠣᠯᠭ᠎ᠠ︾ ᠶᠢ ᠲᠣᠭᠲᠠᠭᠠᠨ ᠨᠡᠶᠢᠲᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠬᠥᠳᠡᠯᠭᠡᠭᠦᠷ ᠤᠨ ᠲᠥᠪ ᠢ ᠡᠬᠢᠯᠡᠨ ᠠᠵᠢᠯᠯᠠᠭᠤᠯᠪᠠ᠃ ᠶᠢᠦ ᠷᠠᠨ ᠮᠠᠯ ᠠᠵᠤ ᠠᠬᠤᠢ᠂ ᠳ᠋ᠠ ᠲᠠᠩ ᠡᠮ ᠤᠨ ᠦᠢᠯᠡᠰ᠂ ᠰᠢᠨᠬᠤᠸᠠ ᠪᠦᠯᠦᠭᠯᠡᠯ ᠲᠤᠰ ᠲᠤᠰ ᠰᠢᠶᠠᠩᠭᠠᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠪᠡᠭᠡᠵᠢᠩ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠱᠠᠩᠬᠠᠢ ᠶᠢᠨ ᠦᠨᠡᠲᠦ ᠲᠡᠮᠳᠡᠭᠲᠦ  ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠴᠤ᠂ 9 ᠵᠢᠯ ᠤᠨ ᠲᠤᠷᠰᠢ ᠣᠷᠣᠨ ᠨᠤᠲᠤᠭ ᠤᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠤᠭᠰᠠᠨ ᠦᠭᠡᠢ ᠲᠡᠦᠬᠡ ᠶᠢ ᠡᠴᠦᠰᠯᠡᠭᠦᠯᠪᠡ᠃      ︵ᠭᠤᠷᠪᠠ︶ ᠠᠮᠢ ᠠᠬᠤᠢ ᠶᠢᠨ ᠵᠠᠰᠠᠯᠲᠠ ᠬᠦᠴᠦᠲᠡᠢ ᠪᠥᠭᠡᠳ ᠪᠦᠲᠦᠮᠵᠢᠲᠡᠶ ᠪᠣᠯᠪᠠ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠵᠤ︾ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ 57 ᠲᠣᠰᠬᠤᠨ᠂ 6. 35 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠠᠭᠠᠷ ᠤᠨ ᠴᠡᠪᠡᠷᠴᠡ ᠰᠠᠶᠢᠨ ᠡᠳᠦᠷ ᠤᠨ ᠲᠤᠭ᠎ᠠ 318 ᠡᠳᠦᠷ ᠬᠦᠷᠴᠦ᠂ ᠲᠦᠷᠦᠭᠦᠦ ᠵᠢᠯ ᠤᠨ ᠬᠢ ᠠᠴᠠ 6.8 ᠵᠠᠭᠤᠨ ᠤ ᠴᠡᠭ ᠳᠡᠭᠡᠭᠰᠢᠯᠡᠵᠦ᠂ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ 4 ᠣᠷᠣᠨ ᠳᠡᠪᠰᠢᠪᠡ᠃      ᠪᠠᠨᠳᠢ ᠶᠢᠨ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠪᠠᠷᠢᠯᠭ᠎ᠠ ᠶᠢ ᠠᠰᠢᠭᠯᠠᠯᠲᠠ ᠳᠤ ᠣᠷᠣᠭᠤᠯᠵᠤ᠂ ᠬᠤᠳᠠ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠳᠤ ︽ᠬᠥᠯᠦᠰᠢ ᠮᠠᠭᠤ ᠠᠴᠢᠶ᠎ᠠ ᠬᠦᠨᠳᠦ︾ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ 71 ︽ᠲᠠᠷᠠᠬᠠᠢ ᠪᠤᠲᠠᠷᠬᠠᠢ᠂ ᠡᠮᠬᠢ ᠵᠠᠮᠪᠠᠷᠠᠭ᠎ᠠ ᠦᠭᠡᠢ᠂ ᠪᠣᠬᠢᠷᠳᠤᠯ ᠲᠠᠢ︾ ᠠᠵᠤ ᠠᠬᠤᠶᠢᠯᠠᠯ ᠢ ᠬᠠᠭᠠᠵᠤ ᠵᠣᠭᠰᠣᠭᠠᠵᠤ ᠴᠡᠭᠴᠡᠯᠡᠨ ᠵᠠᠰᠠᠵᠤ᠂ ᠬᠢᠮᠢ ᠶᠢᠨ ᠪᠣᠷᠳᠣᠭᠤᠷ ᠪᠠ ᠲᠠᠷᠢᠶᠠᠨ ᠡᠮ ᠤᠨ ᠬᠡᠷᠡᠭᠯᠡᠯᠲᠡ ᠶᠢᠨ ᠬᠡᠮᠵᠢᠶ᠎ᠡ ᠲᠣᠰ ᠲᠣᠰ 3.4 7% ᠪᠠ 2% ᠪᠠᠭᠤᠷᠠᠵᠤ᠂ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠲᠣᠰ ᠲᠣᠰ 81%᠂ 91% ᠳᠤ ᠬᠥᠷᠪᠡ᠃ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠵᠦ᠂ ᠶᠡᠭᠡ ᠪᠠᠭ᠎ᠠ ᠲᠦᠷᠭᠡᠨ ᠭᠤᠣᠯ᠂ ᠬᠠᠷ᠎ᠠ ᠤᠰᠤ ᠨᠠᠭᠤᠷ᠂ ᠬᠠᠲᠤᠨ ᠭᠤᠣᠯ ᠤᠨ ᠰᠠᠶᠢᠷᠭᠠᠯ ᠤᠨ ᠣᠷᠣᠨ ᠵᠡᠷᠭᠡ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠪᠡ᠃ ᠪᠥᠬᠦ ᠣᠷᠣᠨ ᠳᠤ ᠡᠩ ᠲᠡᠷᠢᠭᠦᠨ ᠳᠤ ︽ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠪᠠᠶᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠵᠢᠴᠢ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ 43.7 ᠲᠦᠮᠡᠨ ᠮᠦ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠳᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ ᠥᠷᠢᠰᠦᠯᠳᠦᠬᠦ ᠬᠦᠴᠦᠨ ᠪᠦᠬᠦᠢ ᠬᠤᠲᠠ ︾ ᠶᠢᠨ ᠢᠷᠠᠭᠤ ᠠᠯᠳᠠᠷ ᠢ ᠭᠥᠷᠳᠡᠪᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠤᠯ 7.5% ᠠᠴᠠ ᠳᠡᠭᠡᠭᠰᠢ ᠪᠠᠭᠤᠷᠠᠵᠤ᠂ ᠪᠠᠷᠢᠮᠵᠢᠶ᠎ᠠ ᠨᠡᠭᠦᠷᠡᠰᠦ ᠶᠢ 30 ᠲᠦᠮᠡᠨ ᠲᠣᠨ ᠠᠴᠠ ᠳᠡᠭᠡᠭᠰᠢ ᠠᠷᠪᠢᠯᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠬᠠᠷᠠᠯᠲᠠᠲᠤ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃      ︵ᠳᠥᠷᠪᠡ︶ ᠬᠤᠲᠠ ᠶᠢᠨ ᠴᠢᠳᠠᠪᠬᠢ ᠲᠠᠰ ᠲᠠᠰᠤᠷᠠᠯᠲᠠ ᠦᠭᠡᠢ ᠳᠡᠭᠡᠭᠰᠢᠯᠡᠪᠡ᠃ ᠲᠡᠷᠢᠭᠦᠨ ᠤ ᠬᠤᠳᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠣᠨᠣᠯᠵᠢᠬᠤᠨ ᠲᠠᠢ ᠬᠠᠷᠭᠤᠭᠤᠯᠵᠤ᠂ ᠱᠠᠩᠬᠠᠢ ᠶᠢᠨ ᠬᠤᠸᠠ ᠳ᠋ᠦᠩ᠂ ᠬᠤᠳᠠ ᠶᠢᠨ ᠶᠠᠪᠤᠳᠠᠯ᠂ ᠴᠡᠴᠡᠷᠯᠢᠭ ᠵᠡᠷᠭᠡ 3 ᠶᠡᠭᠡ ᠤᠯᠤᠰ ᠤᠨ ᠳᠣᠲᠣᠭᠠᠳᠤ ᠶᠢᠨ ᠲᠡᠷᠢᠭᠦᠨ ᠲᠡᠰ ᠤᠨ ᠵᠢᠷᠤᠭ ᠲᠥᠯᠥᠪᠯᠡᠭᠡ ᠶᠢᠨ ᠪᠦᠯᠬᠦᠮ ᠢ ᠣᠷᠣᠭᠤᠯᠤᠨ ᠠᠪᠴᠢᠷᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ᠭᠤᠣᠯᠳᠠᠯᠭ᠎ᠠ ᠲᠠᠢ ᠬᠡᠰᠡᠭ ᠤᠨ ᠣᠷᠣᠨ ᠭᠤᠣᠯᠳᠠᠯᠭ᠎ᠠ ᠲᠠᠢ ᠵᠠᠩᠭᠢᠯᠠᠭ᠎ᠠ ᠶᠢᠨ ᠴᠡᠭ  ᠤᠨ ᠵᠢᠷᠤᠭ ᠲᠥᠯᠥᠪᠯᠡᠭᠡ ᠶᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠬᠤᠳᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠢᠷᠢ ᠲᠦᠪᠰᠢᠨ ᠪᠠ ᠬᠠᠲᠠᠭᠤ ᠬᠢᠵᠠᠭᠠᠷᠯᠠᠯ ᠢ ᠢᠯᠡᠳᠲᠡ ᠳᠡᠭᠡᠭᠰᠢᠯᠡᠭᠦᠯᠪᠡ᠃ 27 ᠵᠤᠷᠪᠤᠰ ᠬᠤᠳᠠ ᠶᠢᠨ ᠶᠠᠪᠤᠳᠠᠯ ᠤᠨ ᠵᠠᠮ᠂ 22 ᠵᠤᠷᠪᠤᠰ ᠲᠠᠰᠤᠷᠬᠠᠢ ᠵᠠᠮ ᠤᠷᠤᠭᠰᠢᠲᠠᠢ ᠲᠡᠷᠭᠡ ᠨᠡᠪᠲᠡᠷᠡᠵᠦ᠂ ᠣᠨᠴᠠᠭᠠᠶᠢᠯᠠᠨ ᠤᠯᠠᠨ ᠲᠦᠮᠡᠨ ᠤ ᠬᠦᠰᠡᠭᠡᠳ ᠤᠳᠠᠭᠰᠠᠨ ᠬᠢᠩᠭᠠᠨ ᠡᠮᠦᠨ᠎ᠡ ᠵᠠᠮ ᠤᠨ ᠲᠠᠰᠤᠷᠬᠠᠢ ᠵᠠᠮ ᠲᠡᠷᠭᠡ ᠨᠡᠪᠲᠡᠷᠡᠵᠦ᠂ ᠤᠯᠤᠰ ᠤᠨ ᠵᠠᠮ ᠤᠨ 209 ᠱᠤᠭᠤᠮ ᠤᠨ ᠲᠤᠭᠤᠷ ᠤᠨ ᠴᠡᠴᠡᠭ ᠰᠦᠢᠳᠬᠡᠯ ᠬᠤᠷᠢᠶᠠᠬᠤ ᠦᠷᠳᠡᠭᠡ ᠶᠢ ᠬᠦᠴᠦᠨ ᠦᠭᠡᠢ ᠪᠣᠯᠭᠠᠵᠤ᠂ ᠬᠤᠳᠠ ᠶᠢᠨ ᠲᠣᠭᠤᠷᠢᠭ ᠠᠴᠠ ᠡᠮᠦᠨᠡᠰᠢ ︽ᠶᠠᠪᠤᠬᠤ ᠳᠤ ᠬᠦᠴᠢᠷᠲᠡᠢ︾ ᠠᠰᠠᠭᠤᠳᠠᠯ ᠢ ᠲᠤᠶᠢᠯ ᠤᠨ ᠶᠡᠬᠡᠪᠡᠷ ᠨᠠᠮᠳᠠᠭᠤᠯᠪᠠ︔ ᠵᠤᠤ ᠤᠳᠠ ᠵᠢᠷᠢᠮ ᠬᠤᠷᠳᠤᠨ ᠤ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠶᠢᠨ ᠬᠠᠢ᠂ ᠶᠢᠨ ᠱᠧᠩ ᠬᠤᠷᠳᠤᠨ ᠤ ᠵᠠᠮ ᠤᠨ ᠬᠡᠰᠡᠭ ᠵᠠᠮ ᠲᠡᠷᠭᠡ ᠨᠡᠪᠲᠡᠷᠡᠵᠦ᠂ ᠭᠤᠣᠯ ᠬᠤᠲᠠ ᠶᠢᠨ ᠲᠣᠭᠤᠷᠢᠭ ᠤᠨ ᠲᠡᠷᠭᠡ ᠬᠥᠰᠬᠡ ᠶᠢᠨ ᠳᠤᠮᠳᠠᠴᠢ ᠴᠠᠭ ᠤᠨ ᠬᠤᠷᠳᠤᠴᠠ 6.7% ᠳᠡᠭᠡᠭᠰᠢᠯᠡᠪᠡ︔ 333 ᠬᠠᠭᠤᠴᠢᠨ ᠰᠠᠭᠤᠭᠠᠯᠢ ᠲᠣᠭᠤᠷᠢᠭ᠂ 466 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠵᠠᠰᠠᠵᠤ ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ 17 ᠢᠨᠵᠧᠨᠧᠷᠢᠩ ᠢ ᠡᠬᠢᠯᠡᠭᠦᠯᠪᠡ︔ ᠬᠤᠲᠠ ᠶᠢᠨ ᠲᠣᠭᠤᠷᠢᠭ ᠤᠨ 64 ᠺᠢᠯᠣᠮᠧᠲᠷ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ 36.4 ᠺᠢᠯᠣᠮᠧᠲᠷ ᠤᠨ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ 35 ᠲᠦᠮᠡᠨ ᠡᠷᠦᠬᠡ ᠶᠢᠨ ᠰᠢᠲᠠᠮᠠᠬᠠᠢ ᠬᠡᠢ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠬᠠᠷᠮᠠᠨ ᠴᠡᠴᠡᠷᠯᠢᠭ ᠪᠠ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ ᠢ 186 ᠪᠠᠶᠢᠭᠤᠯᠵᠤ᠂ ᠬᠤᠳᠠ ᠶᠢᠨ ᠨᠣᠭᠤᠭᠠᠨ ᠵᠠᠮ ᠢ 220 ᠺᠢᠯᠣᠮᠧᠲᠷ ᠪᠠᠶᠢᠭᠤᠯᠵᠤ ᠂ ᠪᠦᠬᠦ ᠤᠯᠤᠰ ᠤᠨ 36 ᠭᠤᠣᠯᠳᠠᠯᠭ᠎ᠠ ᠲᠠᠢ ᠬᠤᠳᠠ ᠶᠢᠨ ᠳᠣᠲᠣᠷ᠎ᠠ ᠨᠣᠭᠤᠭᠠᠷᠠᠭᠤᠯᠤᠯᠲᠠ ᠶᠢᠨ ᠴᠡᠪᠡᠷ ᠰᠠᠶᠢᠬᠠᠨ ᠢᠯᠡᠳᠬᠡᠮᠵᠢ ᠲᠤᠭ᠎ᠠ ᠪᠠᠷ 2 ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠵᠠᠷ ᠮᠡᠳᠡᠭᠡ᠂ ᠠᠳᠠᠯ ᠠᠬᠤᠢ᠂ ᠵᠠᠮ ᠬᠠᠷᠢᠯᠴᠠᠭ᠎ᠠ᠂ ᠣᠷᠴᠢᠨ ᠲᠣᠭᠤᠷᠢᠨ ᠤ ︽ᠳᠥᠷᠪᠡᠨ ᠶᠡᠭᠡ ᠶᠡᠷᠦᠩᠬᠡᠶᠢᠯᠡᠭᠰᠡᠨ ᠵᠠᠰᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠥᠷᠨᠢᠭᠦᠯᠵᠦ᠂ ᠡᠯ᠎ᠡ ᠲᠥᠷᠥᠯ ᠤᠨ ᠲᠣᠮᠣ ᠬᠡᠯᠪᠡᠷᠢ ᠶᠢᠨ ᠵᠠᠷ ᠮᠡᠳᠡᠭᠡᠨ ᠤ ᠫᠠᠶᠢᠰᠠ ᠢᠯᠡᠷᠬᠡᠶᠢᠯᠡᠯ ᠢ 1200 ᠭᠠᠷᠤᠢ ᠨᠤᠷᠠᠭᠠᠵᠤ᠂ ᠠᠳᠠᠯ ᠠᠬᠤᠢ ᠶᠢᠨ ᠬᠠᠮᠢᠶᠠᠷᠤᠯᠲᠠ ᠦᠭᠡᠢ 1346 ᠬᠤᠷᠢᠶᠠᠯᠠᠯ ᠳᠤ ᠠᠳᠠᠯ ᠠᠬᠤᠢ ᠶᠢᠨ ᠬᠠᠮᠢᠶᠠᠷᠤᠯᠲᠠ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠭᠰᠠᠨ ᠨᠢ ᠪᠥᠬᠦ ᠤᠯᠤᠰ ᠤᠨ 76 ᠲᠣᠮᠣ ᠳᠤᠮᠳᠠ ᠬᠤᠲᠠ ᠶᠢᠨ ᠲᠥᠷᠥᠯ ᠢᠯᠭᠠᠯ ᠤᠨ ᠳᠣᠲᠣᠷ᠎ᠠ 28 ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠶᠡᠭᠡ ᠲᠠᠷᠢᠬᠢ ᠲᠠᠰ ᠳᠡᠪᠰᠢᠭᠡᠳ 2.0 ᠬᠡᠪ ᠳᠤ ᠬᠦᠷᠴᠦ᠂ 9 ᠲᠣᠮᠣ ᠬᠡᠰᠡᠭ᠂ 132 ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠢ ᠬᠠᠮᠤᠷᠤᠭᠰᠠᠨ ︽ᠠᠢ ᠴᠢᠩ ᠴᠧᠩ︾ APP ᠶᠢ ᠠᠵᠢᠯᠯᠠᠭᠤᠯᠵᠤ ᠡᠬᠢᠯᠡᠪᠡ᠃ 2021 ᠬᠤᠲᠠ ᠶᠢᠨ ᠲᠣᠭᠠᠴᠢᠯᠠᠭᠰᠠᠨ ᠵᠠᠰᠠᠯᠲᠠ ᠶᠢᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ᠂ ᠬᠤᠲᠠ ᠶᠢᠨ ᠲᠤᠭᠠᠴᠢᠯᠠᠯᠲᠠ ᠲᠡᠰᠢ ᠬᠤᠪᠢᠷᠠᠭᠰᠠᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠣᠷᠣᠵᠤ᠂ 2021 ᠳᠤᠮᠳᠠᠳᠤ ᠤᠯᠤᠰ ᠤᠨ ᠳᠠᠭᠠᠭᠤᠯᠤᠭᠴᠢ ᠣᠶᠤᠨᠲᠤ ᠬᠤᠲᠠ ᠪᠠᠷ ᠦᠨᠡᠯᠡᠭᠳᠡᠪᠡ᠃      ︵ᠲᠠᠪᠤ︶ ᠬᠥᠳᠡᠭᠡ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ 5.73 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ 237 ᠠᠷᠠᠳ ᠢ ᠪᠠᠶᠠᠵᠢᠭᠤᠯᠬᠤ ᠲᠥᠷᠥᠯ ᠵᠦᠢᠯ᠂ 58 ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠪᠡ᠃ 178.3 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 290 ᠺᠢᠯᠣᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠰᠬᠤᠨ ᠳᠤ ᠵᠠᠭᠤᠨ ᠮᠧᠭ᠎ᠠ ᠥᠷᠭᠡᠨ ᠪᠦᠰᠡᠲᠦ ᠰᠦᠯᠵᠢᠶ᠎ᠡ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠪᠡ᠃ ︽ᠬᠠᠪᠤᠷ ᠵᠤᠨ ᠨᠠᠮᠤᠷ ᠡᠪᠦᠯ︾ ᠳᠥᠷᠪᠡᠨ ᠤᠯᠠᠷᠢᠯ ᠤᠨ ᠠᠶᠢᠯ ᠲᠣᠰᠬᠤᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ 6.3 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠠᠶᠢᠯ ᠲᠣᠰᠬᠤᠨ ᠤ ᠨᠣᠭᠤᠭᠠᠷᠠᠭᠤᠯᠤᠯᠲᠠ ᠶᠢᠨ ᠨᠣᠷᠮ᠎ᠠ ᠶᠢ 30%  ᠠᠴᠠ ᠳᠡᠭᠡᠭᠰᠢ ᠳᠤ ᠬᠦᠷᠦᠭᠦᠯᠪᠡ᠃ ᠬᠥᠳᠡᠭᠡ ᠲᠣᠰᠬᠤᠨ ᠤ ᠠᠷᠠᠳ ᠲᠤ ᠠᠰᠢᠭ ᠬᠦᠷᠲᠡᠭᠡᠬᠦ ᠡᠯ᠎ᠡ ᠲᠦᠷᠦᠯ ᠤᠨ ᠦᠵᠡᠭᠦᠯᠦᠯᠭᠡ ᠶᠢᠨ ᠲᠣᠭᠯᠠᠯᠲᠠ ᠶᠢ 6000 ᠭᠠᠷᠤᠢ ᠲᠠᠯᠠᠪᠠᠢ ᠤᠳᠠᠭ᠎ᠠ ᠡᠷᠬᠢᠯᠡᠪᠡ᠃ ᠴᠢᠩ ᠱᠦᠢ ᠾᠧ ᠰᠢᠶᠠᠨ ᠤ ᠵᠢᠦ ᠼᠠᠢ ᠵᠤᠸᠠᠩ ᠰᠢᠶᠠᠩ᠂ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ︽ᠪᠦᠬᠦ ᠤᠯᠤᠰ ᠤᠨ ᠨᠢᠭᠡ ᠲᠣᠰᠬᠤᠨ ᠨᠢᠭᠡ ᠪᠦᠲᠦᠭᠡᠭᠳᠡᠬᠦᠨ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾ ᠪᠠᠷ ᠰᠣᠩᠭᠤᠭᠳᠠᠵᠤ᠂ ᠬᠤᠷᠢᠨᠭᠡᠷ ᠰᠢᠶᠠᠨ ᠤ ᠵᠢᠶᠣᠣ ᠨᠢ ᠸᠠᠨ ᠲᠣᠰᠬᠤᠨ ︽ᠪᠦᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠢᠶᠠᠷ ᠰᠣᠩᠭᠤᠭᠳᠠᠪᠠ᠃      ︵ᠵᠢᠷᠭᠤᠭ᠎ᠠ︶ ᠬᠥᠭᠵᠢᠯᠲᠡ ᠶᠢᠨ ᠬᠥᠳᠡᠯᠭᠡᠭᠴᠢ ᠬᠦᠴᠦᠨ ᠦᠷᠭᠦᠯᠵᠢᠯᠡᠨ ᠴᠢᠩᠭᠠᠷᠠᠪᠠ᠃ ᠬᠤᠲᠠ ᠶᠢᠨ ᠲᠣᠰ ᠱᠠᠲᠤᠨ ᠤ 545 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠴᠠᠭ ᠢ ᠬᠠᠭᠠᠰ ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠰᠢᠨ᠎ᠡ ᠪᠠᠷ ᠠᠵᠤ ᠠᠬᠤᠶᠢᠯᠠᠯ ᠨᠡᠭᠡᠭᠡᠨ ᠡᠷᠬᠢᠯᠡᠬᠦ ᠳᠤ ᠪᠥᠬᠦ ᠶᠠᠪᠤᠴᠠ ᠳᠤ ︽ᠵᠠᠷᠤᠳᠠᠯ ᠦᠭᠡᠢ︾ ᠪᠠᠶᠢᠵᠤ᠂ ᠠᠵᠤ ᠠᠬᠤᠶᠢᠯᠠᠯ ᠤᠨ ᠳᠠᠭᠠᠭᠠᠴᠢᠯᠠᠯᠲᠠ ᠳᠤ ᠣᠷᠤᠯᠴᠠᠬᠤ ᠪᠥᠬᠦ ᠶᠠᠪᠤᠴᠠ ᠶᠢ ᠡᠯᠧᠺᠲᠷᠤᠨᠴᠢᠯᠠᠪᠡ︔ 291 ᠬᠤᠲᠠ ᠰᠢᠯᠭᠠᠷᠠᠭᠤᠯᠤᠯᠲᠠ ᠳᠤ ᠣᠷᠣᠯᠴᠠᠭᠰᠠᠨ 2021 ᠳᠤᠮᠳᠠᠳᠤ ᠤᠯᠤᠰ ᠤᠨ ᠬᠤᠳᠠᠯᠳᠤᠭ᠎ᠠ ᠡᠷᠬᠢᠯᠡᠬᠦ ᠵᠥᠭᠡᠯᠡᠨ ᠣᠷᠴᠢᠨ ᠤ ᠨᠡᠷᠡᠰ ᠤᠨ ᠵᠢᠭᠰᠠᠭᠠᠯᠲᠠ ᠳᠤ ᠮᠠᠨ ᠤ ᠬᠤᠲᠠ 46 ᠳ᠋ᠤᠭᠠᠷ ᠲᠤ ᠵᠢᠭᠰᠠᠭᠠᠭᠳᠠᠪᠠ᠃ 36 ᠬᠤᠳᠠ ᠶᠢᠨ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠠᠬᠢᠨ ᠵᠣᠬᠢᠶᠠᠨ ᠪᠠᠶᠢᠭᠤᠯᠵᠤ10 ᠡᠷᠦᠭᠡ ᠪᠣᠯᠭᠠᠨ ᠨᠡᠶᠢᠯᠡᠭᠦᠯᠵᠦ᠂ 11 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ 3 ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ 5 ᠨᠡᠭᠡᠭᠡᠯᠲᠡ ᠶᠢᠨ ᠲᠣᠭᠤᠷᠢᠭ ᠪᠣᠯᠭᠠᠨ ᠰᠢᠯᠢᠳᠡᠭᠵᠢᠭᠦᠯᠵᠦ ᠨᠡᠶᠢᠯᠡᠭᠦᠯᠦᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠯᠤᠰ ᠤᠨ ᠶᠡᠷᠦᠩᠬᠡᠶᠢᠯᠡᠭᠰᠡᠨ ᠬᠥᠭᠵᠢᠯᠲᠡ ᠶᠢᠨ ᠲᠦᠪᠰᠢᠨ ᠤ ᠦᠨᠡᠯᠡᠯᠲᠡ ᠶᠢᠨ ᠨᠡᠷᠡᠰ ᠤᠨ ᠵᠢᠭᠰᠠᠭᠠᠯᠲᠠ ᠳᠤ 3 ᠣᠷᠣᠨ ᠳᠠᠪᠰᠢᠪᠠ᠃ ᠵᠠᠭᠤᠨ ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ 2 ᠰᠢᠨ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ 5.9 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ 18.7% ᠨᠡᠮᠡᠭᠳᠡᠪᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ 37 ᠳ᠋ᠦᠩᠰᠢᠭᠤᠷ ᠲᠥᠭᠦᠷᠢᠭ ᠠᠴᠠ ᠳᠡᠭᠡᠭᠰᠢ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠥᠭᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠡᠶᠡᠯᠡᠭᠦᠯᠬᠦ ᠶᠡᠭᠡ ᠬᠤᠷᠠᠯ ᠢ ᠬᠤᠷᠠᠯᠳᠤᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠭᠰᠡᠨ ᠵᠣᠭᠤᠰ ᠢ ᠨᠡᠶᠢᠳᠡ 10.65 ᠳ᠋ᠦᠩᠰᠢᠭᠤᠷ ᠲᠥᠭᠦᠷᠢᠭ ᠥᠭᠴᠦ ᠠᠮᠠᠯᠠᠭᠰᠠᠨ ᠢᠶᠠᠨ ᠪᠡᠶᠡᠯᠡᠭᠦᠯᠪᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ᠂ ᠲᠠᠨᠢᠯᠴᠠᠭᠤᠯᠬᠤ ᠬᠤᠷᠠᠯ᠂ ᠭᠡᠷ᠎ᠡ ᠲᠣᠭᠲᠠᠬᠤ ᠬᠤᠷᠠᠯ ᠢ 60 ᠭᠠᠷᠤᠢ ᠲᠠᠯᠠᠪᠤᠷ ᠡᠷᠭᠢᠯᠡᠵᠦ᠂ 417 ᠲᠥᠷᠥᠯ ᠵᠦᠢᠯ ᠢ ᠨᠠᠶᠢᠳᠠᠪᠤᠷᠢᠵᠢᠭᠤᠯᠤᠨ᠂ 245 ᠲᠥᠷᠥᠯ ᠵᠦᠢᠯ ᠢ ᠠᠵᠢᠯ ᠡᠬᠢᠯᠡᠭᠦᠯᠵᠦ᠂ 365.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 36% ᠨᠡᠮᠡᠭᠳᠡᠪᠡ᠃      ︵ᠳᠣᠯᠤᠭ᠎ᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠡᠳᠦᠷ ᠢᠷᠡᠬᠦᠶ᠎ᠡ ᠨᠡᠮᠡᠭᠳᠡᠪᠡ᠃ ᠪᠥᠬᠦ ᠣᠷᠣᠨ ᠤ ᠠᠩᠬᠠᠳᠠᠭᠴᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠬᠤᠲᠠ ᠪᠠᠯᠭᠠᠰᠤᠨ ᠤ 6.42 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 31.6 ᠲᠦᠮᠡᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ 2 ᠲᠦᠮᠡ ᠭᠠᠷᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠨ ᠣᠷᠣᠨ ᠤ ᠲᠥᠪ ᠢ ᠰᠣᠩᠭᠤᠵᠤ ᠦᠢᠯᠡᠰ ᠴᠣᠭᠴᠠᠯᠠᠨ ᠠᠵᠢᠯ ᠣᠯᠪᠠ᠃ 32 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ ᠨᠡᠷᠡᠲᠦ ᠰᠤᠷᠭᠠᠭᠤᠯᠢ ᠶᠢᠨ ᠵᠠᠬᠢᠷᠤᠯ᠂ ᠨᠡᠷᠡᠲᠦ ᠪᠠᠭᠰᠢ᠂ ᠨᠡᠷᠡᠲᠦ ᠠᠩᠭᠢ ᠶᠢᠨ ᠡᠷᠬᠢᠯᠡᠭᠴᠢ 117 ᠬᠥᠮᠥᠨ ᠢ ᠰᠣᠩᠭᠤᠨ ᠪᠣᠢ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠠᠶᠤᠯᠭᠦᠢ ᠶᠢᠨ ︽ᠳᠥᠷᠪᠡᠨ ᠵᠠᠭᠤᠨ ᠤ ᠵᠠᠭᠤ ᠪᠠᠷ︾ ᠢ ᠪᠦᠬᠦᠨ ᠢ ᠪᠠᠷᠢᠮᠵᠢᠶ᠎ᠠ ᠳᠤ ᠬᠦᠷᠭᠡᠪᠡ᠃ ᠪᠦᠬᠦ ᠣᠷᠣᠨ ᠳᠤ ᠤᠷᠢᠳᠠᠪᠠᠷ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠡᠬᠢᠯᠡᠭᠦᠯᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠤᠷᠤᠭᠰᠢᠲᠠᠢ ᠶᠠᠪᠤᠭᠳᠠᠵᠤ᠂ ᠪᠡᠭᠡᠵᠢᠩ ᠬᠤᠲᠠ ᠶᠢᠨ ᠬᠢᠲᠠᠳ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠨᠡᠶᠢᠭᠡᠮᠯᠢᠭ ᠵᠢᠴᠢ 36 ᠡᠮᠴᠢᠯᠡᠭᠡᠨ ᠤ ᠪᠠᠶᠢᠭᠤᠯᠤᠮᠵᠢ ᠲᠠᠢ ᠭᠦᠨᠵᠡᠭᠡᠢ ᠬᠠᠮᠲᠤᠷᠠᠯᠴᠠᠨ᠂ 158 ᠨᠠᠷᠠᠲᠤ ᠲᠤᠰᠬᠠᠢ ᠮᠡᠷᠭᠡᠵᠢᠯᠲᠡᠨ ᠮᠠᠨ ᠤ ᠬᠤᠲᠠ ᠶᠢᠨ ᠣᠯᠠᠨ ᠭᠠᠵᠠᠷ ᠲᠤ ᠠᠵᠢᠯ ᠡᠷᠭᠢᠯᠡᠵᠦ᠂ ︽ᠭᠠᠵᠢᠮᠠᠯ ᠤᠷᠪᠠᠯ︾ ᠵᠡᠷᠭᠡ ᠤᠯᠤᠰ ᠤᠨ ᠲᠠᠰ ᠤᠨ 4 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠤᠪᠢᠶᠠᠷᠢ ᠲᠥᠪ ᠢ ᠪᠠᠶᠢᠭᠤᠯᠵᠤ᠂ ᠨᠠᠩ ᠣᠯᠠᠨ ᠠᠷᠠᠳ ᠭᠡᠷ ᠤᠨ ᠡᠭᠦᠳᠡᠨ ᠳᠡᠭᠡᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠪᠡ᠃ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 105 ᠪᠠᠶᠢᠭᠤᠯᠵᠤ᠂ ᠬᠤᠲᠠ ᠶᠢᠨ ᠲᠣᠭᠤᠷᠢᠭ ᠤᠨ ᠪᠦᠷᠬᠦᠴᠡ ᠶᠢᠨ ᠨᠤᠷᠮ᠎ᠠ 80% ᠠᠴᠠ ᠳᠡᠭᠡᠭᠰᠢ ᠬᠦᠷᠪᠡ᠃ ᠨᠡᠶᠢᠭᠡᠮ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠬᠢᠨᠠᠨ ᠲᠣᠭᠲᠠᠭᠠᠬᠤ ᠴᠣᠩᠬᠤᠪᠴᠢ ᠶᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ︽ᠪᠥᠬᠦ ᠤᠯᠤᠰ ᠤᠨ ᠰᠢᠯᠢᠳᠡᠭ ᠦᠢᠯᠡᠴᠢᠯᠡᠭᠡᠨ ᠤ ᠴᠣᠩᠬᠤᠪᠴᠢ︾ ᠪᠠᠷ ᠰᠣᠩᠭᠤᠪᠠ᠃ ᠠᠷᠠᠳ ᠲᠤ ᠳᠥᠭᠦᠮ ᠦᠵᠡᠭᠦᠯᠬᠦ 58 ᠬᠠᠯᠠᠮᠰᠢᠯ ᠤᠲᠠᠰᠤ ᠶᠢ ᠨᠡᠶᠢᠯᠡᠭᠦᠯᠦᠭᠡᠳ ᠨᠢᠭᠡᠳᠦᠭᠡᠷ ᠨᠣᠮᠧᠷᠲᠤ ᠭᠥᠯᠢᠶᠡᠨ ᠠᠪᠴᠤ ᠰᠢᠢᠳᠪᠦᠷᠢᠯᠡᠬᠦ ︽12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠠᠪᠴᠠᠩ ᠪᠣᠯᠭᠠᠵᠤ᠂ 100 ᠲᠦᠮᠡ ᠰᠢᠬᠠᠮ ᠬᠤᠪᠢ ᠬᠦᠴᠦᠨ ᠪᠦᠬᠦᠢ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠂ ᠰᠢᠢᠳᠪᠦᠷᠢᠯᠡᠭᠰᠡᠨ ᠨᠤᠷᠮ᠎ᠠ 85.6% ᠳᠤ ᠬᠦᠷᠪᠡ᠃ ︽ᠭᠤᠷᠪᠠᠨ ᠶᠡᠭᠡ ᠨᠢᠭᠡ ᠴᠢᠩᠭ᠎ᠠ︾ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠢ 606 ᠬᠤᠪᠢ ᠰᠢᠢᠳᠪᠦᠷᠢᠯᠡᠪᠡ᠃ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠤᠭᠰᠠᠨ ᠦᠭᠡᠢ᠃      ︵ᠨᠠᠢᠮᠠ︶ ᠤᠯᠤᠰ ᠲᠥᠷᠥ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠦᠵᠡᠯ ᠰᠠᠨᠠᠭᠠᠨ ᠤ ᠡᠬᠢ ᠦᠨᠳᠦᠰᠦ ᠶᠢ ᠠᠭᠤᠳᠠᠯᠵᠤ᠂ ᠬᠤᠣᠷ ᠨᠥᠯᠥᠭᠡ ᠶᠢ ᠠᠷᠢᠯᠭᠠᠵᠤ᠂ ᠠᠵᠢᠯ ᠤᠨ ᠰᠤᠷᠲᠠᠯ ᠢ ᠬᠤᠪᠢᠷᠠᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ᠂ ᠭᠠᠵᠠᠷ ᠰᠢᠷᠣᠢ ᠶᠢᠨ ᠬᠠᠤᠯᠢ ᠶᠢ ᠵᠥᠷᠢᠴᠡᠬᠦ᠂ ᠲᠣᠭᠲᠠᠭᠠᠯ ᠢ ᠵᠥᠷᠢᠴᠡᠨ ᠵᠤᠰᠠᠯᠠᠩ ᠪᠠᠶᠢᠭᠤᠯᠬᠤ᠂ ᠨᠡᠭᠦᠷᠡᠰᠦᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷᠠᠭ᠎ᠠ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠬᠠᠩᠭᠠᠨ ᠪᠣᠷᠣᠯᠠᠭᠤᠯᠬᠤ ᠰᠢᠰᠲ᠋ᠧᠮ ᠵᠡᠷᠭᠡ ᠶᠢᠨ ᠲᠤᠰᠬᠠᠢ ᠴᠡᠭᠴᠡᠯᠡᠨ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃ ︽ᠬᠡᠷᠡᠭᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠬᠤ ᠶᠢ ᠠᠳᠬᠤᠬᠤ︾ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠬᠤᠲᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠡᠷᠡᠰ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ ᠪᠣᠯᠪᠠ᠃      ︵ᠶᠢᠰᠦ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠢ ᠪᠥᠭᠡᠳ ᠡᠮᠬᠢ ᠵᠢᠷᠤᠮ ᠲᠠᠢ ᠶᠠᠪᠤᠭᠳᠠᠭᠤᠯᠪᠠ᠃ 32 ᠨᠢᠰᠬᠡᠯ ᠤᠳᠠᠭ᠎ᠠ᠂ 5466 ᠬᠥᠮᠥᠨ ᠤᠳᠠᠭ᠎ᠠ ᠶᠢᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ︔ ᠡᠵᠡᠨ᠎ᠡ᠂ ᠡᠷᠢᠶᠡᠨ ᠬᠤᠲᠠ ᠶᠢᠨ 182 ᠣᠨᠣᠰᠢᠯᠠᠭᠰᠠᠨ ᠡᠪᠡᠳᠴᠢᠲᠡᠨ ᠢ ᠬᠥᠬᠡᠬᠤᠲᠠ ᠳᠤ ᠡᠮᠨᠡᠨ ᠵᠠᠰᠠᠵᠤ ᠲᠤᠰᠠᠭᠠᠷᠯᠠᠨ ᠰᠢᠯᠵᠢᠭᠦᠯᠦᠨ ᠵᠥᠭᠡᠭᠡᠪᠦᠷᠢᠯᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠡᠭᠦᠷᠭᠡ ᠶᠢ ᠤᠷᠤᠭᠰᠢᠲᠠᠢ ᠪᠡᠶᠡᠯᠡᠭᠦᠯᠪᠡ︔ ︽ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠵᠤ᠂ ︽ᠬᠥᠬᠡᠬᠤᠲᠠ ᠶᠢᠨ ᠬᠢᠵᠢᠭ ᠢ ᠡᠰᠡᠷᠭᠦᠴᠡᠬᠦ ᠣᠶᠤᠨᠲᠤ ᠲᠠᠪᠴᠠᠩ ︾ ᠢ ᠡᠬᠢᠯᠡᠨ ᠪᠠᠶᠢᠭᠤᠯᠵᠤ᠂ 10 ᠳ᠋ᠤᠭᠠᠷ ᠰᠠᠷ᠎ᠠ ᠶᠢᠨ 22 ᠤᠨ ᠡᠳᠦᠷ ᠡᠭᠦᠰᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠬᠠᠮᠤᠭ ᠤᠨ ᠣᠬᠤᠷ ᠬᠤᠭᠤᠴᠠᠭᠠᠨ ᠳᠤ ᠣᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ  ᠬᠤᠯᠪᠤᠭᠠᠯᠠᠨ ᠡᠵᠡᠮᠳᠡᠬᠦ ᠲᠣᠭᠲᠠᠴᠠ ᠶᠢᠨ ᠥᠪᠥᠷ ᠮᠣᠩᠭᠤᠯ ᠳᠤ ᠠᠵᠢᠯᠯᠠᠬᠤ ᠳᠤᠭᠤᠶᠢᠯᠠᠩ ᠤᠨ ᠥᠨᠳᠥᠷ ᠦᠨᠡᠯᠡᠯᠲᠡ ᠶᠢ ᠣᠯᠪᠠ᠃      ᠡᠭᠦᠨ ᠠᠴᠠ ᠭᠠᠳᠠᠨ᠎ᠠ᠂ ᠪᠢᠳᠡ ᠪᠥᠬᠦ ᠬᠤᠲᠠ ᠶᠢᠨ ︽ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠵᠢᠴᠢ ᠡᠯ᠎ᠡ ᠲᠥᠷᠥᠯ ᠤᠨ ᠶᠡᠷᠦᠩᠬᠡᠶᠢᠯᠡᠭᠰᠡᠨ ᠲᠥᠯᠦᠪᠵᠢᠭᠦᠯᠭᠡ᠂ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ ︽1+N+X︾ ᠲᠥᠯᠦᠪᠵᠢᠭᠦᠯᠭᠡ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠪᠠᠷᠢᠯᠭ᠎ᠠ ᠶᠢᠨ ᠵᠢᠷᠤᠭ ᠢ ᠵᠢᠷᠤᠭᠰᠠᠨ ᠪᠠᠶᠢᠨ᠎ᠠ᠃      2021 ᠣᠨ ᠤ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠬᠠᠷᠠᠯᠲᠠ ᠤᠷᠤᠭᠰᠢᠲᠠᠢ ᠪᠡᠶᠡᠯᠡᠭᠳᠡᠭᠰᠡᠨ ᠢ ᠬᠠᠷᠠᠭᠤᠯᠵᠤ ᠪᠠᠶᠢᠨ᠎ᠠ᠃ ᠲᠦᠷᠪᠡᠨ ᠵᠢᠯ ᠤᠨ ᠲᠤᠷᠰᠢ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠬᠢᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠬᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠤᠭᠲᠤᠬᠤ ᠵᠡᠷᠭᠡ ᠲᠡᠦᠬᠡᠲᠦ ᠴᠢᠨᠠᠷᠲᠠᠢ ᠠᠭᠤᠤ ᠶᠡᠭᠡ ᠴᠠᠭ ᠮᠥᠴᠡ ᠶᠢ ᠥᠩᠭᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠠᠷᠬᠠᠭ ᠭᠡᠮ ᠢ ᠦᠨᠳᠦᠰᠦᠨ ᠠᠴᠠ ᠨᠢ ᠵᠠᠰᠠᠬᠤ᠂ ᠤᠯᠤᠰ ᠲᠦᠷᠦ ᠶᠢᠨ ᠠᠮᠢ ᠠᠬᠤᠢ ᠶᠢ ᠲᠠᠬᠢᠨ ᠴᠣᠭᠴᠠᠯᠠᠬᠤ ᠵᠡᠷᠭᠡ ᠪᠦᠬᠦ ᠲᠠᠯ᠎ᠠ ᠶᠢᠨ ᠴᠢᠨᠠᠷᠲᠠᠢ ᠣᠨᠴᠠᠭᠠᠢ ᠶᠡᠭᠡ ᠰᠢᠯᠭᠠᠯᠲᠠ ᠶᠢ ᠥᠩᠭᠡᠷᠡᠭᠦᠯᠵᠡᠢ᠃ ᠬᠠᠲᠠᠭᠤ ᠪᠡᠷᠬᠡ ᠡᠭᠦᠷᠭᠡ ᠪᠠ ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ᠂ ᠪᠦᠬᠦ ᠬᠤᠲᠠ ᠪᠠᠷ ᠢᠶᠠᠨ ᠨᠠᠷᠢᠯᠢᠭ ᠣᠨᠣᠴᠠᠲᠠᠢ ᠪᠠᠷ ᠬᠦᠴᠦᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠴᠢᠷᠮᠠᠶᠢᠨ ᠠᠵᠢᠯᠯᠠᠵᠤ᠂ ᠤᠳᠠᠭᠠᠨ ᠵᠢᠯ ᠦᠯᠡᠳᠡᠭᠳᠡᠵᠦ ᠢᠷᠡᠭᠰᠡᠨ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠪᠠᠲᠤᠯᠠᠬᠤ ᠨᠢᠭᠡ ᠪᠦᠯᠦᠭ ᠶᠡᠭᠡ ᠶᠠᠪᠤᠳᠠᠯ ᠴᠢᠬᠤᠯᠠ ᠶᠠᠪᠤᠳᠠᠯ ᠢ ᠠᠬᠢᠭᠤᠯᠵᠤ᠂ ᠨᠢᠭᠡ ᠪᠦᠯᠦᠭ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠵᠦ᠂ ᠨᠢᠭᠡ ᠨᠢᠭᠡ ᠠᠯᠬᠤᠮ ᠢᠶᠠᠷ ᠤᠷᠤᠭᠰᠢᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠭᠦᠰ ᠠᠮᠵᠢᠯᠲᠠ ᠲᠠᠢ ᠲᠡᠭᠦᠰᠬᠡᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠤᠷᠤᠭᠰᠢᠲᠠᠢ ᠡᠬᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠥᠬᠡᠬᠤᠲᠠ ᠶᠠᠭ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠣᠮᠤᠭ ᠲᠡᠭᠦᠯᠳᠡᠷ ᠡᠷᠡᠮᠡᠬᠡᠶᠢᠯᠡᠨ ᠤᠷᠤᠭᠰᠢᠯᠠᠵᠤ ᠪᠠᠶᠢᠨ᠎ᠠ᠃      ᠲᠦᠷᠪᠡᠨ ᠵᠢᠯ ᠤᠨ ᠲᠤᠷᠰᠢ᠂ ᠪᠢᠳᠡ ︽ᠨᠡᠮᠡᠭᠳᠡᠯ ᠢ ᠲᠣᠭᠲᠠᠪᠤᠷᠢᠵᠢᠭᠤᠯᠵᠤ᠂ ᠣᠷᠣᠨ ᠲᠠᠪᠰᠢᠬᠤ ᠪᠠᠷ ᠴᠢᠷᠮᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠶᠢᠯᠡᠭᠰᠡᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠪᠡ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 3000 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ︔ ᠪᠠᠶᠢᠩᠭᠤ ᠰᠠᠭᠤᠭ᠎ᠠ ᠬᠥᠮᠥᠨ ᠠᠮᠠ ᠠᠷᠪᠠᠨ ᠵᠢᠯ ᠳᠤ ᠨᠡᠶᠢᠳᠡ 58 ᠲᠦᠮᠡ ᠨᠡᠮᠡᠭᠳᠡᠵᠦ᠂ 345 ᠲᠦᠮᠡ ᠳᠤ ᠬᠦᠷᠴᠡᠢ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 100.2 ᠲᠦᠮᠡᠨ ᠮᠦ ᠪᠠᠶᠢᠭᠤᠯᠵᠤ ᠳᠠᠭᠤᠰᠬᠠᠪᠠ︔ ᠰᠦ ᠶᠢᠨ ᠦᠢᠯᠡᠰ ᠨᠢ ᠪᠥᠬᠦ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ  ᠨᠢ 2000 ᠳ᠋ᠦᠩᠰᠢᠭᠤᠷ ᠲᠥᠭᠦᠷᠢᠭ ᠢ ᠳᠠᠪᠠᠭᠰᠠᠨ ᠠᠩᠬᠠᠨ ᠤ ᠲᠤᠯᠭᠠᠭᠤᠷᠢ ᠠᠵᠤ ᠦᠢᠯᠡᠰ ᠪᠣᠯᠵᠤ᠂ ᠠᠵᠤ ᠦᠢᠯᠡᠳᠪᠦᠷᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ 22.8% ᠪᠠᠶᠢᠭᠰᠠᠨ ᠠᠴᠠ ᠪᠠᠨ 26.2% ᠪᠣᠯᠵᠤ ᠳᠡᠭᠡᠭᠰᠢᠯᠡᠪᠡ︔ ᠭᠤᠷᠪᠠᠳᠤᠭᠠᠷ ᠠᠵᠤ ᠦᠢᠯᠡᠰ ᠤᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 60% ᠶᠢ ᠳᠠᠪᠠᠪᠠ︔ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 368 ᠪᠣᠯᠵᠤ᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠭᠰᠡᠨ ᠠᠵᠤ ᠠᠬᠤᠶᠢᠯᠠᠯ 24 ᠪᠣᠯᠵᠤ᠂ ᠴᠥᠮ ᠪᠥᠬᠦ ᠣᠷᠣᠨ ᠤ ᠲᠡᠷᠢᠭᠦᠨ ᠳᠤ ᠣᠷᠣᠪᠠ︔ ᠬᠤᠲᠠ ᠪᠠᠯᠭᠠᠰᠤᠵᠢᠯᠲᠠ ᠶᠢᠨ ᠨᠣᠷᠮ᠎ᠠ 75.6% ᠪᠠᠶᠢᠭᠰᠠᠨ ᠠᠴᠠ ᠪᠠᠨ ᠳᠡᠭᠡᠭᠰᠢᠯᠡᠭᠡᠳ 80% ᠰᠢᠬᠠᠮ ᠪᠣᠯᠵᠤ᠂ ᠪᠥᠬᠦ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠳᠤ ᠣᠷᠣᠨ ᠤ ᠲᠥᠪ ᠤᠨ ᠡᠭᠦᠷᠭᠡᠯᠡᠯ ᠢ ᠢᠯᠡᠷᠡᠭᠦᠯᠪᠡ᠃      ᠲᠦᠷᠪᠡᠨ ᠵᠢᠯ ᠤᠨ ᠲᠤᠷᠰᠢ᠂ ᠪᠢᠳᠡ ︽ᠥᠭᠡᠷᠡᠴᠢᠯᠡᠯᠲᠡ ᠶᠢ ᠠᠳᠬᠤᠵᠤ᠂ ᠨᠡᠭᠡᠭᠡᠯᠲᠡ ᠶᠢ ᠠᠬᠢᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠨᠡᠩ ᠡᠷᠴᠢ ᠲᠠᠢ ᠪᠣᠯᠪᠠ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠥᠷᠨᠢᠭᠦᠯᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠠᠷᠠᠯᠵᠢᠶ᠎ᠠ᠂ ᠭᠠᠶᠢᠯᠢ ᠶᠢᠨ ᠶᠠᠪᠤᠳᠠᠯ ᠤᠨ ︽ᠨᠢᠭᠡ ᠴᠣᠩᠬᠤᠪᠴᠢ ᠮᠠᠶ᠋ᠢᠭ︾ ᠤᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠵᠠᠭᠪᠤᠷ ᠨᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠶᠢᠰᠢᠶᠠᠯ ᠢ ᠣᠯᠵᠤ᠂ ᠮᠠᠨ ᠤ ᠬᠤᠲᠠ ᠪᠥᠬᠦ ᠤᠯᠤᠰ ᠤᠨ ᠬᠤᠳᠠᠯᠳᠤᠭ᠎ᠠ ᠡᠷᠬᠢᠯᠡᠬᠦ ᠳᠤ ᠲᠦᠭᠦᠮ ᠤᠨ ᠬᠡᠮᠵᠢᠶ᠎ᠡ ᠬᠠᠮᠤᠭ ᠤᠨ ᠲᠦᠷᠭᠡᠨ ᠳᠡᠭᠡᠭᠰᠢᠯᠡᠭᠰᠡᠨ ᠬᠤᠲᠠ ᠶᠢᠨ ᠨᠢᠭᠡ ᠪᠣᠯᠪᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ᠂ ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠪᠠ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡ᠂ ᠡᠮᠴᠢᠯᠡᠭᠡ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠬᠦᠴᠦᠲᠡᠢ ᠲᠦᠯᠬᠢᠨ ᠠᠬᠢᠭᠤᠯᠪᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 161 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠬᠠᠲᠤᠨ ᠭᠤᠣᠯ ᠳᠠᠭᠠᠤ ᠶᠢᠨ 6 ᠮᠤᠵᠢ ᠶᠢᠨ ᠲᠥᠪ ᠬᠤᠲᠠ ᠯᠤᠭ᠎ᠠ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢᠨ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠬᠦ ᠳᠤ ᠰᠢᠭᠤᠳ ᠲᠠᠰᠤᠯᠤᠨ ᠪᠣᠳᠤᠬᠤ ᠶᠢ ᠪᠡᠶᠡᠯᠡᠭᠦᠯᠪᠡ᠃ ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠨᠡᠭᠡᠭᠡᠨ ᠠᠵᠢᠯᠯᠠᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠠᠵᠢᠯᠯᠠᠭᠤᠯᠵᠤ᠂ ᠬᠤᠶᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ ᠳᠠᠭᠠᠭᠠᠴᠢᠯᠠᠨ ᠡᠷᠭᠢᠯᠡᠵᠦ᠂ ᠮᠣᠩᠭᠤᠯ ᠤᠯᠤᠰ ᠤᠨ ᠰᠡᠯᠡᠩᠭᠡ ᠮᠤᠵᠢ᠂ ᠴᠠᠭᠠᠨ ᠣᠷᠣᠰ ᠤᠨ ᠭᠤᠮᠧᠯᠢ ᠲᠠᠢ ᠣᠯᠠᠨ ᠤᠯᠤᠰ ᠤᠨ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠵᠤ᠂ ᠣᠷᠣᠨ ᠤ ᠲᠥᠪ ᠤᠨ ᠨᠡᠭᠡᠭᠡᠯᠲᠡ ᠶᠢᠨ ᠬᠡᠮᠵᠢᠶ᠎ᠡ ᠤᠯᠠᠮ ᠠᠴᠠ ᠤᠯᠠᠮ ᠳᠡᠭᠡᠭᠰᠢᠯᠡᠵᠦ᠂ ᠨᠠᠶᠢᠵᠠ ᠶᠢᠨ ᠲᠣᠭᠤᠷᠢᠭ ᠤᠯᠠᠮ ᠠᠴᠠ ᠤᠯᠠᠮ ᠥᠷᠭᠡᠵᠢᠪᠡ᠃       ᠲᠦᠷᠪᠡᠨ ᠵᠢᠯ ᠤᠨ ᠲᠤᠷᠰᠢ᠂ ᠪᠢᠳᠡ ︽ᠰᠠᠭᠤᠷᠢ ᠶᠢ ᠪᠠᠲᠤᠳᠬᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠤ ᠲᠥᠪ ᠤᠨ ᠳᠦᠷᠢ ᠲᠥᠷᠬᠦ ᠢᠯᠡᠳᠲᠡ ᠳᠡᠭᠡᠭᠰᠢᠯᠡᠪᠡ᠃ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠨᠡᠮᠡᠭᠳᠡᠭᠡᠳ 272 ᠲᠡᠭᠰᠢ ᠳᠥᠷᠪᠡᠯᠵᠢᠨ ᠺᠢᠯᠣᠮᠧᠲᠷ ᠪᠣᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠭᠠᠵᠠᠷ ᠳᠣᠣᠷᠠᠬᠢ ᠲᠡᠮᠦᠷ ᠵᠠᠮ ᠤᠨ 1᠂ 2 ᠳ᠋ᠤᠭᠠᠷ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ ︽ᠤᠯᠤᠰ ᠤᠨ ᠨᠡᠶᠢᠲᠡ ᠶᠢᠨ ᠵᠠᠮ ᠬᠠᠷᠢᠯᠴᠠᠭᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 348 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ 3947 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 214 ᠲᠣᠰᠬᠤᠨ᠂ 13 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠵᠦ᠂ ᠣᠯᠠᠨ ᠲᠦᠮᠡᠨ ᠤ ︽ᠠᠭᠤᠰᠬᠢ ᠵᠢᠷᠦᠬᠡᠨ ᠤ ᠡᠪᠡᠳᠴᠢᠨ︾ ᠢ ᠦᠨᠳᠦᠰᠦᠨ ᠳᠡᠭᠡᠨ ᠰᠢᠢᠳᠪᠦᠷᠢᠯᠡᠵᠦ ᠂ ᠪᠠᠶᠢᠭᠤᠯᠤᠭᠰᠠᠨ ᠲᠣᠭᠤᠷᠢᠭ ᠤᠨ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 23% ᠳᠤ ᠬᠦᠷᠦᠭᠦᠯᠵᠦ᠂ ᠴᠡᠯᠡᠭᠡᠷ ᠲᠠᠯ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ ᠤᠨ ᠰᠠᠭᠠᠯᠢᠴᠢᠨ ᠰᠠᠭᠤᠷᠢᠨ ᠭᠠᠵᠠᠷ ᠪᠥᠬᠦ ᠤᠯᠤᠰ ᠤᠨ ᠠᠩᠬᠠᠳᠠᠭᠴᠢ ᠪᠦᠯᠦᠭ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠲᠤ ᠣᠷᠣᠵᠤ᠂ ︽ᠦᠵᠡᠰᠬᠦᠯᠡᠩᠲᠦ ᠰᠠᠶᠢᠬᠠᠨ ᠬᠥᠬᠡ ᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ︾ ᠨᠢ ᠲᠥᠪ ᠬᠤᠲᠠ ᠶᠢᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠪᠠ᠃      ᠳᠥᠷᠪᠡᠨ ᠵᠢᠯ ᠤᠨ ᠲᠤᠷᠰᠢ᠂ ᠪᠢᠳᠡ ︽ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ︾ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠭᠦᠢᠴᠡᠳ ᠪᠣᠯᠭᠠᠪᠠ᠃ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ 1162 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 70% ᠠᠴᠠ ᠳᠡᠭᠡᠭᠰᠢ ᠶᠢ ᠡᠵᠡᠯᠡᠬᠦ ᠶᠢ ᠢᠮᠠᠭᠲᠠ ᠪᠠᠲᠤᠯᠠᠪᠠ᠃ 15 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠣᠷᠣᠭᠤᠯᠵᠤ᠂ 2 ᠶᠠᠳᠠᠭᠤ ᠬᠦᠴᠢᠷᠳᠡᠯᠲᠡᠢ ᠰᠢᠶᠠᠨ᠂ 207 ᠶᠠᠳᠠᠭᠤ ᠬᠦᠴᠢᠷᠳᠡᠯᠲᠡᠢ ᠲᠣᠰᠬᠤᠨ ᠢ ᠶᠠᠳᠠᠭᠤ ᠠᠴᠠ ᠠᠩᠭᠢᠵᠢᠷᠠᠭᠤᠯᠵᠤ᠂ 6.5 ᠲᠦᠮᠡᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠬᠤᠳᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠪᠦᠬᠦ ᠤᠯᠤᠰ ᠤᠨ ᠶᠠᠳᠠᠭᠤ ᠶᠢ ᠲᠡᠳᠬᠦᠬᠦ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠡ ᠪᠠᠷ ᠱᠠᠩᠨᠠᠭᠳᠠᠵᠤ᠂ ᠦᠴᠦᠸᠠᠨ ᠰᠢᠶᠠᠨ ᠤ ᠨᠠᠮ ᠤᠨ ᠬᠤᠷᠢᠶ᠎ᠠ ᠨᠢ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠲᠡᠷᠢᠭᠦᠨ ᠤ ᠬᠠᠮᠲᠤ ᠨᠢᠭᠡᠴᠡ ᠶᠢᠨ ᠴᠣᠯᠠ ᠶᠢ ᠬᠦᠷᠲᠡᠪᠡ᠃ ᠬᠤᠲᠠ ᠪᠠᠯᠭᠠᠰᠤ ᠶᠢᠨ 20.7 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠶᠡᠷᠦᠩᠬᠡᠢ ᠬᠡᠮᠵᠢᠶ᠎ᠡ ᠨᠢ ᠣᠯᠠᠨ ᠵᠢᠯ ᠳᠠᠷᠠᠭᠠᠯᠠᠨ ᠪᠥᠬᠦ ᠣᠷᠣᠨ ᠳᠤ ᠨᠢᠭᠡᠳᠦᠭᠡᠷ ᠲᠤ ᠵᠢᠭᠰᠠᠭᠠᠭᠳᠠᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 44 ᠶᠢ ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠵᠤ᠂ 18 ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠵᠤ᠂ ᠤᠯᠠᠨ ᠲᠦᠮᠡᠨ ᠤ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ ᠳᠤ ᠨᠡᠩ ᠲᠦᠬᠦᠮ ᠪᠣᠯᠭᠠᠪᠠ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠤ ᠦᠯᠡᠳᠡᠭᠳᠡᠵᠦ ᠢᠷᠡᠭᠰᠡᠨ 589 ᠠᠰᠠᠭᠤᠳᠠᠯ ᠢ ᠰᠢᠢᠳᠪᠦᠷᠢᠯᠡᠵᠦ᠂ 31.58 ᠲᠦᠮᠡᠨ ᠬᠤᠪᠢ ᠡᠷᠦᠬᠡ ᠰᠠᠯᠬᠤ ᠳᠠᠩᠰᠠᠯᠠᠯᠲᠠ ᠶᠢ ᠭᠦᠢᠴᠡᠳᠬᠡᠵᠦ᠂ ᠤᠯᠠᠨ ᠲᠦᠮᠡᠨ ᠤ ᠣᠷᠣᠵᠤ ᠰᠠᠭᠤᠬᠤ ᠳᠤ ᠬᠦᠴᠢᠷᠲᠡᠢ᠂ ᠪᠤᠴᠠᠵᠤ ᠨᠡᠭᠦᠬᠦ ᠳᠤ ᠬᠦᠴᠢᠷᠲᠡᠢ᠂ ᠦᠨᠡᠮᠯᠡᠯ ᠠᠪᠬᠤ ᠳᠤ ᠬᠦᠴᠢᠷᠲᠡᠢ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠪᠡ᠃ ᠪᠥᠬᠦ ᠤᠯᠤᠰ ᠤᠨ ᠳᠥᠷᠪᠡᠳᠦᠭᠡᠷ ᠪᠦᠯᠦᠭ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠵᠦ᠂ ᠭᠤᠷᠪᠠᠳᠤᠭᠠᠷ ᠪᠦᠯᠦᠭ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠶᠢᠰᠦᠨ ᠵᠢᠯ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠪᠣᠯᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠬᠤᠲᠠ︾ ᠶᠢᠨ ᠢᠷᠠᠭᠤ ᠠᠯᠳᠠᠷ ᠢ ᠭᠥᠷᠳᠡᠪᠡ᠃      ᠲᠦᠷᠪᠡᠨ ᠵᠢᠯ ᠤᠨ ᠲᠤᠷᠰᠢ᠂ ᠪᠢᠳᠡ ︽ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠤᠷᠢᠭ᠎ᠠ ᠱᠤᠭᠤᠮ ᠢ ᠰᠠᠬᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠣᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠡᠷᠡᠰ ᠪᠠᠲᠤ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠥᠮᠦᠵᠢᠯ ᠢ ᠭᠦᠨᠵᠡᠭᠡᠢ ᠲᠦᠯᠬᠢᠨ ᠠᠬᠢᠭᠤᠯᠵᠤ᠂ ᠪᠥᠬᠦ ᠣᠷᠣᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ︽ᠭᠤᠷᠪᠠᠨ ᠬᠢᠴᠢᠶᠡᠯ ᠲᠦᠷᠦᠯ︾ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ︽ᠨᠡᠶᠢᠳᠡᠮ ᠪᠥᠷᠬᠦᠭᠦᠯᠬᠦ︾ ᠶᠢ ᠤᠷᠢᠳᠠᠪᠠᠷ ᠪᠡᠶᠡᠯᠡᠭᠦᠯᠵᠦ᠂ ᠦᠨᠳᠦᠰᠦᠲᠡᠨ ᠤ ᠠᠵᠢᠯ ᠤᠨ ᠵᠥᠷᠢᠶ᠎ᠡ ᠶᠢ ᠬᠦᠴᠦᠲᠡᠢ ᠵᠠᠯᠠᠷᠠᠭᠤᠯᠪᠠ᠃ ᠣᠯᠠᠨ ᠵᠦᠢᠯ ᠤᠨ ᠠᠷᠭ᠎ᠠ ᠵᠠᠮ ᠢᠶᠠᠷ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠵᠤ᠂ ᠪᠥᠬᠦ ᠬᠤᠲᠠ ᠶᠢᠨ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠢ ᠤᠯᠠᠭᠠᠨ ᠥᠩᠭᠡ ᠠᠴᠠ ᠤᠯᠠᠪᠤᠷ ᠥᠩᠭᠡ ᠪᠣᠯᠭᠠᠨ ᠪᠠᠭᠤᠷᠠᠭᠤᠯᠪᠠ᠃ ᠾᠧᠩ ᠳ᠋ᠡ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠦᠷᠢᠶᠡᠨ ᠳᠠᠬᠢ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠯᠠᠪᠳᠠᠭᠤᠨ ᠢᠶᠠᠷ ᠠᠬᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ︽ᠣᠷᠣᠨ ᠤ ᠲᠥᠪ ᠤᠨ ᠲᠣᠭᠲᠠᠭᠤᠨ ᠢᠶᠠᠷ ᠣᠷᠣᠨ ᠤ ᠲᠣᠭᠲᠠᠭᠤᠨ ᠢ ᠬᠠᠮᠠᠭᠠᠯᠠᠬᠤ᠂ ᠨᠡᠶᠢᠰᠯᠡᠯ ᠤᠨ ᠲᠣᠭᠲᠠᠭᠤᠨ ᠢ ᠬᠠᠮᠠᠭᠠᠯᠠᠬᠤ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠪᠡ᠃      ᠲᠥᠯᠥᠭᠡᠯᠡᠭᠴᠢᠳ ᠠ᠋᠂ ᠥᠩᠭᠡᠷᠡᠭᠰᠡᠨ ᠲᠦᠷᠪᠡᠨ ᠵᠢᠯ ᠳᠤ ᠪᠢᠳᠡ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠬᠢᠯᠪᠡᠷ ᠪᠤᠰᠤ ᠠᠮᠵᠢᠯᠲᠠ ᠪᠦᠲᠦᠮᠵᠢ ᠶᠢ ᠣᠯᠪᠠ᠃ ᠡᠳᠡᠭᠡᠷ ᠠᠮᠵᠢᠯᠲᠠ ᠶᠢ ᠣᠯᠣᠭᠰᠠᠨ ᠤ ᠦᠨᠳᠦᠰᠦ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠤ ᠪᠣᠢ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠳᠤ ᠪᠣᠢ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠳᠤ ᠪᠣᠢ᠂ ᠥᠷᠭᠡᠨ ᠤᠯᠠᠨ ᠺᠠᠳ᠋ᠷ ᠤᠨ ᠶᠠᠳᠠᠷᠠᠯ ᠵᠦᠳᠡᠷᠡᠯ ᠢ ᠬᠠᠶᠢᠬᠤᠷᠤᠯ ᠦᠭᠡᠢ ᠰᠢᠷᠭᠠᠭᠤ ᠬᠠᠲᠠᠭᠤᠵᠢᠯᠲᠠᠢ ᠪᠣᠳᠠᠲᠠᠢ ᠠᠵᠢᠯᠯᠠᠭᠰᠠᠨ ᠳᠤ ᠪᠣᠢ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠯᠮᠵᠢᠯᠠᠵᠤ᠂ ᠳᠡᠮᠵᠢᠵᠦ᠂ ᠣᠷᠣᠯᠴᠠᠭᠰᠠᠨ ᠪᠣᠶ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠳ᠋ᠦᠩᠨᠡᠬᠦ ᠶᠢᠨ ᠵᠡᠷᠭᠡᠪᠡᠷ᠂ ᠪᠢᠳᠡ ᠪᠠᠰᠠ ᠠᠵᠢᠯ ᠤᠨ ᠳᠤᠮᠳᠠ ᠮᠥᠨ ᠴᠥᠭᠡᠨ ᠪᠤᠰᠤ ᠬᠦᠴᠢᠷ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠠᠴᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠵᠤ᠂ ︽ᠣᠷᠣᠨ ᠤ ᠲᠥᠪ︾ ᠪᠠ ︽ᠣᠷᠣᠨ ᠪᠦᠰᠡ ᠶᠢᠨ ᠲᠥᠪ︾ ᠤᠨ ᠥᠷᠢᠰᠦᠯᠳᠦᠬᠦ ᠬᠦᠴᠦᠨ᠂ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠵᠤ ᠦᠢᠯᠡᠰ ᠤᠨ ᠰᠠᠭᠤᠷᠢ ᠨᠢᠮᠭᠡᠨ᠂ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ ᠦᠢᠯᠡᠰ ᠨᠢ ᠬᠠᠷᠢᠴᠠᠭᠤᠯᠤᠭᠰᠠᠨ ᠳᠠᠪᠠᠭᠤᠯᠢᠭ ᠢ ᠪᠦᠷᠢᠯᠳᠦᠭᠦᠯᠦᠭᠰᠡᠨ ᠦᠭᠡᠢ᠂ ᠭᠤᠷᠪᠠᠳᠤᠭᠠᠷ ᠠᠵᠤ ᠦᠢᠯᠡᠰ ᠤᠨ ᠣᠯᠠᠩᠬᠢ ᠨᠢ ᠤᠯᠠᠮᠵᠢᠯᠠᠯᠲᠤ ᠬᠡᠯᠪᠡᠷᠢ ᠶᠢᠨ ᠦᠢᠯᠡᠴᠢᠯᠡᠭᠡᠨ ᠤ ᠦᠢᠯᠡᠰ ᠪᠠᠶᠢᠵᠤ᠂ ᠠᠵᠤ ᠠᠬᠤᠢ ᠶᠢᠨ ᠬᠥᠭᠵᠢᠯᠲᠡ ᠳᠤᠮᠳᠠᠬᠢ ᠠᠵᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠢᠶᠠᠨ ᠢᠯᠡᠳᠲᠡ ᠪᠠᠳᠠᠷᠠᠭᠤᠯᠤᠭᠰᠠᠨ ᠦᠭᠡᠢ︔ ᠠᠮᠢ ᠠᠬᠤᠢ ᠶᠢᠨ ᠵᠠᠰᠠᠯᠲᠠ ᠨᠢ ᠶᠠᠰᠤ ᠴᠢᠨᠠᠷ ᠢ ᠳᠡᠭᠡᠭᠰᠢᠯᠡᠭᠦᠯᠬᠦ ᠪᠠ ᠲᠣᠭᠲᠠᠭᠤᠨ ᠴᠢᠨᠠᠷ ᠢ ᠳᠡᠭᠡᠭᠰᠢᠯᠡᠭᠦᠯᠬᠦ ᠳᠠᠪᠬᠤᠷ ᠳᠠᠷᠤᠯᠲᠠ ᠳᠤ ᠲᠤᠯᠭᠠᠷᠠᠵᠤ ᠪᠠᠶᠢᠨ᠎ᠠ︔ ᠬᠤᠲᠠ ᠶᠢᠨ ᠬᠠᠮᠢᠶᠠᠷᠤᠯᠲᠠ᠂ ᠰᠤᠷᠭᠠᠨ ᠬᠥᠮᠦᠵᠢᠯ ᠡᠮᠴᠢᠯᠡᠭᠡ᠂ ᠣᠷᠣᠨ ᠰᠠᠭᠤᠴᠠ ᠶᠢᠨ ᠪᠠᠲᠤᠯᠠᠭ᠎ᠠ᠂ ︽ᠨᠠᠰᠤᠲᠠᠨ ᠨᠢᠯᠬᠠᠰ︾᠂ ᠠᠮᠤᠷ ᠠᠮᠤᠭᠤᠯᠠᠩ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭᠠᠨ ᠤ ᠲᠦᠭᠵᠢᠷᠡᠯ ᠵᠡᠷᠭᠡ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠮᠥᠨ ᠬᠦ ᠶᠡᠬᠡᠪᠡᠷ ᠰᠢᠢᠳᠪᠦᠷᠢᠯᠡᠬᠦ ᠴᠢᠬᠤᠯᠠᠲᠠᠢ ᠪᠠᠶᠢᠨ᠎ᠠ︔ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠺᠠᠳ᠋ᠷ ᠤᠨ ᠰᠤᠷᠲᠠᠯ ᠢ ᠦᠨᠳᠦᠰᠦᠨ ᠠᠴᠠ ᠨᠢ ᠬᠤᠪᠢᠷᠠᠭᠤᠯᠬᠤ ᠳᠤ ᠪᠠᠰᠠ ᠴᠥᠭᠡᠨ ᠪᠤᠰᠤ ᠬᠠᠷᠰᠢ ᠰᠠᠭᠠᠳ ᠣᠷᠣᠰᠢᠵᠤ ᠪᠠᠶᠢᠨ᠎ᠠ᠃ ᠡᠲᠡᠭᠡᠷ ᠠᠰᠠᠭᠤᠳᠠᠯ ᠤᠨ ᠵᠠᠷᠢᠮ ᠨᠢ ᠠᠯᠢ ᠡᠷᠲᠡ ᠠᠴᠠ ᠪᠠᠶᠢᠵᠤ᠂ ᠵᠠᠷᠢᠮ  ᠨᠢ ᠬᠠᠭᠤᠴᠢᠨ ᠠᠷᠬᠠᠭ ᠪᠣᠯᠵᠠᠢ᠂ ᠪᠢᠳᠡ ᠡᠷᠬᠡᠪᠰᠢ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ᠂ ᠲᠡᠮᠦᠷ ᠪᠠᠷᠢᠬᠤ ᠳᠤ ᠣᠷᠣᠮ ᠦᠯᠡᠳᠡᠭᠡᠬᠦ ᠬᠡᠲᠦ ᠴᠢᠩᠭ᠎ᠠ ᠠᠷᠭ᠎ᠠ ᠬᠡᠮᠵᠢᠶ᠎ᠡ ᠪᠠᠷ ᠣᠷᠣᠨ ᠤ ᠲᠥᠪ ᠤᠨ ᠳᠦᠷᠰᠦ ᠪᠠᠶᠢᠳᠠᠯ ᠤᠨ ᠬᠤᠪᠢᠷᠠᠯᠲᠠ ᠶᠢᠨ ᠲᠥᠯᠥᠭᠡ ︽ᠪᠡᠷᠬᠡ ᠠᠰᠠᠭᠤᠳᠠᠯ︾ ᠢ ᠰᠢᠢᠳᠪᠦᠷᠢᠯᠡᠵᠦ᠂ ︽ᠰᠠᠭᠠᠳ︾ ᠢ ᠴᠡᠪᠡᠷᠯᠡᠵᠦ᠂ ︽ᠲᠣᠳᠬᠠᠷ︾ ᠢ ᠠᠷᠢᠯᠭᠠᠬᠤ ᠬᠡᠷᠡᠭᠲᠡᠢ᠃      ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ      ᠬᠤᠶᠢᠰᠢᠳᠠ ᠶᠢᠨ ᠲᠠᠪᠤᠨ ᠵᠢᠯ ᠪᠣᠯ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠣᠷᠣᠨ ᠤ ᠲᠥᠪ ᠬᠤᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ︾ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭ᠎ᠠ ᠶᠢᠨ ᠬᠤᠷᠠᠯ ᠠᠴᠠ ᠳᠤᠷᠠᠳᠤᠭᠰᠠᠨ ︽ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ ᠶᠢ ᠳᠡᠮᠵᠢᠬᠦ︾ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ︽ᠭᠤᠷᠪᠠᠨ ᠬᠤᠳᠠ ᠶᠢ ᠴᠢᠷᠮᠠᠶᠢᠨ ᠡᠭᠦᠳᠦᠨ ᠪᠠᠶᠢᠭᠤᠯᠵᠤ᠂ ᠲᠦᠷᠪᠡᠨ ᠣᠷᠣᠨ ᠪᠦᠰᠡ ᠶᠢᠨ ᠲᠥᠪ ᠢ ᠪᠠᠶᠢᠭᠤᠯᠵᠤ᠂ ᠲᠦᠷᠪᠡᠨ ᠶᠡᠭᠡ ᠠᠵᠤ ᠠᠬᠤᠢ ᠶᠢᠨ ᠴᠠᠭᠠᠷᠢᠭ ᠲᠤ ᠠᠭᠤᠰᠤᠯᠴᠠᠬᠤ ᠶᠢ ᠠᠬᠢᠭᠤᠯᠵᠤ᠂ ᠲᠠᠪᠤᠨ ᠲᠣᠬᠢᠷᠠᠮᠵᠢᠲᠠᠢ ᠬᠤᠳᠠ ᠶᠢ ᠪᠦᠲᠦᠭᠡᠨ ᠪᠠᠶᠢᠭᠤᠯᠵᠤ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠬᠤ︾ ᠬᠠᠷᠠᠯᠲᠠ ᠶᠢᠨ ᠲᠣᠭᠤᠷᠢᠨ ᠳᠤ᠂ ᠪᠠᠶᠢᠷᠢ ᠲᠣᠭᠲᠠᠭᠠᠯᠲᠠ ᠶᠢ ᠡᠵᠡᠮᠳᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠦᠵᠡᠰᠬᠦᠯᠡᠩᠲᠦ ᠰᠠᠶᠢᠬᠠᠨ ᠬᠥᠬᠡ ᠬᠤᠳᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃      ︵ᠨᠢᠭᠡ︶ ᠣᠷᠣᠨ ᠤ ᠲᠥᠪ ᠤᠨ ︽ᠬᠦᠴᠦᠷᠬᠡᠭ ᠪᠣᠳᠠᠲᠤ ᠬᠦᠴᠦᠨ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠠᠳᠬᠤᠨ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠢ ᠬᠡᠮᠵᠢᠶ᠎ᠡ ᠶᠢ ᠥᠷᠭᠡᠳᠬᠡᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠢᠮᠠᠭᠲᠠ ᠥᠨᠳᠥᠷ ᠪᠠᠶᠢᠷᠢᠨ ᠳᠤ ᠨᠡᠮᠡᠭᠳᠡᠭᠦᠯᠦᠨ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠪᠣᠳᠠᠲᠤ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢ 7% ᠣᠷᠴᠢᠮ ᠪᠠᠶᠢᠯᠭᠠᠵᠤ᠂ ᠶᠡᠷᠦᠩᠬᠡᠢ ᠥᠷᠲᠡᠭ ᠢ 4000 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠂ ᠪᠥᠬᠦ ᠤᠯᠤᠰ ᠤᠨ ᠮᠤᠵᠢ ᠶᠢᠨ ᠲᠥᠪ ᠬᠤᠲᠠ᠂ ᠪᠥᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠣᠲᠣᠷ᠎ᠠ ᠨᠡᠷ᠎ᠡ ᠠᠯᠳᠠᠷᠰᠢᠵᠤ ᠣᠷᠣᠨ ᠳᠡᠪᠰᠢᠬᠦ ᠪᠠᠷ ᠴᠢᠷᠮᠠᠶᠢᠨ᠎ᠠ᠃ ᠬᠤᠲᠠ ᠶᠢᠨ ᠣᠷᠣᠨ ᠵᠠᠢ ᠶᠢ ᠵᠦᠢ ᠵᠣᠬᠢᠰᠲᠠᠢ ᠪᠠᠶᠢᠷᠢᠰᠢᠭᠤᠯᠵᠤ᠂ ᠵᠡᠭᠦᠨ ᠬᠡᠰᠡᠭ ᠲᠤ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠲᠣᠭᠤᠷᠢᠨ ᠳᠤ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠣᠨ ᠢ ᠪᠠᠶᠢᠭᠤᠯᠵᠤ᠂ ᠪᠠᠷᠠᠭᠤᠨ ᠬᠡᠰᠡᠭ ᠲᠤ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠲᠣᠭᠤᠷᠢᠨ ᠳᠤ ᠠᠵᠤ ᠦᠢᠯᠡᠰ ᠪᠠ ᠬᠤᠲᠠ ᠠᠭᠤᠰᠤᠯᠴᠠᠭᠰᠠᠨ ᠣᠷᠣᠨ ᠢ ᠪᠠᠶᠢᠭᠤᠯᠵᠤ᠂ ᠡᠮᠦᠨᠡᠲᠦ ᠬᠡᠰᠡᠭ ᠲᠤ ᠰᠢᠨ᠎ᠡ ᠨᠢᠰᠬᠡᠯ ᠤᠨ ᠪᠠᠭᠤᠳᠠᠯ᠂ ᠬᠤᠷᠢᠨᠭᠡᠷ ᠰᠢᠨ᠎ᠡ ᠲᠣᠭᠤᠷᠢᠭ᠂ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠣᠭᠤᠷᠢᠨ ᠳᠤ ᠬᠤᠲᠠ ᠶᠢᠨ ᠳᠡᠳ᠋ ᠲᠥᠪ ᠢ ᠪᠠᠶᠢᠭᠤᠯᠵᠤ᠂ ᠬᠤᠲᠠ ᠶᠢᠨ ᠪᠣᠷᠣ ᠲᠥᠯᠥᠪ ᠢ ᠦᠷᠭᠦᠯᠵᠢᠯᠡᠨ ᠥᠷᠭᠡᠳᠬᠡᠨ᠎ᠡ᠃ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ ᠪᠦᠲᠦᠭᠡᠨ᠎ᠡ᠃ ᠬᠤᠲᠠ ᠶᠢᠨ ᠲᠣᠭᠤᠷᠢᠭ ᠤᠨ ᠬᠥᠮᠥᠨ ᠠᠮᠠ ᠶᠢ ᠦᠷᠭᠦᠯᠵᠢᠯᠡᠨ ᠨᠡᠮᠡᠭᠳᠡᠭᠦᠯᠵᠦ᠂ ᠪᠥᠬᠦ ᠬᠤᠲᠠ ᠶᠢᠨ ᠬᠥᠮᠥᠨ ᠠᠮᠠ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ︽ᠣᠷᠣᠨ ᠬᠤᠲᠠ ᠬᠠᠮᠲᠤᠪᠠᠷ ᠪᠠᠶᠢᠭᠤᠯᠬᠤ︾ ᠶᠢ ᠢᠳᠡᠪᠬᠢᠲᠡᠢ ᠠᠬᠢᠭᠤᠯᠵᠤ᠂ ᠣᠯᠠᠨ ᠲᠠᠯ᠎ᠠ ᠶᠢᠨ ᠬᠢᠨ ᠤ ᠳᠡᠮᠵᠢᠯᠭᠡ ᠶᠢ ᠴᠢᠷᠮᠠᠶᠢᠨ ᠣᠯᠵᠤ᠂ ᠣᠷᠣᠨ ᠤ ᠲᠥᠪ ᠢ ᠵᠢᠩᠬᠢᠨᠢ ᠪᠠᠷ ︽ᠲᠦᠷᠦᠭᠦᠯᠡᠭᠦᠯᠦᠨ᠎ᠡ︾᠃      ︵ᠬᠤᠶᠠᠷ︶ ᠬᠤᠲᠠ ᠪᠠᠶᠢᠭᠤᠯᠬᠤ ︽ᠬᠦᠴᠦᠷᠬᠡᠭ ᠬᠥᠲᠥᠯᠥᠨ ᠳᠠᠭᠠᠭᠤᠯᠭ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠢᠷᠭᠡᠳ ᠤᠨ ᠶᠣᠰᠣ ᠮᠣᠷᠠᠯ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠤᠲᠠ ᠶᠢᠨ ᠠᠷᠠᠳ ᠤᠨ ᠬᠡᠪ ᠴᠢᠨᠠᠷ ᠪᠠ ᠬᠤᠲᠠ ᠶᠢᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠲᠦᠷᠦ ᠶᠢᠨ ᠪᠣᠳᠣᠯᠭ᠎ᠠ ᠂ ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ ᠲᠠᠯᠪᠢᠨ ᠰᠠᠶᠢᠲᠤᠷ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠪᠣᠯᠭᠠᠨ ᠡᠭᠦᠳᠦᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠣᠷᠣᠨ ᠪᠦᠰᠡ᠂ ᠪᠦᠬᠦ ᠶᠠᠪᠤᠴᠠ ᠪᠠᠷ ᠴᠢᠩᠭᠠᠳᠬᠠᠵᠤ᠂ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠷᠢᠶ᠎ᠡ᠂ ᠪᠦᠬᠦ ᠲᠠᠯ᠎ᠠ ᠪᠠᠷ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠬᠦᠨᠳᠦ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠪᠣᠯᠭᠠᠨ ᠡᠭᠦᠳᠦᠨ ᠪᠠᠶᠢᠭᠤᠯᠤᠨ᠎ᠠ᠃      ︵ᠭᠤᠷᠪᠠ︶ ᠠᠵᠤ ᠦᠢᠯᠡᠰ ᠤᠨ ︽ᠬᠦᠴᠦᠷᠬᠡᠭ ᠳᠠᠪᠠᠭᠤᠯᠢᠭ ᠲᠠᠯ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠢᠶᠠᠷ ᠭᠤᠣᠯᠳᠠᠯᠭ᠎ᠠ ᠪᠣᠯᠭᠠᠵᠤ᠂ ︽ᠵᠠᠷᠢᠮ ᠢ ᠨᠢ ᠬᠢᠵᠦ᠂ ᠵᠠᠷᠢᠮ ᠢ ᠨᠢ ᠬᠢᠬᠦ ᠦᠭᠡᠢ︾ ᠪᠠᠶᠢᠬᠤ ᠶᠢ ᠪᠠᠷᠢᠮᠲᠠᠯᠠᠨ᠂ ︽ᠬᠤᠶᠠᠷ ᠶᠡᠬᠡᠲᠡᠢ︾ ᠲᠦᠷᠦᠯ ᠵᠦᠢᠯ ᠢ ᠶᠠᠭᠠᠬᠢᠭᠰᠠᠨ ᠴᠤ ᠬᠢᠬᠦ ᠦᠭᠡᠢ ᠪᠠᠶᠢᠵᠤ᠂ ᠡᠨᠧᠷᠭᠢ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠭᠤᠣᠯᠳᠠᠯᠭ᠎ᠠ ᠶᠢ ᠲᠣᠪᠤᠶᠢᠯᠭᠠᠨ᠂ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠠᠵᠤ ᠦᠢᠯᠡᠰ ᠤᠨ ᠬᠠᠩᠭᠠᠯᠭ᠎ᠠ ᠶᠢᠨ ᠰᠢᠰᠲ᠋ᠧᠮᠵᠢ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠪᠦᠯᠦᠭᠵᠢᠯ 2᠂ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 3᠂ ᠵᠠᠭᠤᠨ ᠳ᠋ᠦᠩᠰᠢᠭᠤᠷ ᠤᠨ ᠲᠠᠰ ᠤᠨ ᠠᠵᠤ ᠠᠬᠤᠶᠢᠯᠠᠯ 10᠂ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠠᠵᠤ ᠠᠬᠤᠶᠢᠯᠠᠯ 10 ᠶᠢ ᠴᠣᠭᠴᠠᠯᠠᠨ᠎ᠠ᠃ ︽ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠤᠷᠲᠤᠳᠬᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠤᠯᠭᠠᠭᠤᠷᠢᠯᠠᠭᠴᠢ ᠲᠣᠮᠣ ᠲᠦᠷᠦᠯ ᠵᠦᠢᠯ ᠢ ᠠᠳᠬᠤᠬᠤ ᠪᠠᠷ ᠪᠠᠷᠠᠬᠤ ᠦᠭᠡᠢ ᠪᠠᠰᠠ ᠲᠤᠰᠬᠠᠢ ᠨᠠᠷᠢᠯᠢᠭ ᠣᠨᠴᠠ ᠰᠢᠨ᠎ᠡ ᠰᠠᠶᠢᠨ ᠲᠦᠷᠦᠯ ᠵᠦᠢᠯ ᠪᠣᠯᠣᠨ ᠨᠡᠶᠢᠳᠡᠮ ᠢ ᠪᠦᠷᠬᠦᠭᠰᠡᠨ ᠵᠢᠵᠢᠭ ᠲᠦᠷᠦᠯ ᠵᠦᠢᠯ ᠢ ᠠᠳᠬᠤᠵᠤ᠂ ᠬᠥᠲᠥᠴᠢ ᠠᠵᠤ ᠠᠬᠤᠶᠢᠯᠠᠯ ᠢ 50 ᠠᠴᠠ ᠳᠡᠭᠡᠭᠰᠢ ᠣᠷᠣᠭᠤᠯᠤᠨ ᠠᠪᠴᠢᠷᠠᠵᠤ᠂ ᠨᠡᠩ ᠤᠯᠠᠨ ᠰᠢᠨ᠎ᠡ ᠲᠤᠯᠭᠠᠭᠤᠷᠢ ᠠᠵᠤ ᠦᠢᠯᠡᠰ ᠤᠨ ᠪᠦᠷᠢᠯᠳᠦᠬᠦ ᠶᠢ ᠠᠬᠢᠭᠤᠯᠤᠨ᠎ᠠ᠃      ︵ᠳᠥᠷᠪᠡ︶ ᠲᠥᠪ ᠤᠨ ︽ᠬᠦᠴᠦᠷᠬᠡᠭ ᠲᠥᠪᠯᠡᠷᠡᠯ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠲᠠ ᠪᠠᠨ ᠬᠦᠴᠦᠷᠬᠡᠭᠵᠢᠭᠦᠯᠬᠦ︾ ᠢᠨᠵᠧᠨᠧᠷᠢᠩ ᠢ ᠬᠡᠷᠡᠭᠵᠢᠭᠦᠯᠦᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠴᠣᠭᠴᠠᠯᠠᠵᠤ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠡᠷᠡᠭᠵᠢᠭᠦᠯᠦᠨ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠣᠭᠴᠠᠯᠠᠨ᠎ᠠ᠃ ᠬᠥᠬᠡᠬᠤᠲᠠ ᠪᠤᠭᠤᠲᠤ ᠶᠢᠨ ᠲᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ᠂ ᠬᠥᠬᠡᠬᠤᠲᠠ ᠣᠷᠳᠣᠰ ᠤᠨ ᠲᠦᠷᠭᠡᠨ ᠤ ᠵᠠᠰᠠᠮᠠᠯ ᠵᠠᠮ ᠵᠡᠷᠭᠡ ᠴᠢᠬᠤᠯᠠ ᠶᠡᠭᠡ ᠵᠠᠮ ᠬᠠᠷᠢᠯᠴᠠᠭᠠᠨ ᠤ ᠢᠨᠵᠧᠨᠧᠷᠢᠩ ᠢ ᠶᠡᠬᠡᠪᠡᠷ ᠠᠬᠢᠭᠤᠯᠵᠤ᠂ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ ᠨᠢᠭᠲᠠ ᠨᠡᠮᠡᠵᠦ ᠨᠡᠭᠡᠭᠡᠨ᠂ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ ᠢ ᠴᠣᠭᠴᠠᠯᠠᠨ᠎ᠠ᠃ ᠪᠣᠬᠢᠷᠳᠤᠯ ᠦᠭᠡᠢ ᠬᠡᠷᠡᠭᠯᠡᠭᠡ᠂ ᠰᠥᠨᠢ ᠶᠢᠨ ᠬᠡᠷᠡᠭᠯᠡᠭᠡ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠬᠡᠷᠡᠭᠯᠡᠭᠡ᠂ ᠬᠡᠷᠡᠭᠴᠡᠭᠡ ᠳᠤ ᠨᠡᠶᠢᠴᠡᠭᠦᠯᠦᠭᠰᠡᠨ ᠬᠡᠷᠡᠭᠯᠡᠭᠡ ᠵᠡᠷᠭᠡ ᠣᠨᠴᠠᠯᠢᠭᠲᠤ ᠬᠡᠷᠡᠭᠯᠡᠭᠡ ᠶᠢ ᠢᠳᠡᠪᠬᠢᠲᠡᠢ ᠬᠥᠭᠵᠢᠭᠦᠯᠵᠦ᠂ ᠭᠡᠷ ᠤᠨ ᠭᠠᠳᠠᠨᠠᠬᠢ ᠠᠵᠤ ᠠᠬᠤᠢ᠂ ᠮᠥᠰᠥ ᠴᠠᠰᠤᠨ ᠤ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠤᠮᠠᠷᠠᠲᠤ ᠬᠡᠰᠡᠭ ᠤᠨ ᠴᠡᠯᠡᠭᠡᠷ ᠲᠠᠯ᠎ᠠ ᠪᠠ ᠡᠮᠦᠨᠡᠲᠦ ᠬᠡᠰᠡᠭ ᠤᠨ ᠬᠠᠲᠤᠨ ᠭᠤᠣᠯ ᠤᠨ ᠪᠤᠯᠤᠩ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠢ ᠴᠣᠭᠴᠠᠯᠠᠨ᠎ᠠ᠃      ︵ᠲᠠᠪᠤ︶ ᠨᠡᠭᠡᠭᠡᠯᠲᠡ ᠶᠢᠨ ︽ᠬᠦᠴᠦᠷᠬᠡᠭ ᠠᠮᠢᠵᠢᠷᠠᠯ ᠤᠨ ᠬᠦᠴᠦᠨ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ︽ᠬᠤᠳᠠ ᠬᠥᠳᠡᠭᠡ ᠶᠢ ᠨᠢᠭᠡ ᠴᠣᠭᠴᠠᠵᠢᠭᠤᠯᠬᠤ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ︾ ᠶᠢ ᠪᠠᠷᠢᠮᠲᠠᠯᠠᠵᠤ᠂ ᠬᠤᠳᠠ ᠶᠢᠨ ᠲᠦᠷᠪᠡᠨ ᠲᠣᠭᠤᠷᠢᠭ ᠲᠤ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠬᠡᠷᠡᠭᠯᠡᠭᠡ᠂ ᠶᠡᠷᠦᠩᠬᠡᠢ ᠬᠡᠯᠲᠡᠰ ᠤᠨ ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠤᠣᠯᠳᠠᠯᠭ᠎ᠠ ᠲᠠᠢ ᠬᠥᠭᠵᠢᠭᠦᠯᠦᠨ᠎ᠡ︔ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠠᠵᠤ ᠦᠢᠯᠡᠰ ᠤᠨ ᠲᠥᠷᠥᠯ ᠵᠦᠢᠯ ᠢ ᠭᠤᠣᠯᠳᠠᠯᠭ᠎ᠠ ᠲᠠᠢ ᠪᠠᠶᠢᠷᠢᠯᠠᠭᠤᠯᠤᠨ᠎ᠠ︔ ᠴᠢᠩ ᠱᠦᠢ ᠾᠧ ᠰᠢᠶᠠᠨ᠂ ᠦᠴᠦᠸᠠᠨ ᠰᠢᠶᠠᠨ ᠳᠤ ᠠᠮᠢ ᠠᠬᠤᠢ ᠶᠢᠨ ᠬᠠᠮᠠᠭᠠᠯᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠪᠤᠶᠢᠯᠭᠠᠵᠦ᠂ ᠲᠤᠰ ᠲᠤᠰ ᠤᠨ ᠭᠤᠣᠯᠳᠠᠯᠭ᠎ᠠ ᠲᠠᠢ ᠪᠠᠶᠢᠯᠭᠠᠵᠤ᠂ ᠬᠠᠷᠢᠯᠴᠠᠨ ᠵᠣᠯᠭᠠᠭᠤᠯᠵᠤ᠂ ᠣᠨᠴᠠᠯᠢᠬᠵᠢᠭᠤᠯᠤᠭᠰᠠᠨ᠂ ᠵᠦᠷᠢᠶᠡᠵᠢᠬᠦᠯᠦᠭᠰᠡᠨ ᠬᠥᠭᠵᠢᠯᠲᠡ ᠶᠢ ᠪᠡᠶᠡᠯᠡᠭᠦᠯᠵᠦ᠂ ᠣᠷᠣᠨ ᠤ ᠲᠥᠪ ᠤᠨ ︽ᠬᠠᠭᠠᠰ ᠴᠠᠭ ᠤᠨ ᠬᠤᠳᠠ ᠶᠢᠨ ᠴᠠᠭᠠᠷᠢᠭ︾ ᠢ ᠪᠠᠶᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠣᠷᠣᠨ ᠪᠦᠰᠡ ᠶᠢᠨ ᠰᠠᠭᠤᠷᠢ ᠪᠡᠯᠡᠳᠬᠡᠮᠵᠢ ᠶᠢᠨ ᠬᠠᠷᠢᠯᠴᠠᠨ ᠨᠡᠪᠲᠡᠷᠡᠯᠴᠡᠬᠦ᠂ ᠤᠯᠠᠨ ᠨᠡᠶᠢᠳᠡ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠤ ᠦᠢᠯᠡᠰ ᠤᠨ ᠪᠦᠯᠦᠭᠵᠢᠯ ᠬᠠᠮᠵᠢᠯᠴᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠵᠠᠰᠠᠬᠤ ᠶᠢ ᠭᠦᠨᠵᠡᠭᠡᠶᠢᠷᠡᠭᠦᠯᠦᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠨᠢᠭᠡ ᠴᠠᠭ ᠤᠨ ᠬᠤᠳᠠ ᠶᠢᠨ ᠴᠠᠭᠠᠷᠢᠭ︾ ᠢ ᠬᠥᠲᠥᠯᠥᠨ ᠳᠠᠭᠠᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ᠂ ᠴᠢᠳᠠᠪᠤᠷᠢᠲᠠᠨ᠂ ᠮᠡᠷᠭᠡᠵᠢᠯ ᠵᠡᠷᠭᠡ ᠶᠢᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠰᠡᠯᠡᠭᠦᠴᠡᠯ ᠠᠮᠠᠷᠠᠯᠲᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠪᠡᠭᠡᠵᠢᠩ ᠲᠢᠶᠠᠨᠵᠢᠨ ᠾᠧᠪᠧᠢ ᠶᠢᠨ ︽ᠬᠤᠶᠠᠷ ᠴᠠᠭ ᠤᠨ ᠠᠵᠤ ᠠᠬᠤᠢ ᠶᠢᠨ ᠴᠠᠭᠠᠷᠢᠭ︾ ᠲᠤ ᠠᠭᠤᠰᠤᠯᠴᠠᠨ᠎ᠠ᠃ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠳᠤᠮᠳᠠᠳᠤ ᠮᠣᠩᠭᠤᠯ ᠣᠷᠣᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠮᠣᠩᠭᠤᠯ ᠣᠷᠣᠰ ᠡᠸᠦ᠋ᠷᠦᠫᠡ ᠯᠦᠭᠡ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠣᠩᠭᠤᠯ ᠣᠷᠣᠰ ᠡᠸᠦ᠋ᠷᠦᠫᠡ ᠳᠤ ᠬᠠᠨᠳᠤᠭᠤᠯᠤᠭᠰᠠᠨ ︽ᠪᠥᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠴᠠᠭᠠᠷᠢᠭ︾ ᠢ ᠴᠣᠭᠴᠠᠯᠠᠨ᠎ᠠ᠃      ︵ᠵᠢᠷᠭᠤᠭ᠎ᠠ︶ ᠬᠤᠲᠠ ᠶᠢᠨ ︽ᠬᠦᠴᠦᠷᠬᠡᠭ ᠶᠠᠰᠤ ᠴᠢᠨᠠᠷ︾ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠤᠯᠤᠰ ᠤᠨ ᠨᠢᠭᠡᠳᠦᠭᠡᠷ ᠪᠦᠯᠦᠭ ᠤᠨ ᠬᠤᠲᠠ ᠶᠢᠨ ᠰᠢᠨᠡᠴᠢᠯᠡᠯᠲᠡ ᠶᠢᠨ ᠲᠤᠷᠰᠢᠯᠲᠠ ᠶᠢᠨ ᠴᠡᠭ ᠢᠶᠠᠷ ᠵᠢᠭᠰᠠᠭᠠᠭᠳᠠᠭᠰᠠᠨ ᠠᠵᠠ ᠲᠣᠬᠢᠶᠠᠯ ᠢ ᠠᠮᠵᠢᠵᠤ᠂ ᠬᠤᠶᠠᠳᠤᠭᠠᠷ ᠲᠣᠭᠤᠷᠢᠯ ᠵᠠᠮ ᠤᠨ ᠳᠣᠲᠣᠷᠠᠬᠢ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠲᠠᠰᠤᠷᠬᠠᠢ ᠵᠠᠮ ᠢ ᠪᠦᠬᠦᠨ ᠢ ᠨᠡᠪᠲᠡᠷᠡᠭᠦᠯᠬᠦ ᠪᠠᠷ ᠴᠢᠷᠮᠠᠶᠢᠵᠤ᠂ ᠭᠠᠵᠠᠷ ᠳᠣᠣᠷᠠᠬᠢ ᠬᠤᠭᠤᠯᠠᠢ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠨ᠂ ᠬᠤᠲᠠ ᠶᠢᠨ ᠣᠶᠤᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠣᠷᠣᠨ ᠤ ᠲᠥᠪ ᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ︽ᠬᠥᠮᠥᠨ ᠢ ᠲᠠᠲᠠᠬᠤ᠂ ᠬᠥᠮᠥᠨ ᠢ ᠬᠥᠮᠥᠵᠢᠭᠦᠯᠬᠦ᠂ ᠬᠥᠮᠥᠨ ᠢ ᠦᠯᠡᠳᠡᠭᠡᠬᠦ᠂ ᠬᠥᠮᠥᠨ ᠢ ᠬᠡᠷᠡᠭᠯᠡᠬᠦ︾ ᠳᠤ ᠰᠠᠭᠤᠷᠢᠯᠠᠵᠤ᠂ ᠲᠡᠷᠢᠭᠦᠨ ᠵᠡᠷᠭᠡ ᠶᠢᠨ ᠰᠣᠶᠣᠯ ᠢᠷᠭᠡᠨᠰᠢᠯ ᠤᠨ ᠣᠷᠴᠢᠨ ᠲᠣᠭᠤᠷᠢᠨ᠂ ᠲᠦᠷᠦ ᠶᠢᠨ ᠪᠣᠳᠣᠯᠭ᠎ᠠ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠤᠯᠠᠠ ᠴᠢᠳᠠᠪᠤᠷᠢᠲᠠᠨ ᠢ ᠣᠷᠣᠨ ᠤ ᠲᠥᠪ ᠲᠤ ᠢᠷᠡᠭᠦᠯᠵᠦ᠂ ᠣᠷᠣᠨ ᠤ ᠲᠥᠪ ᠲᠤ ᠦᠯᠡᠳᠡᠭᠡᠵᠦ᠂ ᠦᠢᠯᠡᠰ ᠪᠣᠰᠬᠠᠵᠤ ᠠᠵᠢᠯ ᠣᠯᠬᠤ ᠪᠣᠯᠭᠠᠵᠤ᠂ ᠣᠷᠣᠨ ᠤ ᠲᠥᠪ ᠲᠤ ᠦᠢᠯᠡᠰ ᠪᠣᠰᠬᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯᠵᠢᠭᠰᠡᠨ ᠨᠡᠶᠢᠳᠡᠮ ᠢ ᠬᠠᠷᠠᠭᠠᠯᠵᠠᠭᠰᠠᠨ ᠬᠥᠭᠵᠢᠯᠲᠡ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠤᠯᠠᠨ ᠶᠠᠩᠵᠤ ᠶᠢᠨ ᠬᠥᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠭᠰᠡᠨ ᠣᠨᠴᠠᠯᠢᠭᠲᠤ ᠬᠥᠭᠵᠢᠯᠲᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠭᠡᠭᠰᠢᠯᠡᠭᠦᠯᠦᠨ ᠰᠢᠨ᠎ᠡ ᠶᠢ ᠡᠭᠦᠳᠬᠦ ᠬᠥᠭᠵᠢᠯᠲᠡ ᠶᠢ ᠲᠦᠯᠬᠢᠨ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 40 ᠠᠴᠠ ᠳᠡᠭᠡᠭᠰᠢ ᠶᠢ ᠰᠢᠨ᠎ᠡ ᠪᠠᠷ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢ 40 ᠠᠴᠠ ᠳᠡᠭᠡᠭᠰᠢ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠨ ᠪᠠᠶᠢᠭᠤᠯᠵᠤ ᠥᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠡᠷᠳᠡᠮ ᠤᠨ ᠴᠣᠯᠠ ᠶᠢ 5 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠣᠷᠣᠨ ᠤ ᠲᠥᠪ ᠢ ᠰᠤᠷᠤᠯᠴᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠡᠷᠡᠭᠦᠯ ᠮᠡᠨᠲᠦ ᠶᠢᠨ ᠡᠮᠴᠢᠯᠡᠭᠡ ᠰᠤᠪᠢᠯᠠᠯᠲᠠ᠂ ᠠᠮᠢ ᠠᠬᠤᠢ ᠶᠢᠨ ᠵᠢᠭᠤᠯᠴᠢᠯᠠᠯ ᠰᠤᠪᠢᠯᠠᠯᠲᠠ᠂ ᠲᠠᠮᠢᠷ ᠤᠨ ᠬᠥᠳᠡᠯᠭᠡᠭᠡᠨ ᠪᠡᠶ᠎ᠡ ᠰᠤᠪᠢᠯᠠᠯᠲᠠ ᠵᠡᠷᠭᠡ ᠡᠷᠡᠭᠦᠯᠵᠢᠯ ᠰᠤᠪᠢᠯᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ ᠪᠠᠶᠢᠷᠢᠰᠢᠭᠤᠯᠵᠤ᠂ ᠣᠷᠣᠨ ᠤ ᠲᠥᠪ ᠢ ᠪᠡᠶ᠎ᠡ ᠰᠤᠪᠢᠯᠠᠬᠤ ᠳᠤ ᠨᠡᠩ ᠲᠣᠬᠢᠷᠠᠮᠵᠢᠲᠠᠢ ᠪᠣᠯᠭᠠᠨ᠎ᠠ᠃ ᠵᠢᠭᠤᠯᠴᠢᠯᠠᠯ ᠤᠨ ᠴᠢᠬᠤᠯᠠ ᠲᠥᠪᠯᠡᠷᠡᠭᠦᠯᠦᠨ ᠲᠠᠷᠬᠠᠭᠠᠬᠤ ᠲᠥᠪ ᠢ ᠪᠥᠬᠦ ᠲᠠᠯ᠎ᠠ ᠪᠠᠷ ᠪᠠᠶᠢᠭᠤᠯᠵᠤ᠂ ᠤᠮᠠᠷᠠᠰᠢ ᠲᠠᠯ᠎ᠠ ᠨᠤᠲᠤᠭ ᠢᠶᠠᠷ ᠵᠢᠭᠤᠯᠴᠢᠯᠠᠬᠤ᠂ ᠪᠠᠷᠠᠭᠤᠨᠰᠢ ᠡᠯᠡᠰᠦᠨ ᠴᠥᠯ ᠢᠶᠠᠷ ᠲᠣᠭᠤᠷᠢᠬᠤ᠂ ᠡᠮᠦᠨᠡᠰᠢ ᠬᠠᠲᠤᠨ ᠭᠤᠣᠯ ᠢ ᠰᠣᠨᠢᠷᠬᠠᠬᠤ᠂ ᠵᠡᠭᠦᠨᠰᠢ ᠪᠡᠭᠡᠵᠢᠩ ᠲᠢᠶᠠᠨᠵᠢᠨ ᠢ ᠪᠠᠷᠠᠯᠠᠬᠤ ᠴᠢᠬᠤᠯᠠ ᠵᠢᠭᠤᠯᠴᠢᠯᠠᠯ ᠤᠨ ᠵᠣᠷᠢᠬᠤ ᠭᠠᠵᠠᠷ᠂ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠲᠦᠭᠡᠨ ᠪᠠᠶᠢᠭᠤᠯᠵᠤ᠂ ᠣᠷᠣᠨ ᠤ ᠲᠥᠪ ᠢ ᠵᠤᠭᠠᠴᠠᠬᠤ ᠳᠤ ᠨᠠᠩ ᠲᠣᠬᠢᠷᠠᠮᠵᠢᠲᠠᠢ ᠪᠣᠯᠭᠠᠨ᠎ᠠ᠃      ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 7% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠢ 8% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 10% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 7% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 8% ᠣᠷᠴᠢᠮ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠡᠶᠡᠯᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠶᠢ ᠲᠣᠭᠲᠠᠭᠠᠭᠰᠠᠨ ᠨᠢ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠯᠢ ᠤᠯᠠᠨ ᠲᠣᠭᠲᠠᠭᠤᠨ ᠢᠶᠠᠷ ᠨᠡᠮᠡᠭᠳᠡᠭᠦᠯᠬᠦ ᠲᠦᠷᠦ ᠶᠢᠨ ᠪᠣᠳᠣᠯᠭ᠎ᠠ ᠶᠢᠨ ᠦᠢᠯᠡᠳᠦᠯ ᠨᠥᠯᠥᠭᠡ ᠶᠠᠭ ᠪᠠᠳᠠᠷᠠᠵᠤ  ᠪᠠᠶᠢᠬᠤ ᠳᠤ ᠰᠠᠭᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠷᠣᠨ ᠤ ᠲᠥᠪ ᠤᠨ ᠲᠤᠬᠠᠢ ᠳᠤᠷᠠᠳᠤᠭᠰᠠᠨ ︽ᠴᠢᠨᠠᠷ ᠰᠠᠶᠢᠲᠠᠢ ᠬᠥᠭᠵᠢᠯᠲᠡ ᠶᠢ ᠤᠷᠢᠳᠠᠪᠠᠷ ᠪᠡᠶᠡᠯᠡᠭᠦᠯᠬᠦ︾ ᠬᠠᠷᠠᠯᠲᠠ ᠶᠢᠨ ᠱᠠᠭᠠᠷᠳᠠᠯᠭ᠎ᠠ ᠳᠤ ᠰᠠᠭᠤᠷᠢᠯᠠᠪᠠ︔ ᠮᠠᠨ ᠤ ᠬᠤᠲᠠ ᠶᠢᠨ ᠪᠥᠬᠦ ᠣᠷᠣᠨ ᠳᠤ ᠡᠭᠦᠷᠭᠡᠯᠡᠵᠦ ᠪᠠᠶᠢᠭ᠎ᠠ ︽ᠨᠢᠷᠤᠭᠤᠪᠴᠢ ᠪᠣᠯᠬᠤ︾ ︽ᠣᠷᠣᠨ ᠤ ᠲᠥᠪ ᠢ ᠬᠦᠴᠦᠷᠬᠡᠭᠵᠢᠭᠦᠯᠬᠦ︾ ᠤᠯᠤᠰ ᠲᠥᠷᠥ ᠶᠢᠨ ᠡᠭᠦᠷᠭᠡ ᠳᠤ ᠰᠠᠭᠤᠷᠢᠯᠠᠪᠠ︔ ᠨᠢᠭᠡᠨᠲᠡ ᠪᠦᠷᠢᠯᠳᠦᠭᠰᠡᠨ ᠯᠠᠪᠳᠠᠭᠤᠨ ᠪᠠᠲᠤᠲᠠᠢ ᠬᠥᠭᠵᠢᠯᠲᠡ ᠶᠢᠨ ᠰᠠᠭᠤᠷᠢ ᠪᠠ ᠬᠡᠷᠡᠭᠵᠢᠭᠦᠯᠦᠭᠰᠡᠨ ᠠᠯᠢ ᠤᠯᠠᠨ ᠴᠢᠬᠤᠯᠠ ᠶᠡᠭᠡ ᠲᠦᠷᠦᠯ ᠵᠦᠢᠯ ᠤᠨ ᠬᠦᠴᠦᠲᠡᠢ ᠲᠤᠯᠭᠠᠭᠤᠷᠢᠯᠠᠯ ᠳᠤ ᠰᠠᠭᠤᠷᠢᠯᠠᠪᠠ᠃      ᠪᠢᠳᠡ ᠡᠷᠬᠡᠪᠰᠢ ᠡᠯ᠎ᠡ ᠲᠠᠯ᠎ᠠ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠤᠨ ᠰᠠᠶᠢᠲᠤᠷ ᠠᠰᠢᠭᠯᠠᠵᠤ ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠭᠦ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ︔ ᠪᠢᠳᠡ ᠡᠷᠬᠡᠪᠰᠢ ᠬᠤᠳᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠡᠵᠡᠮᠳᠡᠵᠦ᠂ ᠰᠠᠶᠢᠲᠤᠷ ᠪᠠᠳᠠᠷᠠᠭᠤᠯᠵᠤ᠂ ︽ᠣᠷᠣᠨ ᠤ ᠲᠥᠪ︾ ᠪᠣᠯᠣᠨ ︽ᠣᠷᠣᠨ ᠪᠦᠰᠡ ᠶᠢᠨ ᠲᠥᠪ︾ ᠤᠨ ᠴᠢᠳᠠᠪᠬᠢ ᠶᠢ ᠲᠤᠪᠤᠶᠢᠯᠭᠠᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠵᠠᠩᠭᠢᠯᠠᠭ᠎ᠠ ᠶᠢ ᠪᠦᠲᠦᠮᠵᠢᠲᠡᠢ ᠪᠣᠶᠢᠵᠢᠭᠤᠯᠬᠤ ᠬᠡᠷᠡᠭᠲᠡᠢ︔ ᠪᠢᠳᠡ ᠡᠷᠬᠡᠪᠰᠢ ᠲᠦᠷᠦᠯ ᠵᠦᠢᠯ ᠢ ᠶᠡᠷᠦᠩᠬᠡᠶᠢᠯᠡᠨ ᠵᠠᠬᠢᠷᠬᠤ ᠶᠢ ᠰᠠᠶᠢᠲᠤᠷ ᠲᠤᠪᠤᠶᠢᠯᠭᠠᠵᠤ᠂ ᠰᠠᠶᠢᠲᠤᠷ ᠪᠠᠷᠢᠮᠲᠠᠯᠠᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠲᠦᠷᠦᠯ ᠵᠦᠢᠯ ᠢ ᠪᠣᠳᠠᠲᠠᠢ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠲᠥᠯᠥᠨ ᠳᠠᠭᠠᠭᠤᠯᠬᠤ ᠲᠤᠯᠭᠠᠭᠤᠷᠢᠯᠠᠯ ᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ︔ ᠪᠢᠳᠡ ᠡᠷᠬᠡᠪᠰᠢ ᠬᠦᠨᠳᠦ ᠶᠡᠭᠡ ᠠᠶᠤᠯ ᠲᠦᠭᠰᠢᠭᠦᠷᠢ ᠶᠢ ᠰᠠᠶᠢᠲᠤᠷ ᠰᠡᠷᠭᠡᠶᠢᠯᠡᠵᠦ᠂ ᠰᠠᠶᠢᠲᠤᠷ ᠠᠷᠢᠯᠭᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠲᠤᠯᠠᠭ᠎ᠠ ᠶᠢ ᠲᠠᠰᠤᠷᠠᠯᠲᠠ ᠦᠭᠡᠢ ᠪᠠᠲᠤᠳᠬᠠᠬᠤ ᠬᠡᠷᠡᠭᠲᠡᠢ᠃ ᠭᠠᠭᠴᠠ ᠬᠦ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠡᠭᠦᠷᠭᠡ ᠪᠠᠨ ᠴᠢᠩᠭ᠎ᠠ ᠠᠩᠬᠠᠷᠴᠤ ᠡᠴᠦᠰ ᠲᠤᠨᠢ ᠲᠤᠯᠲᠠᠯ᠎ᠠ ᠬᠢᠳᠡᠭ ᠯᠡ ᠶᠤᠮ ᠪᠣᠯ ᠮᠠᠨ ᠤ ᠲᠣᠭᠲᠠᠭᠠᠭᠰᠠᠨ ᠬᠠᠷᠠᠯᠲᠠ ᠯᠠᠪᠲᠠᠢ ᠪᠡᠶᠡᠯᠡᠭᠳᠡᠬᠦ ᠶᠤᠮ᠃      ︵ᠨᠢᠭᠡ︶ ᠪᠡᠯᠡ ᠣᠷᠣᠭᠤᠯᠤᠯᠲᠠ ᠶᠢ ᠥᠷᠭᠡᠳᠬᠡᠵᠦ ᠬᠡᠷᠡᠭᠯᠡᠭᠡ ᠶᠢ ᠠᠬᠢᠭᠤᠯᠬᠤ ᠪᠠᠷ ᠬᠦᠴᠦᠯᠡᠨ᠎ᠡ      ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠳᠬᠤᠬᠤ  ᠶᠢ ᠪᠠᠷᠢᠮᠲᠠᠯᠠᠵᠤ᠂ ︽ᠬᠤᠣᠰ ᠨᠢᠭᠡ ᠮᠢᠩᠭ᠎ᠠ︾ ᠶᠢᠨ ᠬᠠᠷᠠᠯᠲᠠ ᠶᠣᠰᠣᠭᠠᠷ᠂ ᠭᠤᠣᠯᠳᠠᠯᠭ᠎ᠠ ᠲᠠᠢ ᠲᠥᠷᠥᠯ ᠵᠦᠢᠯ ᠢ 1000 ᠠᠴᠠ ᠳᠡᠭᠡᠭᠰᠢ ᠶᠢ ᠬᠡᠷᠡᠭᠵᠢᠭᠦᠯᠵᠦ᠂ 1000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠂ ᠡᠭᠦᠨ ᠳᠤ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ 26᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 201 ᠶᠢ ᠬᠡᠷᠡᠭᠵᠢᠭᠦᠯᠦᠨ᠎ᠡ᠃ ᠪᠥᠬᠦ ᠵᠢᠯ ᠳᠤ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 551᠂ ᠠᠷᠠᠳ ᠤᠨ ᠠᠮᠢᠳᠤᠷᠠᠯ ᠤᠨ ᠲᠥᠷᠥᠯ ᠤᠨ ᠲᠥᠷᠥᠯ ᠵᠦᠢᠯ ᠢ163᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠬᠠᠷᠢᠯᠴᠠᠭᠠᠨ ᠤ ᠲᠥᠷᠥᠯ ᠤᠨ ᠲᠥᠷᠥᠯ ᠵᠦᠢᠯ ᠢ 328 ᠶᠢ ᠬᠡᠷᠡᠭᠵᠢᠭᠦᠯᠦᠨ᠎ᠡ᠃ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠲᠥᠪᠯᠡᠷᠡᠭᠦᠯᠦᠨ ᠠᠵᠢᠯ ᠡᠬᠢᠯᠡᠭᠦᠯᠬᠦ᠂ ᠲᠥᠪᠯᠡᠷᠡᠭᠦᠯᠦᠨ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ︾᠂ ᠪᠥᠬᠦ ᠵᠢᠯ ᠳᠤ ︽ᠬᠠᠷᠠᠯᠲᠠ ᠲᠣᠭᠲᠠᠭᠤᠨ︾ ᠪᠠᠶᠢᠬᠤ ᠶᠢ ᠦᠨᠡᠨᠬᠦ ᠪᠠᠲᠤᠯᠠᠨ᠎ᠠ᠃      ᠬᠡᠷᠡᠭᠯᠡᠭᠡ ᠶᠢ ᠠᠬᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠨ᠎ᠡ᠃ SKP ᠬᠤᠰᠢᠭᠤᠴᠢ ᠳᠡᠯᠭᠡᠭᠦᠷ᠂ ᠦ᠋ ᠶᠤᠸᠠᠢ ᠲᠠᠯᠠᠪᠠᠶ ᠵᠡᠷᠭᠡ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠠᠬᠢᠭᠤᠯᠵᠤ᠂ ᠬᠤᠲᠠ ᠶᠢᠨ ᠡᠮᠦᠨᠡᠬᠢ ᠸᠠᠨ ᠳ᠋ᠠ ᠲᠠᠯᠠᠪᠠᠶ᠂ ᠶᠦᠩ ᠲᠠᠢ ᠴᠧᠩ ᠤᠨ ᠸᠠᠨ ᠳ᠋ᠠ ᠲᠠᠯᠠᠪᠠᠶ᠂ ᠬᠤᠸᠠ ᠷᠦᠨ ᠸᠠᠨ ᠰᠢᠶᠠᠩ ᠬᠤᠲᠠ ᠵᠡᠷᠭᠡ ᠴᠢᠨᠠᠷ ᠰᠠᠶᠢᠲᠠᠢ ᠬᠡᠷᠡᠭᠯᠡᠭᠡᠨ ᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ︔ ᠵᠥᠩ ᠱᠠᠨ ᠵᠠᠮ ᠵᠡᠷᠭᠡ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠭᠠᠵᠠᠷ ᠳᠣᠣᠷᠠᠬᠢ ᠲᠡᠮᠦᠷ ᠵᠠᠮ ᠤᠨ ᠰᠦᠯᠵᠢᠶᠡᠨ ᠤᠳᠤᠨ ᠵᠡᠭᠡᠯᠢ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ ᠣᠨᠴᠠᠯᠢᠭᠲᠤ ᠬᠡᠷᠡᠭᠯᠡᠭᠡᠨ ᠤ ᠲᠥᠷᠥᠯ ᠵᠦᠢᠯ ᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ︔ ᠨᠡᠶᠢᠭᠡᠮ ᠲᠣᠭᠤᠷᠢᠭ ᠤᠨ ᠠᠷᠠᠳ ᠲᠤ ᠠᠰᠢᠭ ᠬᠦᠷᠲᠡᠭᠡᠬᠦ ᠰᠢᠨ᠎ᠡ ᠰᠣᠷᠭᠤᠭ ᠢᠳᠡᠭᠡᠨ ᠤ ᠳᠡᠯᠭᠡᠭᠦᠷ ᠢ 100 ᠠᠴᠠ ᠳᠡᠭᠡᠭᠰᠢ ᠶᠢ ᠪᠠᠶᠢᠭᠤᠯᠵᠤ᠂ 68 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠥᠭᠡᠷᠡᠴᠢᠯᠡᠨ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠤ ᠲᠥᠷᠥᠯ ᠵᠦᠢᠯ ᠢ ᠣᠯᠠᠨ ᠶᠠᠩᠵᠤ ᠪᠠᠷ ᠪᠠᠶᠢᠷᠢᠰᠢᠭᠤᠯᠤᠨ᠎ᠠ᠃ ᠰᠢᠨ᠎ᠡ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠪᠥᠬᠦ ᠣᠷᠣᠨ᠂ ᠪᠥᠬᠦ ᠤᠯᠤᠰ ᠤᠨ ᠵᠠᠬ᠎ᠠ ᠳᠡᠯᠭᠡᠭᠦᠷ ᠲᠤ ᠬᠠᠨᠳᠤᠭᠤᠯᠤᠭᠰᠠᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ ᠤᠨ ᠤᠮᠠᠷᠠᠲᠤ ᠶᠢᠨ ᠦᠢᠯᠡᠴᠢᠯᠡᠭᠡᠨ ᠤ ᠨᠠᠷᠠᠲᠤ ᠬᠤᠲᠠ ᠶᠢ ᠴᠣᠭᠴᠠᠯᠠᠨ᠎ᠠ᠃      ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠦᠢᠯᠡᠰ ᠤᠨ ᠪᠦᠯᠦᠭᠵᠢᠯ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠬᠤᠣᠰ ᠲᠤᠰᠬᠠᠢ ᠠᠩᠭᠢ︾ ᠶᠢ ᠬᠦᠴᠦᠷᠬᠡᠭᠵᠢᠭᠦᠯᠦᠨ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠬᠢᠨᠠᠨ ᠰᠢᠯᠭᠠᠬᠤ ᠤᠷᠮᠠᠰᠢᠭᠤᠯᠬᠤ ᠳᠦᠷᠢᠮ ᠢ ᠡᠷᠡᠰ ᠬᠡᠷᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠦᠷᠢᠯᠳᠦᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠴᠡᠭ ᠠᠴᠠ ᠴᠡᠭ ᠲᠤ ᠭᠠᠳᠠᠭᠰᠢ ᠭᠠᠷᠴᠤ᠂ ᠨᠠᠷᠢᠯᠢᠭ ᠣᠨᠣᠴᠠᠲᠠᠢ ᠪᠠᠷ ᠲᠠᠲᠠᠨ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠢ ᠴᠢᠭᠯᠡᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠨᠡᠶᠢᠭᠡᠮᠯᠢᠭ ᠢᠶᠠᠷ ᠬᠤᠳᠠᠯᠳᠤᠭᠠᠴᠢᠨ ᠤᠷᠢᠵᠤ᠂ ᠠᠵᠤ ᠦᠢᠯᠡᠰ ᠢᠶᠠᠷ ᠬᠤᠳᠠᠯᠳᠤᠭᠠᠴᠢᠨ ᠤᠷᠢᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 300 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠪᠡᠯᠡ ᠣᠷᠣᠭᠤᠯᠤᠯᠲᠠ ᠶᠢ 400 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ 15 ᠠᠴᠠ ᠳᠡᠭᠡᠭᠰᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 7 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃      ︵ᠬᠤᠶᠠᠷ︶ ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ ᠢ ᠬᠦᠴᠦᠲᠡᠢ ᠰᠠᠶᠢᠲᠤᠷ ᠠᠳᠬᠤᠨ᠎ᠠ      ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 83 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠪᠠ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠯᠢ ᠶᠢᠨ ᠳᠡᠭᠡᠳᠦ ᠲᠠᠰ ᠤᠨ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ ᠰᠦᠨ ᠲᠠᠯᠬ᠎ᠠ ᠪᠠ ᠳᠡᠭᠡᠳᠦ ᠲᠠᠰ ᠤᠨ ᠰᠢᠩᠭᠡᠨ ᠲᠥᠯᠥᠪᠲᠦ ᠰᠦ᠂ ᠮᠧᠩ ᠨᠢᠦ ᠶᠢᠨ ᠪᠢᠰᠢᠯᠠᠭ ᠵᠡᠷᠭᠡ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ︔ ᠢᠯᠢ ᠶᠢᠨ ᠪᠢᠰᠢᠯᠠᠭ᠂ ᠮᠧᠩ ᠨᠢᠦ ᠶᠢᠨ ᠳᠣᠣᠷ᠎ᠠ ᠳᠤᠯᠠᠭᠠᠨᠲᠤ ᠰᠦ ᠪᠣᠯᠣᠨ ᠶᠢᠦ ᠷᠠᠨ ᠮᠠᠯ ᠠᠵᠤ ᠠᠬᠤᠢ ᠶᠢᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ᠂ ᠱᠧᠩ ᠵᠢᠶᠠᠨ ᠤ ᠰᠠᠭᠠᠯᠢ ᠶᠢᠨ ᠢᠮᠠᠭᠠᠨ ᠤ ᠰᠠᠭᠤᠷᠢᠨ ᠭᠠᠵᠠᠷ᠂ ᠵᠧᠩ ᠳ᠋ᠡ ᠭᠠᠭ᠋ᠠᠢ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ︔ ᠵᠢᠶᠠ ᠭᠦᠸᠧ ᠯᠦᠩ ᠭᠦᠩᠹᠦ᠋ ᠼᠠᠢ ᠲᠥᠪ ᠲᠣᠭᠤᠭᠠᠨ ᠭᠡᠷ᠂ ᠳ᠋ᠠ ᠶᠣᠣ ᠶᠢᠨ ᠵᠢᠯ ᠤᠨ ᠭᠠᠷᠤᠯᠲᠠ 30 ᠲᠦᠮᠡᠨ ᠲᠣᠨ ᠤ ᠤᠮᠳᠠᠭᠠᠨ ᠵᠢᠴᠢ ᠵᠢᠮᠢᠰ ᠢᠳᠡᠰᠢᠨ ᠨᠣᠭᠤᠭ᠎ᠠ ᠶᠢᠨ ᠰᠢᠭᠦᠰᠦ ᠶᠢᠨ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ︽ᠳᠡᠯᠡᠬᠡᠢ ᠶᠢᠨ ᠰᠦ ᠶᠢᠨ ᠬᠤᠲᠠ︾ ᠳᠠᠰᠢ ᠲᠦᠷᠭᠡᠨ ᠤᠷᠤᠭᠰᠢᠯᠠᠨ᠎ᠠ᠃      ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 70 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠶᠤᠸᠠᠨ ᠵᠢᠩ ᠤᠨ 40 ᠲᠦᠮᠡᠨ ᠺᠢᠯᠣᠸᠠᠲ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ  ᠬᠤᠰᠢᠭᠤᠴᠢ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠤᠯᠠᠨ ᠤᠯᠤᠰ ᠤᠨ ᠡᠨᠧᠷᠭᠢ ᠶᠢᠨ ᠬᠤᠰᠢᠭᠤᠴᠢ ᠣᠷᠣᠨ ᠤ ᠤᠮᠠᠷᠠᠲᠤ ᠶᠢᠨ ᠲᠥᠪ᠂ ᠯᠦᠩ ᠶᠤᠸᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠢ ᠡᠬᠢᠯᠡᠭᠦᠯᠦᠨ᠎ᠡ︔ ᠳ᠋ᠠ ᠲᠠᠩ ᠤᠨ ᠵᠠᠭᠤᠨ ᠲᠦᠮᠡᠨ ᠤ ᠲᠠᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ  ᠶᠢᠨ ᠬᠤᠲᠠ ᠶᠢᠨ ᠡᠨᠧᠷᠭᠢ ᠶᠢᠨ ᠶᠡᠷᠦᠩᠬᠡᠶᠢᠯᠡᠭᠰᠡᠨ ᠴᠣᠭᠴᠠ᠂ ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ︔ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠮᠧᠩ ᠨᠢᠦ ᠶᠢᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠪᠥᠬᠦ ᠠᠵᠤ ᠦᠢᠯᠡᠰ ᠤᠨ ᠬᠡᠯᠬᠢᠶᠡᠨ ᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ︔ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠬᠤᠷᠢᠨᠭᠡᠷ ᠤᠨ ᠴᠠᠬᠢᠯᠭᠠᠨ ᠤ ᠦᠢᠯᠡᠳᠪᠦᠷᠢ᠂ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ ᠵᠡᠷᠭᠡ ᠶᠢᠨ ᠠᠮᠢᠳᠤᠯᠢᠭ ᠥᠭᠡᠷᠡᠴᠢᠯᠡᠯᠲᠡ ᠶᠢ ᠪᠡᠶᠡᠯᠡᠭᠦᠯᠵᠦ᠂ ᠪᠦᠬᠦ ᠤᠯᠤᠰ ᠤᠨ ᠴᠡᠪᠡᠷ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠮᠠᠷᠠᠲᠤ ᠶᠢᠨ ᠴᠡᠪᠡᠷ ᠡᠨᠧᠷᠭᠢ ᠶᠢᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃      ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 18 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠵᠢᠦ ᠲᠠᠢ ᠶᠢᠨ 100 ᠲᠦᠮᠡᠨ ᠲᠣᠨ ᠡᠲ᠋ᠠ ᠬᠤᠶᠠᠷᠴᠢ ᠠᠯᠺᠣᠣᠯ᠂ ᠰᠢᠦᠢ ᠶᠠᠩ ᠵᠦᠩ ᠷᠠᠨ ᠤ 300 ᠲᠦᠮᠡᠨ ᠲᠣᠨ ᠤ ᠬᠡᠦᠷᠰᠢᠭᠦᠯᠬᠦ ᠵᠢᠴᠢ ᠤᠰᠤᠲᠥ᠋ᠷᠥᠭᠴᠢ ᠦᠢᠯᠡᠳᠴᠦ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠵᠢᠦ ᠲᠠᠢ ᠶᠢᠨ ᠨᠡᠭᠦᠷᠡᠰᠦ ᠪᠠᠷ ᠰᠠᠭᠤᠷᠢ ᠪᠣᠯᠭᠠᠭᠰᠠᠨ ᠵᠠᠳᠠᠷᠠᠵᠤ ᠪᠣᠯᠬᠤ ᠮᠠᠲ᠋ᠧᠷᠢᠶᠠᠯ᠂ ᠵᠢᠦ ᠲᠠᠢ ᠶᠢᠨ ᠤᠰᠤᠲᠥ᠋ᠷᠥᠭᠴᠢ ᠶᠢ ᠰᠢᠩᠭᠡᠨᠵᠢᠭᠦᠯᠦᠨ ᠴᠡᠪᠡᠷᠰᠢᠭᠦᠯᠬᠦ᠂ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠵᠤᠤᠬ᠎ᠠ ᠶᠢ ᠨᠡᠭᠦᠯᠭᠡᠬᠦ ᠮᠡᠷᠭᠡᠵᠢᠯ ᠤᠨ ᠥᠭᠡᠷᠡᠴᠢᠯᠡᠯᠲᠡ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠫᠷᠣᠫᠠᠨ ᠢᠶᠠᠷ ᠤᠰᠤᠲᠥ᠋ᠷᠥᠭᠴᠢ ᠶᠢ ᠠᠯᠳᠠᠭᠤᠯᠬᠤ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃      ᠰᠢᠨ᠎ᠡ ᠮᠠᠲ᠋ᠧᠷᠢᠶᠠᠯ ᠪᠠ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 65 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠵᠦᠩ ᠬᠤᠸᠠᠨ ᠤ ᠠᠵᠤ ᠦᠢᠯᠡᠰ ᠤᠨ ᠬᠤᠲᠠ ᠶᠢ ᠡᠬᠢᠯᠡᠨ ᠪᠦᠲᠦᠭᠡᠨ ᠪᠠᠶᠢᠭᠤᠯᠤᠨ᠎ᠠ︔ ᠵᠦᠩ ᠬᠤᠸᠠᠨ ᠤ ᠲᠠᠪᠤᠳᠤᠭᠠᠷ ᠬᠤᠭᠤᠴᠠᠭᠠᠨ ᠤ ᠴᠢᠳᠠᠮᠵᠢ ᠶᠢ ᠥᠷᠭᠡᠳᠬᠡᠬᠦ᠂ ᠵᠦᠩ ᠬᠤᠸᠠᠨ ᠤ 25GW ᠶᠢᠨ ᠣᠶᠤᠨᠴᠢᠯᠠᠭᠰᠠᠨ ᠬᠡᠷᠴᠢᠮᠡᠯ ᠢᠯᠲᠠᠰᠤ᠂ ᠵᠦᠩ ᠬᠤᠸᠠᠨ ᠯᠢᠩ ᠰᠢᠶᠠᠨ ᠤ ᠬᠤᠶᠠᠳᠤᠭᠠᠷ ᠬᠤᠭᠤᠴᠠᠭᠠᠨ ᠤ ᠬᠠᠭᠠᠰ ᠳᠠᠮᠵᠢᠭᠤᠯᠤᠭᠴᠢ ᠶᠢᠨ ᠲᠠᠰ ᠤᠨ ᠲᠠᠩ ᠲᠠᠯᠠᠰᠲᠤ ᠴᠠᠬᠢᠭᠤᠷ᠂ ᠬᠤᠸᠠ ᠶᠣᠣ ᠬᠡᠷᠡᠯ ᠴᠠᠬᠢᠯᠭᠠᠨ ᠤ ᠬᠤᠶᠠᠳᠤᠭᠠᠷ ᠬᠤᠭᠤᠴᠠᠭᠠᠨ ᠤ 12GW ᠶᠢᠨ ᠲᠠᠩ ᠲᠠᠯᠠᠰᠲᠤ ᠴᠠᠬᠢᠭᠤᠷ ᠤᠨ ᠢᠯᠲᠠᠰᠤ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ︽ᠳᠤᠮᠳᠠᠳᠤ ᠤᠯᠤᠰ ᠤᠨ ᠴᠠᠬᠢᠭᠤᠷ ᠤᠨ ᠬᠥᠨᠳᠡᠢ︾ ᠶᠢ ᠴᠣᠭᠴᠠᠯᠠᠨ᠎ᠠ᠃ ᠶᠤᠸᠠᠨ ᠵᠢᠩ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠵᠦᠩ ᠯᠢ ᠶᠢᠨ ᠯᠢᠲ᠋ᠢ ᠴᠠᠬᠢᠯᠭᠠᠨ ᠴᠡᠨᠡᠭ ᠤᠨ ᠲᠠᠰᠤᠯᠤᠪᠴᠢ ᠶᠢᠨ ᠦᠢᠯᠡᠳᠪᠦᠷᠢᠯᠡᠯ ᠤᠨ ᠱᠤᠭᠤᠮ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠳ᠋ᠦᠩ ᠹᠠᠩ ᠴᠠᠬᠢᠯᠭᠠᠨ ᠤ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠬᠦᠷᠢᠶᠡᠯᠡᠩ᠂ ᠴᠠᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢ ᠲᠣᠨᠣᠭᠯᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ︔ ᠺᠠᠢ ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃      ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 36 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠶᠢᠨ ᠢᠦᠢ ᠭᠦᠩ ᠯᠢ ᠶᠢᠨ ᠡᠩᠬᠦᠷᠡᠢ ᠠᠮᠢᠲᠠᠨ ᠤ ᠸᠠᠺᠼᠢᠨ᠂ ᠶᠢᠨ ᠾᠧ ᠶᠢᠤ ᠪᠧᠨ ᠤ ᠠᠮᠢᠲᠠᠨ ᠤ ᠸᠠᠺᠼᠢᠨ᠂ ᠬᠤᠸᠠ ᠰᠢ ᠠᠮᠢᠳᠤ ᠪᠣᠳᠠᠰ ᠤᠨ ᠠᠮᠢᠲᠠᠨ ᠤ ᠸᠠᠺᠼᠢᠨ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ︔ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ᠂ ᠪᠥᠸᠧ ᠬᠤᠶ ᠴᠤᠸᠠᠩ ᠰᠢᠨ  ᠤ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠶᠢᠨ ᠳ᠋ᠠ ᠸᠧᠢ ᠶᠢᠨ ᠳᠠᠭᠠᠯᠲᠠ ᠢᠰᠬᠡᠭᠦᠷ ᠤᠨ Q10 ᠶᠢᠨ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠬᠤ ᠶᠢ ᠠᠬᠢᠭᠤᠯᠵᠤ᠂ ᠪᠥᠬᠦ ᠤᠯᠤᠰ ᠤᠨ ᠠᠮᠢᠲᠠᠨ ᠤ ᠸᠠᠺᠼᠢᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠠᠮᠢᠳᠤ ᠪᠣᠳᠠᠰ ᠤᠨ ᠡᠮ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠃      ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠬᠥᠭᠵᠢᠭᠦᠯᠦᠨ᠎ᠡ᠃ 50 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠳ᠋ᠦᠩ ᠹᠠᠩ ᠭᠦᠸᠧ ᠰᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠤᠨ ᠨᠢᠭᠡᠳᠦᠭᠡᠷ ᠬᠤᠭᠤᠴᠠᠭ᠎ᠠ᠂ ᠳ᠋ᠦᠩ ᠹᠠᠩ ᠬᠡᠲᠦ ᠡᠭᠦᠯᠡᠨ ᠪᠣᠳᠣᠯᠲᠠ ᠶᠢᠨ ᠥᠪᠥᠷ ᠮᠣᠩᠭᠤᠯ ᠤᠨ ᠳᠡᠰ ᠠᠴᠠ ᠳᠠᠪᠠᠭᠰᠠᠨ ᠺᠣᠮᠫᠢᠦ᠋ᠲ᠋ᠧᠷ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ︔ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ ᠪᠠ ᠳᠤᠮᠳᠠᠳᠤ ᠤᠯᠤᠰ ᠤᠨ ᠰᠢᠯᠵᠢᠮᠡᠯ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ ᠬᠤᠶᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠵᠦᠩ ᠱᠤ᠋ ᠰᠢᠩ ᠱᠧᠩ ᠤᠨ ᠤᠮᠠᠷᠠᠲᠤ ᠶᠢᠨ ᠲᠤᠭ᠎ᠠ ᠪᠠᠷᠢᠮᠲᠠ ᠶᠢᠨ ᠨᠠᠭᠤᠷ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠥᠪᠥᠷ ᠮᠣᠩᠭᠤᠯ ᠤᠨ ᠳᠡᠭᠡᠳᠦ ᠴᠢᠳᠠᠮᠵᠢᠲᠤ ᠪᠤᠳᠤᠬᠤ ᠬᠦᠴᠦᠨ ᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠤᠯᠤᠰ ᠤᠨ ᠤᠮᠠᠷᠠᠲᠤ ᠶᠢᠨ ᠪᠤᠳᠤᠬᠤ ᠬᠦᠴᠦᠨ ᠤ ᠲᠥᠪ ᠢ ᠪᠦᠲᠦᠭᠡᠨ ᠪᠠᠶᠢᠭᠤᠯᠤᠨ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠴᠣᠭᠴᠠᠯᠠᠨ᠎ᠠ᠃      ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠬᠦᠷᠢᠶᠡᠯᠡᠩ ᠲᠣᠭᠤᠷᠢᠭ ᠤᠨ ᠴᠢᠳᠠᠪᠬᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠨᠡᠭᠡᠭᠡᠯᠲᠡ ᠶᠢᠨ ᠲᠣᠭᠤᠷᠢᠭ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠯᠠ ᠪᠠᠶᠢᠭ᠎ᠠ ᠳᠣᠣᠷ᠎ᠠ ᠠᠰᠢᠭᠯᠠᠮᠵᠢ ᠲᠠᠢ ᠭᠠᠵᠠᠷ ᠢ ᠢᠯᠭᠠᠷᠠᠭᠤᠯᠵᠤ᠂ ︽ᠠᠮᠠᠯᠠᠯᠲᠠ ᠶᠢᠨ ᠳᠦᠷᠢᠮ ᠢᠶᠠᠷ ᠤᠷᠢᠳᠴᠢᠯᠠᠨ ᠠᠵᠢᠯ ᠡᠬᠢᠯᠡᠭᠦᠯᠬᠦ︾ ︽ᠣᠷᠣᠨ ᠪᠦᠰᠡ ᠶᠢᠨ ᠦᠨᠡᠯᠡᠨ ᠵᠢᠱᠢᠯᠲᠡ︾ ︽ᠪᠠᠷᠢᠮᠵᠢᠶ᠎ᠠ ᠭᠠᠵᠠᠷ︾ ᠵᠡᠷᠭᠡ ᠥᠭᠡᠷᠡᠴᠢᠯᠡᠯᠲᠡ ᠶᠢ ᠳᠡᠯᠭᠡᠷᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ︵ᠬᠦᠷᠢᠶᠡᠯᠡᠩ ᠲᠣᠭᠤᠷᠢᠭ︶ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠮᠡᠳᠡᠭᠦᠯᠦᠨ᠎ᠡ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠰᠢᠨ᠎ᠡ ᠶᠢ ᠡᠭᠦᠳᠴᠦ᠂ ᠬᠦᠷᠢᠶᠡᠯᠡᠩ ᠲᠣᠭᠤᠷᠢᠭ ᠲᠤ ᠡᠷᠬᠡ ᠶᠢ ᠪᠠᠭᠤᠯᠭᠠᠵᠤ ᠴᠢᠳᠠᠪᠤᠷᠢ ᠣᠯᠭᠤᠬᠤ ᠬᠦᠴᠦᠯᠡᠴᠡ ᠶᠢ ᠨᠡᠮᠡᠭᠳᠡᠭᠦᠯᠦᠨ᠎ᠡ᠃ ᠣᠶᠤᠨᠲᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠶᠤᠨᠲᠤ ᠬᠦᠷᠢᠶᠡᠯᠡᠩ ᠲᠣᠭᠤᠷᠢᠭ ᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠦᠨ᠎ᠡ᠃      ︵ᠭᠤᠷᠪᠠ︶ ᠦᠢᠯᠡᠴᠢᠯᠡᠭᠡᠨ ᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ      ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠶᠤᠸᠠᠨ ᠵᠢᠩ ᠤᠨ ᠦᠴᠦᠸᠠᠨ ᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠮᠢ ᠠᠬᠤᠢ ᠶᠢᠨ ᠴᠡᠴᠡᠷᠯᠢᠭ᠂ ᠮᠠ ᠽᠥᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭ᠎ᠠ᠂ ᠮᠣᠷᠢᠨ ᠬᠤᠭᠤᠷ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠷᠠᠰᠢᠶᠠᠨᠲᠤ ᠰᠢᠯᠢ ᠶᠢᠨ ᠦᠵᠡᠮᠵᠢ ᠶᠢᠨ ᠣᠷᠣᠨ ᠢ ᠥᠭᠡᠷᠡᠴᠢᠯᠡᠬᠦ᠂ ᠶᠡᠭᠡ ᠲᠦᠷᠭᠡᠨ ᠭᠤᠣᠯ ᠲᠡᠭᠦᠷᠭᠡ ᠶᠢᠨ ᠴᠡᠴᠡᠷᠯᠢᠭ ᠢ ᠥᠷᠭᠡᠳᠬᠡᠨ ᠪᠠᠶᠢᠭᠤᠯᠬᠤ᠂ ᠡᠮᠦᠨ᠎ᠡ ᠨᠠᠭᠤᠷ ᠤᠨ ᠨᠤᠭᠤ ᠭᠠᠵᠠᠷ ᠤᠨ ᠴᠡᠴᠡᠷᠯᠢᠭ ᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠨᠠᠭᠤᠷ ᠤᠨ ᠰᠢᠯᠢ ᠥᠨᠳᠥᠷ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠪᠠᠶᠢᠭᠤᠯᠤᠨ᠎ᠠ︔ ᠴᠡᠯᠡᠭᠡᠷ ᠲᠠᠯ᠎ᠠ ᠤᠨ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠮᠠᠷᠠᠯᠲᠠ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠢᠳᠡᠵᠦ ᠤᠤᠭᠤᠬᠤ ᠬᠤᠨᠣᠵᠤ ᠬᠡᠪᠲᠡᠬᠦ ᠠᠶᠠᠯᠠᠵᠤ ᠵᠣᠷᠴᠢᠬᠤ ᠲᠣᠭᠤᠷᠢᠵᠤ ᠵᠤᠭᠠᠴᠠᠬᠤ ᠶᠠᠭᠤᠮ᠎ᠠ ᠪᠠᠷᠠᠭ᠎ᠠ ᠬᠤᠳᠠᠯᠳᠤᠨ ᠠᠪᠬᠤ ᠵᠤᠭᠠᠯᠠᠵᠤ ᠴᠡᠩᠭᠡᠬᠦ ︾ ᠪᠦᠬᠦ ᠡᠯᠧᠮᠧᠨ᠋ᠲ ᠤᠨ ︽ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠵᠢᠵᠢᠭ ᠪᠠᠯᠭᠠᠰᠤ︾ ᠶᠢ 7 ᠶᠢ ᠪᠠᠶᠢᠭᠤᠯᠤᠨ᠎ᠠ︔ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠤ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ︔ ᠵᠢᠭᠤᠯᠴᠢᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠨᠢᠭᠡ ᠡᠳᠦᠷ ᠤᠨ ᠵᠢᠭᠤᠯᠴᠢᠯᠠᠯ᠂ ᠬᠤᠶᠠᠷ ᠡᠳᠦᠷ ᠤᠨ ᠵᠢᠭᠤᠯᠴᠢᠯᠠᠯ︾ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠠᠵᠤ ᠦᠢᠯᠡᠳᠪᠦᠷᠢ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠬᠤᠪᠢᠰᠬᠠᠯ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ ᠵᠡᠷᠭᠡ ᠵᠢᠭᠤᠯᠴᠢᠯᠠᠯ ᠤᠨ ᠬᠡᠯᠪᠡᠷᠢ ᠪᠠᠶᠢᠳᠠᠯ ᠢ ᠨᠡᠭᠡᠭᠡᠨ ᠬᠥᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ ᠬᠥᠬᠡᠬᠤᠲᠠ ᠳᠤ ᠬᠠᠶᠢᠷᠠᠲᠠᠢ ᠪᠣᠯᠭᠠᠵᠤ᠂ ᠣᠷᠣᠨ ᠤ ᠲᠥᠪ ᠤᠨ ᠵᠢᠭᠤᠯᠴᠢᠯᠠᠯ ᠢ ᠵᠢᠯ ᠤᠨ ᠳᠥᠷᠪᠡᠨ ᠤᠯᠠᠷᠢᠯ ᠳᠤ ᠬᠥᠭᠵᠢᠶᠡᠨᠲᠡᠢ ᠪᠣᠯᠭᠠᠨ᠎ᠠ᠃      ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠲᠠᠰ ᠳᠡᠪᠰᠢᠭᠰᠡᠨ ᠬᠥᠭᠵᠢᠯᠲᠡ ᠶᠢ ᠠᠬᠢᠭᠤᠯᠤᠨ᠎ᠠ᠃ ᠱᠧᠨ ᠲᠦᠩ᠂ ᠢ ᠱᠦᠨ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠶᠦᠨ ᠳ᠋ᠡ᠂ ᠵᠥᠩ ᠲᠦᠩ᠂ ᠶᠤᠸᠠᠨ ᠲᠦᠩ᠂ ᠵᠢᠦ ᠵᠧᠦ ᠲᠦᠩ ᠵᠡᠷᠭᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠣᠲᠣ ᠶᠢᠨ ᠪᠠᠶᠢᠭ᠎ᠠ ᠵᠢᠵᠢᠭ ᠲᠠᠷᠠᠬᠠᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠰᠢᠯᠢᠳᠡᠭᠵᠢᠭᠦᠯᠦᠨ ᠨᠡᠶᠢᠯᠡᠭᠦᠯᠵᠦ᠂ ᠮᠢᠩ ᠫᠢᠨ ᠹᠦ᠋᠂ ᠵᠦᠩ ᠨᠦᠩ ᠯᠢᠶᠠᠨ᠂ ᠸᠠᠨ ᠺᠧ᠂ ᠲᠢᠶᠧ ᠲᠦᠩ ᠵᠡᠷᠭᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠡᠰᠡᠭ ᠢ ᠪᠠᠶᠢᠭᠤᠯᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢ ᠪᠦᠲᠦᠭᠡᠨ ᠪᠠᠶᠢᠭᠤᠯᠵᠤ᠂ ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃      ᠮᠥᠩᠭᠦᠨ ᠭᠦᠢᠯᠭᠡᠭᠡᠨ ᠤ ᠠᠵᠤ ᠦᠢᠯᠡᠰ ᠤᠨ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠬᠥᠬᠡᠬᠤᠲᠠ ᠶᠢᠨ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢ ᠪᠡᠯᠡᠳᠬᠡᠨ ᠪᠠᠶᠢᠭᠤᠯᠵᠤ᠂ ᠭᠤᠸᠠᠩ ᠹᠠ ᠪᠠᠩᠬᠢ ᠶᠢᠨ ᠮᠠᠨ ᠤ ᠬᠤᠲᠠ ᠳᠤ ᠣᠷᠣᠵᠤ ᠰᠠᠭᠤᠬᠤ ᠶᠢ ᠠᠬᠢᠭᠤᠯᠤᠨ᠎ᠠ᠃ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠲᠦᠷᠦᠭᠦᠴᠦᠳ ᠤᠨ ᠬᠤᠷᠠᠯ ᠢ ᠪᠠᠶᠢᠩᠭᠤᠵᠢᠭᠤᠯᠤᠨ ᠡᠷᠬᠢᠯᠡᠵᠦ᠂ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠠᠵᠤ ᠠᠬᠤᠶᠢᠯᠠᠯ ᠱᠠᠲᠤ ᠳᠠᠷᠠᠭᠠᠯᠠᠨ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠬᠤ ᠶᠢ ᠲᠦᠷᠭᠡᠳᠬᠡᠵᠦ᠂ 3 ︱ 5 ᠠᠵᠤ ᠠᠬᠤᠶᠢᠯᠠᠯ ᠦᠨᠡᠲᠦ ᠲᠡᠮᠳᠡᠭᠲᠦ ᠶᠢᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠴᠢᠷᠮᠠᠶᠢᠨ᠎ᠠ᠃      ᠠᠮᠢ ᠨᠠᠰᠤᠨ ᠤ ᠡᠷᠡᠭᠦᠯ ᠮᠡᠨᠳᠤ ᠶᠢᠨ ᠠᠵᠤ ᠦᠢᠯᠡᠰ ᠤᠨ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ ᠲᠠᠢ ᠺᠠᠩ ᠡᠮᠴᠢᠯᠡᠭᠡ ᠰᠤᠪᠢᠯᠠᠯᠲᠠ ᠶᠢᠨ ᠠᠵᠤ ᠦᠢᠯᠡᠰ ᠵᠡᠷᠭᠡ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢ ᠡᠬᠢᠯᠡᠵᠦ ᠠᠵᠢᠯᠯᠠᠭᠤᠯᠤᠨ᠎ᠠ᠃ ᠣᠶᠣᠨ ᠰᠠᠨᠠᠭᠠᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠲᠥᠪ᠂ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠦᠢᠯᠡᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠤᠨ᠎ᠠ᠃ ᠣᠷᠣᠰᠢᠭᠤᠯᠭ᠎ᠠ ᠶᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠡᠦᠬᠡᠳ ᠠᠰᠠᠷᠠᠬᠤ ᠪᠠᠶᠢᠭᠤᠯᠤᠮᠵᠢ ᠶᠢ 42᠂ ᠭᠡᠷ ᠪᠦᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 100 ᠶᠢ ᠰᠢᠨ᠎ᠡ ᠪᠠᠷ ᠪᠠᠶᠢᠭᠤᠯᠤᠨ᠎ᠠ᠃ ᠪᠡᠶ᠎ᠡ ᠴᠢᠭᠢᠷᠠᠭᠵᠢᠭᠤᠯᠬᠤ ᠵᠠᠮ ᠱᠤᠭᠤᠮ ᠢ 200 ᠶᠢ ᠰᠢᠨ᠎ᠡ ᠪᠠᠷ ᠪᠠᠶᠢᠭᠤᠯᠵᠤ᠂ ᠪᠡᠶ᠎ᠡ ᠶᠢᠨ ᠲᠠᠮᠢᠷ ᠤᠨ ᠲᠥᠪ ᠤᠨ ᠭᠡᠷ ᠳᠣᠲᠣᠷᠠᠬᠢ ᠮᠥᠰᠥᠨ ᠲᠠᠯᠠᠪᠤᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠷᠭᠡᠨ ᠣᠯᠠᠨ ᠲᠦᠮᠡᠨ ᠤ ᠪᠡᠶ᠎ᠡ ᠴᠢᠭᠢᠷᠠᠭᠵᠢᠭᠤᠯᠵᠤ ᠬᠥᠳᠡᠯᠭᠡᠭᠡᠨ ᠬᠢᠬᠦ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠶᠡᠷᠦᠩᠬᠡᠢ ᠬᠡᠯᠲᠡᠰ ᠤᠨ ᠠᠵᠤ ᠠᠬᠤᠢ᠂ ᠬᠤᠷᠠᠯ ᠦᠵᠡᠰᠬᠦᠯᠡᠩ ᠤᠨ ᠠᠵᠤ ᠠᠬᠤᠢ᠂ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢᠨ ᠰᠢᠪᠲᠤᠯᠤᠯᠲᠠ ᠲᠠᠢ ᠬᠥᠭᠵᠢᠯᠲᠡ ᠶᠢ ᠠᠬᠢᠭᠤᠯᠤᠨ᠎ᠠ᠃ ᠶᠤᠸᠠᠨ ᠵᠢᠩ᠂ ᠬᠤᠸᠠ ᠸᠧᠢ᠂ ᠺᠧ ᠳ᠋ᠠ ᠰᠢᠶᠦ᠋ᠨ ᠹᠧᠢ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠪᠣᠯᠣᠨ ᠶᠢᠦ ᠷᠠᠨ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠣᠮᠣ ᠬᠡᠯᠪᠡᠷᠢ ᠶᠢᠨ ᠦᠵᠡᠭᠦᠯᠦᠯᠭᠡ ᠶᠢᠨ ᠴᠤᠭᠯᠠᠭᠠᠨ ᠢ 30 ᠲᠠᠯᠠᠪᠠᠢ ᠠᠴᠠ ᠳᠡᠭᠡᠭᠰᠢ ᠡᠷᠬᠢᠯᠡᠬᠦ ᠶᠢ ᠬᠥᠲᠥᠯᠥᠨ ᠵᠢᠯᠣᠭᠤᠳᠤᠨ᠎ᠠ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠠᠰ ᠳᠡᠪᠰᠢᠬᠦ ᠶᠢ ᠠᠬᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠣᠯᠠᠨ ᠤᠯᠤᠰ ᠤᠨ ᠨᠥᠬᠦᠷᠰᠡᠭ ᠬᠤᠲᠠ ᠶᠢᠨ ᠣᠷᠳᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠩᠭᠤ ᠶᠢᠨ ᠴᠢᠨᠠᠷᠲᠠᠢ ᠠᠵᠢᠯᠯᠠᠭᠤᠯᠤᠨ᠎ᠠ᠃      ︵ᠳᠥᠷᠪᠡ︶ ᠬᠥᠭᠵᠢᠯᠲᠡ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠣᠯ ᠣᠷᠣᠨ︾ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠳᠤ ᠣᠷᠣᠭᠤᠯᠬᠤ ᠬᠠᠲᠠᠭᠤ ᠨᠡᠮᠡᠭᠳᠡᠯ ᠤᠨ ᠲᠣᠭᠲᠠᠴᠠ ᠶᠢ ᠪᠠᠶᠢᠭᠤᠯᠵᠤ ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠮᠠᠷᠠᠲᠤ ᠬᠡᠰᠡᠭ ᠤᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ︽ᠰᠤᠳᠤᠯᠤᠨ ᠨᠡᠭᠡᠭᠡᠬᠦ ᠣᠷᠣᠨ︾ ᠳᠤ ᠲᠠᠯ᠎ᠠ ᠨᠤᠲᠤᠭ ᠤᠨ ᠨᠣᠭᠤᠭᠠᠨ ᠬᠥᠨᠳᠡᠢ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠰᠤᠳᠤᠯᠤᠨ ᠨᠡᠭᠡᠭᠡᠬᠦ᠂ ᠶᠡᠷᠦᠩᠬᠡᠢ ᠬᠡᠯᠲᠡᠰ᠂ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ︔ ᠳᠤᠮᠳᠠ ᠬᠡᠰᠡᠭ ᠤᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠴᠣᠭᠴᠠᠯᠠᠬᠤ ᠬᠦᠷᠢᠶᠡᠯᠡᠩ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠬᠦᠷᠢᠶᠡᠯᠡᠩ᠂ ᠶᠢᠨ ᠴᠢᠶᠣᠤ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ︽ᠨᠡᠪᠴᠢᠭᠦᠯᠬᠦ ᠣᠷᠣᠨ︾ ᠳᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠯᠲᠡ ᠪᠠ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠥᠷᠨᠢᠭᠦᠯᠦᠨ᠎ᠡ︔ ᠡᠮᠦᠨᠡᠲᠦ ᠬᠡᠰᠡᠭ ᠤᠨ ᠬᠤᠷᠢᠨᠭᠡᠷ ᠰᠢᠨ᠎ᠡ ᠲᠣᠭᠤᠷᠢᠭ ᠤᠨ ︽ᠬᠡᠷᠡᠭᠯᠡᠭᠡᠨ ᠤ ᠲᠣᠭᠤᠷᠢᠭ︾ ᠲᠤ ᠺᠧ ᠲᠦᠸᠧ ᠠᠮᠢᠳᠤ ᠪᠣᠳᠠᠰ ᠤᠨ ᠪᠢᠴᠢᠯ ᠠᠮᠢ ᠠᠬᠤᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠥᠪᠥᠷ ᠮᠣᠩᠭᠤᠯ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠤᠷᠰᠢᠯᠲᠠ ᠶᠢᠨ ᠰᠠᠭᠤᠷᠢᠨ ᠭᠠᠵᠠᠷ᠂ ᠱᠠᠨ ᠰᠢ ᠶᠢᠨ ᠪᠠᠢ ᠰᠢᠨ ᠦᠢᠯᠡᠴᠢᠯᠡᠭᠦᠷ ᠤᠨ ᠦᠢᠯᠡᠳᠬᠡᠯ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠲᠦᠷᠦᠯ ᠵᠦᠢᠯ ᠢ ᠪᠠᠶᠢᠷᠢᠰᠢᠭᠤᠯᠤᠨ᠎ᠠ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠦ ᠰᠠᠶᠢᠲᠠᠢ ᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠬᠤ ᠪᠠ ᠲᠡᠵᠢᠭᠡᠨ ᠦᠷᠡᠵᠢᠭᠦᠯᠬᠦ᠂ ᠨᠢᠯᠬ᠎ᠠ ᠬᠡᠦᠬᠡᠳ ᠤᠨ ᠤᠤᠭᠤᠬᠤ ᠨᠠᠶᠢᠷᠠᠯᠭ᠎ᠠ ᠲᠠᠢ ᠰᠦᠨ ᠲᠠᠯᠬ᠎ᠠ ᠶᠢ ᠡᠬᠡ ᠶᠢᠨ ᠰᠦ ᠶᠢᠨ ᠠᠮᠲᠠ ᠲᠠᠢ ᠪᠣᠯᠭᠠᠬᠤ ᠵᠢᠴᠢ ᠰᠦᠨ ᠤ ᠪᠦᠲᠦᠭᠡᠭᠳᠡᠬᠦᠨ ᠤ ᠲᠦᠭᠦᠬᠡᠢ ᠡᠳ᠋ ᠢ ᠨᠡᠭᠡᠭᠡᠨ ᠬᠥᠭᠵᠢᠭᠦᠯᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠰᠢᠪᠲᠤᠯᠤᠨ᠎ᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠢ ᠰᠠᠶᠢᠲᠤᠷ ᠬᠡᠷᠡᠭᠯᠡᠨ᠎ᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠲᠤ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ᠂ ᠬᠠᠷᠪᠢᠨ ᠤ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠥᠬᠡᠬᠤᠲᠠ ᠶᠢᠨ ᠦᠷ᠎ᠡ ᠪᠦᠲᠦᠭᠡᠯ ᠢ ᠤᠯᠠᠷᠢᠭᠤᠯᠬᠤ ᠲᠥᠪ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠭᠡᠷ ᠤᠨ ᠮᠠᠯ ᠤᠨ ᠡᠭᠦᠯᠳᠡᠷ ᠤᠨ ᠰᠢᠨ᠎ᠡ ᠶᠢ ᠡᠭᠦᠳᠬᠦ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ᠂ ᠽᠢ ᠭᠤᠸᠠᠩ ᠪᠦᠯᠦᠭᠯᠡᠯ ᠤᠨ ᠰᠢᠨ ᠬᠤᠸᠠ ᠰᠠᠨ ᠤ ᠲᠥᠪ ᠲᠤᠷᠰᠢᠯᠲᠠ ᠶᠢᠨ ᠲᠠᠰᠤᠭ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠤᠮᠠᠷᠠᠲᠤ ᠶᠢᠨ ᠰᠤᠳᠤᠯᠤᠨ ᠨᠡᠭᠡᠭᠡᠬᠦ ᠲᠥᠪ᠂ ᠶᠢᠨ ᠢᠦᠢ ᠠᠮᠢᠳᠤ ᠪᠣᠳᠠᠰ ᠤᠨ ᠠᠶᠤᠯᠭᠦᠢ ᠶᠢᠨ ᠠᠮᠢᠲᠠᠨ ᠤ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠭᠤᠷ ᠤᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ 40 ᠵᠦᠢᠯ ᠠᠴᠠ ᠳᠡᠭᠡᠭᠰᠢ ᠬᠡᠷᠡᠭᠵᠢᠭᠦᠯᠦᠨ᠎ᠡ︔ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠤᠯᠤᠰ ᠤᠨ ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠴᠢᠷᠮᠠᠶᠢᠨ ᠪᠠᠶᠢᠭᠤᠯᠤᠨ᠎ᠠ︔ ︽ᠵᠠᠷᠯᠠᠯ ᠭᠥᠯᠢᠶᠡᠨ ᠬᠤᠰᠢᠭᠤᠷᠠᠨ ᠠᠵᠢᠯᠯᠠᠬᠤ︾ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠮᠡᠷᠭᠡᠵᠢᠯ ᠤᠨ ᠵᠠᠬ᠎ᠠ ᠳᠡᠯᠭᠡᠭᠦᠷ ᠤᠨ ᠭᠡᠷ᠎ᠡ ᠶᠢᠨ ᠠᠷᠠᠯᠵᠢᠶ᠎ᠠ ᠪᠦᠲᠦᠬᠦ ᠲᠤᠭ᠎ᠠ ᠶᠢ 13 ᠳ᠋ᠦᠩᠰᠢᠭᠤᠷ ᠲᠥᠭᠦᠷᠢᠭ ᠢ ᠳᠠᠪᠠᠭᠤᠯᠵᠤ᠂ ᠮᠡᠷᠭᠡᠵᠢᠯ ᠤᠨ ︽ᠪᠣᠭᠤᠮᠢ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠭᠦᠬᠦ ᠲᠢᠩᠬᠢᠮ ᠢ ᠪᠡᠯᠡᠳᠬᠡᠨ ᠪᠠᠶᠢᠭᠤᠯᠵᠤ᠂ ᠳᠤᠮᠳᠠᠳᠤ ᠤᠯᠤᠰ ︵ᠬᠥᠬᠡᠬᠤᠲᠠ︶ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠲᠥᠪ ᠢᠶᠠᠷ ᠵᠥᠪᠰᠢᠶᠡᠷᠡᠭᠳᠡᠬᠦ ᠪᠠᠷ ᠴᠢᠷᠮᠠᠶᠢᠨ᠎ᠠ᠃ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠬᠡᠷᠡᠭᠵᠢᠭᠦᠯᠵᠦ᠂ ᠵᠢᠯ ᠤᠨ ᠳᠣᠲᠣᠷ᠎ᠠ 3 ᠲᠦᠮᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠥᠬᠡᠬᠤᠲᠠ ᠳᠤ ᠦᠢᠯᠡᠰ ᠴᠣᠭᠴᠠᠯᠠᠨ ᠠᠵᠢᠯ ᠣᠯᠬᠤ ᠶᠢ ᠲᠠᠲᠠᠵᠤ᠂ ᠬᠤᠷᠢᠨᠭᠡᠷ ᠰᠢᠨ᠎ᠡ ᠲᠣᠭᠤᠷᠢᠭ ᠤᠨ ᠴᠢᠳᠠᠪᠤᠷᠢᠲᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠢ ᠴᠢᠳᠠᠪᠤᠷᠢᠲᠠᠨ ᠤ ᠲᠥᠪ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠤᠨ᠎ᠠ᠃      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠲᠦᠷᠭᠡᠳᠬᠡᠨ᠎ᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶᠡᠨ ᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ︽ᠴᠠᠬᠢᠯᠭᠠᠨ ᠤ ᠬᠡᠮᠵᠢᠶ᠎ᠡ ᠪᠠᠷ ᠤᠰᠤᠨ ᠤ ᠬᠡᠮᠵᠢᠶ᠎ᠡ ᠶᠢ ᠪᠣᠳᠤᠬᠤ︾ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠤᠰᠤ ᠶᠢ ᠬᠢᠨᠠᠨ ᠬᠡᠮᠵᠢᠬᠦ ᠶᠢ ︽ᠨᠡᠶᠢᠳᠡᠮ ᠪᠦᠷᠬᠦᠭᠦᠯᠬᠦ︾ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠥᠭᠡᠷᠡᠴᠢᠯᠡᠯᠲᠡ ᠶᠢ ᠥᠷᠨᠢᠭᠦᠯᠵᠦ᠂ ᠭᠠᠵᠠᠷ ᠰᠢᠷᠣᠢ ᠶᠢᠨ ᠡᠷᠬᠡ ᠶᠢ ᠨᠤᠲᠠᠯᠠᠨ ᠲᠣᠭᠲᠠᠭᠠᠬᠤ ᠪᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠭᠠᠴᠠᠭᠠᠨ ᠤ ᠱᠠᠲᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃      ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠶᠢ ᠭᠦᠨᠵᠡᠭᠡᠢ ᠬᠡᠷᠡᠭᠵᠢᠭᠦᠯᠵᠦ᠂ ︽ᠵᠠᠬ᠎ᠠ ᠳᠡᠯᠭᠡᠭᠦᠷ ᠢ ᠰᠠᠭᠠᠳ ᠦᠭᠡᠢ ᠨᠠᠪᠲᠠᠷᠡᠭᠦᠯᠵᠦ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ︽ᠨᠢᠭᠡ ᠯᠡ ᠥᠷᠲᠡᠭᠡ ᠳᠤ ᠦᠢᠯᠡᠴᠢᠯᠡᠬᠦ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠥᠪᠡᠷ ᠤᠨ ᠥᠷᠲᠡᠭ ᠢ ᠵᠠᠰᠠᠭ ᠤᠨ ᠣᠷᠳᠣᠨ ᠠᠴᠠ ᠲᠣᠭᠠᠴᠠᠭ᠎ᠠ ᠬᠢᠬᠦ︾ ᠳᠦᠷᠢᠮ ᠢ ᠭᠦᠨᠵᠡᠭᠡᠶᠢᠷᠡᠭᠦᠯᠦᠨ᠂ 750 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ 500 ᠵᠦᠢᠯ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠤᠯᠤᠰ ᠤᠨ ᠰᠢᠨ᠎ᠡ ᠬᠠᠮ ᠬᠡᠯᠪᠡᠷᠢ ᠶᠢᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠭᠡᠷ᠎ᠡ ᠲᠣᠭᠲᠠᠭᠰᠠᠨ᠂ ᠰᠢᠨ᠎ᠡ ᠪᠠᠷ ᠪᠣᠳᠠᠲᠠᠶᠢᠵᠢᠭᠰᠠᠨ ᠠᠵᠤ ᠠᠬᠤᠶᠢᠯᠠᠯ ᠳᠤ ︽ᠬᠠᠪᠰᠤᠷᠤᠭᠴᠢ︾ ᠲᠣᠮᠢᠯᠠᠨ ᠰᠠᠭᠤᠯᠭᠠᠵᠤ᠂ ᠬᠦᠰᠡᠭᠰᠡᠨ ᠪᠦᠬᠦᠨ ᠢ ᠨᠢ ᠪᠡᠶᠡᠯᠡᠭᠦᠯᠵᠦ᠂ ᠤᠴᠢᠷ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠲᠤᠬᠠᠶᠢᠯᠠᠭᠰᠠᠨ ᠠᠵᠢᠯ ᠤᠨ ᠶᠠᠪᠤᠴᠠ᠂ ᠠᠵᠢᠯ ᠶᠠᠪᠤᠳᠠᠯ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ ᠲᠠᠬᠢᠨ ᠡᠭᠦᠳᠴᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠳᠡᠰ ᠳᠡᠪᠰᠢᠭᠰᠡᠨ ᠬᠡᠪ ᠵᠠᠭᠪᠤᠷ ᠢ ᠲᠦᠷᠭᠡᠪᠴᠢᠯᠡᠨ ᠪᠤᠢ ᠪᠣᠯᠭᠠᠨ᠎ᠠ᠃      ︵ᠲᠠᠪᠤ︶ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠠᠮᠤ ᠪᠤᠳᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ︽ᠨᠠᠢᠮᠠᠨ ᠵᠠᠭᠤᠨ ᠲᠦᠮᠡᠨ ᠤ ᠲᠠᠰ︾ ᠤᠨ ᠠᠮᠢ ᠠᠬᠤᠢ ᠶᠢᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠡᠰᠡᠭ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ 37 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 50 ᠲᠦᠮᠡᠨ ᠮᠦ ᠲᠠᠷᠢᠶᠠᠯᠠᠬᠤ ᠭᠠᠵᠠᠷ ᠲᠤ ᠡᠭᠡᠯᠵᠢᠯᠡᠨ ᠳᠠᠷᠢᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠨ᠂ ᠰᠦ ᠶᠢᠨ ᠢᠷᠡᠯᠲᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ 20 ᠶᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ ᠴᠢᠨᠠᠷ ᠰᠠᠶᠢᠲᠠᠢ ᠡᠪᠡᠰᠦ ᠪᠡᠯᠴᠢᠭᠡᠷ ᠢ 3 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠯᠡᠳᠭᠡᠮᠵᠢᠳᠤ ᠲᠠᠷᠢᠶᠠᠯᠠᠩ ᠢ 1000 ᠮᠦ᠂ ᠵᠠᠳᠠᠭᠠᠢ ᠭᠠᠵᠠᠷ ᠤᠨ ᠨᠣᠭᠤᠭ᠎ᠠ ᠶᠢ 1 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 14 ᠲᠦᠮᠡᠨ ᠮᠦ ᠠᠴᠠ ᠳᠡᠭᠡᠭᠰᠢ ᠳᠤ ᠬᠦᠷᠦᠭᠦᠯᠦᠨ᠎ᠡ᠃      ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠬᠡᠪᠴᠢᠶᠡᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 5 ᠶᠢ ᠰᠢᠨ᠎ᠡ ᠪᠠᠷ ᠨᠡᠮᠡᠭᠳᠡᠭᠦᠯᠵᠦ᠂ ᠬᠡᠪᠴᠢᠶᠡᠵᠢᠭᠰᠡᠨ ᠬᠥᠲᠥᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 2350 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9% ᠪᠠᠷ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠤᠣᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠤᠷᠮ᠎ᠠ ᠶᠢ 99% ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ︽ᠴᠡᠯᠡᠭᠡᠷ ᠲᠠᠯ᠎ᠠ ᠶᠢᠨ ᠦᠨᠦᠷ ᠠᠮᠲᠠ︾ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ᠃ ᠬᠤᠷᠢᠨᠭᠡᠷ ᠰᠢᠶᠠᠨ ᠤᠯᠤᠰ ᠤᠨ ᠲᠠᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠲᠦᠮᠡᠳ ᠵᠡᠭᠦᠨ ᠬᠤᠰᠢᠭᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠴᠢᠷᠮᠠᠶᠢᠨ ᠪᠠᠶᠢᠭᠤᠯᠤᠨ᠎ᠠ᠃      ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ︽ᠲᠤᠯᠤᠭ᠎ᠠ ᠶᠢ ᠢᠵᠢ ᠪᠦᠷᠢᠳᠦᠭᠦᠯᠬᠦ︾ ᠶᠢ ᠦᠷᠭᠦᠯᠵᠢᠯᠡᠨ ᠴᠢᠩᠭᠠᠳᠬᠠᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠳᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠬᠥᠳᠡᠭᠡ ᠲᠣᠰᠬᠤᠨ ᠤ 3 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠠᠵᠢᠯ ᠢ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠢᠶᠠᠷ ᠵᠢᠱᠢᠶ᠎ᠡ ᠦᠵᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠵᠦ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ 1 ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠰᠢᠶᠠᠩ ᠪᠠᠯᠭᠠᠰᠤ ᠪᠠᠶᠢᠭᠤᠯᠵᠤ᠂ ᠰᠢᠶᠠᠩ ᠪᠠᠯᠭᠠᠰᠤ ᠨᠢᠭᠡᠪᠦᠷᠢ ᠳᠤ 1-2 ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠲᠣᠰᠬᠤᠨ ᠢ ᠪᠠᠶᠢᠭᠤᠯᠤᠨ᠎ᠠ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠬᠡᠪ ᠪᠣᠯᠪᠠᠰᠤᠷᠠᠯ ᠲᠠᠢ ᠲᠠᠷᠢᠶᠠᠴᠢᠨ ᠢ 1500 ᠬᠥᠮᠥᠨ ᠠᠴᠠ ᠳᠡᠭᠡᠭᠰᠢ᠂ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠶ ᠶᠢᠨ ᠵᠠᠯᠠᠭᠤ ᠡᠵᠡᠨ ᠪᠠ ᠪᠠᠶᠠᠵᠢᠯ ᠤᠨ ᠳᠠᠭᠠᠭᠤᠯᠤᠭᠴᠢ  ᠶᠢ120 ᠬᠥᠮᠥᠨ ᠠᠴᠠ ᠳᠡᠭᠡᠭᠰᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠴᠢᠳᠠᠪᠤᠷᠢᠲᠠᠨ ᠢ 450 ᠬᠥᠮᠥᠨ ᠠᠴᠠ ᠳᠡᠭᠡᠭᠰᠢ ᠬᠥᠮᠥᠵᠢᠭᠦᠯᠦᠨ᠎ᠡ᠃ ᠬᠥᠳᠡᠭᠡ ᠲᠣᠰᠬᠤᠨ ᠤ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ ︽ᠲᠦᠷᠪᠡᠨ ᠵᠥᠪᠯᠡᠯ︾ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠩᠭᠠᠳᠬᠠᠵᠤ᠂ ᠬᠡᠪ ᠰᠤᠷᠲᠠᠯ ᠰᠠᠶᠢᠨ᠂ ᠨᠡᠶᠢᠭᠡᠮ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃      ︵ᠵᠢᠷᠭᠤᠭ᠎ᠠ︶ ᠬᠤᠲᠠ ᠶᠢᠨ ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠦᠨ᠎ᠡ      ᠬᠤᠲᠠ ᠶᠢ ᠨᠠᠷᠢᠨ ᠨᠢᠮᠪᠠᠢ ᠲᠥᠯᠥᠪᠵᠢᠭᠦᠯᠦᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠵᠡᠭᠦᠨ ᠬᠡᠰᠡᠭ ᠤᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠲᠣᠭᠤᠷᠢᠭᠰᠠᠨ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠷᠣᠨ᠂ ᠪᠠᠷᠠᠭᠤᠨ ᠬᠡᠰᠡᠭ ᠤᠨ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠠᠵᠤ ᠦᠢᠯᠡᠰ ᠪᠠ ᠬᠤᠲᠠ ᠠᠭᠤᠰᠤᠯᠴᠠᠭᠰᠠᠨ ᠣᠷᠣᠨ ᠵᠢᠴᠢ ᠡᠮᠦᠨᠡᠲᠦ ᠬᠡᠰᠡᠭ ᠤᠨ ᠰᠢᠨ᠎ᠡ ᠨᠢᠰᠬᠡᠯ ᠤᠨ ᠪᠠᠭᠤᠳᠠᠯ᠂ ᠬᠤᠷᠢᠨᠭᠡᠷ ᠰᠢᠨ᠎ᠡ ᠲᠣᠭᠤᠷᠢᠭ᠂ ᠮᠧᠩ ᠨᠢᠦ ᠶᠢᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠤᠲᠠ ᠶᠢᠨ ᠳᠡᠳ᠋ ᠲᠥᠪ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠥᠯᠦᠪᠵᠢᠭᠦᠯᠭᠡ ᠶᠢ ᠡᠬᠢᠯᠡᠭᠦᠯᠵᠦ᠂ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠨᠢᠭᠡᠳᠦᠯᠲᠡᠢ ᠲᠥᠯᠥᠪᠯᠡᠨ᠎ᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ᠂ ᠶᠡᠭᠡ ᠲᠦᠷᠭᠡᠨ‌ᠭᠤᠣᠯ ᠤᠨ ᠬᠤᠶᠠᠷ ᠡᠷᠭᠢ ᠵᠡᠷᠭᠡ ᠶᠢᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠦᠨ᠎ᠡ᠃ ᠪᠠᠷᠢᠯᠭ᠎ᠠ ᠶᠢᠨ ᠨᠢᠭᠲᠠᠴᠠ᠂ ᠳᠦᠷᠰᠦ ᠪᠠᠶᠢᠳᠠᠯ᠂ ᠬᠡᠪ ᠨᠠᠮᠪᠠ᠂ ᠥᠩᠭᠡ ᠪᠤᠳᠤᠭ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠲᠥᠯᠦᠪᠵᠢᠭᠦᠯᠭᠡ ᠶᠢᠨ ᠪᠦᠬᠦᠯᠢ ᠴᠣᠭᠴᠠᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠂ ᠲᠥᠪ ᠴᠢᠩᠭ᠎ᠠ ᠴᠢᠨᠠᠷ᠂ ᠡᠷᠬᠡ ᠰᠦᠷᠲᠦ ᠴᠢᠨᠠᠷ ᠢ ᠬᠠᠮᠠᠭᠠᠯᠠᠨ᠎ᠠ᠃      ᠬᠤᠳᠠ ᠶᠢ ᠨᠠᠷᠢᠯᠢᠭ ᠪᠦᠲᠦᠭᠡᠨ ᠪᠠᠶᠢᠭᠤᠯᠤᠨ᠎ᠠ᠃ ᠰᠢᠨ᠎ᠡ ᠨᠢᠰᠬᠡᠯ ᠤᠨ ᠪᠠᠭᠤᠳᠠᠯ ᠵᠢᠴᠢ ᠢᠵᠢ ᠪᠦᠷᠢᠳᠦᠭᠦᠯᠬᠦ ᠪᠡᠯᠡᠳᠬᠡᠮᠵᠢ᠂ S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ᠂ S43 ᠰᠢᠨ᠎ᠡ ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S311 ᠦᠴᠦᠸᠠᠨ ᠠᠴᠠ ᠶᠠᠩ ᠱᠦ ᠪᠠ ᠬᠦᠷᠬᠦ ᠵᠠᠰᠠᠮᠠᠯ ᠵᠠᠮ᠂ ᠬᠥᠬᠡᠬᠤᠲᠠ  ᠠᠴᠠ ᠱᠦᠸᠧᠵᠸᠦ ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠤᠨ ᠬᠤᠯᠪᠣᠬᠤ ᠱᠤᠭᠤᠮ ᠤᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠦᠨ᠎ᠡ᠃ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠂ ᠬᠥᠬᠡᠬᠤᠲᠠ ᠠᠴᠠ ᠴᠢᠩ ᠱᠦᠢ ᠾᠧ ᠬᠦᠷᠬᠦ ᠲᠦᠷᠭᠡᠨ ᠤ ᠵᠠᠮ᠂ ᠤᠯᠤᠰ ᠤᠨ ᠵᠠᠮ ᠤᠨ 512 ᠱᠤᠭᠤᠮ ᠤᠨ ᠮᠠ ᠸᠠᠨ ᠠᠴᠠ ᠵᠢᠦᠢ ᠾᠧ ᠲᠠᠨ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠯᠣᠣ ᠨᠢᠦ ᠸᠠᠨ ᠤ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠭᠤᠷᠪᠠᠳᠤᠭᠠᠷ ᠲᠣᠭᠤᠷᠢᠯ ᠵᠠᠮ ᠤᠨ ᠰᠡᠭᠦᠯ ᠬᠤᠷᠢᠶᠠᠬᠤ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ︔ ᠶᠢᠨ ᠱᠧᠩ ᠬᠤᠷᠳᠤᠨ ᠤ ᠵᠠᠮ ᠤᠨ ᠬᠤᠶᠢᠲᠤ ᠬᠡᠰᠡᠭ ︱ ᠬᠠᠩᠭᠠᠢ ᠵᠠᠮ ᠤᠨ ᠬᠤᠯᠪᠣᠬᠤ ᠱᠤᠭᠤᠮ ᠤᠨ ᠢᠨᠵᠧᠨᠧᠷᠢᠩ ᠢ ᠪᠡᠶᠡᠯᠡᠭᠦᠯᠵᠦ᠂ ᠲᠥᠪ ᠬᠤᠲᠠ ᠶᠢᠨ ᠲᠣᠭᠤᠷᠢᠭ ᠠᠴᠠ ᠬᠤᠷᠢᠨᠭᠡᠷ ᠰᠢᠨ᠎ᠡ ᠲᠣᠭᠤᠷᠢᠭ ᠬᠦᠷᠬᠦ ᠡᠮᠦᠨᠡᠰᠢ ᠤᠮᠠᠷᠠᠰᠢ ᠨᠡᠪᠲᠡᠷᠡᠬᠦ ᠶᠡᠭᠡ ᠵᠠᠮ ᠢ ᠨᠡᠪᠲᠡᠷᠡᠭᠦᠯᠦᠨ᠎ᠡ ︔ ᠶᠢᠨ ᠬᠠᠢ ᠵᠠᠮ ᠤᠨ ᠵᠡᠭᠦᠨᠰᠢ ᠪᠠᠷᠠᠭᠤᠨᠰᠢ ᠦᠷᠭᠦᠯᠵᠢᠯᠡᠭᠰᠡᠨ ᠬᠡᠰᠡᠭ ᠤᠨ ᠢᠨᠵᠧᠨᠧᠷᠢᠩ ᠢ ᠪᠡᠶᠡᠯᠡᠭᠦᠯᠵᠦ᠂ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠠᠴᠠ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠬᠦᠷᠬᠦ ᠵᠡᠭᠦᠨᠰᠢ ᠪᠠᠷᠠᠭᠤᠨᠰᠢ ᠨᠡᠪᠲᠡᠷᠡᠬᠦ ᠶᠡᠭᠡ ᠵᠠᠮ ᠢ ᠨᠡᠪᠲᠡᠷᠡᠭᠦᠯᠦᠨ᠎ᠡ︔ ᠪᠠᠶᠠᠨ ᠵᠠᠮ ᠤᠨ ᠬᠤᠶᠢᠰᠢ ᠥᠷᠬᠦᠯᠵᠢᠯᠡᠭᠰᠡᠨ ᠬᠡᠰᠡᠭ᠂ ᠰᠢᠨᠬᠤᠸᠠ ᠶᠡᠭᠡ ᠵᠡᠭᠡᠯᠢ ᠶᠢᠨ ᠪᠠᠷᠠᠭᠤᠨᠰᠢ ᠥᠷᠭᠦᠯᠵᠢᠯᠡᠭᠰᠡᠨ ᠬᠡᠰᠡᠭ᠂ ᠣᠷᠳᠣᠰ ᠶᠡᠭᠡ ᠵᠡᠭᠡᠯᠢ ᠶᠢᠨ ᠪᠠᠷᠠᠭᠤᠨᠰᠢ ᠥᠷᠭᠦᠯᠵᠢᠯᠡᠭᠰᠡᠨ ᠬᠡᠰᠡᠭ ᠤᠨ ᠢᠨᠵᠧᠨᠧᠷᠢᠩ ᠢ ᠪᠡᠶᠡᠯᠡᠭᠦᠯᠦᠨ᠎ᠡ︔ G6 ᠲᠦᠷᠭᠡᠨ ᠤ ᠵᠠᠮ ᠬᠢᠭᠡᠳ ᠬᠤᠷᠴᠢᠨ ᠵᠠᠮ ᠤᠨ ᠬᠠᠷᠢᠯᠴᠠᠨ ᠨᠡᠪᠲᠡᠷᠡᠯᠴᠡᠬᠦ ᠬᠡᠰᠡᠭ᠂ G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠯᠴᠡᠬᠦ ᠬᠡᠰᠡᠭ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ75 ᠵᠠᠮ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ 31 ︽ᠲᠠᠰᠤᠷᠬᠠᠢ ᠵᠠᠮ︾ ᠢ ᠨᠠᠪᠲᠠᠷᠡᠭᠦᠯᠵᠦ᠂ 140 ᠵᠡᠭᠡᠯᠢ ᠭᠤᠳᠤᠮᠵᠢ ᠶᠢ ᠥᠭᠡᠷᠡᠴᠢᠯᠡᠨ ᠪᠠᠶᠢᠭᠤᠯᠤᠨ᠎ᠠ︔ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠥᠷᠲᠡᠭᠡ ᠭᠡᠷ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢ ᠪᠡᠶᠡᠯᠡᠭᠦᠯᠦᠨ᠎ᠡ︔ 392 ᠬᠠᠭᠤᠴᠢᠨ ᠬᠤᠷᠢᠶᠠᠯᠠᠯ᠂ 8 ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 5 ︽ᠪᠦᠷᠢᠨ ᠪᠦᠲᠦᠨ ᠣᠷᠣᠨ ᠰᠠᠭᠤᠴᠠ ᠶᠢᠨ ᠨᠡᠶᠢᠭᠡᠮ ᠲᠣᠭᠤᠷᠢᠭ︾ ᠢ ᠲᠤᠷᠰᠢᠨ ᠪᠠᠶᠢᠭᠤᠯᠤᠨ᠎ᠠ︔1ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠡᠷᠡᠭᠵᠢᠭᠦᠯᠦᠨ᠎ᠡ︔ ᠣᠷᠣᠨ ᠰᠠᠭᠤᠴᠠ ᠶᠢᠨ ᠪᠤᠰᠤ ᠲᠦᠷᠦᠯ ᠵᠦᠢᠯ ᠤᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠡᠦᠬᠡᠨ ᠦᠯᠡᠳᠡᠭᠳᠡᠯ ᠠᠰᠠᠭᠤᠳᠠᠯ ᠢ ᠡᠬᠢᠯᠡᠨ ᠰᠢᠢᠳᠪᠦᠷᠢᠯᠡᠨ᠎ᠡ ᠃ ᠬᠤᠲᠠ ᠶᠢᠨ ᠨᠣᠭᠤᠭᠠᠨ ᠵᠠᠮ ᠢ 300 ᠺᠢᠯᠣᠮᠧᠲᠷ ᠰᠢᠨ᠎ᠡ ᠪᠠᠷ ᠪᠠᠶᠢᠭᠤᠯᠵᠤ᠂ ᠦᠷᠭᠦᠯᠵᠢᠯᠡᠨ ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠬᠠᠷᠮᠠᠨ ᠴᠡᠴᠡᠷᠯᠢᠭ᠂ ᠨᠡᠶᠢᠭᠡᠮ ᠲᠣᠭᠤᠷᠢᠭ ᠤᠨ ᠵᠤᠭᠠᠴᠠᠯ ᠤᠨ ᠴᠡᠴᠡᠷᠯᠢᠭ᠂ ᠪᠡᠶ᠎ᠡ ᠶᠢᠨ ᠲᠠᠮᠢᠷ ᠤᠨ ᠴᠡᠴᠡᠷᠯᠢᠭ ᠢ 300 ᠶᠢ ᠰᠢᠨ᠎ᠡ ᠪᠠᠷ ᠪᠠᠶᠢᠭᠤᠯᠤᠨ᠎ᠠ︔ ᠰᠢᠨᠬᠤᠸᠠ ᠶᠡᠭᠡ ᠵᠡᠭᠡᠯᠢ᠂ ᠪᠧᠢ ᠶᠤᠸᠠᠨ ᠵᠡᠭᠡᠯᠢ ᠵᠡᠷᠭᠡ 7 ᠵᠤᠷᠪᠤᠰ ᠭᠤᠣᠯᠳᠠᠯᠭ᠎ᠠ ᠲᠠᠢ ᠵᠠᠮ ᠤᠨ ᠣᠷᠣᠨ ᠵᠠᠢ ᠶᠢᠨ ᠶᠠᠰᠤ ᠴᠢᠨᠠᠷ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ︔ ᠬᠤᠲᠠ ᠶᠢᠨ ᠴᠠᠬᠢᠯᠭᠠᠨ ᠤᠲᠠᠰᠤ ᠶᠢ ᠭᠠᠵᠠᠷ ᠲᠤ ᠣᠷᠣᠭᠤᠯᠬᠤ ᠲᠥᠯᠥᠪᠯᠡᠭᠡ ᠶᠢ ᠡᠬᠢᠯᠡᠭᠦᠯᠵᠦ ᠂ ᠦᠯᠡᠳᠡᠭᠰᠡᠨ 38 ᠲᠦᠮᠡᠨ ᠡᠷᠦᠬᠡ ᠶᠢᠨ ᠰᠢᠲᠠᠮᠠᠬᠠᠢ ᠬᠡᠢ ᠶᠢᠨ ᠮᠡᠷᠭᠡᠵᠢᠯ ᠤᠨ ᠰᠡᠷᠭᠡᠶᠢᠯᠡᠯᠲᠡ ᠶᠢᠨ ᠪᠡᠯᠡᠳᠬᠡᠮᠵᠢ ᠶᠢ ᠤᠭᠰᠠᠷᠠᠬᠤ ᠢᠨᠵᠧᠨᠧᠷᠢᠩ ᠢ ᠪᠡᠶᠡᠯᠡᠭᠦᠯᠦᠨ᠎ᠡ︔10 ᠵᠤᠷᠪᠤᠰ ᠬᠠᠶᠢᠮᠢᠶᠠᠨ ᠵᠠᠮ ᠤᠨ ᠵᠢᠱᠢᠶ᠎ᠡ ᠦᠵᠡᠭᠦᠯᠬᠦ ᠵᠡᠭᠡᠯᠢ ᠭᠤᠳᠤᠮᠵᠢ᠂ 8 ᠬᠠᠶᠢᠮᠢᠶᠠᠨᠵᠢᠭᠤᠯᠬᠤ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠤᠷᠢᠶᠠᠯᠠᠯ ᠢ ᠪᠠᠶᠢᠭᠤᠯᠵᠤ᠂ ᠤᠯᠤᠰ ᠤᠨ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢᠨ ᠬᠡᠪᠴᠢᠶᠡᠨ ᠳᠤ ᠣᠷᠣᠬᠤ ᠪᠠᠷ ᠴᠢᠷᠮᠠᠶᠢᠨ᠎ᠠ᠃      ᠬᠤᠲᠠ ᠶᠢ ᠨᠠᠷᠢᠯᠢᠭ ᠬᠠᠮᠢᠶᠠᠷᠤᠨ᠎ᠠ᠃ ᠠᠮᠢᠳᠤᠷᠠᠯ᠂ ᠲᠣᠭᠤᠭᠠᠨ ᠭᠡᠷ᠂ ᠪᠤᠵᠠᠷ ᠰᠢᠪᠠᠷ᠂ ᠡᠮ ᠡᠮᠨᠡᠯᠭᠡ᠂ ᠪᠠᠷᠢᠯᠭ᠎ᠠ ᠶᠢᠨ ︽ᠪᠦᠬᠦ︾ ᠬᠤᠭ ᠨᠣᠪᠰᠢ ᠶᠢ ᠰᠢᠢᠳᠪᠦᠷᠢᠯᠡᠬᠦ ᠲᠦᠷᠦᠯ ᠵᠦᠢᠯ ᠢ ᠡᠬᠢᠯᠡᠭᠦᠯᠵᠦ᠂ ᠬᠤᠳᠠ ᠶᠢᠨ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠣᠷᠣᠨ ᠨᠤᠲᠤᠭ ᠤᠨ ᠠᠳᠠᠯ ᠠᠬᠤᠢ ᠶᠢᠨ ᠰᠢᠯᠢᠳᠡᠭ ᠲᠥᠷᠥᠯ ᠲᠡᠮᠳᠡᠭᠲᠦ ᠶᠢ ᠪᠣᠶ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠶᠢ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠳᠠᠰᠢ ᠳᠡᠭᠡᠭᠰᠢᠯᠡᠭᠦᠯᠦᠨ᠎ᠡ︔ ᠨᠡᠶᠢᠲᠡ ᠶᠢᠨ ᠮᠠᠰᠢᠨ ᠲᠡᠷᠭᠡᠨ ᠤ ᠬᠤᠷᠳᠤᠨ ᠱᠤᠭᠤᠮ ᠢ 3 ᠶᠢ ᠰᠢᠨ᠎ᠡ ᠪᠠᠷ ᠨᠠᠪᠲᠠᠷᠡᠭᠦᠯᠵᠦ᠂ ᠨᠡᠶᠢᠲᠡ ᠶᠢᠨ ᠮᠠᠰᠢᠨ ᠲᠡᠷᠭᠡᠨ ᠤ ᠬᠡᠯᠪᠡᠷᠢ ᠶᠢ ᠵᠦᠢ ᠵᠣᠬᠢᠰᠲᠠᠢ ᠲᠣᠬᠢᠷᠠᠭᠤᠯᠵᠤ᠂ ᠬᠤᠳᠠ ᠶᠢᠨ ᠲᠡᠬᠦᠷᠭᠡ ᠬᠥᠳᠡᠭᠡ ᠲᠣᠰᠬᠤᠨ ᠳᠤ ᠨᠡᠶᠢᠲᠡ ᠶᠢᠨ ᠮᠠᠰᠢᠨ ᠲᠡᠷᠭᠡ ᠶᠢ ︽ᠨᠡᠶᠢᠳᠡᠮ ᠪᠦᠷᠬᠦᠭᠦᠯᠬᠦ︾ ᠶᠢ ᠴᠢᠷᠮᠠᠶᠢᠨ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠶᠡᠭᠡ ᠲᠠᠷᠢᠬᠢᠨ ᠤ 3.0 ᠬᠡᠪ ᠢ ᠪᠤᠢ ᠪᠣᠯᠭᠠᠵᠤ᠂ ︽ᠨᠢᠭᠡ ᠲᠣᠣᠷ ᠢᠶᠠᠷ ᠨᠢᠭᠡᠳᠦᠯᠲᠡᠢ ᠬᠠᠮᠢᠶᠠᠷᠬᠤ︾ ᠶᠢ ᠬᠤᠳᠠ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠰᠢᠨ᠎ᠡ ᠬᠡᠪ ᠪᠠᠶᠢᠳᠠᠯ ᠪᠣᠯᠭᠠᠨ᠎ᠠ᠃      ︵ᠲᠤᠯᠤᠭ᠎ᠠ︶ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ      ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ ᠬᠤᠲᠠ ᠶᠢᠨ ᠲᠤᠷᠰᠢᠯᠲᠠ ᠤ ᠴᠡᠭ ᠢ ᠴᠢᠷᠮᠠᠶᠢᠨ ᠡᠭᠦᠳᠬᠦ ᠶᠢᠨ ᠲᠣᠭᠤᠷᠢᠨ ᠳᠤ᠂ ᠪᠣᠬᠢᠷᠳᠤᠯ ᠶᠡᠬᠡᠲᠡᠢ ᠲᠦᠯᠡᠰᠢ ᠰᠢᠲᠠᠭᠠᠬᠤ ᠶᠢ ᠴᠠᠭᠠᠵᠠᠯᠠᠬᠤ ᠣᠷᠣᠨ ᠳᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ︽ᠠᠷᠢᠯᠭᠠᠬᠤ︾ ᠠᠵᠢᠯᠯᠠᠭ᠎ᠠ ᠶᠢ ᠥᠷᠨᠢᠭᠦᠯᠦᠨ᠎ᠡ︔35 ᠠᠭᠤᠷ ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠬᠦ ᠠᠵᠢᠯ ᠢ ᠡᠬᠢᠯᠡᠭᠦᠯᠦᠨ᠎ᠡ︔ ᠳ᠋ᠠ ᠲᠠᠩ ᠤᠨ ᠲᠣᠭᠲᠠᠬᠤ ᠰᠢᠶᠠᠨ ᠤ ᠴᠠᠬᠢᠯᠭᠠᠨ ᠤ ᠦᠢᠯᠡᠳᠪᠦᠷᠢ᠂ ᠵᠢᠰᠢᠶ᠎ᠡ ᠠᠶᠢᠯ ᠤᠨ ᠢᠯᠴᠢ ᠴᠠᠬᠢᠯᠭᠠᠨ ᠤ ᠦᠢᠯᠡᠳᠪᠦᠷᠢ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ ᠭᠤᠷᠪᠠᠨ ᠶᠡᠭᠡ ᠢᠯᠴᠢ ᠶᠢᠨ ᠢᠷᠡᠯᠲᠡ ᠶᠢ ᠬᠥᠬᠡᠬᠤᠲᠠ ᠳᠤ ᠣᠷᠣᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ︔ ᠳᠤᠯᠠᠭᠠᠯᠠᠭ᠎ᠠ ᠶᠢᠨ ᠬᠤᠭᠤᠯᠠᠢ ᠶᠢᠨ ᠲᠣᠣᠷ 53 ᠺᠢᠯᠣᠮᠧᠲᠷ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠳᠤᠯᠠᠭᠠᠯᠠᠭ᠎ᠠ ᠶᠢᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠬᠠᠨᠳᠤᠰᠢ ᠶᠢ ᠪᠠᠲᠤᠯᠠᠨ᠎ᠠ᠃ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠡᠷᠭᠢᠯᠳᠦᠭᠦᠯᠦᠨ ᠠᠰᠢᠭᠯᠠᠬᠤ ᠲᠤᠷᠰᠢᠯᠲᠠ ᠶᠢᠨ ᠴᠡᠭ ᠢ ᠴᠢᠷᠮᠠᠶᠢᠨ ᠡᠭᠦᠳᠬᠦ ᠶᠢᠨ ᠲᠣᠭᠤᠷᠢᠨ ᠳᠤ᠂ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭ᠎ᠠ ᠪᠠ ᠲᠣᠭᠲᠠᠬᠤ ᠴᠢᠩ ᠱᠦᠢ ᠾᠧ ᠤᠨ ᠳᠠᠬᠢᠯᠲᠠ ᠤᠰᠤᠨ ᠤ ᠤᠷᠲᠤ ᠬᠤᠭᠤᠯᠠᠢ ᠶᠢᠨ ᠱᠤᠭᠤᠮ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠯᠠᠮᠠ ᠶᠢᠨ ᠠᠶᠢᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ᠂ ᠭᠦᠩᠵᠦ ᠶᠢᠨ ᠣᠷᠳᠣᠨ 3 EOD ᠭᠠᠵᠠᠷ ᠳᠣᠣᠷᠠᠬᠢ ᠮᠠᠶ᠋ᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠶᠢᠨ ᠴᠢᠶᠣᠤ ᠶᠢᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠵᠠᠩᠭᠢ ᠶᠢᠨ ᠠᠶᠢᠯ  ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠠᠬᠢᠭᠤᠯᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢᠨ ᠡᠷᠴᠢᠮ ᠢ ᠴᠢᠩᠭᠠᠷᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠣᠶᠤᠨᠲᠤ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠵᠠᠰᠠᠯᠲᠠ ᠶᠢᠨ ᠪᠠᠯᠠᠢ ᠣᠷᠣᠨ ᠢ ᠪᠦᠬᠦ ᠲᠠᠯ᠎ᠠ ᠪᠠᠷ ᠠᠷᠢᠯᠭᠠᠨ᠎ᠠ᠃ ︽ᠬᠠᠶᠠᠭᠳᠠᠮᠠᠯ ᠪᠣᠳᠠᠰ ᠦᠭᠡᠢ ᠬᠤᠳᠠ︾ ᠶᠢ ᠴᠢᠷᠮᠠᠶᠢᠨ ᠪᠠᠶᠢᠭᠤᠯᠬᠤ ᠶᠢᠨ ᠲᠣᠭᠤᠷᠢᠨ ᠳᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠪᠣᠬᠢᠷᠳᠤᠯ ᠢ ᠴᠡᠭᠴᠡᠯᠡᠨ ᠵᠠᠰᠠᠬᠤ᠂ ᠠᠶᠤᠯᠲᠠᠢ ᠬᠠᠶᠠᠭᠳᠠᠮᠠᠯ ᠪᠣᠳᠠᠰ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠲᠣᠪᠣᠶᠢᠮ᠎ᠠ ᠰᠠᠶᠢᠲᠤᠷ ᠠᠳᠬᠤᠨ᠎ᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠭᠤᠣᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠪᠠ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠲᠤᠰ ᠲᠤᠰ 3.59 % ᠪᠠ 2 % ᠪᠠᠭᠤᠷᠠᠭᠤᠯᠵᠤ᠂ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠨᠤᠷᠮ᠎ᠠ ᠶᠢ 82 % ᠠᠴᠠ ᠳᠡᠭᠡᠭᠰᠢ ᠪᠣᠯᠭᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 91% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃      ᠠᠮᠢ ᠠᠬᠤᠢ ᠶᠢ ᠵᠠᠰᠠᠨ ᠰᠡᠷᠭᠦᠭᠡᠬᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠵᠤ᠂ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ᠂ ᠴᠡᠯᠡᠭᠡᠷ ᠲᠠᠯ᠎ᠠ ᠶᠢᠨ ᠠᠮᠢ ᠠᠬᠤᠢ ᠶᠢ ᠰᠠᠶᠢᠵᠢᠷᠠᠭᠤᠯᠬᠤ᠂ ᠬᠠᠲᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ ᠬᠠᠷ᠎ᠠ ᠤᠰᠤ ᠶᠢᠨ ᠤᠰᠤ ᠶᠢ ᠲᠠᠲᠠᠵᠤ ᠤᠰᠤ ᠶᠢ ᠨᠥᠬᠦᠪᠦᠷᠢᠯᠡᠬᠦ᠂ ᠶᠡᠭᠡ ᠲᠦᠷᠭᠡᠨ ᠭᠤᠣᠯ ᠤᠨ ᠭᠤᠣᠯ ᠤᠨ ᠵᠠᠮ ᠢ ᠵᠠᠰᠠᠨ ᠰᠡᠷᠭᠦᠭᠡᠬᠦ ᠪᠠ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ᠂ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ᠂ ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠠᠷ ᠬᠠᠲᠤᠨ ᠭᠤᠣᠯ ᠤᠨ ᠰᠠᠪᠠ ᠭᠠᠵᠠᠷ ᠤᠨ ᠡᠯᠡᠰᠦᠷᠭᠡᠭᠵᠢᠭᠰᠡᠨ‌ᠭᠠᠵᠠᠷ ᠢ ᠦᠷᠭᠦᠯᠵᠢᠯᠡᠨ ᠵᠠᠰᠠᠬᠤ ᠵᠡᠷᠭᠡ ᠢᠨᠵᠧᠨᠧᠷᠢᠩ ᠢ ᠭᠦᠨᠵᠡᠭᠡᠢ ᠰᠠᠶᠢᠲᠤᠷ ᠠᠳᠬᠤᠨ᠎ᠠ᠃ ᠲᠥᠪ ᠤᠨ ᠬᠤᠶᠠᠳᠤᠭᠠᠷ ᠡᠭᠡᠯᠵᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠬᠠᠮᠵᠢᠯᠴᠠᠨ ᠬᠢᠨ᠎ᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 40 ᠲᠦᠮᠡᠨ ᠮᠦ ᠪᠡᠶᠡᠯᠡᠭᠦᠯᠵᠦ᠂ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 35% ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃      ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠶᠡᠷᠦᠩᠬᠡᠢ ᠬᠡᠮᠵᠢᠶ᠎ᠡ ᠶᠢ ᠬᠠᠷᠢᠮᠠᠬᠠᠢ ᠴᠢᠨᠠᠷᠲᠠᠢ ᠬᠠᠮᠢᠶᠠᠷᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠳᠤ ᠴᠥᠮ ︽ᠬᠤᠶᠠᠷ ᠲᠡᠷᠢᠭᠦᠨ︾ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠦᠯᠡᠳᠡᠭᠡᠯ ᠲᠦᠷᠦᠯ ᠵᠦᠢᠯ ᠢ ᠠᠵᠢᠯ ᠲᠦᠷᠦᠯ ᠤᠨ ᠲᠡᠷᠢᠭᠦᠨ ᠤ ᠬᠢ ᠲᠠᠢ ᠬᠠᠷᠢᠴᠠᠭᠤᠯᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ 5 ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠪᠦᠭᠦᠳᠡ ᠳᠤ ᠨᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠪᠠ ᠣᠷᠴᠢᠯᠳᠤᠭᠤᠯᠬᠤ ᠥᠭᠡᠷᠡᠴᠢᠯᠡᠯᠲᠡ ᠶᠢ ᠡᠬᠢᠯᠡᠭᠦᠯᠦᠨ᠎ᠡ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠭᠡᠷᠡᠯᠲᠦᠭᠦᠯᠭᠡ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠨᠧᠷᠭᠢ ᠠᠷᠪᠢᠯᠠᠬᠤ ᠶᠢ ᠪᠦᠬᠦ ᠨᠡᠶᠢᠭᠡᠮ ᠤᠨ ᠰᠢᠨ᠎ᠡ ᠬᠡᠪ ᠰᠤᠷᠲᠠᠯ ᠪᠣᠯᠭᠠᠨ᠎ᠠ᠃      ︵ᠨᠠᠢᠮᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ      ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠨ᠎ᠡ᠃ ︽ᠦᠢᠯᠡᠰ ᠴᠣᠭᠴᠠᠯᠠᠬᠤ ᠳᠤ ᠲᠣᠬᠢᠷᠠᠮᠵᠢᠲᠠᠢ ᠬᠥᠬᠡ ᠬᠤᠲᠠ᠂ ᠦᠢᠯᠡᠰ ᠴᠣᠭᠴᠠᠯᠠᠬᠤ ᠳᠤ ᠲᠤᠰᠠᠯᠠᠬᠤ︾ ᠦᠢᠯᠡᠰ ᠴᠣᠭᠴᠠᠯᠠᠬᠤ ᠠᠵᠢᠯᠯᠠᠭᠠᠨ ᠤ ᠲᠥᠯᠥᠪᠯᠡᠭᠡ ᠶᠢ ᠲᠦᠯᠬᠢᠨ ᠠᠬᠢᠭᠤᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠠᠵᠢᠯᠲᠠᠨ ᠡᠯᠰᠡᠬᠦ ᠲᠤᠰᠬᠠᠢ ᠲᠠᠯᠠᠪᠤᠷ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠠᠵᠢᠯ ᠣᠯᠬᠤ ᠳᠤ ᠦᠢᠯᠡᠴᠢᠯᠡᠬᠦ ᠰᠠᠷ᠎ᠠ ᠵᠡᠷᠭᠡ ᠠᠵᠢᠯᠯᠠᠭ᠎ᠠ ᠶᠢ ᠡᠷᠭᠢᠯᠡᠨ᠎ᠡ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠬᠤᠯᠪᠣᠭ᠎ᠠ ᠶᠢ ᠡᠬᠢᠯᠡᠨ ᠪᠠᠶᠢᠭᠤᠯᠤᠨ᠎ᠠ︔ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ 3 ᠲᠦᠮᠡᠨ ᠬᠥᠮᠥᠨ ᠤᠳᠠᠭ᠎ᠠ  ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 2᠂ ᠠᠵᠢᠯ ᠣᠯᠭᠤᠯᠲᠠ ᠶᠢᠨ ᠮᠡᠷᠭᠡᠵᠢᠯ ᠤᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 10 ᠪᠠᠶᠢᠭᠤᠯᠤᠨ᠎ᠠ︔ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 32 ᠲᠦᠮᠡ ᠠᠴᠠ ᠳᠡᠭᠡᠭᠰᠢ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠨ᠎ᠠ᠃      ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠳᠤᠮᠳᠠᠳᠤ ᠪᠠᠭ᠎ᠠ ᠰᠤᠷᠭᠠᠭᠤᠯᠢ ᠶᠢ 33᠂ ᠬᠡᠦᠬᠡᠳ ᠤᠨ ᠴᠡᠴᠡᠷᠯᠢᠭ ᠢ 19 ᠶᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠵᠤ᠂ ᠵᠢᠯ ᠤᠨ ᠳᠣᠲᠣᠷ᠎ᠠ 20 ᠶᠢ ᠠᠰᠢᠭᠯᠠᠯᠲᠠ ᠳᠤ ᠣᠷᠣᠭᠤᠯᠤᠨ᠎ᠠ︔ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠡᠭᠦᠨ ᠰᠤᠷᠭᠠᠭᠤᠯᠢ ᠶᠢᠨ ᠲᠣᠭᠤᠷᠢᠭ ᠢ ᠥᠷᠭᠡᠳᠬᠡᠨ ᠪᠠᠶᠢᠭᠤᠯᠬᠤ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ ᠲᠣᠭᠤᠷᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ︔ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ᠂ ᠬᠤᠲᠠ ᠶᠢᠨ 39 ᠳ᠋ᠦ᠋ᠭᠡᠷ ᠳᠤᠮᠳᠠᠳᠤ ᠰᠤᠷᠭᠠᠭᠤᠯᠢ ᠶᠢᠨ ᠶᠢᠨ ᠳ᠋ᠢ ᠰᠤᠷᠭᠠᠭᠤᠯᠢ ᠶᠢᠨ ᠲᠣᠭᠤᠷᠢᠭ ᠢ ᠠᠰᠢᠭᠯᠠᠯᠲᠠ ᠳᠤ ᠣᠷᠣᠭᠤᠯᠤᠨ᠎ᠠ︔ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠨᠠᠭᠠᠲᠤ ᠵᠠᠬ᠎ᠠ ᠳᠠᠭᠠᠨ 1 ᠰᠢᠯᠢᠳᠡᠭ ᠬᠡᠦᠬᠡᠳ ᠤᠨ ᠴᠡᠴᠡᠷᠯᠢᠭ᠂ 1 ᠰᠢᠯᠢᠳᠡᠭ ᠪᠠᠭ᠎ᠠ ᠰᠤᠷᠭᠠᠭᠤᠯᠢ᠂ 1 ᠰᠢᠯᠢᠳᠡᠭ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ 1 ᠰᠢᠯᠢᠳᠡᠭ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠪᠠᠶᠢᠭᠤᠯᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠣᠰ ᠳᠡᠭᠡᠳᠦ ᠲᠦᠪᠰᠢᠨ ᠪᠦᠬᠦᠢ ᠰᠤᠷᠭᠠᠭᠤᠯᠢ︾ ᠶᠢᠨ ᠪᠦᠲᠦᠭᠡᠨ ᠪᠠᠶᠢᠭᠤᠯᠤᠯᠲᠠ ᠪᠠ ᠠᠵᠢᠯ ᠮᠡᠷᠭᠡᠵᠢᠯ ‍ᠦᠨ‌‍ᠰᠤᠷᠭᠠᠭᠤᠯᠢ ᠶᠢᠨ ᠵᠢᠩᠬᠢᠨᠢ ᠠᠩᠭᠢ ᠶᠢᠨ ᠪᠣᠯᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠳᠡᠮᠵᠢᠨ᠎ᠡ᠃ ︽ᠢᠨᠲ᠋ᠧᠷ ᠰᠦᠯᠵᠢᠶ᠎ᠡ+ ᠰᠤᠷᠭᠠᠨ ᠬᠥᠮᠦᠵᠢᠯ︾ ᠤᠨ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠳᠠᠯᠢ ᠳᠠᠪᠲᠠᠮᠵᠢ ᠪᠠᠷ ᠬᠠᠷᠢᠯᠴᠠᠨ ᠦᠢᠯᠡᠳᠦᠯᠴᠡᠬᠦ ᠪᠠᠷᠢᠮᠵᠢᠶᠠᠲᠤ ᠬᠢᠴᠢᠶᠡᠯ ᠤᠨ ᠭᠡᠷ ᠢ 95 ᠢᠵᠢ ᠰᠢᠨ᠎ᠡ ᠪᠠᠷ ᠪᠠᠶᠢᠭᠤᠯᠤᠨ᠎ᠠ᠃ ᠪᠡᠭᠡᠵᠢᠩ᠂ ᠱᠠᠩᠬᠠᠢ ᠵᠡᠷᠭᠡ ᠭᠠᠵᠠᠷ ᠤᠨ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠨ ᠰᠤᠷᠭᠠᠭᠤᠯᠢ ᠡᠷᠬᠢᠯᠡᠬᠦ ᠠᠵᠢᠯ ᠢ ᠥᠷᠨᠢᠭᠦᠯᠦᠨ᠎ᠡ᠃ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠳᠦᠷᠢᠮ᠂ ᠪᠠᠭᠰᠢ ᠶᠢ ᠰᠢᠶᠠᠨ ᠠᠴᠠ ᠬᠠᠮᠢᠶᠠᠷᠴᠤ ᠰᠤᠷᠭᠠᠭᠤᠯᠢ ᠤᠷᠢᠬᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠠᠵᠢᠯ ᠤᠨ ᠪᠦᠲᠦᠮᠵᠢ ᠶᠢᠨ ᠴᠠᠯᠢᠩ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠵᠦ᠂ ︽ᠨᠡᠷᠡᠳᠦ ᠰᠤᠷᠭᠠᠭᠤᠯᠢ᠂ ᠨᠡᠷᠡᠳᠦ ᠰᠤᠷᠭᠠᠭᠤᠯᠢ ᠶᠢᠨ ᠵᠠᠬᠢᠷᠤᠯ᠂ ᠨᠡᠷᠡᠳᠦ ᠪᠠᠭᠰᠢ︾ ᠶᠢᠨ ᠢᠨᠵᠧᠨᠧᠷᠢᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ︾ ᠭᠤᠷᠪᠠᠨ ᠡᠩᠨᠡᠭᠡ ᠶᠢ ᠪᠤᠵᠠᠭᠠᠶᠢᠷᠠᠭᠤᠯᠤᠨ᠎ᠠ᠃ ︽ᠶᠡᠭᠡ ᠳᠡᠭᠡᠳᠦ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ‌‍ᠬᠡᠦᠬᠡᠳ ᠤᠨ ᠴᠡᠴᠡᠷᠯᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ ᠡᠬᠢᠯᠡᠬᠦ ᠣᠨ ᠳᠤ ᠭᠤᠷᠪᠠᠨ ᠬᠢᠴᠢᠶᠡᠯ ᠲᠥᠷᠥᠯ ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠨ᠎ᠡ᠃      ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠦᠬᠡᠬᠤᠲᠠ ᠶᠢᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠤᠨ ᠭᠤᠣᠯ ᠴᠣᠭᠴᠠ ᠶᠢᠨ ᠠᠵᠢᠯ ᠳᠠᠭᠤᠰᠬᠤ ᠶᠢ ᠠᠬᠢᠭᠤᠯᠵᠤ᠂ ᠣᠶᠤᠨ ᠰᠠᠨᠠᠭᠠᠨ ᠤ ᠡᠷᠡᠭᠦᠯ ᠬᠠᠮᠠᠭᠠᠯᠠᠯ ᠤᠨ ᠲᠥᠪ᠂ ᠠᠵᠢᠯ ᠤᠨ ᠨᠥᠯᠥᠭᠡᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠠᠵᠢᠯ ᠡᠬᠢᠯᠡᠭᠦᠯᠦᠨ ᠪᠠᠶᠢᠭᠤᠯᠵᠤ᠂ ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠶᠢ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ︽ᠭᠤᠷᠪᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠵᠤ᠂ ᠬᠤᠰᠢᠭᠤ ᠰᠢᠶᠠᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ ᠳᠡᠰ ᠤᠨ ᠬᠥᠬᠡ︾ ᠡᠮᠨᠡᠯᠭᠡ ᠶᠢᠨ ᠬᠤᠷᠢᠶ᠎ᠠ ᠪᠣᠯᠭᠠᠨ ᠡᠭᠦᠳᠦᠨ ᠪᠠᠶᠢᠭᠤᠯᠤᠨ᠎ᠠ᠃ ︽ᠢᠨᠲ᠋ᠧᠷ ᠰᠦᠯᠵᠢᠶ᠎ᠡ+ ᠡᠮᠴᠢᠯᠡᠭᠡ︾ ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ ︽ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ︾ ᠪᠣᠯᠭᠠᠨ ᠪᠠᠶᠢᠭᠤᠯᠤᠨ᠎ᠠ᠃ ᠪᠡᠭᠡᠵᠢᠩ ᠬᠤᠳᠠ ᠶᠢᠨ ᠬᠢᠲᠠᠳ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠡᠭᠡᠵᠢᠩ ᠤᠨ ᠠᠨᠠᠭᠠᠬᠤ ᠤᠬᠠᠭᠠᠨ ᠤ ᠨᠡᠶᠢᠭᠡᠮᠯᠢᠭ᠂ ᠪᠡᠭᠡᠵᠢᠩ ᠤᠨ ᠰᠠᠨᠰᠠᠷ ᠤᠨ ᠠᠶᠠᠯᠠᠯ ᠤᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 3 ᠤᠯᠤᠰ ᠤᠨ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠬᠤᠪᠢᠶᠠᠷᠢ ᠲᠥᠪ ᠢ ᠪᠠᠶᠢᠭᠤᠯᠬᠤ ᠶᠢ ᠠᠬᠢᠭᠤᠯᠤᠨ᠎ᠠ᠃ ᠳᠡᠭᠡᠳᠦ ᠳᠡᠰ ᠤᠨ ᠠᠨᠠᠭᠠᠬᠤ ᠤᠬᠠᠭᠠᠨ ᠤ ᠴᠢᠳᠠᠪᠤᠷᠢᠲᠠᠨ ᠢ 100 ᠠᠴᠠ ᠳᠡᠭᠡᠭᠰᠢ ᠣᠷᠣᠭᠤᠯᠤᠨ ᠠᠪᠴᠢᠷᠠᠵᠤ᠂ ᠣᠷᠣᠨ ᠨᠤᠲᠤᠭ ᠤᠨ ᠴᠢᠳᠠᠪᠤᠷᠢᠲᠠᠨ ᠢ 100 ᠠᠴᠠ ᠳᠡᠭᠡᠭᠰᠢ ᠬᠥᠮᠥᠵᠢᠭᠦᠯᠦᠨ᠎ᠡ᠃      ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ︽ᠣᠷᠣᠨ ᠤ ᠲᠥᠪ ᠪᠣᠯ ᠮᠢᠨᠤ ᠭᠡᠷ ᠣᠷᠣᠨ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠠᠮᠲᠤ ᠤᠯᠠᠨ ᠳᠤ ᠲᠦᠰᠢᠭᠯᠡᠨ᠎ᠡ︾ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ︽ᠨᠢᠭᠡ ᠰᠠᠷ᠎ᠠ ᠳᠤ ᠨᠢᠭᠡ ᠭᠤᠣᠯ ᠰᠡᠳᠦᠪ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠤᠷᠳᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠭᠠᠨᠮᠥ᠋ᠴᠢᠷ᠂ ᠰᠣᠨᠢᠨ ᠮᠡᠳᠡᠭᠡ ᠷᠠᠳᠢᠣ᠋ ᠲᠧᠯᠸᠢᠰ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠦᠢᠯᠡᠰ ᠤᠨ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠦᠨ ᠬᠥᠭᠵᠢᠵᠦ᠂ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ᠂ ᠬᠥᠬᠡᠬᠤᠲᠠ ᠶᠢᠨ ᠦᠯᠢᠭᠡᠷ ᠢ ᠰᠠᠶᠢᠲᠤᠷ ᠶᠠᠷᠢᠬᠤ ᠶᠢ ᠳᠡᠮᠵᠢᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠩᠭᠢᠯ ᠪᠦᠰᠡ ᠶᠢ ᠴᠣᠭᠴᠠᠯᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢ ᠠᠬᠢᠭᠤᠯᠤᠨ᠎ᠠ᠃      ︵ᠶᠢᠰᠦ︶ ᠵᠠᠰᠠᠯᠲᠠ ᠶᠢᠨ ᠴᠢᠳᠠᠪᠤᠷᠢ ᠶᠢ ᠬᠦᠴᠦᠲᠡᠢ ᠳᠡᠭᠡᠭᠰᠢᠯᠡᠭᠦᠯᠦᠨ᠎ᠡ      ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠪᠥᠬᠦ ᠤᠯᠤᠰ ᠤᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠣᠯᠪᠢᠴᠠᠨ ᠬᠠᠷᠢᠯᠴᠠᠨ ᠦᠨᠡᠯᠡᠬᠦ ᠪᠠ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠬᠢᠨᠠᠨ ᠲᠣᠭᠲᠠᠭᠠᠵᠤ ᠫᠠᠶᠢᠰᠠ ᠡᠯᠭᠦᠬᠦ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠬᠦᠴᠦᠨ ᠢ ᠳᠣᠷᠣᠭᠰᠢ ᠪᠠᠭᠤᠯᠭᠠᠬᠤ ᠶᠢ ᠲᠦᠷᠭᠡᠳᠬᠡᠨ ᠠᠬᠢᠭᠤᠯᠵᠤ᠂ ᠲᠣᠣᠷ ᠤᠨ ᠪᠠᠶᠢᠷᠢᠯᠠᠭᠤᠯᠤᠯᠲᠠ ᠪᠠ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ︽ᠲᠣᠣᠷᠵᠢᠯ + ᠨᠠᠮ ᠤᠨ ᠪᠠᠶᠢᠭᠤᠯᠤᠯᠲᠠ︾᠂ ︽ᠲᠣᠣᠷᠵᠢᠯ + ᠴᠠᠭᠳᠠᠭᠠᠨ ᠤ ᠲᠣᠣᠷᠵᠢᠯ︾᠂ ︽ᠲᠣᠣᠷᠵᠢᠯ + ᠬᠤᠷᠢᠶᠠᠯᠠᠯ︾ ᠵᠡᠷᠭᠡ ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠴᠢᠩᠭᠠᠳᠬᠠᠨ᠎ᠠ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠣᠭᠠᠴᠢᠯᠠᠭᠰᠠᠨ ᠲᠠᠪᠴᠠᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ︽ᠨᠢᠭᠡ ᠲᠠᠪᠴᠠᠩ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠦᠷᠳᠡᠭᠡ ᠮᠠᠶ᠋ᠢᠭ ᠢᠶᠠᠷ ᠦᠢᠯᠡᠴᠢᠯᠡᠬᠦ᠂ ᠨᠢᠭᠡ ᠰᠦᠯᠵᠢᠶ᠎ᠡ ᠪᠠᠷ ᠬᠠᠮᠲᠤᠪᠠᠷ ᠵᠠᠰᠠᠬᠤ᠂ ᠪᠦᠬᠦᠨ ᠢ ᠰᠢᠢᠳᠪᠦᠷᠢᠯᠡᠬᠦ ︾ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠤᠢ ᠪᠣᠯᠭᠠᠨ᠎ᠠ᠃ ︽12345︾ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠠᠪᠴᠠᠩ ᠢ ᠲᠡᠭᠦᠯᠳᠡᠷᠵᠢᠭᠦᠯᠵᠦ᠂ ︽ᠵᠢᠷᠭᠤᠳᠤᠭᠠᠷ ᠬᠤᠭᠤᠴᠠᠭᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤᠨ ᠤ ᠶᠡᠭᠡ ᠬᠤᠷᠠᠯ︾ ᠢ ᠰᠠᠶᠢᠲᠤᠷ ᠡᠷᠬᠢᠯᠡᠨ᠎ᠡ᠃ ︽ᠣᠯᠠᠨ ᠲᠥᠪ ᠢ ᠨᠢᠭᠡ ᠪᠣᠯᠭᠠᠬᠤ︾ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠹᠧᠩᠴᠢᠶᠤᠤ ᠶᠢᠨ ᠲᠤᠷᠰᠢᠯᠭ᠎ᠠ ᠶᠢ ᠣᠷᠣᠨ ᠤ ᠲᠥᠪ ᠲᠤ ᠴᠡᠴᠡᠭᠯᠡᠭᠦᠯᠦᠨ ᠵᠢᠮᠢᠰᠯᠡᠭᠦᠯᠦᠨ᠎ᠡ᠃      ᠠᠮᠤᠷ ᠠᠮᠤᠭᠤᠯᠠᠩ ᠣᠷᠣᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠦᠨ᠎ᠡ︔ ᠨᠡᠶᠢᠭᠡᠮ ᠤᠨ ᠠᠮᠤᠷ ᠤᠨ ᠬᠠᠮᠠᠭᠠᠯᠠᠯᠲᠠ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳ᠋ ᠬᠥᠷᠥᠩᠭᠡ ᠳᠤ ᠬᠠᠯᠳᠠᠬᠤ᠂ ᠮᠡᠬᠡᠯᠡᠬᠦ᠂ ᠱᠠᠯᠢᠭ ᠵᠠᠪᠬᠠᠢ ᠵᠣᠭᠤᠰ ᠮᠥᠷᠥᠶᠢᠴᠡᠬᠦ ᠬᠤᠣᠷ ᠰᠠᠷᠢᠭᠠᠯᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ︔ ᠢᠳᠡᠭᠡᠨ ᠪᠠ ᠡᠮ ᠤᠨ ᠵᠦᠢᠯ ᠤᠨ ᠠᠶᠤᠯᠭᠦᠢ  ᠶᠢᠨ ᠭᠤᠷᠪᠠᠨ ᠵᠢᠯ ᠤᠨ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠤᠯᠤᠰ ᠤᠨ ᠢᠳᠡᠭᠡᠨ ᠤ ᠠᠶᠤᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠦᠨ ᠪᠠᠶᠢᠭᠤᠯᠤᠨ᠎ᠠ︔ ᠠᠷᠪᠠᠨ ᠵᠢᠯ ᠳᠠᠷᠠᠭᠠᠯᠠᠨ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠦᠨ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠪᠡᠯᠡᠳᠬᠡᠯ ᠬᠦᠴᠦᠨ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ᠂ ᠬᠠᠷᠠᠭᠠᠯᠵᠠᠨ ᠲᠥᠪᠬᠢᠨᠡᠭᠦᠯᠬᠦ ᠵᠡᠷᠭᠡ ᠠᠵᠢᠯ ᠢ ᠰᠠᠶᠢᠲᠤᠷ ᠬᠢᠨ᠎ᠡ᠃      ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠨᠡᠪᠴᠢᠯᠲᠡ ᠡᠪᠳᠡᠯᠡᠭᠡ ᠬᠢᠬᠦ᠂ ᠬᠦᠴᠦᠷᠬᠡᠭᠯᠡᠯ ᠢᠶᠠᠷ ᠰᠦᠷᠳᠡᠭᠦᠯᠬᠦ ᠵᠡᠷᠭᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ︔ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ︽ᠠᠷᠪᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠷᠢᠮᠲᠠᠯᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠶᠡᠬᠡᠪᠡᠷ ᠪᠠᠭᠠᠰᠬᠠᠨ᠎ᠠ︔ ᠥᠷᠢᠲᠦᠵᠦ ᠪᠠᠶᠢᠭ᠎ᠠ ᠵᠠᠷᠤᠳᠠᠯ ᠢ ᠢᠯᠭᠠᠷᠠᠭᠤᠯᠤᠨ ᠲᠤᠰᠢᠶᠠᠬᠤ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠦᠨ᠎ᠡ ᠬᠠᠩᠰᠢ ᠶᠢ ᠬᠢᠨᠠᠨ ᠬᠠᠷᠭᠤᠭᠤᠯᠵᠤ ᠬᠠᠰᠤᠬᠤ ᠵᠡᠷᠭᠡ ᠤᠯᠠᠨ ᠵᠦᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠥᠭᠴᠡᠭᠡ ᠶᠢᠨ ᠬᠠᠳᠠᠭᠠᠯᠠᠯᠲᠠ ᠶᠢ ᠪᠦᠲᠦᠮᠵᠢᠲᠡᠶ ᠢᠯᠭᠠᠷᠠᠭᠤᠯᠵᠤ᠂ ᠨᠡᠮᠡᠭᠳᠡᠯ ᠢ ᠡᠷᠡᠰ ᠬᠤᠷᠢᠭᠯᠠᠨ᠎ᠠ᠃      ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠠᠳᠬᠤᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ︽ᠬᠥᠬᠡᠬᠤᠲᠠ ᠶᠢᠨ ᠬᠢᠵᠢᠭ ᠢ ᠡᠰᠡᠷᠭᠦᠴᠡᠬᠦ ᠣᠶᠤᠨᠲᠤ ᠲᠠᠪᠴᠠᠩ︾ ᠢ ᠲᠡᠰ ᠳᠡᠪᠰᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ᠂ ᠬᠦᠢᠲᠡᠨ ᠬᠡᠯᠬᠢᠶᠡᠲᠦ ᠪᠤᠰᠤ ᠡᠳ᠋ ᠪᠣᠳᠠᠰ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠳᠤᠮᠳᠠ ᠲᠦᠭᠰᠢᠭᠦᠷᠢ ᠲᠠᠢ ᠭᠠᠵᠠᠷ ᠣᠷᠣᠨ ᠤ ᠰᠢᠤᠳᠠᠨ ᠤ ᠪᠣᠭᠤᠳᠠᠯ ᠪᠠᠭᠯᠠᠭ᠎ᠠ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠤᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠠᠵᠢᠯ ᠢ ᠰᠠᠶᠢᠲᠤᠷ ᠠᠳᠬᠤᠵᠤ᠂ ᠬᠢᠯᠪᠡᠷ ᠪᠤᠰᠤ ᠪᠠᠷ ᠣᠯᠣᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠬᠢᠵᠢᠭᠦᠯᠦᠨ᠎ᠡ᠃      ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ      ᠰᠢᠨ᠎ᠡ ᠴᠠᠭ ᠦᠶ᠎ᠡ ᠠᠴᠠ ᠪᠢᠳᠡᠨ ᠳᠤ ᠰᠢᠨ᠎ᠡ ᠡᠭᠦᠷᠭᠡ ᠳᠠᠭᠠᠭᠠᠯᠭᠠᠵᠠᠢ᠂ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠢᠳᠡ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠴᠠᠭ ᠤᠨ ᠪᠡᠷᠬᠡ ᠶᠢ ᠬᠠᠮᠲᠤᠪᠠᠷ ᠲᠤᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃      ᠪᠢᠳᠠ ᠲᠤᠬ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠵᠠᠷᠯᠢᠭ ᠢ ᠡᠷᠡᠰ ᠳᠠᠭᠠᠵᠤ᠂ ᠨᠠᠮ ᠤᠨ ᠲᠥᠪ ᠬᠤᠷᠢᠶᠠᠨ ᠤ ᠵᠢᠯᠣᠭᠤᠳᠤᠯᠭ᠎ᠠ ᠶᠢ ᠡᠷᠡᠰ ᠳᠠᠭᠠᠵᠤ᠂ ᠣᠪᠣᠷ ᠤᠨ ᠲᠠᠯ᠎ᠠ ᠪᠠᠷ ᠡᠷᠡᠰ ᠪᠠᠲᠤ ᠪᠠᠶᠢᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠤᠯᠤᠰ ᠲᠦᠷᠦ ᠶᠢᠨ ᠵᠣᠭᠰᠣᠯᠲᠠ ᠪᠠᠨ ᠡᠷᠡᠰ ᠪᠠᠲᠤᠳᠬᠠᠵᠤ᠂ ᠵᠥᠪ ᠪᠤᠷᠤᠭᠤ ᠶᠢᠨ ᠡᠮᠦᠨ᠎ᠡ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠶᠠᠭᠠᠬᠢᠭᠰᠠᠨ ᠴᠤ ᠬᠠᠰᠢ ᠶᠠᠰᠢ ᠪᠠᠶᠢᠵᠤ ᠪᠣᠯᠬᠤ ᠦᠭᠡᠢ᠂ ᠲᠥᠪ ᠬᠤᠳᠠ ᠶᠢᠨ ᠬᠢᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ︽ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ︾ ᠶᠢ ᠪᠠᠲᠤᠯᠠᠬᠤ ᠬᠡᠷᠡᠭᠲᠡᠢ᠃      ᠪᠢᠳᠡ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠬᠦ ᠬᠡᠷᠡᠭᠲᠡᠢ᠃ ᠵᠠᠰᠠᠭ ᠤᠨ ᠣᠷᠳᠣᠨ ᠲᠦᠷᠦᠭᠦᠯᠡᠨ ᠬᠥᠭᠵᠢᠯᠲᠡ ᠶᠢ ᠲᠥᠯᠥᠪᠵᠢᠭᠦᠯᠬᠦ ᠶᠢ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ︽ᠥᠨᠥᠳᠥᠷ ᠬᠡᠳᠦᠢ ᠣᠷᠣᠢ ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠠᠶᠢᠭᠰᠠᠨ ᠴᠤ ᠣᠷᠣᠢ︾ ᠭᠡᠬᠦ ᠪᠠᠴᠢᠮ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ᠂ ᠥᠷᠯᠥᠭᠡ ᠦᠳᠡᠰᠢ ᠶᠢ ᠲᠡᠮᠡᠴᠡᠵᠦ᠂ ᠥᠷᠯᠥᠭᠡ ᠦᠳᠡᠰᠢ ᠶᠢ ᠵᠠᠪᠠᠯ ᠲᠡᠮᠡᠴᠡᠵᠦ᠂ ᠦᠷᠭᠦᠯᠵᠢᠯᠡᠨ ᠬᠦᠴᠦᠯᠡᠨ ᠴᠢᠷᠮᠠᠶᠢᠵᠤ ᠪᠠᠶᠢᠭᠠᠳ ᠣᠷᠣᠨ ᠤ ᠲᠥᠪ ᠤᠨ ᠠᠤᠭ᠎ᠠ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠺᠠᠳ᠋ᠷᠴᠤᠳ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠴᠢᠳᠠᠪᠤᠷᠢ ᠪᠠᠨ ᠨᠡᠮᠡᠭᠳᠡᠭᠦᠯᠦᠨ᠂ ᠠᠳᠠᠯᠢᠳᠬᠠᠨ ᠰᠤᠷᠤᠯᠴᠠᠵᠤ ᠭᠦᠢᠴᠡᠨ ᠳᠠᠪᠠᠵᠤ ᠭᠠᠷᠤᠭᠠᠳ᠂ ᠠᠵᠢᠯ ᠬᠢᠵᠦ ᠦᠢᠯᠡᠰ ᠪᠦᠲᠦᠭᠡᠬᠦ ᠶᠠᠪᠤᠴᠠ ᠳᠤ ᠠᠮᠢᠳᠤᠷᠠᠬᠤᠢ ᠶᠢᠨ ᠦᠨ᠎ᠡ ᠦᠷᠳᠡᠭ ᠢᠶᠠᠨ ᠢᠯᠡᠷᠡᠬᠦᠯᠬᠦ ᠬᠡᠷᠡᠭᠲᠡᠢ᠃ ᠥᠷᠭᠡᠨ ᠤᠯᠠᠨ ᠲᠦᠮᠡᠨ ︽ᠡᠵᠡᠨ ᠬᠥᠮᠥᠨ︾ ᠤ ᠤᠬᠠᠮᠰᠠᠷ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠬᠦ ᠬᠤᠳᠠ ᠪᠠᠷ ᠢᠶᠠᠨ ︽ᠨᠢᠭᠡ ᠣᠷᠣᠨ ᠤ ᠬᠥᠭᠵᠢᠯᠲᠡ ᠶᠢ ᠡᠷᠢᠯᠬᠢᠯᠡᠵᠦ᠂ ᠨᠢᠭᠡ ᠣᠷᠣᠨ ᠤ ᠠᠵᠠ ᠵᠢᠷᠭᠠᠯ ᠢ ᠨᠡᠮᠡᠭᠳᠡᠭᠦᠯᠬᠦ︾ ᠬᠦᠴᠦᠷᠬᠡᠭ ᠶᠡᠭᠡ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃      ᠪᠢᠳᠡ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠠᠳᠬᠤᠬᠤ ᠬᠡᠷᠡᠭᠲᠡᠢ᠃ ᠲᠣᠳᠣᠷᠬᠠᠢ ᠬᠠᠷᠠᠯᠲᠠ ᠡᠭᠦᠷᠭᠡ ᠶᠢ ᠲᠣᠭᠲᠠᠭᠠᠭᠰᠠᠨ ᠪᠣᠯ ᠬᠢᠵᠦ᠂ ᠬᠢᠪᠡᠯ ᠪᠦᠲᠦᠭᠡᠵᠦ᠂ ᠬᠢᠪᠡᠯ ᠰᠠᠶᠢᠨ ᠬᠢᠵᠦ᠂ ︽ᠵᠢᠷᠤᠭ︾ ᠢᠶᠠᠨ ᠠᠪᠴᠤ ︽ᠪᠠᠷᠢᠯᠭ᠎ᠠ ᠶᠢᠨ ᠭᠠᠵᠠᠷ︾ ᠲᠤ ᠣᠷᠣᠵᠤ᠂ ᠬᠡᠷᠡᠭ ᠤᠴᠢᠷ ᠢ ᠣᠪᠣᠭᠠᠷᠠᠭᠤᠯᠬᠤ ᠦᠭᠡᠢ᠂ ᠠᠵᠢᠯ ᠶᠠᠪᠤᠳᠠᠯ ᠢ ᠦᠨᠵᠢᠬᠦᠯᠬᠦ ᠦᠭᠡᠢ ᠪᠠᠶᠢᠬᠤ ᠬᠡᠷᠡᠭᠲᠡᠢ᠃ ᠶᠡᠭᠡ ᠲᠠᠯ᠎ᠠ ᠳᠤ ᠬᠤᠯᠪᠣᠭᠳᠠᠬᠤ ᠠᠰᠠᠭᠤᠳᠠᠯ ᠳᠤ᠂ ︽ᠲᠤᠰᠬᠠᠢ ᠬᠥᠮᠥᠨ ᠲᠣᠮᠢᠯᠠᠨ ᠲᠤᠰᠬᠠᠢ ᠠᠩᠭᠢ ᠪᠠᠶᠢᠭᠤᠯᠵᠤ᠂ ᠲᠤᠰᠬᠠᠢ ᠵᠦᠢᠯ ᠢᠶᠠᠷ ᠲᠤᠰᠬᠠᠶᠢᠯᠠᠨ ᠬᠠᠷᠢᠭᠤᠴᠠᠵᠤ︾᠂ ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠬᠦᠷᠲᠡᠯ᠎ᠡ ᠪᠣᠳᠠᠲᠠᠶᠢᠵᠢᠭᠤᠯᠵᠤ᠂ ᠠᠵᠢᠯ ᠢ ᠪᠣᠳᠠᠲᠠᠢ ᠭᠤᠭᠴᠤᠭ᠎ᠠ ᠳᠤ ᠬᠦᠷᠲᠡᠯ᠎ᠡ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠨᠠᠷᠢᠨ ᠲᠠᠩᠰᠠ ᠪᠠᠷ ᠬᠠᠮᠢᠶᠠᠷᠴᠤ᠂ ᠨᠢᠭᠡᠳᠦᠭᠡᠷ ᠹᠷᠣᠨᠲ ᠲᠤ ᠪᠠᠶᠢᠴᠠᠭᠠᠨ ᠰᠢᠢᠳᠪᠦᠷᠢᠯᠡᠵᠦ᠂ ᠪᠢᠲᠡᠭᠦᠦ ᠴᠠᠭᠠᠷᠢᠭ ᠢᠶᠠᠷ ᠨᠠᠶᠢᠳᠠᠪᠤᠷᠢᠵᠢᠭᠤᠯᠤᠨ᠂ ᠡᠳᠦᠷ ᠢᠶᠠᠷ ᠰᠠᠷ᠎ᠠ ᠶᠢ ᠪᠠᠲᠤᠯᠠᠵᠤ᠂ ᠰᠠᠷ᠎ᠠ ᠪᠠᠷ ᠤᠯᠠᠷᠢᠯ ᠢ ᠪᠠᠲᠤᠯᠠᠵᠤ᠂ ᠤᠯᠠᠷᠢᠯ ᠢᠶᠠᠷ ᠵᠢᠯ ᠢ ᠪᠠᠲᠤᠯᠠᠬᠤ ᠬᠡᠷᠡᠭᠲᠡᠢ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠳᠤ ᠬᠠᠨᠳᠤᠬᠤ ᠳᠠᠭᠠᠨ ︽ᠰᠢᠨ᠎ᠡ ᠳᠠᠷᠤᠭ᠎ᠠ ᠵᠠᠪᠠᠯ ᠬᠠᠭᠤᠴᠢᠨ ᠲᠡᠩᠰᠠ ᠶᠢ ᠰᠢᠢᠳᠪᠦᠷᠢᠯᠡᠬᠦ ᠬᠡᠷᠡᠭᠲᠡᠢ︾᠂ ᠬᠡᠴᠢᠨᠡᠨ ᠬᠦᠴᠢᠷ ᠪᠡᠷᠬᠡ ᠲᠠᠢ ᠪᠠᠶᠢᠭᠰᠠᠨ ᠴᠤ ᠠᠵᠢᠯᠯᠠᠵᠤ᠂ ᠬᠡᠴᠢᠨᠡᠨ ᠬᠠᠯᠠ ᠵᠦᠳᠡᠭᠦᠷᠢ ᠲᠠᠢ ᠪᠠᠶᠢᠭᠰᠠᠨ ᠴᠤ ᠡᠭᠦᠷᠭᠡᠯᠡᠵᠦ᠂ ᠬᠥᠭᠵᠢᠭᠦᠯᠬᠦ ᠶᠠᠪᠤᠴᠠ ᠳᠤ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ᠃      ᠪᠢᠳᠡ ᠬᠤᠷᠢᠭ᠎ᠠ ᠱᠤᠭᠤᠮ ᠢ ᠠᠷᠢᠭᠤᠨ ᠴᠢᠬᠡᠴᠢ ᠪᠠᠷ ᠰᠠᠬᠢᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠵᠤ᠂ ᠨᠡᠶᠢᠭᠡᠮ ᠤᠨ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ᠵᠠᠰᠠᠭ ᠤᠨ ᠣᠷᠳᠣᠨ ᠲᠦᠷᠦᠭᠦᠯᠡᠨ ᠢᠲᠡᠭᠡᠯ ᠢ ᠰᠠᠬᠢᠵᠤ ᠠᠮᠠᠯᠠᠯᠲᠠ ᠪᠠᠨ ᠪᠡᠶᠡᠯᠡᠭᠦᠯᠵᠦ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ ᠠᠮᠠᠯᠠᠭᠰᠠᠨ ᠢᠶᠠᠨ ᠵᠠᠪᠠᠯ ᠪᠡᠶᠡᠯᠡᠭᠦᠯᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠢᠭᠤᠨ ᠴᠢᠬᠡᠴᠢ ᠪᠠᠷ ᠠᠵᠢᠯ ᠬᠢᠵᠦ᠂ ᠠᠷᠢᠭᠤᠨ ᠴᠢᠬᠡᠴᠢ ᠬᠥᠮᠥᠨ ᠪᠣᠯᠵᠤ᠂ ︽ᠠᠷᠤ ᠳᠤ ᠨᠢᠭᠡ ᠴᠦ ᠬᠠᠵᠠᠭᠠᠢ ᠮᠥᠷ ᠦᠭᠡᠢ︾ ᠪᠠᠶᠢᠬᠤ ᠶᠢ ᠪᠡᠶᠡᠯᠡᠭᠦᠯᠵᠦ ᠂ ᠦᠢᠯᠡᠳᠦᠯᠭᠡ᠂ ᠠᠷᠠᠳ ᠲᠦᠮᠡᠨ ᠪᠣᠯᠣᠨ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃      ᠲᠥᠯᠥᠭᠡᠯᠡᠭᠴᠢᠳ ᠠ᠋︕ ᠰᠢᠨ᠎ᠡ ᠡᠭᠦᠷᠭᠡ ᠬᠠᠷᠢᠭᠤᠴᠠᠯᠭ᠎ᠠ ᠶᠢᠨ ᠡᠮᠦᠨ᠎ᠡ᠂ ᠪᠢᠳᠡ ᠬᠦᠨᠳᠦ ᠡᠭᠦᠷᠭᠡ ᠶᠢ ᠡᠭᠦᠷᠭᠡᠯᠡᠵᠦ ᠪᠠᠶᠢᠬᠤ ᠪᠠᠨ ᠭᠦᠨ ᠮᠡᠳᠡᠷᠡᠵᠦ ᠪᠠᠶᠢᠨ᠎ᠠ᠂ ᠨᠡᠩ ᠴᠤ ᠲᠤᠶᠢᠯ ᠤᠨ ᠥᠩᠭᠡ ᠭᠡᠷᠡᠯᠲᠡᠢ ᠲᠠᠢ ᠰᠠᠨᠠᠭᠳᠠᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠴᠤᠴᠠᠯᠲᠠ ᠦᠭᠡᠢ ᠤᠷᠤᠭᠰᠢᠯᠠᠨ᠂ ︽ᠦᠵᠡᠰᠬᠦᠯᠡᠩᠲᠦ ᠰᠠᠶᠢᠬᠠᠨ ᠬᠥᠬᠡ ᠬᠤᠲᠠ︾ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ︽ᠲᠠᠯ᠎ᠠ ᠨᠤᠲᠤᠭ ᠤᠨ ᠬᠤᠳᠠ︾ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号