ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠬᠠᠳᠠ | | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠠᠵᠢᠯ ᠤᠨ ᠡᠷᠭᠢᠴᠡᠭᠦᠯᠦᠯ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ | ᠮᠥᠨ᠂ ᠤᠯᠤᠰ ᠳᠠᠶᠠᠭᠠᠷ ᠦᠪᠡᠳᠡᠭᠰᠢ ᠶᠡᠭᠡ ᠪᠠᠷ ᠪᠡᠯᠭᠡᠯᠡᠵᠦ᠂ ᠦᠨᠡᠨᠴᠢ ᠰᠡᠳᠬᠢᠯ ᠢᠶᠠᠷ ᠨᠠᠮ ᠢᠶᠠᠨ ᠮᠠᠭᠲᠠᠵᠤ᠂ | ᠵᠠᠭᠤᠨ ᠵᠢᠯ ᠢ ᠮᠠᠭᠲᠠᠨ ᠰᠠᠶᠢᠰᠢᠶᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠬᠦᠴᠦᠨ | ᠴᠢᠳᠠᠯ ᠢ ᠨᠢᠭᠲᠠᠷᠠᠭᠤᠯᠪᠠ︕ ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ | ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠠᠵᠤ ᠠᠬᠤᠶ ᠶᠢ ᠲᠣᠭᠲᠠᠭᠤᠨ ᠢᠶᠠᠷ ᠨᠡᠮᠡᠭᠳᠡᠭᠦᠯᠵᠦ᠂ ᠨᠡᠶᠢᠭᠡᠮ ᠢ ᠡᠶ᠎ᠡ ᠵᠣᠬᠢᠴᠠᠯ ᠲᠠᠢ | ᠲᠣᠭᠲᠠᠭᠤᠨ ᠪᠠᠶᠢᠯᠭᠠᠵᠤ᠂ ᠬᠥᠭᠵᠢᠯᠲᠡ ᠶᠢ ᠵᠢᠱᠢᠭᠰᠡᠨ ᠠᠴᠠ ᠰᠠᠶᠢᠨ ᠪᠣᠯᠭᠠᠪᠠ᠃ ᠪᠥᠬᠦ ᠵᠢᠯ ᠳᠤ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ ᠵᠢᠱᠢᠯᠲᠡ ᠪᠠᠷ 54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.5% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠵᠢᠱᠢᠯᠲᠡ ᠪᠠᠷ 15.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% | ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠵᠢᠱᠢᠯᠲᠡ ᠪᠠᠷ 8.4 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠪᠡ︔ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.66 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 5.4% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠵᠢᠱᠢᠯᠲᠡ ᠪᠠᠷ 8.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ ᠲᠤᠰ ᠲᠤᠰ 30661 | ᠲᠥᠭᠦᠷᠢᠭ᠂ 12301 ᠲᠥᠭᠦᠷᠢᠭ ᠲᠤ ᠬᠦᠷᠴᠦ᠂ ᠲᠤᠰ ᠲᠤᠰ 7%᠂ 11% ᠪᠠᠷ ᠨᠡᠮᠡᠭᠳᠡᠵᠦ᠂ ᠰᠢᠶᠠᠨ ᠤ | ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯ ᠠᠴᠠ ᠲᠣᠭᠲᠠᠭᠠᠭᠰᠠᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠭᠦᠢᠴᠡᠳᠬᠡᠬᠦ | ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ | ᠡᠬᠢᠯᠡᠯᠲᠡ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠠᠵᠢᠯ ᠰᠢᠨ᠎ᠡ ᠦᠷ᠎ᠡ ᠪᠦᠲᠦᠭᠡᠯ ᠤᠯᠪᠠ᠃ ︽ᠦᠴᠤᠸᠠᠨ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠬᠡᠷᠡᠭᠵᠢᠭᠦᠯᠬᠦ ᠲᠥᠰᠦᠯ | ︾ ︽ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠶᠠᠷ ᠵᠢᠯ ᠤᠨ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠬᠦ ᠲᠥᠰᠦᠯ︾ ︽ᠦᠴᠤᠸᠠᠨ ᠰᠢᠶᠠᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ | ᠰᠡᠷᠭᠡᠶᠢᠯᠡᠬᠦ ᠳᠠᠭᠠᠳᠬᠠᠯ ᠤᠨ ᠬᠡᠷᠡᠭᠵᠢᠭᠦᠯᠬᠦ ᠲᠥᠰᠦᠯ︾ ᠵᠡᠷᠭᠡ 9 ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ | ᠮᠠᠲ᠋ᠧᠷᠢᠶᠠᠯ ᠢ ᠲᠣᠭᠲᠠᠭᠠᠨ ᠨᠡᠶᠢᠲᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠶᠢ ᠠᠬᠢᠭᠤᠯᠪᠠ᠃ ᠨᠡᠶᠢᠳᠡ 292 ᠡᠷᠤᠭᠡ 577 ᠬᠥᠮᠦᠨ ᠢ ᠢᠯᠭᠠᠨ ᠲᠠᠨᠢᠵᠤ᠂ ᠬᠢᠨᠠᠨ ᠬᠡᠮᠵᠢᠵᠦ | ᠬᠠᠪᠰᠤᠷᠤᠨ ᠲᠡᠳᠬᠦᠵᠦ᠂ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠪᠠᠷ ᠬᠠᠪᠰᠤᠷᠤᠨ ᠲᠡᠳᠬᠦᠵᠦ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠲᠤᠯᠠᠭ᠎ᠠ ᠶᠢᠨ ᠲᠣᠣᠷ ᠢ ᠦᠨᠡᠨ ᠬᠦ ᠨᠢᠭᠲᠠ ᠰᠦᠯᠵᠢᠪᠡ᠃ 232.7 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠦᠨ ᠠᠮᠠ ᠳᠤ | ᠭᠡᠨᠡᠳᠲᠡ ᠶᠢᠨ ᠠᠳᠡᠯ ᠵᠢᠴᠢ ᠬᠦᠨᠳᠦ ᠡᠪᠡᠳᠴᠢᠨ ᠤ ᠳᠠᠭᠠᠳᠬᠠᠯ ᠣᠷᠤᠭᠤᠯᠪᠠ᠃ ᠡᠯ᠎ᠡ ᠲᠥᠷᠥᠯ ᠤᠨ ᠵᠣᠯᠭᠠᠭᠤᠯᠬᠤ | ᠪᠠᠯᠠ ᠮᠥᠩᠭᠦ ᠶᠢ ᠣᠷᠣᠭᠤᠯᠤᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ ᠪᠠ | ᠲᠥᠪ ᠠᠴᠠ ᠴᠢᠬ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠶᠢ 2.08 ᠳ᠋ᠦᠩᠰᠢᠭᠤᠷ ᠲᠥᠭᠦᠷᠢᠭ | ᠣᠷᠣᠭᠤᠯᠵᠤ᠂ 96 ᠲᠥᠷᠥᠯ ᠵᠦᠢᠯ ᠢ ᠬᠡᠷᠡᠭᠵᠢᠭᠦᠯᠦᠨ᠂ ᠡᠭᠦᠨ ᠳᠤ ᠠᠵᠤ ᠦᠢᠯᠡᠰ ᠤᠨ ᠲᠥᠷᠥᠯ ᠵᠦᠢᠯ 31 | ᠪᠠᠶᠢᠵᠤ᠂ ᠬᠤᠯᠪᠣᠭᠳᠠᠭᠰᠠᠨ ᠪᠠᠯᠠ ᠮᠥᠩᠭᠦ 1.05 ᠳ᠋ᠦᠩᠰᠢᠭᠤᠷ ᠲᠥᠭᠦᠷᠢᠭ ᠲᠤ ᠬᠦᠷᠴᠡᠶ᠃ ᠪᠡᠭᠡᠵᠢᠩ ᠥᠪᠥᠷ | ᠮᠣᠩᠭᠤᠯ ᠤᠨ ᠬᠠᠪᠰᠤᠷᠤᠨ ᠲᠡᠳᠬᠦᠬᠦ ᠪᠠᠷ ᠳᠠᠮᠵᠢᠭᠤᠯᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ | ᠪᠦᠲᠦᠭᠡᠭᠳᠡᠬᠦᠨ ᠢ 2231 ᠲᠦᠮᠡᠨ ᠲᠥᠭᠦᠷᠢᠭ ᠪᠣᠷᠣᠯᠠᠭᠤᠯᠵᠤ᠂ ᠲᠦᠩ ᠶᠦᠩ ᠮᠡᠷᠭᠡᠵᠢᠯ ᠤᠨ ᠪᠦᠯᠦᠭᠯᠡᠯ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ 1040 ᠲᠦᠮᠡᠨ ᠲᠥᠭᠦᠷᠢᠭ ᠬᠤᠳᠠᠯᠳᠤᠨ ᠠᠪᠴᠠᠶ᠃ | ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢ 759.8 ᠲᠦᠮᠡᠨ ᠲᠥᠭᠦᠷᠢᠭ | ᠲᠠᠷᠬᠠᠭᠠᠵᠤ᠂ ᠣᠷᠣᠯᠭ᠎ᠠ ᠪᠠᠭᠠᠲᠠᠶ 161 ᠡᠷᠦᠬᠡ ᠳᠤ ᠠᠰᠢᠭ ᠬᠦᠷᠲᠡᠭᠡᠪᠡ᠃ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ 4.5 | ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ 4400 ᠡᠷᠦᠬᠡ ᠶᠢᠨ | ᠵᠣᠷᠯᠣᠩ ᠢ ᠰᠢᠨ᠎ᠡ ᠪᠠᠷ ᠪᠠᠶᠢᠭᠤᠯᠵᠤ᠂ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠭᠠᠰᠤᠨ ᠪᠣᠬᠢᠷᠲᠤᠯ ᠢ | ᠰᠢᠢᠳᠪᠦᠷᠢᠯᠡᠬᠦ ᠲᠥᠬᠦᠭᠡᠷᠦᠮᠵᠢ ᠲᠣᠨᠣᠭᠯᠠᠯ ᠤᠨ ᠢᠵᠢ ᠪᠥᠷᠢᠳᠦᠭᠦᠯᠬᠦ ᠨᠣᠷᠮ᠎ᠠ ᠶᠢ 95% ᠳᠤ ᠬᠦᠷᠦᠭᠦᠯᠵᠦ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 93% ᠳᠤ | ᠬᠦᠷᠦᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠨᠠᠩ ᠭᠤᠶᠣ | ᠰᠠᠶᠢᠬᠠᠨ ᠪᠤᠯᠭᠠᠪᠠ᠃ | ᠨᠢᠭᠡ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ | ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠲᠠᠢ ᠪᠣᠯᠪᠠ᠃ ᠥᠨᠳᠦᠷᠯᠢᠭ ᠤᠨ | ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠲᠦᠷᠭᠡᠨ ᠬᠥᠭᠵᠢᠪᠡ᠃ ᠠᠮᠢ ᠠᠬᠤᠶ᠂ ᠪᠣᠬᠢᠷᠲᠤᠯ ᠥᠬᠡᠶ | ᠳᠠᠪᠠᠭᠤᠯᠢᠭ ᠢ ᠪᠣᠳᠣᠯᠬᠢᠯᠠᠨ᠂ ᠥᠨᠳᠦᠷᠯᠢᠭ ᠤᠨ ᠤᠨᠴᠠᠯᠢᠬᠳᠤ ᠪᠣᠬᠢᠷᠲᠤᠯ ᠥᠬᠡᠶ ᠠᠵᠤ ᠦᠢᠯᠡᠰ ᠢ ᠬᠦᠴᠦᠯᠡᠨ ᠪᠣᠶ | ᠪᠤᠯᠭᠠᠪᠠ᠃ ᠲᠥᠮᠥᠰᠥ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠭᠤᠤᠯ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ 1.5 ᠲᠦᠮᠡᠨ ᠮᠥ ᠰᠢᠨ᠎ᠡ ᠪᠠᠷ ᠪᠠᠶᠢᠭᠤᠯᠵᠤ᠂ 40 ᠲᠦᠮᠡᠨ ᠮᠥ ᠪᠣᠬᠢᠷᠲᠤᠯ ᠥᠬᠡᠶ ᠲᠠᠸᠠᠷ ᠤᠨ ᠲᠥᠮᠥᠰᠥ | ᠳᠠᠷᠢᠬᠤ ᠶᠢ ᠨᠥᠯᠥᠭᠡᠯᠡᠨ ᠳᠠᠶᠢᠴᠢᠯᠠᠪᠠ᠃ ᠨᠣᠬᠠᠶ ᠶᠢᠨ ᠬᠤᠰᠢᠭᠤ᠂ ᠨᠦᠢᠯ ᠪᠣᠭᠤᠳᠠᠶ ᠶᠢᠨ ᠳᠠᠷᠢᠬᠤ ᠲᠠᠯᠠᠪᠠᠶ 32 | ᠲᠦᠮᠡᠨ ᠮᠥ ᠳᠤ ᠬᠥᠷᠪᠡ᠃ ᠠᠯᠠᠰᠢᠨ ᠬᠤᠨᠢᠨ ᠤ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ᠂ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢ 63 ᠰᠢᠨ᠎ᠡ ᠪᠠᠷ ᠪᠠᠶᠢᠭᠤᠯᠵᠤ᠂ ᠬᠤᠲᠠ ᠶᠢᠨ | ᠲᠠᠰ ᠤᠨ ᠬᠡᠷ ᠪᠦᠯᠢ ᠶᠢᠨ 11 ᠲᠠᠷᠢᠶᠠᠯᠠᠩ ᠮᠠᠯᠵᠢᠯ ᠤᠨ ᠲᠠᠯᠠᠪᠠᠶ ᠶᠢ ᠪᠣᠶᠢᠵᠢᠭᠤᠯᠪᠠ᠃ ᠬᠢᠲᠠᠳ ᠡᠮ ᠤᠨ | ᠮᠠᠲ᠋ᠧᠷᠢᠶᠠᠯ ᠤᠨ ᠳᠠᠷᠢᠬᠤ ᠲᠠᠯᠠᠪᠠᠶ ᠶᠢ 1.5 ᠲᠦᠮᠡᠨ ᠮᠥ ᠰᠢᠨ᠎ᠡ ᠪᠠᠷ ᠨᠡᠮᠡᠭᠳᠡᠭᠦᠯᠵᠦ᠂ ᠢᠳᠡᠭᠡᠨ ᠤ ᠮᠥᠭᠦ ᠶᠢᠨ | ᠪᠣᠷᠣᠯᠠᠭᠤᠯᠤᠯᠲᠠ ᠶᠢᠨ ᠣᠷᠣᠯᠭ᠎ᠠ ᠶᠢ 1050 ᠲᠦᠮᠡᠨ ᠲᠥᠭᠦᠷᠢᠭ ᠪᠡᠶᠡᠯᠡᠭᠦᠯᠪᠡ᠃ ᠪᠦᠬᠦ ᠰᠢᠶᠠᠨ ᠤ ᠲᠠᠷᠢᠮᠠᠯ ᠤᠨ | ᠶᠡᠷᠦᠩᠬᠡᠶ ᠲᠠᠷᠢᠬᠤ ᠲᠠᠯᠠᠪᠠᠢ 183.4 ᠲᠦᠮᠡᠨ ᠮᠦ ᠳᠤ ᠬᠦᠷᠴᠦ᠂ ᠤᠨᠠᠯᠲᠠ ᠨᠢ 42.3 ᠳ᠋ᠦᠩᠰᠢᠭᠤᠷ ᠵᠢᠩ ᠳᠤ | ᠬᠦᠷᠴᠡᠶ᠃ ᠦᠴᠤᠸᠠᠨ ᠤ ᠨᠣᠬᠠᠶ ᠶᠢᠨ ᠬᠤᠰᠢᠭᠤ ᠶᠢᠨ ᠤᠯᠠᠮᠵᠢᠯᠠᠯᠲᠤ ᠬᠠᠭᠤᠷᠠᠶ ᠲᠠᠷᠢᠮᠠᠯ ᠤᠨ ᠰᠢᠰᠲ᠋ᠧᠮ | ᠵᠢᠷᠭᠤᠳᠤᠭᠠᠷ ᠪᠦᠯᠦᠭ ᠤᠨ ᠳᠤᠮᠳᠠᠳᠤ ᠤᠯᠤᠰ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠤᠨ ᠨᠡᠷᠡᠰ ᠲᠤ | ᠰᠣᠩᠭᠤᠭᠳᠠᠵᠤ᠂ ︽ ᠶᠤᠸᠠᠨ ᠸᠧᠢ ᠦᠴᠤᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠡᠮᠳᠡᠭ ᠨᠢ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠭᠤᠨ ᠬᠦᠴᠦᠷᠬᠡᠭ ᠤᠨ ᠪᠡᠯᠭᠡ | ᠲᠡᠮᠳᠡᠭ ᠤᠨ ᠴᠢᠨᠠᠷᠲᠠᠶ ᠨᠠᠷᠠᠲᠤ ᠲᠡᠮᠳᠡᠭ ᠢ ᠭᠥᠷᠳᠡᠵᠦ᠂ ᠶᠠᠨ ᠬᠥ᠋ ᠹᠠᠩ ᠺᠣᠮᠫᠠᠨᠢ ᠨᠢ ᠤᠯᠤᠰ ᠤᠨ ᠲᠠᠰ ᠤᠨ | ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠴᠣᠯᠠ ᠶᠢ ᠭᠥᠷᠳᠡᠪᠡ᠃ | ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠤᠷᠮᠠᠰᠢᠭᠤᠯᠬᠤ | ᠬᠡᠷᠡᠭᠵᠢᠭᠦᠯᠬᠦ ᠠᠷᠭ᠎ᠠ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠬᠡᠯᠬᠢᠶᠡᠵᠢᠯ ᠤᠨ ᠬᠤᠳᠠᠯᠳᠤᠭᠠᠴᠢᠨ | ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ | ᠵᠢᠯ ᠳᠤ 45 ᠪᠣᠷᠣ ᠲᠥᠯᠥᠪ ᠤᠨ ᠵᠥᠪᠯᠡᠯᠴᠡᠭᠡᠷ ᠲᠣᠭᠲᠠᠵᠤ᠂ 816.9 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠬᠤ ᠪᠠᠷ ᠵᠥᠪᠳᠡᠯᠴᠡᠪᠡ᠃ ᠡᠭᠦᠨ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 34 ᠲᠥᠷᠥᠯ | ᠵᠦᠢᠯ ᠳᠤ ᠭᠡᠷ᠎ᠡ ᠲᠣᠭᠲᠠᠵᠤ᠂ ᠵᠥᠩ ᠵᠢᠶᠠᠨ ᠪᠦᠦ᠂ ᠵᠧᠩ ᠳ᠋ᠡ ᠭᠠᠭ᠋ᠠᠶ ᠲᠡᠵᠢᠭᠡᠨ ᠦᠷᠡᠵᠢᠭᠦᠯᠬᠦ᠂ ᠰᠢᠤᠢ ᠹᠧᠩ | ᠲᠠᠷᠢᠶᠠᠯᠠᠩ ᠵᠡᠷᠭᠡ 9 ᠲᠥᠷᠥᠯ ᠵᠦᠢᠯ ᠢ ᠡᠬᠢᠯᠡᠨ ᠪᠠᠶᠢᠭᠤᠯᠵᠤ᠂ 8.4 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ ᠭᠤᠣᠯᠳᠠᠯᠭ᠎ᠠ ᠲᠠᠢ ᠵᠦᠢᠯᠡᠰ ᠢ ᠲᠥᠪᠯᠡᠷᠡᠭᠦᠯᠦᠨ ᠪᠡᠷᠬᠡ ᠰᠡᠳᠦᠪ ᠢ | ᠰᠢᠢᠳᠪᠦᠷᠢᠯᠡᠬᠦ ᠠᠵᠢᠯᠯᠠᠭ᠎ᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠵᠢᠯ ᠳᠤ 26 ᠵᠦᠢᠯᠡᠰ ᠢ | ᠰᠢᠨ᠎ᠡ ᠪᠠᠷ ᠠᠵᠢᠯ ᠡᠬᠢᠯᠡᠭᠦᠯᠦᠨ᠂ 9 ᠵᠦᠢᠯᠡᠰ ᠢ ᠦᠷᠭᠦᠯᠵᠢᠯᠡᠨ ᠪᠠᠶᠢᠭᠤᠯᠵᠤ᠂ 20 ᠵᠦᠢᠯᠡᠰ ᠢ ᠪᠠᠷᠢᠯᠭ᠎ᠠ | ᠳᠠᠭᠤᠰᠬᠠᠵᠤ᠂ ᠨᠡᠶᠢᠳᠡ 11.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠠᠰᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠡᠭᠡᠭᠡᠨ | ᠬᠥᠭᠵᠢᠭᠦᠯᠬᠦ ᠲᠥᠷᠥᠯ ᠵᠦᠢᠯ ᠢ ᠵᠦᠶ ᠵᠣᠬᠢᠰᠲᠠᠶ ᠲᠥᠯᠥᠪᠵᠢᠭᠦᠯᠦᠨ᠂ᠨᠠᠭᠤᠷ ᠤᠨ ᠰᠢᠯᠢ ᠲᠠᠯ᠎ᠠ ᠨᠤᠲᠤᠭ ᠤᠨ | ᠦᠵᠡᠮᠵᠢ ᠶᠢᠨ ᠣᠷᠣᠨ᠂ ᠮᠥᠰᠥ ᠴᠠᠰᠤᠨ ᠤ ᠬᠦᠷᠢᠶᠡᠯᠡᠩ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ | ᠭᠡᠷ᠎ᠡ ᠲᠣᠭᠲᠠᠬᠤ ᠶᠢ ᠪᠡᠶᠡᠯᠡᠭᠦᠯᠪᠡ᠃ ᠶᠠᠨ ᠬᠥ᠋ ᠹᠠᠩ ᠤᠨ ︽ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ | ᠦᠵᠡᠮᠵᠢ ᠶᠢᠨ ᠣᠷᠣᠨ︾ ᠨᠢ 3A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠶᠢᠰᠦᠳᠦᠭᠡᠷ | ᠬᠤᠭᠤᠴᠠᠭᠠᠨ ᠤ ᠨᠣᠬᠠᠶ ᠶᠢᠨ ᠬᠤᠰᠢᠭᠤ ᠶᠢᠨ ᠰᠣᠶᠣᠯ ᠤᠨ ᠨᠠᠶᠢᠷ᠂ ᠦᠴᠤᠸᠠᠨ ᠤ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠰᠣᠶᠣᠯ ᠵᠢᠭᠤᠯᠴᠢᠯᠠᠯ ᠤᠨ ᠠᠯᠳᠠᠷᠰᠢᠯ | ᠲᠠᠰᠤᠷᠠᠯᠲᠠ ᠦᠭᠡᠢ ᠳᠡᠭᠡᠭᠰᠢᠯᠡᠪᠡ᠃ ᠪᠥᠬᠦ ᠵᠢᠯ ᠳᠤ 50.8 ᠲᠦᠮᠡᠨ ᠬᠥᠮᠦᠨ ︵ᠤᠳᠠᠭ᠎ᠠ︶ ᠢ ᠭᠥᠯᠢᠶᠡᠨ ᠠᠪᠴᠤ | ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 1.34 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠪᠥᠬᠦ ᠬᠤᠲᠠ ᠶᠢᠨ | ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ | ᠵᠦᠢᠯ ᠤᠨ ᠦᠵᠡᠰᠬᠦᠯᠡᠩ ᠤᠨ ᠴᠤᠭᠯᠠᠭᠠᠨ ᠢ ᠮᠠᠨ ᠤ ᠰᠢᠶᠠᠨ ᠳᠤ ᠡᠷᠬᠢᠯᠡᠪᠡ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠲᠤᠳᠬᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ᠪᠣᠬᠢᠷᠲᠤᠯ ᠢ ᠰᠡᠷᠭᠡᠶᠢᠯᠡᠨ | ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠶ ᠲᠦᠯᠬᠢᠨ ᠠᠬᠢᠭᠤᠯᠪᠠ᠃ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ | ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠤ ᠠᠭᠠᠷ ᠮᠠᠨᠳᠠᠯ ᠢᠶᠠᠷ ᠬᠠᠪᠰᠤᠷᠤᠨ | ᠲᠡᠳᠬᠦᠵᠦ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠪᠡ᠃ ᠠᠯᠳᠠᠨ ᠭᠤᠷᠪᠠᠯᠵᠢᠨ ᠬᠤᠶᠢᠭ ᠤᠨ ᠪᠣᠷᠣᠭᠠᠨ ᠤ ᠪᠣᠬᠢᠷᠲᠤᠯ ᠤᠨ ᠬᠤᠭᠤᠯᠠᠶ ᠶᠢᠨ ᠲᠣᠣᠷ ᠢ | ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠤᠷᠤᠭᠰᠢᠲᠠᠶ ᠳᠠᠭᠤᠰᠬᠠᠵᠤ᠂ ᠪᠣᠬᠢᠷ ᠤᠰᠤ ᠶᠢ ᠬᠤᠷᠢᠶᠠᠬᠤ ᠶᠣᠰᠣᠲᠠᠶ | ᠪᠦᠬᠦᠨ ᠢ ᠬᠤᠷᠢᠶᠠᠬᠤ ᠶᠢ ᠪᠡᠶᠡᠯᠡᠭᠦᠯᠪᠡ᠃ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠥᠷᠭᠡᠳᠬᠡᠨ ᠪᠠᠶᠢᠭᠤᠯᠬᠤ ᠢᠨᠵᠧᠨᠧᠷᠢᠩ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ 2021 ᠣᠨ ᠤ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠤᠨ ᠤᠰᠤᠨ ᠠᠰᠢᠭᠯᠠᠯᠲᠠ | ᠤᠰᠤᠨ ᠤ ᠬᠠᠮᠠᠭᠠᠯᠠᠯᠲᠠ ᠶᠢᠨ ᠵᠦᠢᠯᠡᠰ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠶᠡᠷᠦᠩᠬᠡᠶᠢᠯᠡᠨ ᠵᠠᠰᠠᠭᠰᠠᠨ | ᠲᠠᠯᠠᠪᠠᠢ ᠨᠢ 50 ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ | ᠤᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠶᠠᠨ ᠰᠢᠶᠠᠩ ᠭᠠᠴᠠᠭᠠᠨ ᠤ ᠭᠤᠷᠪᠠᠳᠤᠭᠠᠷ ᠳᠡᠰ ᠤᠨ | ᠭᠤᠣᠯ ᠮᠥᠷᠡᠨ ᠤ ᠳᠠᠷᠤᠭ᠎ᠠ ᠶᠢᠨ 234 ᠬᠥᠮᠦᠨ ᠳᠤ ᠴᠠᠭ ᠲᠤᠬᠠᠶ ᠳᠤᠨᠢ ᠳᠤᠬᠢᠷᠠᠭᠤᠯᠤᠯᠲᠠ ᠬᠢᠪᠡ᠃ ᠭᠤᠣᠯ | ᠮᠥᠷᠡᠨ ᠨᠠᠭᠤᠷ ᠴᠥᠭᠦᠷᠥᠮ ᠤᠨ ︽ᠲᠠᠪᠤᠨ ᠰᠠᠮᠠᠭᠤᠷᠠᠯ ᠢ ᠵᠠᠰᠠᠬᠤ︾ ᠶᠢ ᠲᠤᠰᠬᠠᠶᠢᠯᠠᠨ ᠴᠡᠭᠴᠡᠯᠡᠨ ᠵᠠᠰᠠᠬᠤ | ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ 500 ᠲᠣᠨ ᠰᠢᠬᠠᠮ ᠭᠤᠣᠯ ᠤᠨ ᠵᠠᠮ ᠤᠨ ᠬᠤᠭ ᠨᠣᠪᠰᠢ ᠶᠢ | ᠴᠡᠪᠡᠷᠯᠡᠨ ᠠᠷᠢᠯᠭᠠᠪᠠ᠃ ᠲᠠᠷᠢᠶᠠᠯᠠᠩ ᠤᠨ ᠤᠰᠤ ᠠᠷᠪᠢᠯᠠᠬᠤ ᠲᠠᠯᠠᠪᠠᠢ ᠶᠢ 111 ᠲᠦᠮᠡᠨ ᠮᠦ ᠳᠤ ᠬᠦᠷᠭᠡᠵᠦ᠂ | ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠲᠤᠰ ᠲᠤᠰ 3.6%᠂ 2% ᠢᠶᠠᠷ ᠪᠠᠭᠠᠰᠬᠠᠪᠠ᠃ | ᠡᠰᠢ ᠰᠦᠷᠡᠯ ᠢ ᠪᠣᠭᠤᠵᠢᠯᠠᠭᠰᠠᠨ ᠲᠠᠯᠠᠪᠠᠶ 19.2 ᠲᠦᠮᠡᠨ ᠮᠥ ᠳᠤ ᠬᠦᠷᠴᠦ᠂ ᠪᠤᠴᠠᠭᠠᠨ ᠬᠤᠷᠢᠶᠠᠭᠰᠠᠨ | ᠨᠣᠷᠮ᠎ᠠ ᠨᠢ 100% ᠳᠤ ᠬᠥᠷᠪᠡ︔ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠭᠰᠠᠨ ᠲᠠᠯᠠᠪᠠᠶ 9.2 | ᠲᠦᠮᠡᠨ ᠮᠥ ᠳᠤ ᠬᠦᠷᠴᠦ᠂ ᠡᠭᠡᠭᠦᠯᠦᠨ ᠬᠤᠷᠢᠶᠠᠭᠰᠠᠨ ᠨᠣᠷᠮ᠎ᠠ ᠨᠢ 85% ᠪᠠᠶᠢᠵᠤ᠂ ᠲᠠᠷᠢᠶᠠᠯᠠᠩ ᠤᠨ ᠣᠯᠠᠨ | ᠡᠬᠢᠳᠤ ᠪᠣᠬᠢᠷᠲᠤᠯ ᠢ ᠪᠦᠲᠦᠮᠵᠢᠲᠡᠶ ᠬᠢᠵᠠᠭᠠᠷᠯᠠᠪᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠲᠣᠪᠤᠶᠢᠮ᠎ᠠ | ᠦᠷ᠎ᠡ ᠪᠦᠲᠦᠮᠵᠢ ᠤᠯᠪᠠ ᠂ 3.2 ᠲᠦᠮᠡᠨ ᠮᠥ ᠶᠢᠨ ᠣᠶᠢᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ 1.8 ᠲᠦᠮᠡᠨ ᠮᠥ ᠶᠢᠨ ᠣᠶ ᠰᠢᠭᠤᠶ ᠶᠢ ᠠᠷᠠᠴᠢᠯᠠᠨ ᠪᠤᠶᠢᠵᠢᠭᠤᠯᠵᠤ᠂ 1 ᠲᠦᠮᠡᠨ ᠮᠥ ᠶᠢᠨ ᠣᠶ | ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ᠂ 8 ᠲᠦᠮᠡᠨ ᠮᠥ ᠶᠢᠨ ᠨᠤᠲᠤᠭ | ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠪᠠ᠃ ᠪᠡᠯᠴᠢᠭᠡᠷᠯᠡᠭᠦᠯᠬᠦ ᠶᠢ | ᠴᠠᠭᠠᠵᠠᠯᠠᠬᠤ ᠵᠠᠷᠯᠢᠭ ᠨᠡᠶᠢᠲᠡᠯᠡᠵᠦ᠂ ᠬᠠᠰᠢᠶᠠᠯᠠᠨ ᠲᠡᠵᠢᠭᠡᠬᠦ ᠳᠤ ᠨᠥᠬᠦᠪᠥᠷᠢ ᠥᠭᠬᠦ ᠠᠷᠭ᠎ᠠ ᠶᠢ ᠲᠣᠭᠲᠠᠭᠠᠵᠤ᠂ | ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠨᠢ | ᠤᠬᠠᠮᠰᠠᠷ ᠠᠴᠠ ᠪᠠᠨ ᠲᠣᠬᠢᠷᠠᠭᠤᠯᠵᠤ᠂ ᠪᠦᠬᠦ ᠨᠡᠶᠢᠭᠡᠮ ᠢᠶᠠᠷ ᠢᠶᠠᠨ ᠠᠮᠢ ᠠᠬᠤᠶ ᠶᠢ ᠬᠠᠮᠠᠭᠠᠯᠠᠬᠤ᠂ ᠠᠮᠢ ᠠᠬᠤᠶ ᠶᠢ | ᠰᠡᠷᠭᠦᠭᠡᠬᠦ ᠭᠦᠨ ᠵᠤᠵᠠᠭᠠᠨ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠤᠢ ᠪᠣᠯᠭᠠᠪᠠ᠃ | ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠤᠷᠲᠤ ᠬᠤᠭᠤᠴᠠᠭ᠎ᠠ ᠪᠠᠷ ᠪᠠᠲᠤᠳᠬᠠᠵᠤ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠰᠢᠨ᠎ᠡ ᠳᠦᠷᠰᠦ ᠪᠠᠶᠢᠳᠠᠯ ᠲᠠᠢ ᠪᠣᠯᠪᠠ᠃ ᠬᠤᠲᠠ ᠪᠠᠯᠭᠠᠰᠤᠨ ᠤ | ᠴᠢᠳᠠᠮᠵᠢ ᠶᠢ ᠨᠠᠩ ᠲᠡᠭᠦᠯᠳᠡᠷᠵᠢᠭᠦᠯᠪᠡ᠃ 311 ᠮᠤᠵᠢ ᠶᠢᠨ ᠵᠠᠰᠠᠮᠠᠯ ᠵᠠᠮ ᠤᠨ ᠠᠵᠢᠯ ᠢ ᠪᠦᠬᠦ ᠲᠠᠯ᠎ᠠ ᠪᠠᠷ | ᠡᠬᠢᠯᠡᠭᠦᠯᠵᠦ᠂ 2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠭᠤᠷᠪᠠᠳᠤᠭᠠᠷ | ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠱᠠᠲᠤᠴᠢ ᠴᠢᠨᠠᠷ ᠲᠠᠢ ᠠᠮᠵᠢᠯᠲᠠ ᠣᠯᠪᠠ᠃ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠤᠲᠠ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠪᠡ᠃ 5000 ᠭᠠᠷᠤᠶ ᠵᠢᠵᠢᠭ ᠵᠠᠷ ᠢ | ᠴᠡᠪᠡᠷᠯᠡᠵᠦ᠂ ᠬᠠᠤᠯᠢ ᠪᠤᠰᠤ ᠵᠢᠵᠢᠭ ᠵᠠᠷ ᠢ 2 ᠲᠦᠮᠡ ᠭᠠᠷᠤᠶ ᠲᠡᠭᠰᠢ ᠳᠥᠷᠪᠡᠯᠵᠢᠨ ᠮᠧᠲᠷ ᠴᠡᠪᠡᠷᠯᠡᠨ ᠠᠷᠢᠯᠭᠠᠪᠠ︔ | ᠠᠮᠢᠳᠤᠷᠠᠯ ᠤᠨ ᠬᠤᠭ ᠨᠣᠪᠰᠢ ᠶᠢ 1.1 ᠲᠦᠮᠡ ᠭᠠᠷᠤᠶ ᠲᠣᠨ᠂ ᠪᠠᠷᠢᠯᠭ᠎ᠠ ᠶᠢᠨ ᠬᠤᠭ ᠨᠣᠪᠰᠢ ᠶᠢ 2000 | ᠭᠠᠷᠤᠶ ᠲᠣᠨ ᠴᠡᠪᠡᠷᠯᠡᠪᠡ︔ ᠰᠦᠢᠳᠬᠡᠯ ᠬᠤᠷᠢᠶᠠᠬᠤ ᠥᠬᠡᠶ ᠪᠠᠷ ᠲᠡᠷᠭᠡ ᠵᠣᠭᠰᠣᠭᠠᠬᠤ ᠪᠠᠶᠢᠷᠢ ᠶᠢ 3000 ᠭᠠᠷᠤᠶ | ᠲᠥᠯᠥᠪᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷ ᠤᠨ ᠫᠠᠶᠢᠰᠠ ︵ᠢᠯᠡᠷᠬᠡᠶᠢᠯᠡᠯ︶ ᠶᠢ 4000 ᠭᠠᠷᠤᠶ ᠬᠡᠰᠡᠭ | ᠦᠢᠯᠡᠳᠪᠡ᠃ 500 ᠲᠦᠮᠡᠨ ᠲᠥᠭᠦᠷᠢᠭ ᠤᠨ ᠪᠡᠯᠡ ᠣᠷᠣᠭᠤᠯᠵᠤ ᠣᠷᠴᠢᠨ ᠲᠣᠭᠤᠷᠢᠨ ᠤ ᠠᠷᠢᠭᠤᠨ ᠴᠡᠪᠡᠷ ᠤᠨ | ᠲᠥᠬᠦᠭᠡᠷᠦᠮᠵᠢ ᠶᠢ ᠬᠤᠳᠠᠯᠳᠤᠨ ᠠᠪᠴᠠᠶ᠃ 9 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠪᠠᠶᠢᠭᠤᠯᠵᠤ᠂ 608 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠬᠤᠳᠠᠯᠳᠤᠭᠠᠨ ᠤ ᠵᠠᠮ ᠢ ᠡᠮᠦᠨᠡᠰᠢ | ᠤᠷᠲᠤᠳᠬᠠᠬᠤ ᠪᠠᠷᠢᠯᠭ᠎ᠠ ᠶᠢ ᠲᠣᠭᠲᠠᠭᠰᠠᠨ ᠬᠤᠭᠤᠴᠠᠭᠠᠨ ᠳᠤ ᠪᠠᠷᠢᠵᠤ ᠳᠠᠭᠤᠰᠬᠠᠪᠠ᠃ ᠬᠥᠳᠡᠭᠡ ᠲᠣᠰᠬᠤᠨ ᠤ | ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠴᠢᠩᠭᠠᠳᠬᠠᠪᠠ᠃ 93 ᠵᠠᠰᠠᠭ ᠵᠠᠬᠢᠷᠭᠠᠨ ᠤ ᠲᠣᠰᠬᠤᠨ ᠤ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠭᠠᠭ ᠢ ᠵᠠᠭᠠᠭᠯᠠᠨ ᠲᠣᠭᠲᠠᠭᠠᠬᠤ ᠪᠠ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ | ᠬᠤᠭᠤᠯᠠᠢ ᠠᠭᠤᠯᠠ ᠲᠣᠰᠬᠤᠨ ᠵᠡᠷᠭᠡ 44 ᠵᠠᠰᠠᠭ ᠵᠠᠬᠢᠷᠭᠠᠨ ᠤ ᠲᠣᠰᠬᠤᠨ ᠨᠢ ᠥᠪᠡᠷᠲᠡᠭᠡᠨ ᠵᠠᠰᠠᠬᠤ ᠣᠷᠣᠨ ᠤ | ᠲᠠᠰ ᠤᠨ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠤ | ᠢᠷᠠᠭᠤ ᠠᠯᠳᠠᠷ ᠢ ᠭᠥᠷᠳᠡᠪᠡ᠃ ᠬᠤᠲᠠ ᠶᠢᠨ ᠱᠠᠲᠤᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ | ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠥᠬᠦ ᠵᠢᠯ ᠳᠤ 1034 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 58.7 ᠺᠢᠯᠣᠮᠧᠲᠷ ᠠᠷᠠᠴᠢᠯᠠᠨ | ᠬᠠᠮᠠᠭᠠᠯᠠᠬᠤ ᠶᠢ ᠪᠡᠶᠡᠯᠡᠭᠦᠯᠪᠡ᠃ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ 3591 ᠮᠦ ᠭᠠᠵᠠᠷ ᠰᠢᠷᠣᠶ ᠶᠢ ᠲᠡᠭᠰᠢᠯᠡᠪᠡ᠃ ᠬᠠᠤᠯᠢ ᠶᠢ ᠵᠥᠷᠢᠴᠡᠨ | ᠭᠠᠵᠠᠷ ᠬᠡᠷᠡᠭᠯᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠰᠠᠶᠢᠵᠢᠷᠠᠭᠤᠯᠤᠭᠰᠠᠨ 41 ᠠᠰᠠᠭᠤᠳᠠᠯ ᠢ ᠪᠡᠶᠡᠯᠡᠭᠦᠯᠵᠦ᠂ | ᠴᠡᠭᠴᠡᠯᠡᠨ ᠰᠠᠶᠢᠵᠢᠷᠠᠭᠤᠯᠤᠭᠰᠠᠨ ᠨᠤᠷᠮ᠎ᠠ 97.6% ᠳᠤ ᠬᠦᠷᠴᠦ᠂ ᠪᠦᠬᠦ ᠬᠤᠳᠠ ᠳᠤ ᠨᠢᠭᠡᠳᠦᠭᠡᠷ ᠲᠤ ᠣᠷᠣᠪᠠ᠃ | | ᠨᠢᠭᠡ ᠵᠢᠯ ᠤᠨ ᠲᠤᠷᠰᠢ᠂ ᠪᠢᠳᠡ ᠠᠷᠭ᠎ᠠ ᠪᠦᠬᠦᠨ ᠢ ᠰᠦᠪᠡᠭᠴᠢᠯᠡᠨ ᠳᠤᠲᠠᠭᠤᠳᠠᠯ ᠢᠶᠠᠨ ᠨᠥᠬᠦᠪᠥᠷᠢᠯᠡᠵᠦ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠢᠨ᠎ᠡ ᠪᠠᠷ ᠳᠡᠭᠡᠭᠰᠢᠯᠡᠭᠦᠯᠪᠡ᠃ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠡᠳ᠋ ᠤᠨ ᠵᠠᠰᠠᠭ ᠤᠨ ᠣᠷᠣᠯᠭ᠎ᠠ ᠶᠢᠨ | 80% ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠥᠬᠦ ᠬᠦᠴᠦᠨ ᠢᠶᠠᠷ ᠰᠡᠷᠭᠡᠶᠢᠯᠡᠨ ᠡᠵᠡᠮᠳᠡᠪᠡ᠃ | ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠠᠬᠢᠨ ᠢᠯᠡᠷᠡᠭᠰᠡᠨ ᠤ ᠳᠠᠷᠠᠭ᠎ᠠ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠵᠢᠯᠣᠭᠤᠳᠬᠤ ᠰᠢᠰᠲ᠋ᠧᠮ ᠢ ᠲᠡᠷᠡ ᠳᠠᠷᠤᠶ ᠳᠤᠨᠢ ᠡᠬᠢᠯᠡᠭᠦᠯᠵᠦ᠂ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠰᠢᠯᠵᠢᠭᠦᠯᠦᠨ ᠲᠣᠬᠢᠷᠠᠭᠤᠯᠬᠤ᠂ ᠲᠥᠪᠯᠡᠷᠡᠭᠦᠯᠦᠨ | ᠲᠤᠰᠠᠭᠠᠷᠯᠠᠬᠤ᠂ ᠪᠢᠲᠡᠭᠦᠮᠵᠢᠯᠡᠨ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ 343.7 ᠲᠦᠮᠡᠨ ᠲᠥᠭᠦᠷᠢᠭ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠬᠤᠳᠠᠯᠳᠤᠨ ᠠᠪᠬᠤ ᠪᠠᠯᠠ ᠮᠥᠩᠭᠦ ᠣᠷᠣᠭᠤᠯᠵᠤ᠂ ᠤᠷᠢᠳ | ᠬᠤᠵᠢᠳ ᠬᠤᠶᠠᠷ ᠡᠭᠡᠯᠵᠢ ᠶᠢᠨ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ | ᠬᠡᠷᠡᠭᠵᠢᠭᠦᠯᠵᠦ᠂ 5123 ᠬᠥᠮᠦᠨ ︵ᠤᠳᠠᠭ᠎ᠠ︶ ᠢ ᠰᠢᠯᠵᠢᠭᠦᠯᠦᠨ ᠪᠠᠶᠢᠴᠠᠭᠠᠵᠤ᠂ ᠪᠥᠬᠦ ᠠᠵᠢᠯᠲᠠᠨ ᠤ ᠸᠠᠺᠼᠢᠨ ᠤ | ᠲᠠᠷᠢᠯᠭ᠎ᠠ ᠶᠢ 17.9 ᠲᠦᠮᠡ ᠭᠠᠷᠤᠶ ︵ᠤᠳᠠᠭ᠎ᠠ︶ ᠪᠡᠶᠡᠯᠡᠭᠦᠯᠵᠦ᠂ ᠬᠢᠵᠢᠭ ᠤᠨ ᠪᠠᠶᠢᠳᠠᠯ ᠢ ︽ᠣᠷᠣᠭᠤᠯᠬᠤ | ᠥᠬᠡᠶ︾᠂ ᠡᠪᠡᠳᠴᠢᠨ ᠤ ᠵᠢᠱᠢᠶ᠎ᠡ ᠶᠢ ︽ᠭᠠᠷᠭᠠᠬᠤ ᠥᠬᠡᠶ︾ ᠶᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ | ᠯᠠᠪᠳᠠᠭᠤᠨ ᠪᠥᠭᠡᠳ ᠬᠦᠴᠦᠨ ᠲᠠᠢ ᠪᠠᠶᠢᠨ᠎ᠠ᠃ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠢ 42102 | ᠬᠥᠮᠦᠨ ︵ᠤᠳᠠᠭ᠎ᠠ︶ ᠰᠢᠯᠵᠢᠭᠦᠯᠦᠨ ᠠᠵᠢᠯ ᠣᠯᠭᠤᠵᠤ᠂ ᠬᠤᠳᠠ ᠪᠠᠯᠭᠠᠰᠤᠨ ᠤ 1628 ᠬᠥᠮᠦᠨ ᠳᠤ ᠰᠢᠨ᠎ᠡ ᠪᠠᠷ | ᠠᠵᠢᠯ ᠣᠯᠭᠤᠵᠤ᠂ ᠠᠵᠢᠯ ᠠᠯᠳᠠᠭᠰᠠᠳ ᠤᠨ 1214 ᠬᠥᠮᠦᠨ ᠳᠤ ᠲᠠᠬᠢᠨ ᠠᠵᠢᠯ ᠣᠯᠭᠤᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.2% ᠢᠶᠠᠷ ᠬᠢᠵᠠᠭᠠᠷᠯᠠᠪᠠ᠃ ᠨᠡᠶᠢᠲᠡ | 497 ᠠᠵᠢᠯ ᠠᠯᠳᠠᠭᠰᠠᠳ ᠲᠤ 504.6 ᠲᠦᠮᠡᠨ ᠲᠥᠭᠦᠷᠢᠭ ᠤᠨ ᠠᠵᠢᠯ ᠠᠯᠳᠠᠭᠰᠠᠳ ᠤᠨ ᠳᠠᠭᠠᠳᠬᠠᠯ ᠤᠨ | ᠮᠥᠩᠭᠦ ᠣᠯᠭᠤᠪᠠ ᠃ 24 ᠨᠡᠷᠡᠰ ᠠᠳᠠᠯ ᠦᠢᠯᠡᠰ ᠴᠣᠭᠴᠠᠯᠠᠭᠴᠢ ᠵᠢᠴᠢ ᠵᠢᠵᠢᠭ ᠪᠢᠴᠢᠯ ᠠᠵᠤ ᠠᠬᠤᠶᠢᠯᠠᠯ ᠳᠤ | 661 ᠲᠦᠮᠡᠨ ᠲᠥᠭᠦᠷᠢᠭ ᠤᠨ ᠳᠠᠭᠠᠭᠠᠯᠲᠠ ᠶᠢᠨ ᠵᠢᠭᠡᠯᠡᠯᠭᠡ ᠲᠠᠯᠪᠢᠪᠠ᠃ ᠨᠢᠭᠡᠳᠦᠯᠲᠡᠶ ᠲᠥᠯᠥᠪᠯᠡᠬᠦ ᠰᠠᠭᠤᠷᠢ | ᠮᠥᠩᠭᠦ ᠶᠢᠨ ᠰᠢᠯᠵᠢᠭᠦᠯᠦᠨ ᠥᠭᠬᠦ ᠪᠠ ᠡᠳ᠋ ᠤᠨ ᠵᠠᠰᠠᠭ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ | ᠢᠳᠡᠪᠬᠢᠲᠡᠶ ᠴᠢᠷᠮᠠᠶᠢᠨ ᠣᠯᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ | ᠥᠭᠬᠦ ᠶᠢ ᠪᠠᠲᠤᠯᠠᠪᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ᠂ ᠣᠨᠴᠠ ᠬᠦᠴᠢᠷᠳᠡᠯᠲᠡᠶ ᠬᠥᠮᠦᠰ ᠢ | ᠠᠰᠠᠷᠠᠨ ᠲᠡᠵᠢᠭᠡᠬᠦ ᠮᠥᠩᠭᠦ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ᠂ ᠥᠨᠥᠴᠢᠨ ᠬᠡᠤᠬᠡᠳ ᠤᠨ | ᠨᠥᠬᠦᠪᠥᠷᠢ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠡᠯ᠎ᠡ ᠵᠦᠢᠯ ᠤᠨ ᠪᠠᠯᠠ ᠮᠥᠩᠭᠦ ᠶᠢ ᠨᠡᠶᠢᠲᠡ 1.4 | ᠳ᠋ᠦᠩᠰᠢᠭᠤᠷ ᠲᠥᠭᠦᠷᠢᠭ ᠲᠠᠷᠬᠠᠭᠠᠪᠠ᠃ ᠠᠵᠢᠯ ᠤᠨ ᠪᠠᠶᠢᠷᠢ ᠠᠴᠠ ᠪᠠᠨ ᠪᠠᠭᠤᠵᠤ ᠴᠡᠷᠢᠭ ᠠᠴᠠ ᠪᠠᠭᠤᠭᠰᠠᠳ ᠲᠤ | ᠲᠠᠬᠢᠨ ᠠᠵᠢᠯ ᠣᠯᠭᠤᠬᠤ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠪᠡ᠃ ᠭᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢ ᠯᠠᠪᠳᠠᠭᠤᠨ ᠢᠶᠠᠷ ᠠᠬᠢᠭᠤᠯᠵᠤ᠂ 5077 ᠡᠷᠦᠬᠡ ᠶᠢ | ᠰᠢᠯᠵᠢᠭᠦᠯᠦᠨ ᠡᠷᠦᠬᠡ ᠬᠤᠪᠢᠶᠠᠨ ᠳᠠᠩᠰᠠᠯᠠᠬᠤ ᠠᠵᠢᠯ ᠢ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ᠃ ᠪᠦᠬᠦ | ᠰᠢᠶᠠᠨ ᠤ 17 ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ 60 ᠤᠳᠤᠷᠢᠳᠬᠤ ᠠᠵᠢᠯ ᠤᠨ | ᠪᠠᠶᠢᠷᠢ ᠳᠤ ᠪᠦᠬᠦᠨ ᠢ ᠲᠤᠰᠢᠶᠠᠯ ᠠᠴᠠ ᠨᠢ ᠤᠭᠴᠠᠷᠠᠭᠤᠯᠵᠤ ᠳᠠᠬᠢᠨ ᠤᠷᠢᠵᠤ᠂ ᠵᠠᠰᠠᠭ ᠵᠠᠬᠢᠷᠭᠠᠨᠴᠢᠯᠠᠯᠲᠠ ᠶᠢ | ᠬᠠᠰᠤᠬᠤ ᠶᠢ ᠪᠡᠶᠡᠯᠡᠭᠦᠯᠪᠡ᠃ ︽1+N︾ ᠥᠭᠡᠷᠡᠴᠢᠯᠡᠯᠲᠡ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ | ᠲᠣᠭᠲᠠᠭᠠᠵᠤ᠂ ᠰᠤᠷᠭᠠᠭᠤᠯᠢ ᠶᠢᠨ ᠵᠠᠬᠢᠷᠤᠯ ᠢ ᠤᠷᠢᠵᠤ ᠲᠣᠮᠢᠯᠠᠬᠤ ᠲᠦᠷᠢᠮ ᠪᠠ ᠲᠤᠰᠢᠶᠠᠯ ᠤᠨ ᠲᠡᠰ ᠤᠨ | ᠲᠦᠷᠢᠮ ᠤᠨ ᠥᠭᠡᠷᠡᠴᠢᠯᠡᠯᠲᠡ᠂ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠪᠠ | ᠠᠮᠵᠢᠯᠲᠠ ᠪᠦᠲᠦᠮᠵᠢ ᠶᠢᠨ ᠴᠠᠯᠢᠩ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ | ᠲᠦᠯᠬᠢᠨ ᠠᠬᠢᠭᠤᠯᠪᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠶ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠩᠰᠠᠯᠠᠭᠤᠯᠤᠭᠰᠠᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠢᠨᠵᠢᠯᠡᠭᠡᠨ ᠤ ᠲᠥᠷᠥᠯ ᠤᠨ 5 ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠭᠠᠵᠤ | ᠵᠣᠭᠰᠤᠭᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠠᠬᠢᠭᠤᠯᠪᠠ᠃ ᠦᠴᠦᠸᠠᠨ ᠰᠢᠶᠠᠨ ᠤ ᠶᠡᠷᠦᠩᠬᠡᠶ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠨ᠂ ᠰᠢᠶᠠᠨ ᠰᠢᠶᠠᠩ | ᠬᠤᠶᠠᠷ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ | ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ | ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠡᠮᠨᠡᠯᠭᠡ ᠶᠢᠨ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ 11 ᠡᠷᠡᠭᠦᠯ ᠬᠠᠮᠠᠭᠠᠯᠠᠯ ᠤᠨ ᠬᠤᠷᠢᠶ᠎ᠠ ᠠᠯᠤᠰ | ᠡᠵᠡᠮᠰᠢᠯᠲᠦ ᠬᠠᠷᠠᠭᠠᠨ ᠳᠠᠪᠲᠠᠮᠵᠢ ᠶᠢᠨ ᠬᠠᠮᠵᠢᠯᠴᠠᠨ ᠣᠨᠣᠰᠢᠯᠠᠬᠤ ᠰᠢᠰᠲ᠋ᠧᠮ ᠢ ᠤᠭᠰᠠᠷᠠᠵᠤ᠂ ︽ᠳᠣᠤᠷᠠᠳᠤ | ᠱᠠᠲᠤᠨ ᠤ ᠪᠠᠶᠢᠴᠠᠭᠠᠯᠲᠠ᠂ ᠳᠡᠭᠡᠳᠦ ᠱᠠᠲᠤᠨ ᠤ ᠣᠨᠣᠰᠢᠯᠠᠯᠲᠠ︾ ᠶᠢᠨ ᠡᠮᠴᠢᠯᠡᠭᠡᠨ ᠤ ᠰᠢᠨ᠎ᠡ ᠵᠠᠭᠪᠤᠷ ᠢ ᠨᠡᠭᠡᠭᠡᠭᠰᠡᠨ | ᠪᠠᠶᠢᠨ᠎ᠠ᠃ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠪᠡ᠃ ᠥᠷᠢ | ᠥᠭᠴᠡᠭᠡ ᠶᠢ ᠠᠷᠢᠯᠭᠠᠬᠤ ᠪᠠᠯᠠ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠳᠠᠯᠳᠠ ᠥᠷᠢ ᠥᠭᠴᠡᠭᠡ | ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ | ᠳᠥᠯᠥᠵᠦ ᠳᠠᠭᠤᠰᠬᠠᠬᠤ ᠣᠨ ᠤ ᠠᠷᠢᠯᠭᠠᠬᠤ ᠡᠭᠦᠷᠭᠡ ᠶᠢ ᠪᠡᠶᠡᠯᠡᠭᠦᠯᠪᠡ᠃ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢ ᠲᠤᠪᠤᠶᠢᠯᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠡᠯ᠎ᠡ ᠵᠦᠢᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠨᠡᠶᠢᠭᠡᠮ ᠤᠨ ᠶᠡᠭᠡ | ᠲᠠᠯ᠎ᠠ ᠡᠶ᠎ᠡ ᠵᠣᠬᠢᠴᠠᠯ ᠲᠠᠢ ᠪᠥᠭᠡᠳ ᠠᠮᠤᠷ ᠲᠣᠭᠲᠠᠭᠤᠨ ᠪᠠᠶᠢᠨ᠎ᠠ᠃ ᠰᠢᠲᠠᠮᠠᠬᠠᠶ ᠬᠡᠢ ᠵᠡᠷᠭᠡ ᠭᠤᠣᠯᠳᠠᠯᠭ᠎ᠠ ᠲᠠᠢ | ᠬᠦᠷᠢᠶᠡᠨ ᠤ ᠠᠶᠤᠯᠭᠦᠶ ᠦᠢᠯᠡᠳᠪᠦᠷᠢᠯᠡᠯ ᠢ ᠬᠦᠴᠦᠲᠡᠶ ᠠᠳᠬᠤᠵᠤ᠂ ᠪᠠᠶᠢᠭᠠᠯᠢ ᠶᠢᠨ ᠭᠠᠶ ᠭᠠᠮᠰᠢᠭ ᠤᠨ ᠬᠦᠨᠳᠦ | ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠪᠦᠬᠦ ᠤᠯᠤᠰ ᠤᠨ | ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠱᠠᠲᠤᠴᠢ ᠴᠢᠨᠠᠷᠲᠠᠢ ᠦᠷ᠎ᠡ ᠪᠥᠲᠦᠭᠡᠯ ᠣᠯᠪᠠ᠃ ᠵᠠᠬᠢᠲᠠᠯ ᠰᠤᠷᠪᠤᠯᠵᠢᠯᠠᠭ᠎ᠠ ᠶᠢᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠴᠢᠩᠳᠠᠯᠠᠵᠤ᠂ ᠨᠢᠭᠡ ᠪᠦᠯᠦᠭ ᠵᠠᠬᠢᠳᠠᠯ | ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠤᠶᠤᠨ ᠴᠢᠳᠠᠯ ᠢᠶᠠᠨ ᠲᠥᠪᠯᠡᠷᠡᠭᠦᠯᠦᠨ ᠠᠷᠢᠯᠭᠠᠵᠤ᠂ ᠲᠥᠪ ᠤᠨ | ᠬᠠᠮᠲᠤᠷᠠᠭᠰᠠᠨ ᠠᠯᠪᠠᠨ ᠭᠡᠷ ᠵᠢᠴᠢ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠶᠡᠭᠡ ᠨᠢᠭᠡ ᠴᠢᠩᠭ᠎ᠠ︾ ᠶᠢᠨ | ᠲᠤᠰᠬᠠᠶ ᠠᠵᠢᠯᠯᠠᠭ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ | ᠰᠢᠢᠳᠪᠦᠷᠢᠯᠡᠭᠰᠡᠨ ᠨᠤᠷᠮ᠎ᠠ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠢᠳᠡᠭᠡᠨ ᠤ ᠬᠢᠨᠠᠯᠲᠠ | ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠢᠳᠡᠭᠡᠨ ᠤ ᠰᠤᠭᠤᠯᠤᠨ | ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ 98% ᠳᠤ ᠬᠥᠷᠪᠡ᠃ ︽ᠪᠢ ᠣᠯᠠᠨ ᠲᠦᠮᠡᠨ ᠳᠤ ᠪᠣᠳᠠᠲᠤ | ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ 55 ᠬᠤᠪᠢ ᠰᠢᠢᠳᠪᠦᠷᠢᠯᠡᠵᠦ᠂ ᠣᠯᠠᠨ ᠲᠦᠮᠡᠨ ᠳᠤ ᠡᠩ ᠤᠨ ᠦᠨ᠎ᠡ ᠪᠠᠷ 2. | 1 ᠲᠦᠮᠡᠨ ᠲᠣᠨ ᠨᠡᠭᠦᠷᠡᠰᠦ ᠲᠠᠷᠬᠠᠭᠠᠵᠤ᠂ 11344 ᠡᠷᠦᠬᠡ ᠳᠤ ᠠᠰᠢᠭ ᠬᠦᠷᠲᠡᠭᠡᠪᠡ᠃ | ᠨᠢᠭᠡ ᠵᠢᠯ ᠤᠨ ᠲᠤᠷᠰᠢ᠂ ᠪᠢᠳᠡ ᠦᠨᠳᠦᠰᠦᠲᠡᠨ ᠤ ᠪᠥᠬᠦᠮᠳᠡᠯ ᠢ ᠴᠢᠩ ᠦᠨᠡᠨᠴᠢ ᠪᠠᠷ ᠬᠠᠮᠠᠭᠠᠯᠠᠨ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤᠵᠢᠭᠤᠯᠬᠤ ᠤᠬᠠᠮᠰᠠᠷ ᠰᠢᠨ᠎ᠡ | ᠠᠯᠬᠤᠮ ᠢ ᠠᠯᠬᠤᠪᠠ᠃ ︽ᠦᠴᠤᠸᠠᠨ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠲᠠᠪᠤᠨ ᠵᠢᠯ ᠤᠨ ᠲᠥᠯᠥᠪᠵᠢᠭᠦᠯᠭᠡ ︵2021 ᠣᠨ — 2025 ᠣᠨ︶︾ ᠶᠢ | ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠬᠤ ᠶᠢ ᠦᠨᠳᠦᠰᠦᠲᠡᠨ ᠤ ᠠᠵᠢᠯ ᠤᠨ ᠡᠯ᠎ᠡ ᠬᠦᠷᠢᠶᠡᠨ ᠤ ᠪᠥᠬᠦ ᠶᠠᠪᠤᠴᠠ ᠳᠤ ᠡᠷᠡᠰ ᠭᠤᠶᠢᠪᠢᠰᠢ ᠥᠬᠡᠶ ᠪᠠᠷ | ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠡᠭᠦᠳᠦᠨ | ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠥᠬᠡᠶ︾ ᠦᠵᠡᠯ ᠰᠠᠨᠠᠭ᠎ᠠ ᠶᠢ ᠪᠠᠲᠤ ᠪᠠᠬᠢ | ᠪᠣᠶ ᠪᠣᠯᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢ ᠲᠠᠰᠤᠷᠠᠯᠲᠠ ᠥᠬᠡᠶ ᠴᠢᠩᠭᠠᠳᠬᠠᠪᠠ᠃ ᠬᠤᠲᠠ ᠶᠢᠨ | ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ | ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠢ ᠶᠢ1 ᠂ ᠬᠤᠲᠠ ᠶᠢᠨ ᠱᠠᠲᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ 16 ᠭᠤᠶᠤᠴᠢᠯᠠᠨ ᠮᠡᠳᠡᠭᠦᠯᠪᠡ᠃ | ᠳᠣᠯᠣᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ | ᠬᠤᠷᠠᠯ ᠢ ᠬᠤᠷᠠᠯᠳᠤᠭᠤᠯᠵᠤ᠂ ᠳᠡᠷᠭᠡᠳᠡᠬᠢ ᠬᠥᠮᠦᠰ᠂ ᠳᠡᠷᠭᠡᠳᠡᠬᠢ ᠶᠠᠪᠤᠳᠠᠯ ᠢᠶᠠᠷ ᠢᠶᠠᠨ ᠦᠨᠳᠦᠰᠦᠲᠡᠨ ᠨᠦᠭᠦᠳ ᠤᠨ | ᠣᠯᠠᠨ ᠲᠦᠮᠡᠨ ᠢ ᠤᠷᠢᠶᠠᠯᠠᠵᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠢ ᠴᠢᠬᠤᠯᠠᠴᠢᠯᠠᠬᠤ᠂ ᠬᠥᠮᠦᠨ | ᠪᠦᠬᠦᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠬᠥᠮᠦᠨ ᠪᠦᠬᠦᠨ ᠦᠨᠳᠦᠰᠦᠲᠡᠨ ᠤ ᠪᠦᠯᠬᠦᠮᠳᠡᠯ ᠤᠨ | ᠵᠢᠱᠢᠶᠡᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠤᠯᠭᠠᠪᠠ᠃ | ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠬᠤ ᠶᠢ ᠡᠷᠡᠰ ᠰᠢᠭᠤᠷᠬᠠᠶ ᠪᠠᠷ ᠠᠬᠢᠭᠤᠯᠵᠤ᠂ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ | ᠡᠷᠬᠡ ᠶᠢ ︽ᠪᠠᠭᠠᠰᠬᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ 33 ᠨᠢᠭᠡᠴᠡ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠡᠷᠡᠭ ᠶᠠᠪᠤᠳᠠᠯ ᠢ 1605 ᠨᠡᠶᠢᠲᠡᠯᠡᠵᠦ᠂ 25 ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ | ᠪᠠ 9 ᠰᠢᠶᠠᠩ ᠪᠠᠯᠭᠠᠰᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢ ᠨᠡᠭᠡᠭᠡᠵᠦ᠂ 35 ᠨᠢᠭᠡᠴᠢ | ᠡᠯᠧᠺᠲᠷᠣᠨ ᠲᠠᠮᠠᠭ᠎ᠠ ᠦᠢᠯᠡᠳᠴᠦ᠂ 8.1 ᠲᠦᠮᠡᠨ ᠡᠯᠧᠺᠲᠷᠣᠨ ᠦᠨᠡᠮᠯᠡᠯ ᠢ ᠴᠤᠭᠯᠠᠭᠤᠯᠵᠤ᠂ 7.9 ᠲᠦᠮᠡᠨ | ᠡᠯᠧᠺᠲᠷᠣᠨ ᠲᠠᠮᠠᠭ᠎ᠠ ᠲᠠᠮᠠᠭᠠᠯᠠᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠭᠤᠷᠪᠠ ᠶᠢ | ᠪᠠᠭᠠᠰᠬᠠᠵᠤ ᠨᠢᠭᠡ ᠶᠢ ᠨᠡᠮᠡᠭᠳᠡᠭᠦᠯᠬᠦ︾ ᠭᠦᠢᠴᠡᠳᠬᠡᠬᠦ ᠵᠦᠢᠯᠡᠰ ᠤᠨ ᠠᠮᠠᠯᠠᠯᠲᠠ ᠶᠢᠨ ᠴᠠᠭ ᠤᠨ ᠬᠢᠵᠠᠭᠠᠷ ᠢ 83. | 4% ᠪᠠᠷ ᠪᠠᠭᠠᠰᠬᠠᠵᠤ᠂ ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠭᠦᠢᠴᠡᠳᠬᠡᠬᠦ ᠵᠦᠢᠯᠡᠰ ᠤᠨ 99. | 3% ᠪᠠᠷ ᠨᠡᠮᠡᠭᠳᠡᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠵᠣ ᠪᠣᠯᠬᠤ ᠨᠣᠷᠮ᠎ᠠ 97.8% ᠪᠠᠷ ᠨᠡᠮᠡᠭᠳᠡᠪᠡ᠃ | ᠪᠥᠬᠦ ᠵᠢᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 17.3 ᠲᠦᠮᠡᠨ ᠬᠤᠪᠢ ︵ᠤᠳᠠᠭ᠎ᠠ︶ | ᠭᠥᠯᠢᠶᠡᠨ ᠠᠪᠴᠤ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠥᠷᠪᠡ᠃ | ᠮᠥᠩᠬᠡ ᠰᠤᠪᠠᠭ ᠤᠨ ︽ᠳᠥᠷᠪᠡ ᠶᠢ ᠭᠦᠢᠴᠡᠳᠬᠡᠬᠦ︾ ᠠᠵᠢᠯ ᠯᠠᠪᠳᠠᠭᠤᠨ ᠪᠠᠲᠤᠲᠠᠶ ᠠᠭᠢᠵᠤ᠂ ᠢᠯᠡᠳᠲᠡ ᠦᠷ᠎ᠡ | ᠪᠦᠲᠦᠮᠵᠢ ᠤᠯᠪᠠ᠃ ︽12345︾ ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ ᠲᠥᠪ ᠨᠡᠶᠢᠳᠡ | 3154 ᠬᠠᠯᠠᠭᠤᠨ ᠤᠲᠠᠰᠤ ᠶᠢ ᠬᠦᠯᠢᠶᠡᠨ ᠠᠪᠴᠤ ᠰᠢᠢᠳᠪᠦᠷᠢᠯᠡᠪᠡ᠂ ᠰᠢᠢᠳᠪᠦᠷᠢᠯᠡᠭᠰᠡᠨ ᠨᠤᠷᠮ᠎ᠠ ᠨᠢ 92%᠂ | ᠬᠠᠨᠤᠮᠵᠢᠲᠠᠶ ᠨᠤᠷᠮ᠎ᠠ ᠨᠢ 94% ᠳᠤ ᠬᠦᠷᠴᠡᠶ᠃ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠪᠡᠶᠡᠴᠢ ᠴᠣᠭᠴᠠ | 204 ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.5% ᠨᠡᠮᠡᠭᠳᠡᠵᠦ᠂ ᠰᠢᠨ᠎ᠡ ᠪᠠᠷ | ᠨᠡᠮᠡᠭᠳᠡᠭᠰᠡᠨ ᠳᠠᠩᠰᠠᠯᠠᠭᠤᠯᠤᠭᠰᠠᠨ ᠪᠠᠯᠠ ᠮᠥᠩᠭᠦ 6.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 66% ᠨᠡᠮᠡᠭᠳᠡᠵᠡᠶ᠃ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ | ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ 58 ᠤᠳᠠᠭ᠎ᠠ 244 ᠡᠷᠦᠬᠡ ᠶᠢ ᠰᠤᠭᠤᠴᠢᠨ | ᠪᠠᠶᠢᠴᠠᠭᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠯᠠᠪᠳᠠᠭᠤᠨ ᠪᠠᠲᠤᠲᠠᠶ | ᠠᠯᠬᠤᠮ ᠢ ᠠᠯᠬᠤᠵᠤ᠂ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠵᠠᠬᠢᠷᠤᠯ ᠢ ᠢᠯᠡ ᠪᠠᠷ ᠰᠣᠩᠭᠤᠨ ᠤᠷᠢᠪᠠ᠃ | ᠨᠢᠭᠡ ᠵᠢᠯ ᠤᠨ ᠲᠤᠷᠰᠢ᠂ ᠪᠢᠳᠡ ᠥᠪᠡᠷ ᠤᠨ ᠪᠡᠶ᠎ᠡ ᠪᠠᠨ ᠴᠢᠩᠭ᠎ᠠ ᠪᠥᠭᠡᠳ ᠪᠣᠳᠠᠲᠠᠶ ᠪᠠᠷ ᠴᠢᠩᠭᠠᠳᠬᠠᠵᠤ᠂ | ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠤᠯᠠᠮ ᠴᠢᠩᠭᠠᠷᠠᠪᠠ᠃ ᠨᠠᠮ ᠤᠨ ᠤᠳᠤᠷᠢᠳᠤᠯᠭ᠎ᠠ ᠶᠢ | ᠢᠮᠠᠭᠲᠠ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠤᠯᠤᠰ ᠲᠥᠷᠥ ᠶᠢᠨ | ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠨ᠂ ︽ | ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠲᠣᠭᠲᠠᠭᠠᠭᠰᠠᠨ︾ ᠶᠢ ᠡᠷᠡᠰ ᠬᠠᠮᠠᠭᠠᠯᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠦᠯᠬᠢᠨ | ᠠᠬᠢᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ | ᠳᠡᠭᠡᠭᠰᠢᠯᠡᠭᠦᠯᠪᠡ᠃ ᠠᠮᠤ ᠪᠤᠳᠠᠭᠠᠨ ᠤ ᠰᠢᠰᠲ᠋ᠧᠮ᠂ ᠬᠠᠩᠭᠠᠨ ᠪᠣᠷᠣᠯᠠᠭᠤᠯᠬᠤ ᠰᠢᠰᠲ᠋ᠧᠮ᠂ ᠤᠢ ᠰᠢᠭᠤᠶ ᠡᠪᠡᠰᠦ | ᠪᠡᠯᠴᠢᠭᠡᠷ ᠤᠨ ᠬᠦᠷᠢᠶᠡᠨ ᠳᠠᠬᠢ ᠲᠤᠰᠬᠠᠶ ᠵᠦᠢᠯ ᠤᠨ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ | ᠤᠤᠯ ᠤᠨ ᠦᠴᠤᠸᠠᠨ ᠤ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠶᠠᠪᠤᠳᠠᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠰᠢᠶᠠᠨ ᠤ ᠨᠠᠮ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ 29 ᠬᠤᠪᠢ | ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 61 ᠬᠤᠪᠢ ᠰᠢᠢᠳᠪᠦᠷᠢᠯᠡᠵᠦ᠂ ᠰᠢᠢᠳᠪᠦᠷᠢᠯᠡᠵᠦ | ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠴᠦ᠂ ᠠᠷᠠᠳ ᠲᠦᠮᠡᠨ ᠤ ᠠᠩᠬᠠᠷᠴᠤ ᠪᠠᠶᠢᠭ᠎ᠠ ᠨᠢᠭᠡ | ᠪᠦᠯᠦᠭ ᠲᠥᠪᠯᠡᠷᠡᠯ ᠤᠨ ᠴᠡᠭ᠂ ᠲᠦᠭᠵᠢᠷᠡᠯ ᠲᠠᠢ ᠠᠰᠠᠭᠤᠳᠠᠯ ᠢ ᠰᠢᠢᠳᠪᠦᠷᠢᠯᠡᠪᠡ᠃ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠬᠦ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ | ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ | ᠪᠦᠲᠦᠭᠡᠬᠦ ᠳᠤ ᠬᠢᠯᠪᠡᠷ ᠪᠣᠯᠪᠠᠴᠤ ᠬᠦᠴᠢᠷ ᠪᠡᠷᠬᠡᠰᠢᠶᠡᠯ ᠲᠠᠢ ᠪᠠᠶᠢᠳᠠᠭ᠃ ᠤᠷᠢᠳᠤᠬᠢ ᠶᠢ ᠵᠠᠯᠭᠠᠮᠵᠢᠯᠠᠨ | ᠬᠤᠶᠢᠰᠢᠬᠢ ᠶᠢ ᠰᠡᠩᠬᠡᠷᠡᠭᠦᠯᠦᠭᠰᠡᠨ᠂ ᠶᠡᠷᠦ ᠪᠤᠰᠤ ᠶᠢᠨ ᠤᠳᠬ᠎ᠠ ᠠᠭᠤᠯᠭ᠎ᠠ ᠲᠠᠢ 2021 ᠣᠨ ᠳᠤ ᠠᠷᠪᠠᠨ | ᠲᠠᠪᠤᠳᠤᠭᠠᠷ ᠬᠤᠭᠤᠴᠠᠭᠠᠨ ᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠠᠵᠢᠯ ᠪᠠᠨ ᠲᠡᠭᠦᠰ ᠠᠮᠵᠢᠯᠲᠠ ᠲᠠᠢ | ᠲᠡᠭᠦᠰᠬᠡᠵᠡᠢ᠃ | ᠥᠩᠭᠡᠷᠡᠭᠰᠡᠨ ᠲᠦᠷᠪᠡᠨ ᠵᠢᠯ ᠢ ᠡᠷᠭᠢᠴᠡᠭᠦᠯᠬᠦᠶ᠎ᠡ᠂ ᠬᠤᠷᠸ᠎ᠠ ᠠᠵᠤ ᠠᠬᠤᠶ ᠶᠢᠨ ᠪᠠᠶᠢᠳᠠᠯ ᠨᠠᠷᠢᠨ | ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ | ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠵᠤ᠂ ᠪᠦᠬᠦ ᠰᠢᠶᠠᠨ ᠢᠶᠠᠷ ᠢᠶᠠᠨ ᠬᠠᠷᠠᠯᠲᠠ ᠪᠠᠨ ᠪᠠᠲᠤ | ᠰᠠᠬᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ | ᠯᠠᠪᠳᠠᠭᠤᠨ ᠢᠶᠠᠷ ᠠᠷᠭᠠᠴᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ | ᠂ ᠠᠵᠤ ᠠᠬᠤᠶ ᠨᠡᠶᠢᠭᠡᠮ ᠪᠠ ᠡᠯ᠎ᠡ ᠵᠦᠢᠯ ᠤᠨ ᠠᠵᠢᠯ ᠦᠢᠯᠡᠰ ᠤᠨ ᠲᠠᠰᠤᠷᠠᠯᠳᠠ ᠦᠭᠡᠢ ᠰᠢᠨ᠎ᠡ ᠠᠮᠵᠢᠯᠲᠠ | ᠤᠯᠬᠤ ᠶᠢ ᠲᠦᠯᠬᠢᠨ ᠠᠬᠢᠭᠤᠯᠪᠠ᠃ | — ᠲᠦᠷᠪᠡᠨ ᠵᠢᠯ ᠤᠨ ᠲᠡᠮᠡᠴᠡᠯ ᠢᠶᠠᠷ ᠳᠠᠮᠵᠢᠨ᠂ ᠰᠢᠶᠠᠨ ᠤ ᠬᠡᠪᠴᠢᠶᠡᠨ ᠤ ᠠᠵᠤ ᠠᠬᠤᠢ ᠨᠡᠩ ᠶᠡᠭᠡ | ᠬᠡᠪᠴᠢᠶ᠎ᠡ ᠲᠠᠢ ᠪᠣᠯᠵᠤ᠂ ᠨᠡᠩ ᠶᠡᠭᠡ ᠦᠷᠢᠰᠦᠯᠳᠦᠬᠦ ᠬᠦᠴᠦᠨ ᠲᠠᠢ ᠪᠤᠯᠪᠠ᠃ ᠪᠦᠬᠦ ᠰᠢᠶᠠᠨ ᠤ ᠭᠠᠵᠠᠷ ᠣᠷᠣᠨ ᠤ | ᠦᠢᠯᠡᠳᠪᠦᠷᠢᠯᠡᠯ ᠤᠨ ᠪᠦᠬᠦ ᠦᠷᠲᠡᠭ 48.05 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 54 ᠳ᠋ᠦᠩᠰᠢᠭᠤᠷ | ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 31% ᠪᠠᠷ ᠨᠡᠮᠡᠭᠳᠡᠪᠡ︔ ᠭᠤᠷᠪᠠᠨ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ 18᠄ 25᠄ 57 ᠪᠣᠯᠭᠠᠪᠠ︔ ᠲᠣᠭᠲᠠᠮᠠᠯ ᠬᠦᠷᠦᠩᠭᠡ ᠶᠢᠨ | ᠪᠡᠯᠡ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ 9.03 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 15.4 | ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 17.6% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 8.4 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 8.2% ᠢᠶᠠᠷ ᠨᠡᠮᠡᠭᠳᠡᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ 2.3 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2.66 ᠳ᠋ᠦᠩᠰᠢᠭᠤᠷ ᠲᠥᠭᠦᠷᠢᠭ ᠪᠣᠯᠤᠨ | ᠨᠡᠮᠡᠭᠳᠡᠵᠦ᠂ ᠵᠢᠯ ᠪᠦᠷᠢ ᠳᠤᠮᠳᠠᠴᠢ ᠪᠠᠷ 3.1% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠬᠦ ᠲᠤᠭ᠎ᠠ 8.61 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 8.96 | ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 1.2% ᠢᠶᠠᠷ ᠨᠡᠮᠡᠭᠳᠡᠪᠡ︔ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 27034 | ᠲᠥᠭᠦᠷᠢᠭ ᠪᠠᠶᠢᠭᠰᠠᠨ ᠠᠴᠠ ᠪᠠᠨ 30661 ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 4. | 9% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8619 ᠲᠥᠭᠦᠷᠢᠭ ᠪᠠᠶᠢᠭᠰᠠᠨ ᠠᠴᠠ ᠪᠠᠨ 12301 ᠲᠥᠭᠦᠷᠢᠭ | ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 13.5% ᠪᠠᠷ ᠨᠡᠮᠡᠭᠳᠡᠪᠡ᠃ ᠠᠵᠤ ᠠᠬᠤᠶ ᠨᠡᠶᠢᠭᠡᠮ ᠤᠨ | ᠬᠥᠭᠵᠢᠯᠲᠡ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠰᠠᠶᠢᠵᠢᠷᠠᠬᠤ ᠰᠠᠶᠢᠨ ᠪᠠᠶᠢᠳᠠᠯ ᠢᠯᠡᠷᠡᠪᠡ᠃ | — ᠲᠦᠷᠪᠡᠨ ᠵᠢᠯ ᠪᠣᠭᠤᠮᠲᠠ ᠰᠢᠪᠲᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ | ᠦᠷ᠎ᠡ ᠪᠥᠲᠦᠭᠡᠯ ᠨᠡᠩ ᠪᠠᠬᠢᠵᠢᠵᠤ᠂ ᠨᠡᠩ ᠰᠠᠶᠢᠨ ᠢᠲᠡᠭᠡᠭᠦᠯᠬᠦ ᠬᠦᠴᠦᠨ ᠲᠠᠢ ᠪᠣᠯᠪᠠ᠃ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠲᠡᠤᠬᠡᠲᠦ ᠴᠢᠨᠠᠷᠲᠠᠶ ᠠᠮᠵᠢᠯᠲᠠ ᠤᠯᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠷᠠᠳ ᠤᠨ ᠠᠮᠢᠳᠤᠷᠠᠯ ᠤᠨ ᠨᠢᠭᠡᠳᠦᠭᠡᠷ ᠢᠨᠵᠧᠨᠧᠷᠢᠩ | ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠦᠯᠡᠨ ᠪᠠᠶᠢᠯᠳᠤᠪᠠ᠃ ᠨᠡᠶᠢᠲᠡ 9.3 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠣᠷᠣᠭᠤᠯᠵᠤ᠂ 721 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠨ᠂ | ᠶᠠᠳᠠᠭᠤ ᠶᠢ ᠲᠡᠳᠬᠦᠬᠦ ᠠᠵᠤ ᠦᠢᠯᠡᠰ ᠤᠨ ᠪᠦᠷᠬᠦᠴᠡ ᠶᠢᠨ ᠨᠣᠷᠮ᠎ᠠ 100% ᠳᠤ ᠬᠦᠷᠴᠦ᠂ 93 ᠲᠣᠰᠬᠤᠨ ᠤ | ᠬᠠᠮᠲᠤ ᠶᠢᠨ ᠠᠵᠤ ᠠᠬᠤᠶ ᠶᠢᠨ ᠣᠷᠣᠯᠭ᠎ᠠ ᠪᠦᠬᠦᠨ ᠢᠶᠠᠷ ᠢᠶᠠᠨ 10 ᠲᠦᠮᠡᠨ ᠲᠥᠭᠦᠷᠢᠭ ᠢ ᠳᠠᠪᠠᠪᠠ᠃ ᠪᠡᠭᠡᠵᠢᠩ | ᠥᠪᠥᠷ ᠮᠣᠩᠭᠤᠯ ᠤᠨ ᠬᠠᠪᠰᠤᠷᠤᠨ ᠲᠡᠳᠬᠦᠬᠦ ᠳᠤ ᠤᠷᠢᠳ ᠬᠤᠵᠢᠳ 1.01 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ 104 ᠲᠥᠷᠥᠯ ᠵᠦᠢᠯ ᠢ ᠬᠡᠷᠡᠭᠵᠢᠭᠦᠯᠪᠡ︔ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ | ᠪᠦᠯᠦᠭᠯᠡᠯ ᠨᠡᠶᠢᠲᠡ 4890 ᠲᠦᠮᠡᠨ ᠲᠥᠭᠦᠷᠢᠭ ᠤᠨ ᠪᠡᠯᠡ ᠣᠷᠣᠭᠤᠯᠵᠤ᠂ 42 ᠲᠥᠷᠥᠯ ᠵᠦᠢᠯ ᠢ | ᠬᠡᠷᠡᠭᠵᠢᠭᠦᠯᠦᠭᠰᠡᠨ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠳᠡᠮᠵᠢᠯᠭᠡ᠂ ᠪᠦᠬᠦ ᠰᠢᠶᠠᠨ ᠤ | ᠰᠢᠷᠭᠠᠭᠤ ᠬᠠᠲᠠᠭᠤᠵᠢᠯᠲᠠᠢ ᠲᠡᠮᠡᠴᠡᠯ ᠳᠣᠣᠷ᠎ᠠ᠂ 6461 ᠡᠷᠦᠭᠡ ᠶᠢᠨ 12711 ᠶᠠᠳᠠᠭᠤ ᠬᠦᠴᠢᠷᠳᠡᠯᠲᠡᠢ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 53 ᠶᠠᠳᠠᠭᠤ ᠬᠦᠴᠢᠷᠳᠡᠯᠲᠡᠢ ᠲᠣᠰᠬᠤᠨ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠤᠯᠠᠨ ᠵᠢᠯ ᠦᠷᠭᠦᠯᠵᠢᠯᠡᠭᠰᠡᠨ ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ | ᠪᠠᠶᠢᠳᠠᠯ ᠦᠴᠤᠸᠠᠨ ᠤ ᠡᠬᠡ ᠭᠠᠵᠠᠷ ᠲᠤ ᠲᠦᠢᠯᠪᠤᠷᠢᠲᠠᠢ ᠡᠴᠦᠰᠯᠡᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠶᠢ ᠤᠯᠪᠠ᠃ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠯᠠᠪᠳᠠᠭᠤᠨ ᠢᠶᠠᠷ ᠠᠬᠢᠪᠠ᠃ ᠬᠥᠬᠡᠮᠳᠦᠭ ᠲᠩᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠲᠠᠶᠢᠨ ᠢ ᠡᠷᠡᠰ ᠰᠠᠶᠢᠲᠤᠷ ᠬᠢᠵᠦ᠂ ᠨᠡᠶᠢᠳᠡ 1.53 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ | ᠲᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 51 | ᠠᠭᠤᠷᠬᠠᠶ ᠶᠢᠨ ᠠᠵᠤ ᠠᠬᠤᠶᠢᠯᠠᠯ ᠢ ᠨᠤᠷᠠᠭᠠᠪᠠ᠃ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠬᠢᠵᠠᠭᠠᠷᠯᠠᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠦᠨᠳᠦᠷ︾ | ᠲᠥᠷᠥᠯ ᠵᠦᠢᠯ ᠢ ᠬᠤᠷᠢᠭᠯᠠᠭᠠᠳ ᠢᠯᠡᠳᠲᠡ ᠦᠷ᠎ᠡ ᠪᠥᠲᠦᠮᠵᠢ ᠣᠯᠪᠠ᠃ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ︽ᠭᠤᠤᠯ ᠤᠨ ᠳᠠᠷᠤᠭ᠎ᠠ ᠶᠢᠨ ᠲᠦᠷᠢᠮ︾ ᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠪᠡᠶᠡᠯᠡᠭᠦᠯᠵᠦ᠂ | ᠭᠤᠤᠯ ᠤᠨ ᠵᠠᠮ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠬᠥᠷᠥᠰᠥ ᠰᠢᠷᠣᠶ ᠶᠢᠨ | ᠪᠣᠬᠢᠷᠲᠤᠯ ᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠪᠡ᠃ ᠠᠭᠠᠷ ᠤᠨ ᠴᠢᠨᠠᠷ ᠴᠢᠨᠰᠠᠭ᠎ᠠ ᠶᠢ ᠤᠯᠤᠰ ᠤᠨ | ᠬᠤᠶᠠᠳᠤᠭᠠᠷ ᠳᠡᠰ ᠤᠨ ᠪᠠᠷᠢᠮᠵᠢᠶ᠎ᠠ ᠠᠴᠠ ᠳᠡᠭᠡᠭᠰᠢ ᠪᠠᠶᠢᠯᠭᠠᠪᠠ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠬᠦᠴᠦᠲᠡᠢ ᠪᠥᠭᠡᠳ ᠪᠦᠲᠦᠮᠵᠢᠲᠡᠢ ᠶᠠᠪᠤᠭᠳᠠᠭᠤᠯᠪᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ | ᠪᠣᠶ ᠪᠣᠯᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ | ᠴᠢᠩᠭᠠᠳᠬᠠᠨ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠰᠡᠷᠭᠡᠶᠢᠯᠡᠵᠦ᠂ ᠵᠠᠰᠠᠭ ᠤᠨ | ᠣᠷᠳᠣᠨ ᠤ ᠥᠷᠢ ᠥᠭᠴᠡᠭᠡ ᠶᠢ ᠨᠡᠶᠢᠲᠡ 27.05 ᠳ᠋ᠦᠩᠰᠢᠭᠤᠷ ᠲᠥᠭᠦᠷᠢᠭ ᠠᠷᠢᠯᠭᠠᠵᠤ᠂ ᠡᠯ᠎ᠡ ᠵᠢᠯ ᠤᠨ ᠥᠷᠢ | ᠥᠭᠴᠡᠭᠡ ᠶᠢ ᠠᠷᠢᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ | ᠳᠠᠯᠳᠠ ᠬᠡᠮ ᠢ ᠠᠷᠢᠯᠭᠠᠵᠤ᠂ ᠰᠠᠭᠤᠷᠢ ᠶᠢ ᠪᠠᠲᠤᠳᠬᠠᠪᠠ᠃ | — ᠲᠦᠷᠪᠡᠨ ᠵᠢᠯ ᠤᠨ ᠴᠢᠷᠮᠠᠶᠢᠯᠠᠭ᠎ᠠ ᠪᠠᠷ ᠳᠠᠮᠵᠢᠨ ᠠᠵᠤ ᠠᠬᠤᠢ ᠶᠢᠨ ᠪᠦᠲᠦᠴᠡ ᠶᠢ ᠨᠡᠩ | ᠰᠢᠯᠢᠳᠡᠭᠵᠢᠭᠦᠯᠵᠦ᠂ ᠨᠡᠩ ᠢᠯᠡᠭᠦᠦ ᠬᠥᠭᠵᠢᠯᠲᠡ ᠶᠢᠨ ᠬᠦᠴᠦᠨ ᠲᠠᠢ ᠪᠤᠯᠭᠠᠪᠠ᠃ ᠨᠢᠭᠡᠳᠦᠭᠡᠷ ᠠᠵᠤ ᠦᠢᠯᠡᠰ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠪᠠ᠃ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ | ᠲᠤᠬᠢᠷᠠᠭᠤᠯᠬᠤ ᠶᠢ ᠲᠦᠷᠭᠡᠳᠬᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ | ᠠᠮᠵᠢᠯᠲᠠ ᠪᠥᠲᠦᠮᠵᠢ ᠭᠠᠷᠭᠠᠪᠠ᠃ ᠨᠣᠬᠠᠶ ᠶᠢᠨ ᠬᠤᠰᠢᠭᠤ᠂ ᠨᠦᠢᠯ᠂ ᠲᠥᠮᠥᠰᠥ ᠳᠠᠷᠢᠬᠤ ᠲᠠᠯᠠᠪᠠᠶ ᠶᠢ 77.5 | ᠲᠦᠮᠡᠨ ᠮᠥ ᠳᠤ ᠬᠦᠷᠦᠭᠦᠯᠵᠦ᠂ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠬᠡᠪᠴᠢᠶ᠎ᠡ ᠶᠢ 3 ᠲᠦᠮᠡᠨ ᠮᠥ ᠳᠤ | ᠬᠦᠷᠲᠡᠯ᠎ᠡ ᠥᠷᠭᠡᠳᠬᠡᠨ᠂ ᠲᠥᠷᠥᠯ ᠵᠦᠢᠯ ᠢ 10 ᠭᠠᠷᠤᠶ ᠲᠥᠷᠥᠯ ᠳᠤ ᠬᠦᠷᠦᠭᠦᠯᠪᠡ᠃ ᠲᠠᠷᠢᠶᠠᠨ ᠭᠠᠵᠠᠷ ᠢ | ᠡᠭᠡᠯᠵᠢᠯᠡᠨ ᠲᠠᠷᠢᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠤᠰᠤ ᠠᠷᠪᠢᠯᠠᠬᠤ ᠤᠰᠤᠯᠠᠯᠲᠠ ᠶᠢᠨ | ᠲᠠᠯᠠᠪᠠᠢ ᠶᠢ 9.2 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 11 | ᠲᠦᠮᠡᠨ ᠮᠦ ᠬᠡᠷᠡᠭᠵᠢᠭᠦᠯᠪᠡ᠃ ᠨᠡᠶᠢᠲᠡ 23 ᠪᠣᠬᠢᠷᠲᠤᠯ ᠥᠬᠡᠶ ᠢᠳᠡᠭᠡᠨ ᠤ ᠭᠡᠷᠡᠴᠢᠯᠡᠯ᠂ 2 ᠣᠷᠭᠠᠨᠢᠭ | ᠪᠦᠲᠦᠭᠡᠭᠳᠡᠬᠦᠨ ᠢ ᠪᠡᠶᠡᠯᠡᠭᠦᠯᠵᠦ᠂ 7 ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ | ᠨᠤᠲᠠᠯᠠᠵᠤ᠂ ᠪᠥᠬᠦ ᠰᠢᠶᠠᠨ ᠤ ︽ᠬᠤᠶᠠᠷ ᠦᠢᠯᠡᠳᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠤᠨ ᠲᠤᠭ᠎ᠠ 23 | ᠪᠣᠯᠪᠠ᠃ ᠠᠵᠤ ᠦᠢᠯᠡᠳᠪᠦᠷᠢ ᠶᠢᠨ ᠠᠵᠤ ᠦᠢᠯᠡᠰ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠰᠢ ᠪᠸᠢ᠂ | ᠶᠠᠨ ᠬᠦ᠋ ᠹᠠᠩ᠂ ᠱᠣ᠋ ᠶᠤᠸᠠᠨ ᠺᠠᠩ ᠵᠡᠷᠭᠡ ᠶᠠᠳᠠᠭᠤ ᠶᠢ ᠲᠡᠳᠬᠦᠬᠦ ᠨᠢᠭᠡ ᠪᠦᠯᠦᠭ ᠲᠣᠯᠣᠭᠠᠶᠢᠯᠠᠭᠴᠢ ᠠᠵᠤ | ᠠᠬᠤᠶᠢᠯᠠᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠠᠯᠲᠠᠨ ᠭᠤᠷᠪᠠᠯᠵᠢᠨ ᠬᠦᠷᠢᠶᠡᠯᠡᠩ | ᠲᠣᠭᠤᠷᠢᠭ ᠤᠨ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ 46 ᠪᠣᠯᠤᠨ ᠨᠡᠮᠡᠭᠳᠡᠵᠦ᠂ ᠦᠢᠯᠡᠳᠬᠦᠨ ᠤ | ᠥᠷᠲᠡᠭ ᠨᠢ 8.9 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 25.8 ᠳ᠋ᠦᠩᠰᠢᠭᠤᠷ ᠲᠥᠭᠦᠷᠢᠭ ᠪᠣᠯᠤᠨ | ᠨᠡᠮᠡᠭᠳᠡᠪᠡ᠃ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 246 ᠲᠦᠮᠡᠨ | ᠺᠢᠯᠣᠸᠠᠲ ᠲᠤ ᠬᠦᠷᠴᠦ᠂ ᠪᠦᠬᠦᠨ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠴᠠᠬᠢᠯᠭᠠᠨ ᠭᠠᠷᠭᠠᠭᠰᠠᠨ | ᠬᠡᠮᠵᠢᠶ᠎ᠡ ᠨᠢ ᠨᠡᠶᠢᠳᠡ 204.7 ᠳ᠋ᠦᠩᠰᠢᠭᠤᠷ ᠭᠷᠠᠳᠦ᠋ᠰ ᠲᠤ ᠬᠦᠷᠴᠦ᠂ ᠦᠢᠯᠡᠳᠬᠦᠨ ᠤ ᠦᠷᠳᠡᠭ ᠨᠢ 111.3 | ᠳ᠋ᠦᠩᠰᠢᠭᠤᠷ ᠲᠥᠭᠦᠷᠢᠭ ᠲᠤ ᠬᠦᠷᠦᠭᠰᠡᠨ ᠢᠶᠠᠷ ︽ᠬᠤᠶᠠᠷ ᠥᠨᠳᠥᠷ︾ ᠤᠨ ᠲᠦᠷᠦᠯ ᠵᠦᠢᠯ ᠢ 5 ᠴᠠᠭᠠᠵᠢᠯᠠᠵᠤ᠂ | ᠴᠡᠪᠡᠷ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 246 ᠲᠦᠮᠡᠨ ᠺᠢᠯᠣᠸᠠᠲ ᠲᠤ | ᠬᠦᠷᠪᠡ᠃ ᠭᠤᠷᠪᠠᠳᠤᠭᠠᠷ ᠠᠵᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠨᠡᠮᠡᠭᠳᠡᠭᠦᠯᠪᠡ᠃ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 30.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 4. | 4% ᠨᠡᠮᠡᠭᠳᠡᠪᠡ᠃ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠬᠤᠪᠢᠰᠬᠠᠯ ᠤᠨ ᠤᠳᠤᠮᠰᠢᠯ ᠤᠨ ᠲᠠᠪᠴᠠᠩ ᠢ ᠪᠠᠶᠢᠭᠤᠯᠪᠠ᠃ ᠬᠤᠪᠢᠰᠬᠠᠯ ᠤᠨ ᠵᠤᠭᠠᠴᠠᠯ ᠤᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠢ ᠪᠦᠬᠦᠨ ᠢ ᠳᠠᠭᠤᠰᠬᠠᠵᠤ᠂ ᠦᠵᠡᠮᠵᠢ ᠶᠢᠨ ᠣᠷᠣᠨ ᠤ ᠲᠡᠷᠭᠡᠨ ᠵᠣᠭᠰᠣᠭᠠᠯ᠂ | ᠵᠤᠭᠠᠴᠠᠯ ᠤᠨ ᠵᠠᠮ ᠤᠨ ᠪᠦᠳᠦᠭᠡᠨ ᠪᠠᠶᠢᠭᠤᠯᠤᠯᠲᠠ ᠪᠣᠯᠤᠨ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠵᠠᠰᠠᠨ | ᠴᠢᠮᠡᠭᠯᠡᠵᠦ ᠳᠡᠯᠭᠡᠨ ᠦᠵᠡᠭᠦᠯᠬᠦ ᠶᠢ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ | ᠫᠠᠷᠲ᠋ᠢᠽᠠᠨ ᠤ ᠰᠠᠭᠤᠷᠢᠨ ᠭᠠᠵᠠᠷ ᠤᠨ ᠰᠧᠯᠢᠩᠪᠦ᠋ ᠶᠢᠨ ᠬᠠᠭᠤᠴᠢᠨ ᠪᠠᠭᠤᠷᠢ ᠶᠢ ᠰᠡᠯᠪᠢᠨ ᠵᠠᠰᠠᠵᠤ᠂ ᠳ᠋ᠧ ᠱᠧᠩ | ᠭᠸᠤ ᠶᠢᠨ ᠬᠤᠪᠢᠰᠬᠠᠯ ᠤᠨ ᠵᠤᠭᠠᠴᠠᠯ ᠤᠨ ᠦᠵᠡᠮᠵᠢ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ 3A ᠳᠡᠰ ᠤᠨ | ᠦᠵᠡᠮᠵᠢ ᠶᠢᠨ ᠣᠷᠣᠨ ᠢᠶᠠᠷ ᠮᠠᠭᠠᠳᠯᠠᠨ ᠲᠣᠭᠲᠠᠭᠠᠵᠤ᠂ ︽136 ᠵᠤᠭᠠᠴᠠᠯ + ᠨᠠᠮ ᠤᠨ ᠪᠠᠶᠢᠭᠤᠯᠤᠯᠲᠠ ᠶᠢᠨ | ᠬᠥᠮᠦᠵᠢᠯ ᠪᠣᠯᠪᠠᠰᠤᠷᠠᠯ︾ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ᠃ 34 ᠣᠳᠣᠨ ᠲᠠᠰ ᠤᠨ | ᠲᠠᠷᠢᠶᠠᠴᠢᠨ ᠠᠶᠢᠯ ᠤᠨ ᠵᠤᠭᠠᠴᠠᠯ ᠤᠨ ᠭᠠᠵᠠᠷ᠂ 39 ᠵᠢᠭᠤᠯᠴᠢᠯᠠᠯ ᠤᠨ ᠨᠡᠶᠢᠲᠡ ᠶᠢᠨ ᠵᠣᠷᠯᠣᠩ ᠢ ᠪᠠᠶᠢᠭᠤᠯᠪᠠ᠃ | ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ | ᠪᠠᠶᠢᠵᠤ᠂ 5 ᠣᠷᠣᠨ ᠰᠠᠭᠤᠴᠠ ᠶᠢᠨ ᠵᠢᠵᠢᠭ ᠲᠣᠭᠤᠷᠢᠭ ᠢ ᠰᠢᠨ᠎ᠡ ᠪᠠᠷ ᠪᠠᠶᠢᠭᠤᠯᠵᠤ᠂ ᠲᠠᠯᠠᠪᠠᠶ ᠨᠢ 18 ᠲᠦᠮᠡᠨ | ᠲᠡᠭᠰᠢ ᠳᠥᠷᠪᠡᠯᠵᠢᠨ ᠮᠧᠲᠷ ᠪᠣᠯᠤᠨ᠎ᠠ᠃ ᠳ᠋ᠦᠩ ᠾᠧ ᠶᠢᠨ ᠠᠮᠢ ᠠᠬᠤᠶ ᠶᠢᠨ ᠪᠡᠶ᠎ᠡ ᠶᠢᠨ ᠲᠠᠮᠢᠷ ᠤᠨ ᠴᠡᠴᠡᠷᠯᠢᠭ | ᠪᠥᠬᠦ ᠲᠠᠯ᠎ᠠ ᠪᠠᠷ ︽ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ︾ | ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠭᠦᠨᠵᠡᠭᠡᠶ ᠳᠥᠯᠭᠢᠨ ᠠᠬᠢᠭᠤᠯᠵᠤ᠂ ᠳᠤᠮᠳᠠᠳᠤ | ᠤᠯᠤᠰ ᠤᠨ ᠴᠠᠬᠢᠯᠭᠠᠨ ᠬᠦᠴᠦᠨ ᠤ ᠰᠢᠯᠢᠳᠡᠭ ᠦᠢᠯᠡᠳᠬᠦᠨ ᠤ ᠦᠴᠦᠸᠠᠨ ᠮᠦᠽᠧᠶ ᠶᠢᠨ ᠢᠨᠲ᠋ᠧᠷ ᠰᠦᠯᠵᠢᠶᠡᠨ ᠤ | ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ | ᠦᠢᠯᠡᠴᠢᠯᠡᠭᠡᠨ ᠤ ᠥᠷᠲᠡᠭᠡ ᠶᠢ 53% ᠶᠢᠨ ᠵᠠᠰᠠᠭ ᠵᠠᠬᠢᠷᠭᠠᠨ ᠤ ᠲᠣᠰᠬᠤᠨ ᠳᠤ ᠬᠠᠮᠤᠷᠤᠭᠤᠯᠵᠤ᠂ ᠰᠢᠶᠠᠨ ᠤ | ᠬᠡᠪᠴᠢᠶᠡᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠪᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 59.09 ᠳ᠋ᠦᠩᠰᠢᠭᠤᠷ | ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 63.8 ᠳ᠋ᠦᠩᠰᠢᠭᠤᠷ ᠲᠥᠭᠦᠷᠢᠭ ᠲᠤ ᠬᠦᠷᠴᠡᠶ︔ ᠵᠢᠭᠡᠯᠡᠯᠭᠡ ᠶᠢᠨ | ᠦᠯᠡᠳᠡᠪᠦᠷᠢ ᠲᠤᠭ᠎ᠠ 48.7 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 65.4 ᠳ᠋ᠦᠩᠰᠢᠭᠤᠷ | ᠲᠥᠭᠦᠷᠢᠭ ᠲᠤ ᠬᠦᠷᠴᠡᠶ᠃ | — ᠲᠦᠷᠪᠡᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢ | ᠨᠡᠩ ᠴᠢᠨᠠᠷ ᠴᠢᠨᠰᠠᠭ᠎ᠠ ᠲᠠᠢ᠂ ᠨᠡᠩ ᠲᠠᠲᠠᠬᠤ ᠬᠦᠴᠦᠨ ᠲᠠᠢ ᠪᠤᠯᠭᠠᠪᠠ᠃ ᠰᠢᠶᠠᠨ ᠤ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠪᠡ᠃ 209 ᠤᠯᠤᠰ ᠤᠨ ᠵᠠᠰᠠᠮᠠᠯ | ᠵᠠᠮ ᠤᠨ ᠬᠥᠬᠡᠬᠤᠲᠠ ᠠᠴᠠ ᠦᠴᠦᠸᠠᠨ ᠬᠦᠷᠬᠦ ᠬᠡᠰᠡᠭ ᠤᠨ ᠪᠦᠬᠦ ᠱᠤᠭᠤᠮ ᠢ ᠨᠡᠪᠲᠡᠷᠡᠭᠦᠯᠵᠦ᠂ ᠦᠴᠤᠸᠠᠨ ᠨᠢ | ᠬᠤᠳᠠ ᠶᠢᠨ ᠬᠠᠭᠠᠰ ᠴᠠᠭ ᠤᠨ ᠵᠠᠮ ᠬᠠᠷᠢᠯᠴᠠᠭᠠᠨ ᠤ ᠬᠦᠷᠢᠶ᠎ᠡ ᠪᠣᠯᠤᠨ ᠠᠵᠤ ᠠᠬᠤᠢ ᠶᠢᠨ ᠬᠥᠭᠵᠢᠯᠲᠡ ᠶᠢᠨ | ᠬᠦᠷᠢᠶ᠎ᠡ ᠳᠤ ᠪᠦᠬᠦ ᠲᠠᠯ᠎ᠠ ᠪᠠᠷ ᠠᠭᠤᠰᠤᠯᠴᠠᠵᠠᠢ᠃ ᠬᠤᠳᠠ ᠶᠢᠨ ᠶᠠᠪᠤᠳᠠᠯ ᠤᠨ ᠵᠠᠮ ᠤᠨ ᠪᠦᠳᠦᠭᠡᠨ | ᠪᠠᠶᠢᠭᠤᠯᠤᠯᠲᠠ ᠶᠢᠨ ᠪᠦᠬᠦ ᠤᠷᠳᠤ ᠶᠢᠨ ᠬᠡᠮᠵᠢᠶ᠎ᠡ 55.4 ᠺᠢᠯᠣᠮᠧᠲᠷ ᠲᠤ ᠬᠦᠷᠴᠦ᠂ ᠪᠣᠷᠣᠭᠠᠨ ᠤ ᠪᠣᠬᠢᠷᠲᠤᠯ ᠤᠨ | ᠬᠤᠭᠤᠯᠠᠶ ᠶᠢᠨ ᠲᠣᠣᠷ ᠢ ᠥᠭᠡᠷᠡᠴᠢᠯᠡᠨ ᠵᠠᠰᠠᠵᠤ᠂ 132.7 ᠺᠢᠯᠣᠮᠧᠲᠷ ᠤᠷᠲᠤᠳᠬᠠᠵᠤ᠂ ᠤᠰᠤ ᠬᠠᠩᠭᠠᠬᠤ | ᠬᠤᠭᠤᠯᠠᠶ ᠶᠢᠨ ᠲᠣᠣᠷ ᠢ 47 ᠺᠢᠯᠣᠮᠧᠲᠷ ᠰᠢᠨ᠎ᠡ ᠪᠠᠷ ᠪᠠᠶᠢᠭᠤᠯᠪᠠ᠃ 333 ᠢᠵᠢ ᠨᠡᠶᠢᠲᠡ ᠶᠢᠨ ᠲᠦᠷᠢᠶᠡᠰᠦᠨ | ᠣᠷᠣᠨ ᠰᠠᠭᠤᠴᠠ ᠶᠢ ᠬᠤᠪᠢᠶᠠᠷᠢᠯᠠᠪᠠ᠃ ᠨᠡᠶᠢᠲᠡ 38 ᠵᠢᠵᠢᠭ ᠲᠣᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠪᠠ 9 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ | ᠬᠡᠷᠡᠭᠵᠢᠭᠦᠯᠪᠡ᠃ ᠬᠥᠳᠡᠭᠡ ᠲᠣᠰᠬᠤᠨ ᠨᠡᠩ ᠦᠵᠡᠰᠬᠦᠯᠡᠩᠲᠦ ᠰᠠᠶᠢᠬᠠᠨ ᠪᠥᠭᠡᠳ ᠣᠷᠣᠰᠢᠨ ᠰᠠᠭᠤᠬᠤ ᠳᠤ | ᠲᠠᠭᠠᠯᠠᠮᠵᠢᠲᠠᠢ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠠᠮᠢᠳᠤᠷᠠᠯ ᠤᠨ ᠬᠤᠭ ᠨᠣᠪᠰᠢ ᠶᠢ | ᠪᠤᠯᠠᠬᠤ 8 ᠲᠠᠯᠠᠪᠠᠢ᠂ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ 4 ᠦᠷᠳᠡᠭᠡ ᠶᠢ ᠰᠢᠨ᠎ᠡ ᠪᠠᠷ ᠪᠠᠶᠢᠭᠤᠯᠵᠤ᠂ | ᠬᠥᠳᠡᠭᠡ ᠲᠣᠰᠬᠤᠨ ᠤ ᠡᠷᠤᠭᠡ ᠶᠢᠨ ᠵᠣᠷᠯᠣᠩ ᠢ ᠨᠡᠶᠢᠳᠡ 12701 ᠡᠷᠤᠭᠡ ᠳᠤ ᠪᠠᠶᠢᠭᠤᠯᠪᠠ᠃ 39 ︽ᠣᠶ | ᠰᠢᠭᠤᠶ ᠶᠢᠨ ᠲᠣᠰᠬᠤᠨ︾ ᠢ ᠡᠭᠦᠳᠦᠨ ᠪᠠᠶᠢᠭᠤᠯᠬᠤ ᠶᠢ ᠪᠡᠶᠡᠯᠡᠭᠦᠯᠵᠦ᠂ 229 ᠲᠣᠰᠬᠤᠨ ᠢ ᠨᠣᠭᠤᠭᠠᠷᠠᠭᠤᠯᠵᠤ | ᠭᠤᠶᠤᠵᠢᠭᠤᠯᠬᠤ ᠪᠠ ᠲᠡᠭᠦᠯᠳᠡᠷᠵᠢᠭᠦᠯᠦᠨ ᠳᠡᠭᠡᠭᠰᠢᠯᠡᠭᠦᠯᠬᠦ ᠠᠵᠢᠯ ᠢ ᠥᠷᠨᠢᠭᠦᠯᠪᠡ᠃ 454ᠠᠶᠢᠯ ᠲᠣᠰᠬᠤᠨ ᠤ | ᠵᠠᠮ ᠢ ᠬᠠᠲᠠᠭᠤᠷᠠᠭᠤᠯᠪᠠ᠃ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠰᠢᠨ᠎ᠡ ᠠᠶᠠᠨ ᠵᠠᠮ ᠢᠶᠠᠨ ᠡᠬᠢᠯᠡᠭᠦᠯᠪᠡ᠃ | ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠰᠢᠰᠲ᠋ᠧᠮ ᠲᠠᠢ ᠪᠠᠷ | ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ | ᠳᠡᠭᠡᠭᠰᠢᠯᠡᠯᠲᠡ ᠶᠢ ᠲᠦᠯᠬᠢᠨ ᠠᠬᠢᠭᠤᠯᠪᠠ᠃ ᠤᠯᠤᠰ ᠤᠨ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ | ᠣᠶ ᠰᠢᠭᠤᠶ ᠶᠢ ᠰᠡᠷᠭᠦᠭᠡᠬᠦ᠂ ᠪᠠᠶᠢᠭᠠᠯᠢ ᠶᠢᠨ ᠣᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠵᠡᠷᠭᠡ ᠭᠤᠤᠯᠳᠠᠯᠭ᠎ᠠ ᠲᠠᠢ | ᠢᠨᠵᠧᠨᠧᠷᠢᠩ ᠢ ᠬᠡᠷᠡᠭᠵᠢᠭᠦᠯᠵᠦ᠂ 60.3 ᠲᠦᠮᠡᠨ ᠮᠥ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ 17.1 | ᠲᠦᠮᠡᠨ ᠮᠥ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ︽ᠬᠥᠬᠡᠮᠳᠦᠭ ᠠᠭᠤᠯᠠ ᠶᠢ | ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠨᠡᠶᠢᠲᠡ 24.3 ᠲᠦᠮᠡᠨ ᠮᠥ ᠮᠣᠳᠣ ᠳᠠᠷᠢᠵᠤ᠂ ᠪᠥᠬᠦ | ᠠᠷᠠᠳ ᠢᠶᠠᠷ ᠢᠶᠠᠨ 176 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠪᠠ᠃ ᠰᠢᠶᠠᠨ ᠤ ᠬᠤᠲᠠ ᠶᠢᠨ | ᠨᠣᠭᠤᠭᠠᠷᠠᠭᠤᠯᠤᠯᠲᠠ ᠶᠢᠨ ᠨᠣᠷᠮ᠎ᠠ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ ᠲᠣᠰ ᠲᠣᠰ 39. | 1%᠂ 41.7% ᠬᠦᠷᠲᠡᠯ᠎ᠡ ᠳᠡᠭᠡᠭᠰᠢᠯᠡᠭᠦᠯᠵᠦ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ | ᠭᠠᠵᠠᠷ 18.6 ᠲᠡᠭᠰᠢ ᠳᠥᠷᠪᠡᠯᠵᠢᠨ ᠮᠧᠲᠷ ᠲᠤ ᠬᠦᠷᠴᠦ᠂ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ | ᠰᠢᠶᠠᠨ ᠤ ᠬᠤᠲᠠ︾ ᠶᠢᠨ ᠢᠷᠠᠭᠤ ᠠᠯᠳᠠᠷ ᠢ ᠭᠥᠷᠳᠡᠪᠡ᠃ | — ᠲᠦᠷᠪᠡᠨ ᠵᠢᠯ ᠤᠨ ᠲᠡᠮᠡᠴᠡᠯ ᠢᠶᠠᠷ ᠳᠠᠮᠵᠢᠨ᠂ ᠨᠡᠶᠢᠭᠡᠮ ᠤᠨ ᠦᠢᠯᠡᠰ ᠠᠷᠠᠳ ᠤᠨ ᠰᠡᠳᠬᠢᠯ ᠢ ᠨᠡᠩ | ᠳᠤᠯᠠᠭᠠᠴᠠᠭᠤᠯᠵᠤ᠂ ᠨᠡᠩ ᠲᠥᠪᠯᠡᠩᠭᠦᠢ ᠬᠦᠴᠦᠨ ᠢ ᠪᠦᠷᠢᠯᠳᠦᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠨ ᠠᠮᠢᠳᠤᠷᠠᠯ ᠢ ᠦᠨᠡᠨ | ᠰᠡᠳᠬᠢᠯ ᠠᠴᠠ ᠪᠠᠨ ᠬᠦᠴᠦ ᠣᠷᠣᠭᠤᠯᠤᠨ ᠪᠠᠲᠤᠯᠠᠨ ᠰᠠᠶᠢᠵᠢᠷᠠᠭᠤᠯᠪᠠ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠵᠤ ᠬᠤᠷᠢᠭᠯᠠᠨ ᠴᠣᠬᠢᠬᠤ ᠪᠠᠶᠢᠯᠳᠤᠭᠠᠨ ᠤ ᠢᠯᠠᠯᠲᠠ ᠶᠢ | ᠡᠷᠡᠰ ᠲᠡᠮᠡᠴᠡᠨ ᠣᠯᠵᠤ᠂ ︽ᠥᠯᠥ ᠬᠠᠯᠳᠠᠪᠤᠷᠢᠯᠠᠬᠤ᠂ ᠥᠯᠥ ᠣᠷᠣᠭᠤᠯᠬᠤ᠂ ᠥᠯᠥ ᠳᠡᠯᠭᠡᠷᠡᠬᠦ︾ ᠶᠢ | ᠪᠡᠶᠡᠯᠡᠭᠦᠯᠦᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠬᠦᠴᠦᠲᠡᠶ ᠬᠠᠮᠠᠭᠠᠯᠠᠪᠠ᠃ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ | ᠥᠬᠡᠶ ᠲᠡᠭᠦᠯᠳᠡᠷᠵᠢᠭᠦᠯᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠲᠦᠯᠬᠢᠨ | ᠠᠬᠢᠭᠤᠯᠵᠤ᠂ ᠨᠡᠶᠢᠳᠡ 5786 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.8% ᠶᠢᠨ ᠳᠣᠲᠣᠷ᠎ᠠ ᠬᠢᠵᠠᠭᠠᠷᠯᠠᠪᠠ᠃ ᠬᠥᠳᠡᠭᠡ | ᠲᠣᠰᠬᠤᠨ ᠤ ᠬᠥᠳᠡᠯᠮᠦᠷᠢ ᠶᠢᠨ ᠬᠦᠴᠦᠨ ᠢ 12.5 ᠲᠦᠮᠡᠨ ᠬᠥᠮᠦᠨ ︵ᠤᠳᠠᠭ᠎ᠠ︶ ᠰᠢᠯᠵᠢᠭᠦᠯᠦᠨ ᠠᠵᠢᠯ | ᠣᠯᠭᠤᠪᠠ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠶᠢ | ᠤᠷᠤᠭᠰᠢᠲᠠᠶ ᠥᠩᠭᠡᠷᠡᠭᠦᠯᠪᠡ᠃ ᠰᠤᠷᠬᠤ ᠨᠠᠰᠤᠨ ᠠᠴᠠ ᠡᠮᠦᠨᠡᠬᠢ 3 ᠵᠢᠯ ᠤᠨ ᠬᠡᠦᠬᠡᠳ ᠤᠨ ᠴᠡᠴᠡᠷᠯᠢᠭ ᠲᠤ | ᠣᠷᠣᠬᠤ ᠨᠤᠷᠮ᠎ᠠ᠂ ᠶᠢᠰᠦᠨ ᠵᠢᠯ ᠤᠨ ᠳᠦᠷᠢᠮᠲᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ | ᠨᠤᠷᠮ᠎ᠠ ᠶᠢ ᠴᠥᠮ 96% ᠠᠴᠠ ᠳᠡᠭᠡᠭᠰᠢ ᠳᠤ ᠬᠦᠷᠭᠡᠪᠡ᠃ ᠨᠢᠭᠡᠳᠦᠭᠡᠷ ᠳᠤᠮᠳᠠᠳᠤ ᠰᠤᠷᠭᠠᠭᠤᠯᠢ ᠨᠢ ᠥᠪᠡᠷᠲᠡᠭᠡᠨ | ᠵᠠᠰᠠᠬᠤ ᠣᠷᠣᠨ ᠤ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠪᠠ᠃ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ᠂ ᠳᠡᠭᠡᠳᠦ ᠵᠡᠷᠭᠡ ᠶᠢᠨ ᠰᠢᠯᠭᠠᠯᠲᠠ ᠶᠢᠨ ᠬᠢᠷᠢ ᠪᠥᠲᠦᠮᠵᠢ | ᠯᠠᠪᠳᠠᠭᠤᠨ ᠢᠶᠠᠷ ᠳᠡᠭᠡᠭᠰᠢᠯᠡᠪᠡ᠃ ᠡᠷᠡᠭᠦᠯ ᠡᠩᠭᠡ ᠦᠴᠤᠸᠠᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ | ᠲᠦᠯᠬᠢᠨ ᠠᠬᠢᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠨᠡᠩ ᠲᠡᠭᠦᠯᠳᠡᠷᠵᠢᠭᠦᠯᠵᠦ᠂ ᠬᠤᠳᠠ | ᠬᠥᠳᠡᠭᠡ ᠶᠢᠨ ᠬᠦᠴᠢᠷᠳᠡᠯ ᠲᠠᠢ ᠤᠯᠠᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠠᠲᠤᠯᠠᠬᠤ | ᠶᠣᠰᠣᠲᠠᠶ ᠶᠢ ᠨᠢ ᠪᠠᠲᠤᠯᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢ ᠢᠯᠡᠳᠲᠡ | ᠰᠠᠶᠢᠵᠢᠷᠠᠭᠤᠯᠵᠤ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠠᠰᠢᠭᠯᠠᠯᠲᠠ ᠳᠤ ᠣᠷᠣᠭᠤᠯᠤᠨ᠂ 9 ᠡᠷᠡᠭᠦᠯ | ᠬᠠᠮᠠᠭᠠᠯᠠᠯ ᠤᠨ ᠬᠤᠷᠢᠶ᠎ᠠ ᠳᠤ ᠡᠮᠨᠡᠯᠭᠡ ᠳᠤ ᠰᠠᠭᠤᠬᠤ ᠲᠤᠬᠠᠶᠢᠯᠠᠭᠰᠠᠨ ᠠᠵᠢᠯ ᠢ ᠨᠡᠪᠲᠡᠷᠡᠭᠦᠯᠪᠡ᠃ ᠰᠢᠨ᠎ᠡ ᠪᠠᠷ | ᠪᠠᠶᠢᠭᠤᠯᠤᠭᠰᠠᠨ ᠢᠷᠠᠭᠤ ᠠᠯᠳᠠᠷ ᠤᠨ ᠬᠦᠷᠢᠶᠡᠯᠡᠩ ᠢ ᠨᠢᠭᠡᠨᠲᠡ ᠨᠡᠭᠦᠯᠭᠡᠵᠦ ᠰᠠᠭᠤᠯᠭᠠᠪᠠ᠃ ᠪᠦᠬᠦ ᠤᠯᠤᠰ ᠤᠨ | ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠠᠵᠤ | ᠠᠬᠤᠶ ᠶᠢᠨ ᠨᠡᠶᠢᠳᠡᠮ ᠪᠠᠶᠢᠴᠠᠭᠠᠯᠲᠠ ᠪᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ ᠣᠯᠠᠨ ᠨᠡᠶᠢᠲᠡ ᠶᠢᠨ ᠰᠣᠶᠣᠯ ᠤᠨ ᠬᠢᠷᠢ ᠬᠡᠮᠵᠢᠶ᠎ᠡ ᠤᠯᠠᠮ | ᠨᠢᠭᠡ ᠠᠯᠬᠤᠮ ᠳᠡᠭᠡᠭᠰᠢᠯᠡᠪᠡ᠃ ︽ᠬᠥᠬᠡᠮᠳᠦᠭ ᠠᠭᠤᠯᠠ ᠶᠢᠨ ᠬᠥᠪᠡᠭᠦᠳ ᠥᠬᠢᠳ︾ ᠨᠢ ᠤᠷᠢᠯᠭ᠎ᠠ ᠪᠠᠷ | ᠪᠡᠭᠡᠵᠢᠩ᠂ ᠶᠠᠨ ᠠᠨ ᠳᠤ ᠲᠣᠭᠯᠠᠯᠲᠠ ᠭᠠᠷᠭᠠᠵᠤ᠂ ︽ᠬᠥᠬᠡᠮᠳᠦᠭ ᠠᠭᠤᠯᠠ ᠶᠢᠨ ᠬᠠᠶᠢᠷ᠎ᠠ︾ ᠨᠢ ︽16 ᠳ᠋ᠤᠭᠠᠷ | ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ︾ ᠤᠨ ᠴᠤᠷ ᠤᠨ ᠭᠠᠭᠴᠠ | ᠬᠢᠲᠠᠳ ᠬᠡᠯᠡᠨ ᠤ ᠦᠵᠡᠭᠦᠯᠦᠯᠭᠡ ᠶᠢᠨ ᠵᠦᠴᠦᠭᠡ ᠪᠠᠷ ᠦᠨᠡᠯᠡᠭᠳᠡᠪᠡ᠃ ᠨᠡᠶᠢᠭᠡᠮ ᠤᠨ ᠶᠡᠭᠡ ᠲᠠᠯ᠎ᠠ ᠡᠶ᠎ᠡ | ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠨᠢ ᠬᠠᠷᠭᠢᠰ ᠬᠦᠴᠦᠨ ᠤ 1 ᠶᠠᠯᠠᠲᠤ ᠪᠦᠯᠦᠭᠯᠡᠯ᠂ 4 ᠡᠪᠰᠡᠯ ᠪᠦᠯᠦᠭ ᠢ ᠴᠣᠬᠢᠨ ᠤᠨᠠᠭᠠᠵᠤ᠂ ᠬᠠᠷᠭᠢᠰ | ᠬᠦᠴᠦᠨ ᠳᠤ ᠬᠤᠯᠪᠣᠭᠳᠠᠭᠰᠠᠨ 34 ᠰᠡᠵᠢᠭᠳᠡᠨ ᠢ ᠪᠠᠷᠢᠪᠴᠢᠯᠠᠪᠠ᠃ ︽ᠭᠡᠭᠡᠨ ᠰᠠᠷᠠᠭᠤᠯ ᠢᠨᠵᠧᠨᠧᠷᠢᠩ︾᠂ ︽ | ᠤᠶᠤᠨᠲᠤ ᠠᠮᠤᠷ ᠠᠮᠤᠭᠤᠯᠠᠩ ᠬᠤᠳᠠ︾ ᠶᠢᠨ ᠪᠦᠳᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ | ᠤᠯᠪᠠ᠃ ᠠᠶᠤᠯᠭᠦᠶ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ | ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠢᠶᠠᠨ ᠳᠤ | ᠨᠡᠯᠢᠶᠡᠳ ᠶᠡᠭᠡ ᠪᠤᠶᠤ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠦᠭᠡᠢ᠃ | ᠵᠥᠷᠢᠴᠡᠯ ᠵᠢᠭᠤᠷᠠᠯᠳᠤᠭᠠᠨ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠰᠤᠷᠪᠤᠯᠵᠢᠯᠠᠭ᠎ᠠ ᠶᠢ ᠶᠡᠭᠡ ᠪᠠᠷ ᠬᠦᠯᠢᠶᠡᠨ | ᠠᠪᠬᠤ᠂ ᠶᠡᠭᠡ ᠪᠠᠷ ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠢᠭᠡ ᠪᠦᠯᠦᠭ ᠤᠯᠠᠨ ᠲᠦᠮᠡᠨ ᠤ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠪᠡ᠃ | — ᠲᠦᠷᠪᠡᠨ ᠵᠢᠯ ᠴᠢᠳᠠᠮᠠᠭᠠᠢ ᠪᠠᠷ ᠠᠵᠢᠯᠯᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ | ᠪᠠᠶᠢᠭᠤᠯᠤᠯᠲᠠ ᠨᠢ ᠨᠡᠩ ᠴᠢᠩᠭ᠎ᠠ ᠪᠣᠳᠠᠲᠠᠢ᠂ ᠤᠯᠠᠨ ᠨᠡᠶᠢᠲᠡ ᠶᠢ ᠨᠡᠩ ᠢᠲᠡᠭᠡᠭᠦᠯᠬᠦ ᠬᠦᠴᠦᠨ ᠲᠠᠢ ᠪᠣᠯᠭᠠᠪᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ | ᠪᠠᠷᠢᠮᠲᠠᠯᠠᠵᠤ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠵᠤ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ | ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ︽ᠲᠦᠷᠪᠡᠨ ᠤᠬᠠᠮᠰᠠᠷ︾ ᠢ | ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ | ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠪᠡ᠃ ᠴᠢᠬᠤᠯᠠ ᠶᠡᠭᠡ ᠤᠴᠢᠷ ᠶᠠᠪᠤᠳᠠᠯ ᠢ ᠰᠢᠶᠠᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠲᠦᠷᠢᠮ ᠢ ᠴᠢᠩᠭ᠎ᠠ ᠬᠡᠷᠡᠭᠵᠢᠭᠦᠯᠪᠡ᠃ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ | ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠵᠢᠯ ᠳᠠᠷᠠᠭᠠᠯᠠᠨ ᠪᠠᠭᠤᠷᠠᠵᠤ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠠᠵᠢᠯ ᠰᠢᠨ᠎ᠡ ᠠᠮᠵᠢᠯᠲᠠ ᠪᠦᠲᠦᠮᠵᠢ ᠤᠯᠪᠠ᠃ | ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠨ ᠪᠤᠳᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠬᠤᠶᠠᠷ ᠢ ᠬᠦᠷᠢᠶᠡᠯᠡᠬᠦ ᠬᠠᠷᠠᠭᠠᠯᠵᠠᠯ᠂ ᠲᠠᠩᠰᠠ ᠡᠪᠬᠡᠮᠡᠯ | ᠲᠡᠤᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ᠂ ᠭᠠᠯ ᠤᠨᠲᠠᠷᠠᠭᠠᠬᠤ ᠵᠡᠷᠭᠡ ᠠᠵᠢᠯ ᠴᠢᠩᠭᠠᠳᠬᠠᠭᠳᠠᠵᠤ᠂ | ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠬᠠᠷᠢᠶᠠᠲᠤ ᠨᠠᠷ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠨᠠᠰᠤᠲᠠᠶᠢᠴᠤᠳ ᠢ ᠠᠬᠢᠭᠤᠯᠬᠤ ᠡᠪᠯᠡᠯ᠂ ᠨᠡᠶᠢᠭᠡᠮ ᠤᠨ ᠠᠬᠢᠭᠤᠯᠬᠤ ᠡᠪᠯᠡᠯ᠂ ᠨᠢᠭᠦᠯᠡᠰᠦᠩᠭᠦᠶ ᠶᠢᠨ ᠶᠡᠷᠦᠩᠬᠡᠶ ᠡᠪᠯᠡᠯ | ᠪᠠ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠲᠠᠢ ᠪᠣᠯᠪᠠ᠃ | ᠲᠥᠯᠥᠭᠡᠯᠡᠭᠴᠢᠳ ᠡ︕ ᠲᠦᠷᠪᠡᠨ ᠵᠢᠯ ᠤᠨ ᠬᠥᠭᠵᠢᠯᠲᠡ ᠲᠦᠢᠯ ᠤᠨ ᠶᠡᠷᠦ ᠪᠤᠰᠤ ᠶᠢᠨ ᠪᠠᠶᠢᠵᠤ᠂ | ᠲᠦᠷᠪᠡᠨ ᠵᠢᠯ ᠤᠨ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠤᠨ᠎ᠠ᠃ ᠡᠳᠡᠭᠡᠷ ᠠᠮᠵᠢᠯᠲᠠ ᠶᠢ | ᠣᠯᠤᠭᠰᠠᠨ ᠨᠢ ᠬᠠᠮᠤᠭ ᠤᠨ ᠦᠨᠳᠦᠰᠦᠨ ᠵᠦᠢᠯ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠵᠠᠮᠴᠢᠯᠠᠨ ᠵᠢᠯᠣᠭᠤᠳᠬᠤ ᠵᠠᠯᠠᠭᠤᠷ ᠲᠤ ᠪᠤᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠵᠠᠮ ᠵᠢᠭᠠᠵᠤ ᠴᠢᠭᠯᠡᠯ ᠲᠣᠭᠲᠠᠭᠠᠭᠰᠠᠨ ᠳᠤ ᠪᠤᠢ᠂ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠴᠢᠩ ᠰᠡᠳᠬᠢᠯ ᠤᠨ ᠬᠠᠯᠠᠮᠵᠢᠯᠠᠯ ᠳᠤ ᠪᠤᠢ᠂ ᠰᠢᠶᠠᠨ ᠤ ᠨᠠᠮ ᠤᠨ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠪᠣᠯᠤᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ | ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤ ᠪᠤᠢ᠂ ᠪᠦᠬᠦ ᠰᠢᠶᠠᠨ ᠤ ᠬᠠᠮᠲᠤ ᠶᠢᠨ ᠴᠢᠷᠮᠠᠶᠢᠯᠭ᠎ᠠ ᠳᠤ | ᠤᠯᠠᠨ ᠤ ᠬᠦᠴᠦ ᠬᠥᠯᠥᠰᠥ ᠰᠢᠩᠭᠡᠵᠦ ᠪᠤᠢ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ | ᠡᠮᠦᠨ᠎ᠡ ᠠᠴᠠ ᠪᠦᠬᠦ ᠰᠢᠶᠠᠨ ᠤ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠦᠢᠯᠡᠳᠪᠦᠷᠢ ᠬᠤᠳᠠᠯᠳᠤᠭᠠᠴᠢᠳ ᠤᠨ | ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ᠂ ᠠᠵᠢᠯ ᠠᠴᠠ ᠪᠠᠨ ᠰᠠᠯᠵᠤ | ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ᠂ ᠰᠢᠶᠠᠨ ᠳᠤ ᠰᠠᠭᠤᠭ᠎ᠠ ᠴᠡᠷᠢᠭ | ᠠᠩᠭᠢ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ | ᠂ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ᠂ ᠦᠴᠤᠸᠠᠨ ᠤ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠪᠠ ᠲᠡᠭᠦᠨ ᠳᠤ ᠣᠷᠣᠯᠴᠠᠭᠰᠠᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠶᠤᠯ ᠲᠦᠭᠰᠢᠭᠦᠷᠢ ᠶᠢ ᠪᠣᠳᠣᠯᠬᠢᠯᠠᠪᠠᠯ ᠰᠠᠢᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ | ᠵᠣᠪᠠᠭᠤᠷᠢ ᠶᠢ ᠮᠡᠳᠡᠪᠡᠯ ᠰᠠᠢᠢ ᠬᠦᠴᠢᠷ ᠪᠡᠷᠬᠡ ᠶᠢ ᠢᠯᠠᠨ ᠳᠠᠪᠠᠵᠤ ᠴᠢᠳᠠᠨ᠎ᠠ᠃ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠪᠢᠳᠡᠨ ᠳᠤ ᠪᠠᠰᠠ ᠵᠠᠷᠢᠮ ᠬᠦᠴᠢᠷᠳᠡᠯ ᠪᠠ ᠠᠰᠠᠭᠤᠳᠠᠯ | ᠲᠤᠯᠭᠠᠷᠠᠵᠤ ᠪᠠᠶᠢᠨ᠎ᠠ᠃ ᠨᠢᠭᠡ ᠳᠤ᠂ ᠲᠣᠭᠲᠠᠭᠤᠨ ᠢᠶᠠᠷ ᠨᠡᠮᠡᠭᠳᠡᠭᠦᠯᠬᠦ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ ᠠᠵᠤ ᠦᠢᠯᠡᠰ ᠤᠨ | ᠪᠦᠲᠦᠴᠡ ᠲᠠᠩ ᠴᠤᠯᠭᠤᠢ᠂ ᠲᠡᠰ ᠳᠠᠪᠬᠤᠷᠭ᠎ᠠ ᠥᠨᠳᠥᠷ ᠪᠢᠰᠢ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠭᠦᠨ ᠳᠠᠪᠬᠤᠷᠭ᠎ᠠ ᠶᠢᠨ ᠵᠥᠷᠢᠴᠡᠯ ᠪᠣᠯᠤᠨ ᠠᠰᠠᠭᠤᠳᠠᠯ ᠢ ᠬᠠᠷᠠᠬᠠᠨ ᠦᠨᠳᠦᠰᠦᠨ ᠠᠴᠠ ᠨᠢ | ᠰᠢᠢᠳᠪᠦᠷᠢᠯᠡᠭᠡᠳᠦᠢ ᠪᠠᠶᠢᠭᠰᠠᠭᠠᠷ᠃ ᠬᠤᠶᠠᠷ ᠲᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ | ᠯᠡ ᠲᠤᠪᠤᠶᠢᠮ᠎ᠠ ᠪᠠᠶᠢᠵᠤ᠂ ᠡᠳ᠋ ᠤᠨ ᠬᠦᠴᠦᠨ ᠤ ᠰᠢᠨ᠎ᠡ ᠨᠡᠮᠡᠭᠳᠡᠯ ᠤᠨ ᠴᠡᠭ ᠢ ᠬᠠᠷᠠᠬᠠᠨ ᠪᠤᠶᠢᠵᠢᠭᠤᠯᠵᠤ᠂ ᠥᠷᠢ | ᠥᠭᠴᠡᠭᠡ ᠶᠢ ᠠᠷᠢᠯᠭᠠᠬᠤ ᠪᠠ ︽ᠭᠤᠷᠪᠠ ᠶᠢ ᠪᠠᠲᠤᠯᠠᠬᠤ︾ ᠶᠢᠨ ᠳᠠᠷᠤᠯᠲᠠ ᠶᠡᠬᠡᠰᠴᠦ᠂ ᠡᠳ᠋ ᠤᠨ ᠵᠠᠰᠠᠭ ᠤᠨ | ᠲᠤᠬᠢᠷᠠᠭᠤᠯᠤᠯᠳᠡ ᠶᠢᠨ ᠡᠷᠭᠢᠯᠲᠡ ᠶᠢᠨ ᠣᠷᠣᠨ ᠵᠠᠶ ᠪᠠᠭᠠᠰᠴᠤ ᠪᠠᠶᠢᠨ᠎ᠠ᠃ ᠭᠤᠷᠪᠠ ᠳᠤ᠂ ᠬᠤᠳᠠ ᠬᠥᠳᠡᠭᠡ ᠶᠢᠨ | ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡ ᠳᠤ ᠳᠤᠲᠠᠭᠤᠳᠠᠯ ᠣᠷᠣᠰᠢᠵᠤ᠂ ᠠᠷᠠᠳ ᠤᠨ | ᠠᠮᠢᠳᠤᠷᠠᠯ ᠤᠨ ᠲᠠᠯ᠎ᠠ ᠪᠠᠷ ᠬᠢ ᠵᠠᠷᠢᠮ ᠬᠠᠯᠠᠭᠤᠨ ᠴᠡᠭ ᠤᠨ ᠠᠰᠠᠭᠤᠳᠠᠯ ᠪᠠ ᠪᠡᠷᠬᠡᠲᠡᠶ ᠠᠰᠠᠭᠤᠳᠠᠯ ᠢ ᠪᠠᠰᠠ | ᠰᠠᠶᠢᠲᠤᠷ ᠰᠢᠢᠳᠪᠦᠷᠢᠯᠡᠭᠡᠳᠦᠢ ᠪᠠᠶᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠣᠬᠢᠬᠤ ᠵᠥᠷᠢᠶ᠎ᠡ ᠲᠠᠢ | ᠪᠠᠶᠢᠨ᠎ᠠ᠃ ᠲᠦᠷᠪᠡ ᠳᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠳᠠᠷᠤᠯᠲᠠ ᠨᠡᠯᠢᠶᠡᠳ ᠶᠡᠭᠡ᠂ ᠪᠣᠬᠢᠷᠲᠤᠯ ᠢ | ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠦᠢᠯᠡᠳᠦᠯᠭᠡᠵᠢᠭᠦᠯᠬᠦ᠂ | ᠪᠣᠬᠢᠷᠲᠤᠯ ᠦᠭᠡᠢ ᠬᠥᠭᠵᠢᠯᠲᠡ ᠶᠢ ᠬᠠᠷᠠᠬᠠᠨ ᠨᠡᠯᠢᠶᠡᠳ ᠶᠡᠭᠡ ᠰᠢᠪᠲᠤᠯᠤᠯᠲᠠ ᠲᠠᠢ ᠪᠣᠯᠤᠭᠠᠳᠤᠢ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ᠂ | ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠦᠷᠭᠦᠯᠵᠢᠯᠡᠨ ᠬᠦᠴᠦ ᠣᠷᠣᠭᠤᠯᠬᠤ ᠴᠢᠬᠤᠯᠠᠲᠠᠢ | ᠪᠠᠶᠢᠨ᠎ᠠ᠃ ᠲᠠᠪᠤ ᠳᠤ᠂ ᠬᠡᠰᠡᠭ ᠺᠠᠳ᠋ᠷ ᠤᠨ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠬᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠠᠨᠢᠯᠲᠠ ᠳᠤᠲᠠᠮᠠᠭ᠂ ᠴᠢᠳᠠᠪᠤᠷᠢ ᠴᠢᠩᠭ᠎ᠠ ᠪᠢᠰᠢ᠂ ᠰᠤᠷᠲᠠᠯ | ᠪᠣᠳᠠᠲᠠᠢ ᠪᠢᠰᠢ᠂ ᠬᠥᠭᠵᠢᠯᠲᠡ ᠶᠢ ᠠᠳᠬᠤᠬᠤ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠮᠥᠨ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠡᠭᠦᠨ ᠳᠤ᠂ | ᠪᠢᠳᠡ ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠤᠲᠠᠭᠤᠳᠠᠯ ᠤᠨ ᠠᠰᠠᠭᠤᠳᠠᠯ ᠳᠤ | ᠰᠢᠭᠤᠳ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ ᠰᠢᠢᠳᠪᠦᠷᠢᠯᠡᠨ᠎ᠡ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠴᠢᠭᠯᠡᠯ | ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ | ᠤᠷᠤᠭᠰᠢᠯᠠᠬᠤ ᠲᠠᠪᠤᠨ ᠵᠢᠯ ᠪᠣᠯᠤᠨ᠎ᠠ᠂ ᠮᠥᠨᠴᠦ ᠦᠴᠤᠸᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠪᠡᠶᠡᠯᠡᠭᠦᠯᠬᠦ ᠲᠠᠪᠤᠨ ᠵᠢᠯ | ᠪᠣᠯᠤᠨ᠎ᠠ᠂ ᠨᠡᠩ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠠᠬᠢᠭᠤᠯᠬᠤ ᠲᠠᠪᠤᠨ ᠵᠢᠯ ᠪᠣᠯᠤᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠡᠩ | ᠰᠠᠨᠠᠭᠠᠴᠢᠯᠠᠭ᠎ᠠ ᠠᠴᠠ ᠪᠠᠨ ᠤᠯᠤᠰ ᠲᠦᠷᠦ ᠶᠢᠨ ᠡᠭᠦᠷᠭᠡᠯᠡᠯ᠂ ᠬᠠᠷᠢᠭᠤᠴᠠᠯᠭ᠎ᠠ ᠡᠭᠦᠷᠭᠡᠯᠡᠯ᠂ ᠬᠥᠭᠵᠢᠯᠲᠡ ᠶᠢᠨ | ᠡᠭᠦᠷᠭᠡᠯᠡᠯ ᠢ ᠡᠭᠦᠷᠭᠡᠯᠡᠵᠦ᠂ ᠭᠦᠶᠦᠭᠴᠢ ᠶᠢᠨ ᠪᠠᠶᠢᠳᠠᠯ ᠢᠶᠠᠷ ᠯᠠᠪᠳᠠᠭᠤᠨ ᠪᠠᠲᠤᠲᠠᠢ ᠠᠵᠢᠯᠯᠠᠵᠤ᠂ ᠲᠡᠮᠡᠴᠡᠭᠴᠢ ᠶᠢᠨ | ᠲᠦᠷᠢ ᠪᠠᠶᠢᠳᠠᠯ ᠢᠶᠠᠷ ᠰᠢᠨ᠎ᠡ ᠶᠢ ᠡᠭᠦᠳᠴᠦ ᠬᠦᠴᠦᠷᠬᠡᠭᠵᠢᠬᠦ ᠪᠠᠷ ᠴᠢᠷᠮᠠᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ︽ᠤᠯᠤᠰ ᠤᠨ ᠶᠡᠭᠡ ᠶᠠᠪᠤᠳᠠᠯ︾ ᠢ | ᠪᠠᠲᠤ ᠴᠡᠭᠡᠵᠢᠯᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠶ ᠪᠠᠲᠤ ᠴᠣᠭᠴᠠᠯᠠᠵᠤ᠂ ︽ᠲᠠᠪᠤ ᠶᠢ | ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠪᠣᠯᠤᠨ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠶ ᠪᠠᠷ ᠠᠬᠢᠭᠤᠯᠬᠤ ᠶᠢᠨ ᠲᠣᠭᠤᠷᠢᠨ ᠳᠤ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠶᠢ ᠪᠠᠷᠢᠮᠲᠠᠯᠠᠵᠤ᠂ ︽ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠬᠥᠭᠵᠢᠯᠲᠡ ᠪᠠ ᠠᠮᠢ ᠠᠬᠤᠶ ᠶᠢᠨ ᠬᠤᠶᠠᠷ | ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠬᠥᠭᠵᠢᠯᠲᠡ ᠪᠣᠯᠤᠨ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ | ᠨᠢᠭᠡᠳᠦᠯᠲᠡᠢ ᠲᠥᠯᠥᠪᠵᠢᠭᠦᠯᠵᠦ᠂ ᠥᠨᠳᠦᠷᠯᠢᠭ ᠤᠨ ᠤᠨᠴᠠᠯᠢᠬᠳᠤ ᠣᠳᠣᠬᠢᠴᠢᠯᠠᠭᠰᠠᠨ ᠮᠠᠯ ᠠᠵᠤ ᠠᠬᠤᠢ | ᠲᠠᠷᠢᠶᠠᠯᠠᠩ ᠤᠨ ᠰᠠᠭᠤᠷᠢᠨ ᠭᠠᠵᠠᠷ᠂ ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠪᠣᠯᠤᠨ ᠰᠣᠶᠣᠯ | ᠵᠤᠭᠠᠴᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠪᠦᠬᠦ | ᠬᠦᠴᠦᠨ ᠢᠶᠠᠷ ᠢᠶᠠᠨ ︽ᠵᠢᠷᠭᠤᠭᠠᠨ ᠰᠢᠨ᠎ᠡ ᠦᠴᠤᠸᠠᠨ︾ ᠤ ᠪᠦᠳᠦᠭᠡᠨ ᠪᠠᠶᠢᠭᠤᠯᠤᠯᠲᠠ ᠳᠤ ᠰᠢᠨ᠎ᠡ | ᠰᠢᠪᠲᠤᠯᠤᠯᠲᠠ ᠲᠠᠢ ᠪᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠵᠠᠮ ᠳᠤ ᠦᠴᠤᠸᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠬᠥᠭᠵᠢᠭᠦᠯᠦᠯᠲᠡ ᠶᠢᠨ ᠭᠤᠣᠯ ᠬᠠᠷᠠᠯᠲᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ | ᠪᠦᠷᠢ ᠳᠤᠮᠳᠠᠴᠢ ᠪᠠᠷ 6% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ | ᠪᠦᠷᠢ ᠳᠤᠮᠳᠠᠴᠢ ᠪᠠᠷ 7% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠢ ᠵᠢᠯ ᠪᠦᠷᠢ ᠳᠤᠮᠳᠠᠴᠢ ᠪᠠᠷ 5% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 5% ᠣᠷᠴᠢᠮ ᠨᠡᠮᠡᠭᠳᠡᠭᠦᠯᠵᠦ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ ᠵᠢᠯ ᠪᠦᠷᠢ ᠳᠤᠮᠳᠠᠴᠢ ᠪᠠᠷ 8% ᠠᠴᠠ | ᠳᠡᠭᠡᠭᠰᠢ ᠨᠡᠮᠡᠭᠳᠡᠭᠦᠯᠵᠦ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ | ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ 7% ᠠᠴᠠ ᠳᠡᠭᠡᠭᠰᠢ ᠨᠡᠮᠡᠭᠳᠡᠭᠦᠯᠵᠦ᠂ | ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ | ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ 10% ᠠᠴᠠ ᠳᠡᠭᠡᠭᠰᠢ ᠨᠡᠮᠡᠭᠳᠡᠭᠦᠯᠵᠦ᠂ ᠠᠵᠤ ᠠᠬᠤᠶ ᠶᠢᠨ | ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ ᠶᠢ ᠦᠷᠭᠦᠯᠵᠢᠯᠡᠨ ᠣᠷᠣᠨ ᠪᠠᠶᠢᠷᠢ ᠳᠤᠨᠢ ᠣᠷᠣᠭᠤᠯᠤᠨ᠎ᠠ᠃ | ᠡᠨᠡᠬᠦ ᠠᠵᠢᠯ ᠤᠨ ᠰᠡᠳᠬᠢᠴᠡ ᠪᠣᠯᠤᠨ ᠬᠥᠭᠵᠢᠯᠲᠡ ᠶᠢᠨ ᠬᠠᠷᠠᠯᠲᠠ ᠶᠢᠨ ᠶᠣᠰᠣᠭᠠᠷ᠂ ᠬᠤᠶᠢᠰᠢᠳᠠ ᠶᠢᠨ | ᠲᠠᠪᠤᠨ ᠵᠢᠯ ᠳᠤ ︽ᠳᠤᠯᠤᠭ᠎ᠠ ᠶᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ | ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ ᠵᠡᠷᠭᠡᠪᠡᠷ | ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠵᠣᠯᠭᠠᠭᠤᠯᠬᠤ ᠲᠥᠷᠥ ᠶᠢᠨ | ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠪᠠᠲᠤᠯᠠᠵᠤ᠂ ᠬᠠᠪᠰᠤᠷᠤᠨ ᠲᠡᠳᠬᠦᠬᠦ ᠬᠦᠴᠦᠨ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠨ᠎ᠠ᠃ | ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠩᠭᠤ ᠶᠢᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠲᠣᠭᠲᠠᠴᠠ ᠶᠢ ᠪᠦᠷᠢᠨᠰᠢᠬᠦᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠦᠯᠦ ᠡᠭᠦᠰᠭᠡᠬᠦ ᠬᠤᠷᠢᠭ᠎ᠠ | ᠱᠤᠭᠤᠮ ᠢ ᠡᠷᠡᠰ ᠰᠠᠬᠢᠨ᠎ᠠ᠃ ᠶᠠᠳᠠᠭᠤ ᠶᠢ ᠲᠡᠳᠬᠦᠬᠦ ᠵᠦᠢᠯᠡᠰ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ | ᠬᠢᠨᠠᠯᠲᠠ ᠶᠢ ᠴᠢᠩᠭᠠᠳᠬᠠᠨ᠎ᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠤᠤᠭᠤᠬᠤ | ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠥᠲᠥᠴᠢ ᠠᠵᠤ ᠠᠬᠤᠶᠢᠯᠠᠯ | ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠵᠢᠯ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠ | ᠲᠠᠷᠢᠶᠠᠴᠢᠨ ᠡᠷᠦᠬᠡ ᠵᠡᠷᠭᠡ ᠳᠥᠷᠪᠡᠨ ᠭᠤᠤᠯ ᠴᠣᠭᠴᠠ ᠳᠤ ᠲᠦᠰᠢᠭᠯᠡᠨ᠂ ︽ᠬᠤᠶᠠᠷ ᠪᠤᠭᠤᠳᠠᠢ ᠨᠢᠭᠡ ᠲᠥᠮᠥᠰᠥ | ᠨᠢᠭᠡ ᠬᠤᠨᠢ︾ ᠵᠡᠷᠭᠡ ᠠᠵᠤ ᠦᠢᠯᠡᠰ ᠢ ᠣᠨᠴᠠᠯᠢᠬᠵᠢᠭᠤᠯᠬᠤ᠂ ᠪᠣᠬᠢᠷᠲᠤᠯ ᠥᠬᠡᠶ ᠪᠣᠯᠭᠠᠬᠤ᠂ ᠨᠠᠷᠠᠲᠤ ᠲᠥᠷᠥᠯ | ᠲᠡᠮᠳᠡᠭᠵᠢᠭᠦᠯᠬᠦ ᠬᠥᠭᠵᠢᠯᠲᠡ ᠶᠢ ᠲᠦᠷᠭᠡᠳᠬᠡᠨ᠎ᠡ᠃ ᠲᠤᠰ ᠭᠠᠵᠠᠷ ᠤᠨ ᠬᠥᠮᠦᠵᠢᠭᠦᠯᠬᠦ ᠪᠠ ᠣᠷᠣᠭᠤᠯᠵᠤ | ᠠᠪᠴᠢᠷᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠨᠤᠲᠤᠭ ᠤᠨ ᠴᠢᠳᠠᠪᠤᠷᠢᠲᠠᠨ ᠪᠠ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠴᠢᠳᠠᠪᠤᠷᠢᠲᠠᠨ ᠢ | ᠲᠠᠲᠠᠵᠤ ᠨᠤᠲᠤᠭ ᠲᠤᠨᠢ ᠪᠤᠴᠠᠭᠠᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ | ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠵᠠᠯᠠᠭᠤᠴᠤᠳ᠂ ᠰᠢᠨᠵᠢᠯᠡᠬᠦ | ᠤᠬᠠᠭᠠᠨ ᠮᠡᠷᠭᠡᠵᠢᠯ ᠤᠨ ᠠᠵᠢᠯᠲᠠᠨ ᠤ ᠬᠥᠳᠡᠭᠡ ᠲᠣᠰᠬᠤᠨ ᠳᠤ ᠬᠦᠷᠴᠦ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ ᠬᠥᠳᠡᠭᠡ ᠲᠣᠰᠬᠤᠨ ᠤ ᠵᠠᠩ ᠰᠤᠷᠲᠠᠯ ᠤᠨ | ᠪᠣᠯᠪᠠᠰᠤᠨ ᠢ ᠬᠥᠮᠦᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠪᠣᠯᠪᠠᠰᠤᠨ ᠲᠣᠰᠬᠤᠨ ᠪᠠᠯᠭᠠᠰᠤ᠂ | ᠪᠣᠯᠪᠠᠰᠤᠨ ᠭᠡᠷ ᠪᠦᠯᠢ ᠪᠠ ᠶᠣᠰᠣ ᠮᠣᠷᠠᠯ ᠤᠨ ᠵᠢᠱᠢᠶᠡᠴᠢ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠰᠢᠯᠢᠳᠡᠭ ᠲᠠᠷᠢᠶᠠᠯᠠᠬᠤ ᠰᠣᠶᠣᠯ᠂ ᠵᠠᠩ ᠦᠢᠯᠡ ᠶᠢᠨ ᠰᠣᠶᠣᠯ ᠢᠶᠠᠷ ᠪᠣᠯᠪᠠᠰᠤᠨ ᠬᠥᠳᠡᠭᠡ | ᠲᠣᠰᠬᠤᠨ ᠤ ᠵᠠᠩ ᠰᠤᠷᠲᠠᠯ ᠢ ᠪᠤᠶᠢᠵᠢᠭᠤᠯᠤᠨ᠎ᠠ᠃ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ | ᠪᠠᠶᠢᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ | ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ | ᠤᠰᠤ᠂ ᠴᠠᠬᠢᠯᠭᠠᠨ᠂ ᠵᠠᠮ᠂ ᠮᠡᠳᠡᠭᠡ ᠬᠤᠯᠪᠣᠭ᠎ᠠ᠂ ᠡᠳ᠋ ᠪᠠᠷᠠᠭᠠᠨ ᠤ ᠭᠦᠢᠯᠭᠡᠭᠡ ᠵᠡᠷᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ | ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠪᠣᠬᠢᠷ ᠤᠰᠤ ᠶᠢ ᠵᠠᠰᠠᠬᠤ ᠪᠠ ᠲᠣᠰᠬᠤᠨ ᠤ ᠳᠦᠷᠰᠦ | ᠪᠠᠶᠢᠳᠠᠯ ᠢ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ | ᠰᠠᠭᠤᠬᠤ ᠴᠡᠪᠡᠷ ᠲᠡᠭᠰᠢ ᠡᠮᠬᠢ ᠵᠢᠷᠤᠮ ᠲᠠᠢ ᠣᠷᠴᠢᠨ ᠨᠥᠬᠦᠴᠡᠯ ᠢ ᠪᠤᠢ ᠪᠣᠯᠭᠠᠨ᠎ᠠ᠃ ᠭᠠᠴᠠᠭᠠᠨ ᠤ ᠠᠷᠠᠳ ᠤᠨ | ᠵᠥᠪᠯᠡᠯ ᠢ ᠵᠢᠷᠤᠮᠵᠢᠭᠤᠯᠬᠤ ᠪᠠᠶᠢᠭᠤᠯᠤᠯᠲᠠ ᠪᠠ ᠭᠠᠴᠠᠭᠠᠨ ᠤ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠵᠤ | ᠂ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠭᠰᠠᠨ᠂ ᠤᠯᠠᠨ ᠲᠦᠮᠡᠨ ᠤ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ᠂ ᠡᠯ᠎ᠡ ᠲᠦᠷᠦᠯ ᠤᠨ ᠠᠵᠤ ᠠᠬᠤᠶ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠲᠠᠷᠢᠶᠠᠴᠢᠨ ᠤᠯᠠᠨ ᠲᠦᠮᠡᠨ ᠥᠷᠭᠡᠨ ᠢᠶᠠᠷ ᠣᠷᠣᠯᠴᠠᠭᠰᠠᠨ ᠬᠥᠳᠡᠭᠡ ᠲᠣᠰᠬᠤᠨ ᠢ ᠬᠠᠮᠵᠢᠯᠴᠠᠨ | ᠵᠠᠰᠠᠬᠤ ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠱᠢᠶ᠎ᠡ ᠦᠵᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠢᠭᠡ ᠪᠦᠯᠦᠭ ᠥᠨᠳᠥᠷ | ᠪᠠᠷᠢᠮᠵᠢᠶᠠᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ᠎ᠠ | ᠃ | ᠬᠤᠶᠠᠷ ᠲᠤ᠂ ᠠᠵᠤ ᠠᠬᠤᠶ ᠶᠢᠨ ᠬᠥᠭᠵᠢᠯᠲᠡ ᠶᠢᠨ ᠬᠤᠷᠳᠤᠴᠠ ᠪᠣᠯᠤᠨ ᠶᠠᠰᠤ ᠴᠢᠨᠠᠷ ᠤᠨ ᠬᠤᠣᠰ | ᠳᠡᠭᠡᠭᠰᠢᠯᠡᠯᠲᠡ ᠶᠢ ᠲᠦᠯᠬᠢᠨ ᠠᠬᠢᠭᠤᠯᠤᠨ᠎ᠠ᠃ ᠪᠥᠬᠦ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ | ᠬᠥᠭᠵᠢᠭᠦᠯᠬᠦ ᠶᠢ ᠢᠮᠠᠭᠲᠠ ᠴᠢᠬᠤᠯᠠ ᠡᠭᠦᠷᠭᠡ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︽ᠬᠤᠶᠠᠷ ᠪᠤᠭᠤᠳᠠᠢ ᠨᠢᠭᠡ ᠲᠥᠮᠥᠰᠥ ᠨᠢᠭᠡ | ᠬᠤᠨᠢ︾ ᠪᠠᠷ ᠭᠤᠣᠯᠳᠠᠯᠭ᠎ᠠ ᠪᠣᠯᠭᠠᠭᠰᠠᠨ ᠥᠨᠳᠦᠷᠯᠢᠭ ᠤᠨ ᠤᠨᠴᠠᠯᠢᠭᠳᠤ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠶ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠶᠡᠭᠡ | ᠳᠡᠭᠡᠳᠦ ᠰᠤᠷᠭᠠᠭᠤᠯᠢ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ | ᠭᠤᠤᠯᠳᠠᠯᠭ᠎ᠠ ᠲᠠᠢ ᠪᠠᠷ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ᠂ ᠪᠣᠬᠢᠷᠲᠤᠯ ᠥᠬᠡᠶ ᠳᠠᠷᠢᠵᠤ ᠲᠡᠵᠢᠭᠡᠬᠦ᠂ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠮᠡᠷᠭᠡᠵᠢᠯ ᠤᠨ ᠬᠦᠷᠢᠶᠡᠨ ᠳᠤ | ᠰᠢᠪᠲᠤᠯᠤᠯᠲᠠ ᠭᠠᠷᠭᠠᠵᠤ᠂ ᠲᠥᠮᠥᠰᠥ᠂ ᠨᠣᠬᠠᠶ ᠶᠢᠨ ᠬᠤᠰᠢᠭᠤ᠂ ᠨᠦᠢᠯ ᠪᠤᠭᠤᠳᠠᠢ᠂ ᠠᠯᠠᠰᠢᠨ ᠬᠤᠨᠢ ᠵᠡᠷᠭᠡ | ᠭᠤᠤᠯᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠥᠷᠲᠡᠭ ᠤᠨ ᠬᠡᠯᠬᠢᠶ᠎ᠡ ᠶᠢᠨ ᠳᠡᠭᠡᠳᠦ ᠲᠠᠰ ᠳᠠᠰᠢ ᠳᠡᠭᠡᠭᠰᠢᠯᠡᠬᠦ ᠶᠢ ᠪᠡᠶᠡᠯᠡᠭᠦᠯᠦᠨ᠎ᠡ᠃ ᠨᠢᠭᠡ ᠪᠦᠯᠦᠭ ᠢᠳᠡᠭᠡᠨ ᠤ | ᠪᠠᠺᠲ᠋ᠧᠷᠢ᠂ ᠬᠢᠲᠠᠳ ᠡᠮ ᠤᠨ ᠮᠠᠲ᠋ᠧᠷᠢᠶᠠᠯ᠂ ᠪᠤᠷᠴᠠᠭ ᠴᠠᠶ ᠵᠡᠷᠭᠡ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠢ ᠪᠤᠶᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ︽ᠶᠤᠸᠠᠨ ᠸᠧᠢ ᠦᠴᠤᠸᠠᠨ︾ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠬᠠᠮᠠᠭᠠᠯᠠᠯᠲᠠ᠂ ᠦᠢᠯᠡᠳᠬᠦᠨ ᠤ ᠪᠠᠷᠢᠮᠵᠢᠶ᠎ᠠ᠂ ᠶᠠᠰᠤ ᠴᠢᠨᠠᠷ ᠤᠨ | ᠠᠮᠤᠷ ᠲᠦᠪᠰᠢᠨ ᠤ ᠮᠥᠷᠳᠡᠯᠲᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠰᠢᠰᠲ᠋ᠧᠮᠵᠢ ᠶᠢ | ᠲᠦᠷᠭᠡᠳᠬᠡᠨ ᠪᠠᠶᠢᠭᠤᠯᠵᠤ᠂ ︽ᠶᠤᠸᠠᠨ ᠸᠧᠢ ᠦᠴᠤᠸᠠᠨ︾ ᠤ ᠡᠯᠧᠺᠲᠷᠣᠨ ᠬᠤᠳᠠᠯᠳᠤᠭᠠᠨ ᠤ ᠲᠠᠪᠴᠠᠩ ᠤᠨ | ᠪᠠᠶᠢᠭᠤᠯᠤᠯᠲᠠ ᠶᠢ ᠠᠬᠢᠭᠤᠯᠤᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠶᠢ | ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ | ᠲᠣᠰᠣᠯᠠᠭᠠᠨ ᠤᠰᠤᠯᠠᠬᠤ ᠪᠡᠯᠡᠳᠬᠡᠮᠵᠢᠲᠦ ᠲᠠᠷᠢᠶᠠᠨ ᠭᠠᠵᠠᠷ ᠢ 30 ᠲᠦᠮᠡᠨ ᠮᠥ᠂ ᠬᠠᠭᠤᠷᠠᠶ ᠲᠠᠷᠢᠮᠠᠯ ᠤᠨ | ᠲᠣᠭᠲᠠᠭᠤᠨ ᠤᠨᠠᠯᠲᠠ ᠲᠠᠢ ᠲᠠᠷᠢᠶᠠᠨ ᠭᠠᠵᠠᠷ ᠢ 100 ᠲᠦᠮᠡᠨ ᠮᠥ ᠥᠭᠡᠷᠡᠴᠢᠯᠡᠨ ᠪᠠᠶᠢᠭᠤᠯᠵᠤ᠂ ᠠᠮᠤ | ᠪᠤᠳᠠᠭᠠᠨ ᠤ ᠵᠢᠯ ᠤᠨ ᠶᠡᠷᠦᠩᠬᠡᠶ ᠤᠨᠠᠯᠲᠠ ᠶᠢ 25 ᠲᠦᠮᠡᠨ ᠲᠣᠨ ᠣᠷᠴᠢᠮ ᠳᠤ ᠲᠣᠭᠲᠠᠪᠤᠷᠢᠵᠢᠭᠤᠯᠤᠨ᠎ᠠ᠃ | ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠪᠠᠷ ᠭᠤᠣᠯᠳᠠᠯᠭ᠎ᠠ ᠪᠣᠯᠭᠠᠭᠰᠠᠨ ᠬᠤᠶᠠᠳᠤᠭᠠᠷ ᠠᠵᠤ ᠦᠢᠯᠡᠰ ᠢ | ᠬᠦᠴᠦᠷᠬᠡᠭᠵᠢᠭᠦᠯᠦᠨ᠎ᠡ᠃ ᠥᠩᠭᠡ ᠦᠵᠡᠮᠵᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︽ᠬᠤᠶᠠᠷ | ᠵᠠᠭᠤᠨ ᠲᠦᠮᠡᠨ ᠺᠢᠯᠣᠸᠠᠲ ᠤᠨ ᠲᠠᠰ︾ ᠤᠨ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠢᠳᠡᠪᠬᠢᠲᠡᠶ ᠪᠠᠷ | ᠴᠣᠭᠴᠠᠯᠠᠨ ᠪᠠᠶᠢᠭᠤᠯᠵᠤ᠂ ᠴᠡᠪᠡᠷ ᠡᠨᠧᠷᠭᠢ ᠪᠠᠷ ᠤᠰᠤᠲᠥ᠋ᠷᠥᠭᠴᠢ ᠦᠢᠯᠡᠳᠬᠦ᠂ ᠡᠨᠧᠷᠭᠢ ᠬᠠᠳᠠᠭᠠᠯᠠᠬᠤ᠂ ᠡᠬᠢ | ᠰᠤᠷᠪᠤᠯᠵᠢ ᠶᠢᠨ ᠲᠣᠤᠷ ᠤᠨ ᠴᠡᠨᠡᠭ ᠨᠥᠭᠡᠴᠡᠯᠡᠬᠦ ᠶᠢ ᠨᠢᠭᠡ ᠴᠣᠠᠠᠴᠠᠵᠢᠭᠤᠯᠬᠤ ᠪᠠ ︽ᠣᠭᠤᠷᠴᠤᠭ ᠬᠠᠷᠢᠶ᠎ᠠ ᠭᠠᠵᠠᠷ︾ | ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠥᠷᠥᠯ ᠵᠦᠢᠯ ᠢ ᠵᠡᠷᠭᠡ ᠳᠤᠨᠢ ᠠᠬᠢᠭᠤᠯᠤᠨ᠎ᠠ᠃ | ᠢᠵᠢ ᠪᠦᠷᠢᠳᠦᠭᠦᠯᠬᠦ ᠴᠠᠬᠢᠯᠭᠠᠨ ᠲᠣᠣᠷ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠰᠢᠷ᠎ᠠ ᠪᠤᠷᠴᠠᠭ ᠤᠨ | ᠫᠦᠰᠡ ᠶᠢᠨ ᠬᠦᠴᠦᠳᠡᠯ ᠥᠭᠡᠷᠡᠴᠢᠯᠡᠬᠦ ᠥᠷᠳᠡᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ ᠥᠭᠡᠷᠡᠴᠢᠯᠡᠯᠲᠡ ᠶᠢ ᠲᠥᠯᠬᠢᠨ | ᠠᠬᠢᠭᠤᠯᠵᠤ᠂ ᠪᠠᠷᠠᠭᠤᠨ ᠣᠷᠣᠨ ᠤ 500Kv ᠬᠤᠷᠠᠭᠤᠯᠬᠤ ᠥᠷᠳᠡᠭᠡ ᠶᠢ ᠰᠠᠭᠤᠷᠢᠰᠢᠭᠤᠯᠬᠤ ᠪᠥᠳᠥᠭᠡᠨ | ᠪᠠᠶᠢᠭᠤᠯᠤᠯᠲᠠ ᠶᠢ ᠲᠦᠷᠭᠡᠳᠬᠡᠨ᠂ ᠴᠡᠪᠡᠷ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠣᠷᠣᠨ ᠵᠠᠶ ᠶᠢ | ᠨᠡᠭᠡᠭᠡᠨ᠎ᠡ᠃ ᠪᠦᠬᠦ᠋ᠢᠯᠡ ᠰᠢᠶᠠᠨ ᠤ ᠭᠡᠷ ᠤᠨ ᠣᠷᠣᠢ ᠶᠢᠨ ᠬᠡᠯᠪᠡᠷᠢᠲᠦ ᠲᠠᠷᠬᠠᠮᠠᠯ ᠬᠡᠯᠪᠡᠷᠢ ᠶᠢᠨ ᠭᠡᠷᠡᠯ ᠸᠣᠯᠲ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠴᠠᠬᠢᠯᠭᠠᠨ ᠢᠶᠠᠷ ᠨᠡᠭᠦᠷᠡᠰᠦ ᠶᠢ | ᠣᠷᠣᠯᠠᠭᠤᠯᠬᠤ᠂ ᠴᠠᠬᠢᠯᠭᠠᠨ ᠢᠶᠠᠷ ᠲᠤᠰᠤ ᠶᠢ ᠣᠷᠣᠯᠠᠭᠤᠯᠬᠤ ᠬᠡᠷᠡᠭᠯᠡᠯᠲᠡ ᠶᠢ ᠥᠷᠭᠡᠳᠬᠡᠵᠦ᠂ ᠲᠠᠷᠬᠠᠮᠠᠯ | ᠬᠡᠯᠪᠡᠷᠢ ᠪᠠᠷ ᠨᠡᠭᠡᠭᠡᠨ ᠬᠥᠭᠵᠢᠭᠦᠯᠬᠦ᠂ ᠣᠶᠢᠷ᠎ᠠ ᠬᠠᠪᠢ ᠳᠠᠭᠠᠨ ᠰᠢᠩᠭᠡᠭᠡᠬᠦ ᠰᠢᠨ᠎ᠡ ᠬᠡᠯᠪᠡᠷᠢ ᠶᠢᠨ ᠡᠨᠧᠷᠭᠢ ᠶᠢᠨ | ᠰᠤᠷᠪᠤᠯᠵᠢ ᠶᠢᠨ ᠬᠡᠷᠡᠭᠯᠡᠭᠡᠨ ᠤ ᠪᠠᠶᠢᠷᠢᠰᠢᠯ ᠢ ᠪᠤᠢ ᠪᠣᠯᠭᠠᠨ᠎ᠠ᠃ 2025 ᠣᠨ ᠪᠣᠯᠬᠤ ᠳᠤ᠂ ᠴᠡᠪᠡᠷ ᠡᠨᠧᠷᠭᠢ ᠶᠢᠨ | ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ 4GW ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ | ᠠᠭᠤᠷᠬᠠᠶ ᠨᠡᠭᠡᠭᠡᠨ ᠮᠠᠯᠲᠠᠬᠤ ᠠᠵᠤ ᠠᠬᠤᠶᠢᠯᠠᠯ ᠢ ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠪᠠᠷᠢᠮᠵᠢᠶ᠎ᠠ ᠪᠠ ᠱᠠᠭᠠᠷᠳᠠᠯᠭ᠎ᠠ ᠳᠤ ᠨᠡᠶᠢᠴᠡᠬᠦ ᠥᠬᠡᠶ ᠶᠢ ᠨᠢ | ᠵᠢᠯ ᠢᠶᠠᠷ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ ᠰᠣᠶᠣᠯ ᠵᠢᠭᠤᠯᠴᠢᠯᠠᠯ ᠤᠨ ᠦᠢᠯᠡᠰ ᠢᠶᠠᠷ ᠭᠤᠤᠯᠳᠠᠯᠭ᠎ᠠ | ᠪᠣᠯᠭᠠᠭᠰᠠᠨ ᠭᠤᠷᠪᠠᠳᠤᠭᠠᠷ ᠠᠵᠤ ᠦᠢᠯᠡᠰ ᠢ ᠠᠮᠢᠳᠤᠯᠢᠭ ᠪᠣᠯᠭᠠᠨ᠎ᠠ᠃ ᠣᠷᠣᠨ ᠤ ᠲᠥᠪ ᠤᠨ ᠤᠮᠠᠷᠠᠰᠢ ᠨᠡᠭᠡᠭᠡᠯᠲᠡ | ᠬᠢᠬᠦ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠭᠦᠶ᠋ᠴᠡᠳ ᠠᠭᠤᠳᠠᠯᠤᠨ ᠠᠰᠢᠭᠯᠠᠵᠤ᠂ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ︽ᠵᠢᠭᠤᠯᠴᠢᠯᠠᠯ ᠤᠨ ᠨᠡᠪᠲᠡᠷᠡᠬᠦ ᠵᠠᠮ︾ | ᠢ ︽ᠨᠡᠪᠲᠡᠷᠡᠬᠦ ᠵᠠᠮ ᠤᠨ ᠵᠢᠭᠤᠯᠴᠢᠯᠠᠯ︾ ᠳᠠᠰᠢ ᠬᠤᠪᠢᠷᠠᠭᠤᠯᠬᠤ ᠶᠢ ᠠᠬᠢᠭᠤᠯᠵᠤ᠂ ︽ᠵᠠᠮ ᠤᠨ ᠬᠠᠵᠠᠭᠤ ᠶᠢᠨ | ᠠᠵᠤ ᠠᠬᠤᠶ︾ ᠶᠢ ︽ᠪᠣᠳᠠᠲᠠᠶᠢᠵᠢᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ | ᠬᠤᠪᠢᠰᠬᠠᠯ ᠤᠨ ᠵᠢᠭᠤᠯᠴᠢᠯᠠᠯ ᠤᠨ ᠰᠤᠳᠤᠯᠬᠤ ᠰᠤᠷᠤᠯᠴᠠᠬᠤ ᠵᠢᠭᠤᠯᠴᠢᠯᠠᠯ᠂ ᠲᠠᠯ᠎ᠠ ᠨᠤᠲᠤᠭ ᠤᠨ ᠠᠮᠢ ᠠᠬᠤᠶ ᠶᠢᠨ | ᠵᠢᠭᠤᠯᠴᠢᠯᠠᠯ᠂ ᠲᠡᠤᠬᠡ ᠰᠣᠶᠣᠯ ᠤᠨ ᠵᠢᠭᠤᠯᠴᠢᠯᠠᠯ᠂ ᠠᠷᠠᠳ ᠤᠨ ᠵᠠᠩ ᠦᠢᠯᠡ ᠶᠢᠨ ᠬᠥᠳᠡᠭᠡ ᠲᠣᠰᠬᠤᠨ ᠤ | ᠵᠢᠭᠤᠯᠴᠢᠯᠠᠯ᠂ ᠮᠥᠰᠥ ᠴᠠᠰᠤᠨ ᠤ ᠪᠡᠶᠡᠴᠢᠯᠡᠨ ᠣᠶᠢᠯᠠᠭᠠᠬᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠭᠤᠤᠯ | ᠰᠡᠳᠦᠪᠲᠦ ᠵᠠᠮ ᠱᠤᠭᠤᠮ ᠢ ᠭᠠᠷᠭᠠᠨ᠎ᠠ᠃ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ | ᠥᠬᠡᠶ ᠲᠡᠭᠦᠯᠳᠡᠷᠵᠢᠭᠦᠯᠵᠦ᠂ ᠠᠷᠠᠳ ᠤᠨ ᠣᠷᠣᠨ ᠰᠠᠭᠤᠴᠠ᠂ ᠬᠡᠷ ᠲᠡᠷᠭᠡ ᠶᠢᠨ ᠪᠠᠭᠤᠴᠠ᠂ ᠠᠮᠢ ᠠᠬᠤᠶ + | ᠪᠡᠶᠡᠴᠢᠯᠡᠨ ᠣᠶᠢᠯᠠᠭᠠᠬᠤ᠂ ᠬᠤᠪᠢᠰᠬᠠᠯ + ᠨᠣᠭᠤᠭᠠᠨ ᠬᠡᠭᠡᠷ᠎ᠡ ᠶᠢᠨ ᠠᠮᠢ ᠠᠬᠤᠶ ᠶᠢᠨ ᠬᠥᠳᠡᠭᠡ ᠨᠤᠲᠤᠭ ᠤᠨ | ᠵᠢᠭᠤᠯᠴᠢᠯᠠᠯ ᠵᠡᠷᠭᠡ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠬᠥᠭᠵᠢᠭᠦᠯᠦᠨ᠎ᠡ᠃ | ᠮᠥᠩᠭᠦᠨ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ᠂ ᠡᠳ᠋ ᠪᠠᠷᠠᠭᠠᠨ ᠤ ᠭᠦᠢᠯᠭᠡᠭᠡ᠂ ᠡᠷᠡᠭᠦᠯᠵᠢᠯ ᠰᠤᠪᠢᠯᠠᠯᠲᠠ ᠵᠡᠷᠭᠡ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠭᠤᠷᠪᠠᠳᠤᠭᠠᠷ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ 2022 | ᠣᠨ ᠳᠤ ᠦᠴᠤᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠴᠢᠷᠮᠠᠶᠢᠨ ᠪᠡᠶᠡᠯᠡᠭᠦᠯᠵᠦ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠨ᠎ᠠ᠃ | ᠭᠤᠷᠪᠠ ᠳᠤ᠂ ᠠᠮᠢ ᠠᠬᠤᠢ ᠶᠢᠨ ᠦᠷ᠎ᠡ ᠠᠰᠢᠭ ᠪᠣᠯᠤᠨ ᠦᠷᠳᠡᠭ ᠤᠨ ᠬᠤᠣᠰ ᠳᠡᠭᠡᠭᠰᠢᠯᠡᠯᠲᠡ ᠶᠢ | ᠠᠬᠢᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ | ᠬᠤᠪᠢᠷᠠᠭᠤᠯᠬᠤ ᠶᠢ ᠪᠦᠬᠦ ᠬᠦᠷᠢᠶᠡᠨ ᠳᠤ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠰᠢᠶᠠᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠶᠢᠨ ᠰᠢᠨ᠎ᠡ ᠶᠢ | ᠡᠭᠦᠳᠬᠦ ᠦᠢᠯᠡᠳᠦᠯᠭᠡ ᠶᠢᠨ ᠭᠠᠵᠠᠷ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠣᠷᠣᠨ ᠤ ᠲᠥᠪ ᠤᠨ ᠬᠤᠶᠢᠲᠤ | ᠬᠡᠰᠡᠭ ᠤᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ | ᠴᠣᠭᠴᠠᠯᠠᠨ᠎ᠠ᠃ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ | ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠠ᠃ ᠠᠷᠢᠭᠤᠨ ᠴᠡᠪᠡᠷ | ᠳᠤᠯᠠᠭᠠᠯᠭ᠎ᠠ ᠶᠢᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ | ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠷᠢᠯᠭ᠎ᠠ ᠶᠢᠨ ᠭᠠᠵᠠᠷ ᠤᠨ ᠳᠡᠭᠳᠡᠮᠡᠯ ᠲᠣᠭᠤᠰᠣ | ᠰᠢᠷᠣᠶ ᠶᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠵᠤ᠂ ᠪᠦᠬᠦ ᠰᠢᠶᠠᠨ ᠤ ᠣᠷᠴᠢᠨ ᠠᠬᠤᠶ ᠶᠢᠨ ᠠᠭᠠᠷ ᠤᠨ ᠶᠠᠰᠤ ᠴᠢᠨᠠᠷ ᠤᠨ ᠰᠢᠯᠢᠳᠡᠭ | ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ ︽ | ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠪᠠᠶᠢᠭᠠᠳ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ | ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭᠠᠬᠢ ᠠᠵᠢᠯ ᠢ ᠪᠡᠶᠡᠯᠡᠭᠦᠯᠵᠦ᠂ | ᠠᠭᠤᠷᠬᠠᠶ ᠶᠢᠨ ᠠᠮᠢ ᠠᠬᠤᠶ ᠶᠢᠨ ᠵᠠᠰᠠᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ︽ᠳᠥᠷᠪᠡᠨ ᠤᠰᠤ ᠳᠥᠷᠪᠡ ᠶᠢ | ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠤᠱᠯᠠᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ︽ᠭᠤᠷᠪᠠᠨ ᠤᠯᠠᠭᠠᠨ ᠱᠤᠭᠤᠮ︾ ᠤᠨ ᠬᠠᠮᠢᠶᠠᠷᠤᠯᠲᠠ ᠡᠵᠡᠮᠳᠡᠯ ᠢ ᠲᠠᠰᠤᠷᠠᠯᠲᠠ ᠥᠬᠡᠶ ᠴᠢᠩᠭᠠᠳᠬᠠᠵᠤ᠂ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ ᠤᠨ ᠪᠠᠯᠠ ᠮᠥᠩᠭᠦ ᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ | ᠬᠢᠨ᠎ᠡ᠃ ᠴᠢᠩᠭ᠎ᠠ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ ᠤᠮᠠᠷᠠᠲᠤ | ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ | ᠲᠠᠯ᠎ᠠ ᠪᠠᠷ ᠪᠡᠶᠡᠯᠡᠭᠦᠯᠦᠨ᠎ᠡ᠃ 2025 ᠣᠨ ᠪᠣᠯᠬᠤ ᠳᠤ᠂ ᠣᠶ ᠰᠢᠭᠤᠶ ᠡᠪᠡᠰᠦ ᠪᠡᠯᠴᠢᠭᠡᠷ ᠤᠨ ᠶᠡᠷᠦᠩᠬᠡᠶᠢᠯᠡᠭᠰᠡᠨ | ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 39.4% ᠳᠤ ᠬᠦᠷᠦᠭᠦᠯᠬᠦ ᠪᠠᠷ ᠴᠢᠷᠮᠠᠶᠢᠨ᠎ᠠ᠃ ᠬᠥᠷᠥᠰᠥ | ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠤᠨ ᠤᠯᠠᠨ ᠡᠬᠢᠳᠤ | ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ | ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ | ᠬᠠᠮᠢᠶᠠᠷᠤᠯᠲᠠ ᠶᠢ ᠴᠢᠩᠭᠠᠳᠬᠠᠨ᠂ ︽ᠬᠤᠶᠠᠷ ᠦᠨᠳᠦᠷ︾ ᠲᠥᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠴᠢᠩᠭ᠎ᠠ ᠬᠢᠵᠠᠭᠠᠷᠯᠠᠨ᠎ᠠ᠃ ᠠᠮᠢ ᠠᠬᠤᠶ ᠶᠢᠨ ᠪᠣᠯᠪᠠᠰᠤᠨ ᠢ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠩᠭᠠᠳᠬᠠᠵᠤ᠂ ᠪᠣᠬᠢᠷᠲᠤᠯ ᠦᠭᠡᠢ ᠬᠡᠷᠡᠭᠯᠡᠭᠡ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ | ᠠᠬᠤᠶ ᠶᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ | ᠲᠦᠷᠪᠡ ᠳᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠪᠣᠯᠤᠨ ᠠᠭᠤᠯᠤᠭᠳᠠᠬᠤᠨ ᠤ ᠬᠤᠣᠰ | ᠳᠡᠭᠡᠭᠰᠢᠯᠡᠯᠲᠡ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ | ᠪᠠᠯᠭᠠᠰᠤ ᠶᠢ ᠪᠥᠲᠥᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠰᠠᠭᠤᠷᠢ ᠳᠤᠲᠠᠭᠤᠳᠠᠯ ᠢ ᠲᠠᠰᠤᠷᠠᠯᠲᠠ ᠥᠬᠡᠶ | ᠨᠥᠬᠦᠪᠥᠷᠢᠯᠡᠵᠦ᠂ ᠬᠤᠲᠠ ᠪᠠᠯᠭᠠᠰᠤ ᠶᠢᠨ ᠠᠮᠢ ᠠᠬᠤᠶ ᠶᠢ ᠵᠠᠰᠠᠨ ᠰᠡᠷᠭᠦᠭᠡᠵᠦ᠂ ᠬᠤᠲᠠ ᠶᠢᠨ ᠥᠩᠭᠡ ᠦᠵᠡᠮᠵᠢ ᠶᠢ | ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ | ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠪᠠᠯᠭᠠᠰᠤ ᠶᠢᠨ | ᠬᠠᠭᠤᠴᠢᠨ ᠪᠠ ᠬᠠᠭᠤᠴᠢᠷᠬᠠᠰᠠᠨ ᠵᠢᠵᠢᠭ ᠲᠣᠭᠤᠷᠢᠭ ᠢ ᠥᠭᠡᠷᠡᠴᠢᠯᠡᠬᠦ᠂ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ᠂ ᠴᠢᠳᠠᠮᠵᠢ ᠨᠢ ᠪᠦᠷᠢᠨ ᠲᠡᠭᠦᠯᠳᠡᠷ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠪᠣᠬᠢᠷᠲᠤᠯ ᠥᠬᠡᠶ | ᠳᠣᠤᠷ᠎ᠠ ᠨᠡᠭᠦᠷᠡᠰᠦᠲᠥ᠋ᠷᠥᠭᠴᠢᠲᠦ ᠪᠥᠲᠥᠭᠡᠨ ᠪᠠᠶᠢᠭᠤᠯᠤᠯᠲᠠ᠂ ᠬᠠᠭᠤᠴᠢᠨ ᠬᠡᠷ ᠪᠠᠶᠢᠰᠢᠩ ᠢ ᠥᠭᠡᠷᠡᠴᠢᠯᠡᠨ | ᠰᠠᠶᠢᠵᠢᠷᠠᠭᠤᠯᠵᠤ ᠳᠡᠭᠡᠭᠰᠢᠯᠡᠭᠦᠯᠬᠦ᠂ ᠳᠦᠷᠢ ᠲᠥᠷᠬᠦ ᠶᠢ ᠱᠤᠭᠤᠬᠤ ᠪᠠ ᠲᠡᠤᠬᠡ ᠰᠣᠶᠣᠯ ᠢ ᠬᠠᠮᠠᠭᠠᠯᠠᠨ ᠨᠡᠭᠡᠭᠡᠨ | ᠬᠥᠭᠵᠢᠭᠦᠯᠬᠦ᠂ ᠪᠣᠬᠢᠷᠲᠤᠯ ᠥᠬᠡᠶ ᠡᠨᠧᠷᠭᠢ ᠠᠷᠪᠢᠯᠠᠬᠤ ᠪᠠᠷᠢᠯᠭ᠎ᠠ᠂ ᠬᠡᠷ ᠪᠠᠶᠢᠰᠢᠩ ᠭᠠᠵᠠᠷ ᠬᠥᠷᠥᠩᠭᠡ ᠶᠢ ᠨᠡᠭᠡᠭᠡᠨ | ᠬᠥᠭᠵᠢᠭᠦᠯᠬᠦ ︽ᠶᠢᠰᠦᠨ ᠶᠡᠭᠡ ᠢᠨᠵᠧᠨᠧᠷᠢᠩ︾ ᠢ ᠡᠮᠬᠢ ᠵᠢᠷᠤᠮ ᠲᠠᠢ ᠬᠡᠷᠡᠭᠵᠢᠭᠦᠯᠵᠦ᠂ ︽ᠣᠷᠣᠰᠢᠨ ᠰᠠᠭᠤᠬᠤ ᠳᠤ | ᠲᠣᠬᠢᠷᠠᠮᠵᠢᠲᠠᠶ᠂ ᠠᠵᠢᠯᠯᠠᠬᠤ ᠳᠤ ᠲᠣᠬᠢᠷᠠᠮᠵᠢᠲᠠᠶ᠂ ᠰᠤᠷᠤᠯᠴᠠᠬᠤ ᠳᠤ ᠲᠣᠬᠢᠷᠠᠮᠵᠢᠲᠠᠶ᠂ ᠲᠡᠵᠢᠭᠡᠬᠦ ᠳᠤ ᠲᠣᠬᠢᠷᠠᠮᠵᠢᠲᠠᠶ | ᠂ ᠵᠤᠭᠠᠴᠠᠬᠤ ᠳᠤ ᠲᠣᠬᠢᠷᠠᠮᠵᠢᠲᠠᠶ︾ ᠣᠶᠤᠨᠴᠢ ᠵᠢᠵᠢᠭ ᠬᠤᠲᠠ ᠪᠠᠯᠭᠠᠰᠤ ᠶᠢ ᠴᠢᠷᠮᠠᠶᠢᠨ ᠪᠥᠲᠥᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠬᠥᠳᠡᠭᠡ ᠲᠣᠰᠬᠤᠨ ᠤ ᠭᠡᠷ ᠪᠠᠶᠢᠰᠢᠩ ᠪᠠ ᠠᠶᠢᠯ | ᠲᠣᠰᠬᠤᠨ ᠤ ᠣᠳᠣᠬᠢᠴᠢᠯᠠᠯᠲᠠ︾ ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠥᠳᠡᠭᠡ | ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | | ᠲᠠᠪᠤ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠷᠴᠢᠮ ᠪᠣᠯᠤᠨ ᠳᠤᠯᠠᠭᠠᠨ ᠤ ᠬᠡᠮᠵᠢᠶ᠎ᠡ ᠶᠢ ᠵᠡᠷᠭᠡᠪᠡᠷ | ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠴᠢᠩᠭᠠᠳᠬᠠᠵᠤ᠂ ᠨᠡᠩ ᠭᠦᠢᠴᠡᠳ ᠨᠡᠩ ᠴᠢᠨᠠᠷ | ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠵᠦ᠂ 2025 ᠣᠨ ᠪᠣᠯᠬᠤ ᠳᠤ᠂ 1 ᠲᠦᠮᠡ ᠠᠴᠠ ᠳᠡᠭᠡᠭᠰᠢ | ᠬᠥᠮᠦᠨ ᠳᠤ ᠰᠢᠨ᠎ᠡ ᠪᠠᠷ ᠠᠵᠢᠯ ᠣᠯᠭᠤᠵᠤ᠂ 6000 ᠠᠴᠠ ᠳᠡᠭᠡᠭᠰᠢ ᠠᠵᠢᠯ ᠣᠯᠭᠤᠵᠤ ᠦᠢᠯᠡᠰ ᠪᠤᠰᠬᠠᠬᠤ | ᠪᠣᠯᠪᠠᠰᠤᠷᠠᠯ ᠢ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠤᠷᠮ᠎ᠠ ᠶᠢ 5% ᠤᠨ ᠳᠣᠲᠣᠷ᠎ᠠ ᠬᠢᠵᠠᠭᠠᠷᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠠᠵᠢᠯᠲᠠᠨ ᠢ ᠪᠦᠬᠦᠨ ᠢ ᠬᠠᠮᠤᠷᠬᠤ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ᠶᠡᠷᠦᠩᠬᠡᠶ ᠯᠠᠩᠭᠦᠶ ᠶᠢᠨ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ | ᠶᠠᠪᠤᠭᠤᠯᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠪᠦᠬᠦ | ᠤᠯᠤᠰ ᠲᠤ ᠨᠢᠭᠡᠳᠦᠯᠲᠡᠶ ᠲᠥᠯᠥᠪᠯᠡᠬᠦ ᠠᠵᠢᠯ ᠢ ᠯᠠᠪᠳᠠᠭᠤᠨ ᠢᠶᠠᠷ ᠬᠢᠨ᠎ᠡ᠃ ᠶᠤᠰᠤ ᠰᠤᠷᠲᠠᠬᠤᠨ ᠢ ᠪᠤᠢ ᠪᠣᠯᠭᠠᠵᠤ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠵᠦ᠂ ᠪᠦᠬᠦ ᠬᠤᠳᠠ ᠳᠤ ᠤᠷᠢᠳᠠᠪᠠᠷ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠰᠢᠯᠭᠠᠯᠲᠠ ᠶᠢ ᠥᠩᠭᠡᠷᠡᠭᠦᠯᠬᠦ ᠪᠠᠷ | ᠴᠢᠷᠮᠠᠶᠢᠨ᠎ᠠ᠃ ︽ᠭᠤᠷᠪᠠᠨ ᠨᠡᠷᠡᠰ ᠤᠨ ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠰᠤᠷᠭᠠᠭᠤᠯᠢ ︵ᠴᠡᠴᠡᠷᠯᠢᠭ | ︶ ᠶᠢᠨ ᠳᠠᠷᠤᠭ᠎ᠠ᠂ ᠪᠠᠭᠰᠢ ᠶᠢᠨ ᠬᠤᠶᠠᠷ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠲᠡᠷᠢᠭᠦᠨ ᠤ | ᠰᠤᠷᠭᠠᠭᠤᠯᠢ ᠡᠷᠭᠢᠯᠡᠬᠦ ᠣᠨᠣᠯᠵᠢᠬᠤᠨ ᠢ ᠣᠷᠣᠭᠤᠯᠤᠨ ᠠᠪᠴᠢᠷᠠᠵᠤ ᠣᠷᠣᠨ ᠤ ᠳᠣᠲᠣᠷ᠎ᠠ ᠭᠠᠳᠠᠨᠠᠬᠢ ᠰᠢᠯᠢᠳᠡᠭ | ᠰᠤᠷᠭᠠᠨ ᠬᠥᠮᠦᠵᠢᠯ ᠤᠨ ᠡᠬᠢ ᠪᠠᠶᠠᠯᠢᠭ ᠯᠤᠭ᠎ᠠ ᠬᠤᠯᠪᠣᠭᠠᠯᠠᠨ ᠰᠤᠷᠭᠠᠭᠤᠯᠢ ᠡᠷᠭᠢᠯᠡᠵᠦ᠂ 1 — 2 | ᠲᠠᠷᠢᠶᠠᠯᠠᠩ ᠤᠨ ᠬᠤᠰᠢᠭᠤ ᠰᠢᠶᠠᠨ ᠤ ᠰᠠᠭᠤᠷᠢ ᠰᠤᠷᠭᠠᠨ ᠬᠥᠮᠦᠵᠢᠯ ᠤᠨ ᠨᠠᠷᠠᠲᠤ ᠲᠥᠷᠥᠯ ᠲᠡᠮᠳᠡᠭᠲᠦ | ᠰᠤᠷᠭᠠᠭᠤᠯᠢ ᠶᠢ ᠪᠣᠶ ᠪᠣᠯᠭᠠᠨ᠎ᠠ᠃ ᠰᠢᠶᠠᠨ ᠰᠢᠶᠠᠩ ᠲᠣᠰᠬᠤᠨ ᠢ ᠨᠢᠭᠡ ᠴᠤᠭᠴᠠᠵᠢᠭᠤᠯᠤᠭᠰᠠᠨ ᠡᠮᠴᠢᠯᠡᠭᠡᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠨᠢᠭᠲᠠ ᠬᠡᠯᠪᠡᠷᠢ ᠶᠢᠨ | ᠡᠮᠴᠢᠯᠡᠭᠡᠨ ᠤ ᠬᠤᠯᠪᠣᠭᠠᠲᠤ ᠴᠣᠭᠴᠠ᠂ ᠨᠠᠷᠠᠲᠤ ᠡᠮᠴᠢᠯᠡᠭᠡᠨ ᠤ ᠠᠵᠢᠯᠯᠠᠬᠤ ᠲᠠᠰᠤᠭ᠂ ᠦᠨᠳᠦᠰᠦᠨ ᠱᠠᠲᠤᠨ ᠤ | ᠤᠨᠴᠠᠯᠢᠭᠳᠤ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠡᠷᠬᠢᠨ ᠲᠣᠭᠤᠷᠢᠨ ᠤ | ᠬᠤᠰᠢᠭᠤ ᠰᠢᠶᠠᠨ ᠳᠤ ᠨᠥᠯᠥᠭᠡᠯᠡᠬᠦ ᠬᠦᠴᠦᠨ ᠲᠠᠢ 1-2 ᠤᠨᠴᠠᠯᠢᠭᠳᠤ ᠲᠤᠰᠬᠠᠶ ᠰᠠᠯᠠᠭ᠎ᠠ ᠶᠢ ᠪᠣᠶ ᠪᠣᠯᠭᠠᠵᠤ᠂ | ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠂ ᠣᠯᠠᠨ ᠲᠦᠮᠡᠨ ᠤ | ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠮᠣᠩᠭᠤᠯ ᠬᠢᠲᠠᠳ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠪᠠ ᠳᠡᠯᠭᠡᠷᠡᠭᠦᠯᠦᠨ ᠬᠡᠷᠡᠭᠯᠡᠬᠦ ᠶᠢ | ᠴᠢᠬᠤᠯᠠᠴᠢᠯᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠶᠢ ᠨᠢᠭᠡᠳᠦᠯᠲᠡᠶ ᠲᠥᠯᠥᠪᠯᠡᠬᠦ ᠡᠷᠴᠢᠮ ᠢ ᠴᠢᠩᠭᠠᠷᠠᠭᠤᠯᠤᠨ᠎ᠠ᠃ ︽ᠨᠢᠭᠡ ᠨᠠᠰᠤᠲᠠᠨ ᠨᠢᠭᠡ | ᠪᠠᠭᠠᠴᠤᠳ︾ ᠤᠨ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠬᠥᠮᠦᠨ ᠠᠮᠠ ᠶᠢᠨ | ᠨᠠᠰᠤᠵᠢᠯᠲᠠ ᠶᠢᠨ ᠬᠠᠨᠳᠤᠰᠢ ᠶᠢ ᠢᠳᠡᠪᠬᠢᠲᠡᠶ ᠪᠠᠷ ᠠᠷᠭᠠᠴᠠᠨ᠎ᠠ᠃ | ᠵᠢᠷᠭᠤᠭ᠎ᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠣᠨᠴᠠᠯᠢᠭ ᠪᠣᠯᠤᠨ ᠦᠷ᠎ᠡ ᠪᠦᠲᠦᠮᠵᠢ ᠶᠢ | ᠵᠡᠷᠭᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ | ᠠᠭᠤᠰᠤᠯᠴᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠭᠦᠢᠴᠡᠳ ᠬᠥᠭᠵᠢᠭᠡᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ | ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠤ ᠡᠳ᠋ ᠬᠥᠷᠦᠩᠭᠡ ᠶᠢᠨ ᠦᠷᠲᠡᠭ ᠤᠨ ᠨᠡᠮᠡᠭᠳᠡᠯ ᠢ | ᠪᠡᠶᠡᠯᠡᠭᠦᠯᠦᠨ᠎ᠡ᠃ ᠬᠥᠳᠡᠭᠡ ᠲᠣᠰᠬᠤᠨ ᠤ ᠭᠠᠵᠠᠷ ᠰᠢᠷᠣᠶ ᠶᠢ ᠲᠠᠲᠠᠪᠤᠷᠢᠯᠠᠬᠤ᠂ ᠬᠠᠮᠲᠤ ᠶᠢᠨ ᠡᠵᠡᠩᠨᠡᠯᠲᠡ ᠶᠢᠨ | ᠴᠢᠨᠠᠷᠲᠠᠶ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ᠂ ᠣᠷᠣᠨ | ᠰᠠᠭᠤᠴᠠ ᠶᠢᠨ ᠰᠠᠭᠤᠷᠢ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠨᠢᠭᠡ ᠯᠡ ᠤᠳᠠᠭ᠎ᠠ ᠳᠤ ᠰᠢᠢᠳᠪᠦᠷᠢᠯᠡᠵᠦ ᠳᠠᠭᠤᠰᠬᠠᠬᠤ︾ ᠶᠢ | ᠪᠡᠶᠡᠯᠡᠭᠦᠯᠵᠦ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ | ᠨᠠᠩ ᠣᠯᠠᠨ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ ᠳᠤ ᠭᠦᠶᠦᠬᠦ︾ ᠵᠦᠢᠯᠡᠰ ᠢ ︽ᠨᠢᠭᠡ | ᠤᠳᠠᠭ᠎ᠠ ᠳᠤ ᠴᠤ ᠭᠦᠶᠦᠯᠭᠡᠬᠦ ᠥᠬᠡᠶ︾ ᠳᠠᠰᠢ ᠬᠤᠪᠢᠷᠠᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠮᠠᠯᠠᠯᠲᠠ ᠪᠠᠨ ᠪᠡᠶᠡᠯᠡᠭᠦᠯᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ᠃ | ᠠᠵᠤ ᠠᠬᠤᠶᠢᠯᠠᠯ ᠤᠨ ᠲᠦᠷᠦᠯ ᠵᠦᠢᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ᠂ ᠪᠦᠬᠦ | ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ ︽ᠡᠷᠬᠡ ᠲᠡᠭᠰᠢ᠂ ᠲᠥᠪ ᠭᠤᠣᠯᠴᠢ᠂ | ᠳᠥᠭᠦᠮ ᠳᠥᠲᠡ᠂ ᠪᠤᠰᠢᠭᠤ ᠲᠦᠷᠭᠡᠨ︾ ᠪᠠᠶᠢᠬᠤ ᠶᠢ ᠦᠴᠤᠸᠠᠨ ᠤ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠤ ᠴᠢᠬᠤᠯᠠ ᠨᠡᠷ᠎ᠡ ᠶᠢᠨ ᠬᠠᠭᠤᠳᠠᠰᠤ ᠪᠣᠯᠭᠠᠨ᠎ᠠ᠃ ᠤᠯᠠᠨ ᠲᠡᠰ ᠳᠠᠪᠬᠤᠷᠭ᠎ᠠ ᠶᠢᠨ ᠨᠡᠭᠡᠭᠡᠯᠳᠡ ᠶᠢᠨ | ᠬᠠᠮᠲᠤᠷᠠᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠣᠷᠴᠢᠨ ᠠᠬᠤᠶ ᠶᠢᠨ ᠳᠠᠭᠠᠭᠠᠴᠠ ᠶᠢᠨ ᠴᠢᠳᠠᠪᠤᠷᠢ ᠳᠤ | ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ | ᠠᠪᠴᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ᠎ᠡ᠃ | ᠲᠤᠯᠤᠭ᠎ᠠ ᠳᠤ᠂ ᠠᠷᠠᠳᠴᠢᠯᠠᠯ ᠬᠠᠤᠯᠢᠵᠢᠯ ᠪᠣᠯᠤᠨ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠬᠤᠣᠰ | ᠳᠡᠭᠡᠭᠰᠢᠯᠡᠯᠲᠡ ᠶᠢ ᠠᠬᠢᠭᠤᠯᠤᠨ᠎ᠠ᠃ ᠰᠢᠰᠲ᠋ᠧᠮᠲᠦ ᠰᠡᠳᠬᠢᠬᠦᠶ᠂ ᠬᠤᠷᠢᠭ᠎ᠠ ᠱᠤᠭᠤᠮ ᠤᠨ ᠰᠡᠳᠬᠢᠬᠦᠶ᠂ ᠬᠠᠤᠯᠢ ᠪᠠᠷ | ᠵᠠᠰᠠᠬᠤ ᠰᠡᠳᠬᠢᠬᠦᠶ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠤ ᠵᠠᠰᠠᠯᠲᠠ ᠶᠢᠨ ᠴᠢᠳᠠᠪᠤᠷᠢ ᠶᠢ ᠬᠦᠴᠦᠯᠡᠨ | ᠳᠡᠭᠡᠭᠰᠢᠯᠡᠭᠦᠯᠦᠨ᠎ᠡ᠃ ᠬᠠᠤᠯᠢ ᠶᠣᠰᠣᠭᠠᠷ ᠰᠢᠶᠠᠨ ᠢ ᠵᠠᠰᠠᠬᠤ ᠶᠢ ᠪᠠᠷᠢᠮᠲᠠᠯᠠᠵᠤ᠂ ᠨᠠᠢᠮᠠᠳᠤᠭᠠᠷ ᠲᠠᠪᠤᠨ ᠵᠢᠯ ᠤᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠨ᠂ ᠬᠠᠤᠯᠢ ᠪᠠᠷ ᠵᠠᠰᠠᠬᠤ ᠨᠡᠶᠢᠭᠡᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠨᠡᠩ ᠢᠯᠡᠭᠦᠦ ᠢᠯᠡᠷᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ | ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ | ᠰᠡᠳᠬᠢᠯ ᠳᠤ ᠨᠡᠩ ᠭᠦᠨ ᠰᠠᠭᠤᠭᠳᠠᠭᠤᠯᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠴᠢᠬᠤᠯᠠ ᠠᠬᠢᠴᠠ ᠲᠠᠢ ᠪᠤᠯᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠠᠮᠤᠷ | ᠠᠮᠤᠭᠤᠯᠠᠩ ᠦᠴᠤᠸᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ | ᠲᠣᠭᠲᠠᠴᠠ ᠶᠢ ᠪᠦᠷᠢᠨᠰᠢᠭᠦᠯᠦᠨ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠲᠡᠭᠦᠯᠳᠡᠷᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ | ᠲᠦᠯᠬᠢᠨ ᠠᠬᠢᠭᠤᠯᠤᠨ᠎ᠠ᠃ | ᠭᠤᠷᠪᠠ᠂ 2022 ᠣᠨ ᠤ ᠭᠤᠣᠯᠳᠠᠯᠭ᠎ᠠ ᠲᠠᠢ ᠠᠵᠢᠯ | 2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠠᠩᠬᠠᠨ ᠤ ᠵᠢᠯ ᠪᠣᠯᠤᠨ᠎ᠠ᠂ ᠮᠥᠨᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠴᠢᠬᠤᠯᠠ ᠨᠢᠭᠡ ᠵᠢᠯ ᠪᠣᠯᠤᠨ᠎ᠠ᠃ ᠪᠦᠬᠦ ᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ | 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 20% ᠠᠴᠠ | ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ | ᠨᠡᠮᠡᠭᠳᠡᠯ ᠤᠨ ᠬᠤᠷᠳᠤᠴᠠ ᠶᠢ 5% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 3% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠶ ᠲᠤᠭ᠎ᠠ ᠶᠢ 7% ᠠᠴᠠ ᠳᠡᠭᠡᠭᠰᠢ ᠨᠡᠮᠡᠭᠳᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠪᠠ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ | ᠲᠤᠰ 8% ᠪᠠ 11% ᠠᠴᠠ ᠳᠡᠭᠡᠭᠰᠢ ᠨᠡᠮᠡᠭᠳᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠯ | ︾ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠬᠤᠲᠠ ᠶᠢᠨ ᠪᠠᠭᠤᠯᠭᠠᠭᠰᠠᠨ ᠬᠠᠷᠠᠯᠲᠠᠲᠤ ᠡᠭᠦᠷᠭᠡ ᠶᠢ | ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠳᠣᠣᠷᠠᠬᠢ ᠶᠢᠰᠦᠨ ᠲᠠᠯ᠎ᠠ ᠶᠢᠨ ᠠᠵᠢᠯ ᠢ | ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠡᠷᠡᠰ ᠭᠤᠶᠢᠪᠢᠰᠢ | ᠦᠭᠡᠢ ᠠᠬᠢᠭᠤᠯᠵᠤ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠪᠠᠷ | ᠴᠢᠷᠮᠠᠶᠢᠨ᠎ᠠ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ | ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠶᠠᠳᠠᠭᠤ ᠠᠴᠠ | ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ᠂ | ᠭᠡᠨᠡᠳᠲᠡ ᠶᠢᠨ ᠶᠠᠪᠤᠳᠠᠯ ᠠᠴᠠ ᠪᠣᠯᠵᠤ ᠶᠠᠳᠠᠭᠤᠷᠠᠭᠰᠠᠨ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ᠵᠡᠷᠭᠡ | ᠭᠤᠣᠯᠳᠠᠯᠭ᠎ᠠ ᠲᠠᠢ ᠡᠲᠡᠭᠡᠳ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠤᠨᠢᠨ ᠳᠡᠭᠡᠷ᠎ᠡ ᠨᠢ ᠬᠠᠪᠰᠤᠷᠤᠨ | ᠲᠡᠳᠬᠦᠬᠦ ᠶᠢ ᠴᠢᠩᠭᠠᠳᠬᠠᠵᠤ᠂ ︽ᠭᠤᠷᠪᠠᠨ ᠲᠦᠷᠦᠯ ᠤᠨ ᠬᠢᠨᠠᠨ ᠬᠡᠮᠵᠢᠬᠦ ᠡᠲᠡᠭᠡᠳ︾ ᠤᠨ ᠨᠠᠰᠤᠵᠢᠯ ᠤᠨ | ᠠᠰᠠᠷᠠᠮᠵᠢ᠂ ᠡᠮ ᠡᠮᠨᠡᠯᠭᠡ᠂ ᠰᠠᠨᠠᠭᠠᠨ ᠳᠤ ᠦᠭᠡᠢ ᠬᠡᠷᠡᠭ ᠤᠨ ᠳᠠᠭᠠᠳᠬᠠᠯ ᠤᠨ ᠵᠣᠭᠤᠰ ᠢᠶᠠᠷ ᠲᠤᠰᠠᠯᠠᠬᠤ ᠠᠷᠭ᠎ᠠ | ᠬᠡᠮᠵᠢᠶ᠎ᠡ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠲᠦᠭᠰᠢᠭᠦᠷᠢ ᠶᠢ | ᠴᠠᠭ ᠲᠤᠬᠠᠢ ᠳᠤᠨᠢ ᠲᠠᠰᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ | ᠱᠤᠭᠤᠮ ᠢ ᠡᠷᠡᠰ ᠰᠠᠬᠢᠨ᠎ᠠ᠃ ᠠᠵᠤ ᠦᠢᠯᠡᠰ ᠤᠨ ᠬᠥᠭᠵᠢᠯᠲᠡ ᠶᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠦᠨᠳᠦᠰᠦᠨ ᠪᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ | ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠤᠨᠴᠠᠯᠢᠭᠳᠤ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠤᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠶᠢᠵᠢᠭᠤᠯᠤᠨ | ᠪᠤᠵᠠᠭᠠᠶᠢᠷᠠᠭᠤᠯᠵᠤ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ᠂ ᠲᠣᠰᠬᠤᠨ ᠤ ᠬᠠᠮᠲᠤ ᠶᠢᠨ ᠠᠵᠤ ᠠᠬᠤᠶ | ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠵᠡᠷᠭᠡ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠎ᠠ᠃ ᠬᠡᠷᠡᠭᠯᠡᠭᠡ ᠶᠢ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ ᠥᠷᠭᠡᠳᠬᠡᠵᠦ᠂ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠵᠤ᠂ ᠡᠵᠡᠩᠨᠡᠯᠲᠡ ᠶᠢᠨ | ᠴᠢᠨᠠᠷᠲᠠᠶ ᠣᠷᠣᠯᠭ᠎ᠠ ᠶᠢ ᠳᠡᠭᠡᠭᠰᠢᠯᠡᠭᠦᠯᠦᠨ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠴᠢᠳ ᠤᠨ | ᠲᠤᠰᠬᠠᠶ ᠠᠵᠢᠯ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠲᠡᠳᠬᠦᠨ | ᠪᠤᠵᠠᠭᠠᠶᠢᠷᠠᠭᠤᠯᠵᠤ᠂ ᠵᠢᠵᠢᠭ ᠲᠠᠷᠢᠶᠠᠴᠢᠨ ᠡᠷᠦᠭᠡ ᠪᠠ ᠤᠳᠤ ᠦᠶ᠎ᠡ ᠶᠢᠨ ᠲᠠᠷᠢᠶᠠᠯᠠᠩ ᠤᠨ ᠠᠰᠢᠭ ᠲᠤᠰᠠ ᠶᠢ | ᠬᠤᠯᠪᠣᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠵᠢᠭᠡᠯᠡᠯᠭᠡ᠂ | ᠪᠠᠭ᠎ᠠ ᠲᠣᠭᠠᠨ ᠤ ᠵᠢᠭᠡᠯᠡᠯᠭᠡ ᠵᠡᠷᠭᠡ ᠡᠯ᠎ᠡ ᠲᠦᠷᠦᠯ ᠤᠨ ᠵᠢᠭᠡᠯᠡᠯᠭᠡ ᠲᠠᠯᠪᠢᠬᠤ ᠶᠢ ᠨᠡᠮᠡᠭᠳᠡᠭᠦᠯᠦᠨ᠎ᠡ᠃ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠪᠠ ᠳᠤᠮᠳᠠᠳᠤ ᠤᠯᠤᠰ ᠤᠨ ᠲᠦᠩ ᠶᠦᠩ ᠮᠡᠷᠭᠡᠵᠢᠯ ᠤᠨ ᠪᠦᠯᠦᠭᠯᠡᠯ ᠤᠨ | ᠴᠢᠬ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ᠂ ᠬᠥᠳᠡᠯᠮᠦᠷᠢ | ᠦᠢᠯᠡᠴᠢᠯᠡᠭᠡ᠂ ᠬᠡᠷᠡᠭᠯᠡᠭᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ | ᠬᠥᠳᠡᠭᠡ ᠲᠣᠰᠬᠤᠨ ᠤ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠪᠠᠷ ᠲᠦᠯᠬᠢᠨ | ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 7 ᠵᠢᠱᠢᠶ᠎ᠡ ᠦᠵᠡᠭᠦᠯᠬᠦ ᠲᠣᠰᠬᠤᠨ ᠢᠶᠠᠷ | ᠵᠢᠯᠤᠭᠤᠳᠤᠯᠭ᠎ᠠ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠦᠷᠭᠦᠯᠵᠢᠯᠡᠨ ᠴᠡᠭᠴᠡᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠦᠨᠳᠦᠰᠦᠨ | ᠤᠯᠠᠨ ᠨᠡᠶᠢᠲᠡ ᠶᠢᠨ ᠦᠢᠯᠡᠴᠢᠯᠡᠭᠡᠨ ᠤ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠭᠠᠵᠠᠷ ᠣᠷᠣᠨ ᠤ | ᠪᠠᠶᠢᠳᠠᠯ ᠳᠤᠨᠢ ᠲᠤᠬᠢᠷᠠᠭᠤᠯᠤᠨ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ | ᠂ ᠬᠥᠳᠡᠭᠡ ᠲᠣᠰᠬᠤᠨ ᠤ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ | ᠬᠤᠭ ᠨᠣᠪᠰᠢ ᠶᠢ ᠬᠤᠷᠢᠶᠠᠨ ᠠᠪᠴᠤ ᠠᠵᠢᠯᠯᠠᠭᠤᠯᠬᠤ ᠭᠠᠵᠠᠷ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠠᠯ | ᠵᠢᠭᠦᠷᠲᠡᠨ ᠢ ᠲᠡᠵᠢᠭᠡᠨ ᠦᠷᠡᠵᠢᠭᠦᠯᠬᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠮᠤᠵᠢ ᠶᠢᠨ ᠵᠠᠮ ᠤᠨ | 311 ᠦᠴᠤᠸᠠᠨ ᠠᠴᠠ ᠶᠠᠩ ᠱᠣ᠋ ᠪᠠ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ | ᠱᠠᠲᠤᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ | ᠰᠠᠶᠢᠲᠤᠷ ᠬᠢᠨ᠎ᠠ᠃ ᠢᠳᠡᠪᠬᠢᠲᠡᠶ ᠪᠠᠷ ᠳᠡᠭᠡᠭᠰᠢ ᠪᠠᠨ ᠪᠡᠯᠡ ᠮᠥᠩᠭᠦ ᠭᠤᠶᠤᠴᠢᠯᠠᠵᠤ᠂ ᠬᠥᠳᠡᠭᠡ ᠲᠣᠰᠬᠤᠨ ᠤ ᠵᠠᠰᠠᠮᠠᠯ | ᠵᠠᠮ ᠤᠨ ᠪᠦᠲᠦᠭᠡᠨ ᠪᠠᠢᠭᠤᠯᠤᠯᠲᠠ ᠶᠢ 100 ᠺᠢᠯᠣᠮᠧᠲᠷ ᠪᠡᠶᠡᠯᠡᠭᠦᠯᠬᠦ ᠪᠠᠷ ᠴᠢᠷᠮᠠᠢᠨ᠎ᠠ᠃ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠶᠡᠬᠡᠪᠡᠷ ᠬᠥᠭᠵᠢᠭᠦᠯᠵᠦ᠂ ︽ᠬᠠᠩᠭᠠᠨ ᠪᠣᠷᠣᠯᠠᠭᠤᠯᠬᠤ e +︾ ᠠᠵᠢᠯ ᠢ ᠢᠳᠡᠪᠬᠢᠲᠡᠶ | ᠠᠬᠢᠭᠤᠯᠵᠤ᠂ ᠰᠢᠶᠠᠩ ᠪᠠᠯᠭᠠᠰᠤ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠥᠷᠲᠡᠭᠡ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠲᠦᠷᠭᠡᠨ ᠬᠦᠷᠭᠡᠯᠲᠡ ᠶᠢᠨ ᠬᠥᠳᠡᠭᠡ | ᠲᠣᠰᠬᠤᠨ ᠳᠤ ᠣᠷᠣᠬᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠰᠠᠶᠢᠵᠢᠷᠠᠭᠤᠯᠤᠨ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠦᠢᠯᠡᠰ ᠪᠤᠰᠬᠠᠵᠤ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠬᠥᠳᠡᠭᠡ ᠲᠣᠰᠬᠤᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢᠨ᠂ ᠲᠤᠰᠬᠠᠢ ᠮᠡᠷᠭᠡᠵᠢᠯ ᠤᠨ ᠤᠷ᠎ᠠ | ᠴᠢᠳᠠᠪᠤᠷᠢ ᠶᠢᠨ ᠬᠡᠯᠪᠡᠷᠢ ᠶᠢᠨ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠬᠡᠯᠪᠡᠷᠢ ᠶᠢᠨ ᠴᠢᠳᠠᠪᠤᠷᠢᠲᠠᠨ ᠢᠶᠠᠷ | ᠭᠤᠣᠯ ᠪᠣᠯᠭᠠᠭᠰᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ ᠬᠥᠮᠦᠵᠢᠭᠦᠯᠬᠦ ᠶᠢ ᠴᠢᠩᠭᠠᠳᠬᠠᠵᠤ᠂ | ᠨᠢᠭᠡ ᠪᠦᠯᠦᠭ ᠨᠤᠲᠤᠭ ᠤᠨ ᠴᠢᠳᠠᠪᠤᠷᠢᠲᠠᠨ ᠪᠠ ᠦᠢᠯᠡᠰ ᠪᠤᠰᠬᠠᠵᠤ ᠪᠠᠶᠠᠵᠢᠨ ᠴᠢᠨᠡᠭᠡᠯᠢᠭᠵᠢᠬᠦ ᠳᠠᠭᠠᠭᠤᠯᠤᠭᠴᠢ ᠶᠢ | ᠬᠥᠮᠦᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ | ᠬᠠᠩᠭᠠᠨ᠎ᠠ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ | ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠤᠨ ᠡᠬᠢ ᠪᠠᠶᠠᠯᠢᠭ ᠢ ᠨᠡᠶᠢᠳᠬᠡᠬᠦ ᠪᠠ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠤᠷᠲᠠᠯ | ᠪᠣᠯᠪᠠᠰᠤᠨ ᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ︵ᠬᠤᠶᠠᠷ︶ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠣᠷᠣᠨ ᠤ | ᠲᠥᠪ ᠤᠨ ᠬᠤᠶᠢᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ | ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ︽ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ︽ᠬᠤᠶᠠᠷ ᠬᠠᠯᠬᠠᠪᠴᠢ︾ ᠶᠢᠨ ᠪᠥᠲᠥᠭᠡᠨ | ᠪᠠᠶᠢᠭᠤᠯᠤᠯᠲᠠ ᠳᠤᠮᠳᠠ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠶ᠃ ᠨᠤᠲᠤᠭ ᠪᠡᠯᠴᠢᠭᠡᠷ ᠪᠠ ᠣᠶ | ᠰᠢᠭᠤᠶ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ︽ᠣᠶ ᠰᠢᠭᠤᠶ ︵ᠡᠪᠡᠰᠦ︶ | ᠶᠢᠨ ᠣᠷᠳᠣ ᠬᠤᠭᠤᠴᠠᠭᠠᠨ ᠤ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠪᠡᠯᠡ ᠮᠥᠩᠭᠦ ᠶᠢ ᠢᠳᠡᠪᠬᠢᠯᠡᠨ ᠣᠯᠵᠤ᠂ ᠭᠤᠣᠯᠳᠠᠯᠭ᠎ᠠ ᠲᠠᠢ ᠣᠷᠣᠨ ᠤ | ᠨᠣᠭᠤᠭᠠᠷᠠᠭᠤᠯᠤᠯᠲᠠ ᠪᠠ ᠤᠢ ᠰᠢᠭᠤᠶ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠦᠷᠦᠯ ᠵᠦᠢᠯ ᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠳᠤ ᠲᠦᠰᠢᠭᠯᠡᠨ᠂ ︽ᠬᠥᠬᠡᠮᠳᠦᠭ ᠠᠭᠤᠯᠠ ᠶᠢ | ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠠᠵᠢᠯᠯᠠᠭ᠎ᠠ ᠶᠢ ᠶᠡᠬᠡᠪᠡᠷ ᠠᠬᠢᠭᠤᠯᠤᠨ᠎ᠠ᠃ ᠳᠠᠯᠠᠨ ᠬᠠᠷ᠎ᠠ ᠠᠭᠤᠯᠠ ᠶᠢᠨ ᠠᠷᠤ ᠪᠠᠯ ᠤᠨ 2 ᠲᠦᠮᠡᠨ ᠮᠥ ᠬᠥᠷᠥᠰᠥ | ᠰᠢᠷᠣᠶ ᠶᠢ ᠬᠠᠮᠠᠭᠠᠯᠠᠬᠤ ᠣᠶ ᠶᠢ ᠬᠡᠷᠡᠭᠵᠢᠭᠦᠯᠵᠦ᠂ ᠬᠠᠯᠬᠠᠪᠴᠢ ᠣᠶ ᠶᠢᠨ ᠶᠠᠰᠤ ᠴᠢᠨᠠᠷ ᠢ 12 ᠲᠦᠮᠡᠨ ᠮᠥ | ᠳᠡᠭᠡᠭᠰᠢᠯᠡᠭᠦᠯᠵᠦ᠂ ᠪᠠᠶᠢᠭᠠᠯᠢ ᠶᠢᠨ ᠣᠶ ᠰᠢᠭᠤᠶ ᠶᠢ ᠬᠠᠮᠠᠭᠠᠯᠠᠬᠤ ᠪᠠ ᠣᠶᠢᠵᠢᠭᠤᠯᠬᠤ ᠶᠢᠨ ᠮᠠᠭᠤᠳᠠᠯ ᠢ ᠵᠠᠰᠠᠨ | ᠰᠡᠷᠭᠦᠭᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ 1 ᠲᠦᠮᠡᠨ ᠮᠥ ᠬᠡᠷᠡᠭᠵᠢᠭᠦᠯᠦᠨ᠎ᠡ᠃ ᠤᠰᠤᠨ | ᠲᠡᠭᠡᠷᠮ᠎ᠡ ᠶᠢᠨ ᠭᠤᠤ ᠶᠢᠨ ᠳᠡᠭᠡᠳᠦ ᠤᠷᠤᠰᠬᠠᠯ ᠤᠨ ᠭᠤᠣᠯ ᠤᠨ ᠵᠠᠮ ᠤᠨ ᠪᠣᠬᠢᠷᠲᠤᠯ ᠢ ᠰᠡᠷᠭᠡᠶᠢᠯᠡᠨ ᠵᠠᠰᠠᠬᠤ 20 | ᠲᠡᠭᠰᠢ ᠳᠥᠷᠪᠡᠯᠵᠢᠨ ᠺᠢᠯᠣᠮᠧᠲᠷ᠂ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠬᠥᠷᠥᠰᠥ | ᠰᠢᠷᠣᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ 10 ᠲᠡᠭᠰᠢ ᠳᠥᠷᠪᠡᠯᠵᠢᠨ ᠺᠢᠯᠣᠮᠧᠲᠷ | ᠬᠡᠷᠡᠭᠵᠢᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠰᠢᠶᠠᠯᠠᠨ ᠲᠡᠵᠢᠭᠡᠬᠦ ᠶᠢ ᠵᠣᠷᠢᠭᠵᠢᠭᠤᠯᠤᠨ᠂ ᠬᠠᠤᠯᠢ ᠠᠴᠠ ᠵᠥᠷᠢᠴᠡᠨ ᠪᠡᠯᠴᠢᠭᠡᠷᠯᠡᠭᠦᠯᠬᠦ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠨ᠎ᠠ᠃ | ᠪᠣᠬᠢᠷᠲᠤᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠶ ᠠᠳᠬᠤᠨ᠎ᠠ᠃ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ︾ ᠭᠡᠬᠦ ᠰᠢᠨ᠎ᠡ ᠶᠢ ᠡᠭᠦᠳᠬᠦ ᠦᠢᠯᠡᠳᠦᠯᠭᠡ ᠶᠢᠨ ᠭᠠᠵᠠᠷ ᠢ ᠢᠳᠡᠪᠬᠢᠲᠡᠶ ᠪᠠᠷ ᠡᠭᠦᠳᠦᠨ | ᠪᠠᠶᠢᠭᠤᠯᠵᠤ᠂ ᠠᠮᠢ ᠠᠬᠤᠶ ᠶᠢᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ | ᠠᠷᠢᠭᠤᠨ ᠴᠡᠪᠡᠷ ᠳᠤᠯᠠᠭᠠᠯᠭ᠎ᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠳᠠ ᠶᠢᠨ ᠵᠠᠬ᠎ᠠ ᠶᠢᠨ 7 | ᠲᠣᠰᠬᠤᠨ᠂ 746 ᠡᠷᠤᠭᠡ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠢᠳᠡᠪᠬᠢᠲᠡᠶ ᠪᠠᠷ | ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠭᠠᠵᠠᠷ ᠤᠨ ︽6 ᠵᠠᠭᠤᠨ ᠤ ᠵᠠᠭᠤ︾ ᠶᠢᠨ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠪᠣᠳᠠᠰ | ᠭᠠᠳᠠᠭᠰᠢᠯᠠᠭᠤᠯᠬᠤ ᠬᠠᠮᠢᠶᠠᠷᠤᠯᠲᠠ ᠶᠢ ᠴᠢᠩᠭᠠᠳᠬᠠᠨ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ | ᠳᠡᠭᠡᠭᠰᠢᠯᠡᠭᠦᠯᠵᠦ᠂ ᠪᠦᠬᠦ ᠰᠢᠶᠠᠨ ᠤ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ | ᠬᠥᠬᠡ ᠡᠷᠭᠢ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ | ᠥᠷᠭᠡᠳᠬᠡᠨ ᠪᠠᠶᠢᠭᠤᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠠᠯᠲᠠᠨ ᠭᠤᠷᠪᠠᠯᠵᠢᠨ ᠬᠤᠶᠢᠭ ᠤᠨ ᠪᠣᠬᠢᠷ | ᠤᠰᠤ ᠶᠢ ᠤᠷᠢᠳᠴᠢᠯᠠᠨ ᠰᠢᠢᠳᠪᠦᠷᠢᠯᠡᠬᠦ ᠥᠷᠲᠡᠭᠡ ᠶᠢᠨ ᠠᠵᠢᠯ ᠳᠠᠭᠤᠰᠴᠤ ᠠᠰᠢᠭᠯᠠᠯᠲᠠ ᠳᠤ ᠣᠷᠣᠭᠤᠯᠬᠤ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠤ ᠣᠷᠴᠢᠨ ᠠᠬᠤᠶ ᠶᠢᠨ | ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠤᠰᠤᠨ ᠤ ᠴᠢᠨᠠᠷ ᠢ ᠪᠦᠬᠦ ᠵᠢᠯ ᠳᠤ ᠪᠠᠷᠢᠮᠵᠢᠶ᠎ᠠ ᠳᠤ ᠬᠦᠷᠬᠦ ᠶᠢ | ᠪᠠᠲᠤᠯᠠᠨ᠎ᠠ᠃ ︽ᠭᠤᠣᠯ ᠤᠨ ᠳᠠᠷᠤᠭ᠎ᠠ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ︽ᠲᠠᠪᠤᠨ ᠰᠠᠮᠠᠭᠤᠷᠠᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠭᠤᠣᠯ ᠤᠨ ᠵᠠᠮ ᠤᠨ ᠠᠮᠢ ᠠᠬᠤᠶ ᠶᠢᠨ ᠣᠷᠴᠢᠨ ᠨᠥᠬᠦᠴᠡᠯ ᠢ ᠦᠨᠡᠨ ᠬᠦ ᠰᠠᠶᠢᠲᠤᠷ ᠬᠠᠮᠠᠭᠠᠯᠠᠨ᠎ᠠ᠃ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠤᠨ ︽ᠲᠦᠷᠪᠡ ᠶᠢ | ᠬᠢᠵᠠᠭᠠᠷᠯᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠠᠮᠤᠷ | ᠲᠦᠪᠰᠢᠨ ᠢ ᠦᠨᠡᠨ ᠬᠦ ᠪᠠᠲᠤᠯᠠᠨ᠎ᠠ᠃ | ︵ᠭᠤᠷᠪᠠ︶ ᠪᠦᠲᠦᠴᠡ ᠳᠤ ᠲᠣᠬᠢᠷᠠᠭᠤᠯᠤᠯᠲᠠ ᠬᠢᠵᠦ ᠬᠡᠯᠪᠡᠷᠢ ᠪᠠᠨ ᠬᠤᠪᠢᠷᠠᠭᠤᠯᠬᠤ ᠶᠢ ᠡᠷᠡᠰ ᠭᠤᠶᠢᠪᠢᠰᠢ | ᠥᠬᠡᠶ ᠠᠬᠢᠭᠤᠯᠵᠤ᠂ ᠤᠨᠴᠠᠯᠢᠬᠳᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠢᠷᠢ ᠲᠦᠪᠰᠢᠨ ᠢ | ᠬᠦᠴᠦᠯᠡᠨ ᠳᠡᠭᠡᠭᠰᠢᠯᠡᠭᠦᠯᠦᠨ᠎ᠡ | ᠥᠨᠳᠦᠷᠯᠢᠭ ᠤᠨ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢᠨ ᠭᠠᠵᠠᠷ ᠢ ᠬᠦᠴᠦᠯᠡᠨ | ᠪᠠᠶᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ | ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ ᠵᠣᠭᠰᠣᠭᠠᠵᠤ᠂ ︽ᠠᠮᠤ ᠪᠤᠳᠠᠭᠠᠨ ᠤ ᠪᠤᠰᠤ | ᠪᠣᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠥᠨᠳᠥᠷ ᠡᠬᠢᠯᠡᠯᠲᠡ ᠲᠠᠢ ᠪᠠᠷ | ᠲᠥᠯᠥᠪᠵᠢᠭᠦᠯᠦᠨ ᠠᠬᠢᠭᠤᠯᠵᠤ᠂ ︽ᠬᠤᠶᠠᠷ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠳᠤᠮᠳᠠ ᠡᠷᠡᠰ | ᠰᠢᠭᠤᠷᠬᠠᠶ ᠪᠠᠷ ᠤᠷᠤᠭᠰᠢᠯᠠᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ | ᠰᠠᠨᠠᠭᠠᠴᠢᠯᠠᠭ᠎ᠠ ᠠᠴᠠ ᠪᠠᠨ ᠵᠠᠯᠭᠠᠨ ᠠᠪᠴᠤ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠵᠡᠷᠭᠡ | ᠳᠠᠪᠠᠭᠤᠯᠢᠭ ᠠᠵᠤ ᠦᠢᠯᠡᠰ ᠢᠶᠠᠷ ᠭᠠᠷᠳᠠᠴᠠ ᠪᠣᠯᠭᠠᠵᠤ᠂ ᠥᠨᠳᠦᠷᠯᠢᠭ ᠤᠨ ᠣᠨᠴᠠᠯᠢᠭ ᠲᠠᠢ ᠣᠳᠣᠬᠢᠴᠢᠯᠠᠭᠰᠠᠨ | ᠲᠠᠷᠢᠶᠠᠯᠠᠩ ᠮᠠᠯ ᠠᠵᠤ ᠠᠬᠤᠶ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠵᠢᠯ ᠤᠨ ᠳᠣᠲᠣᠷ᠎ᠠ | ᠨᠣᠬᠠᠶ ᠶᠢᠨ ᠬᠤᠰᠢᠭᠤ 40 ᠲᠦᠮᠡᠨ ᠮᠥ᠂ ᠨᠦᠢᠯ ᠪᠤᠭᠤᠳᠠᠢ 10 ᠲᠦᠮᠡᠨ ᠮᠥ᠂ ᠲᠥᠮᠥᠰᠥ 70 ᠲᠦᠮᠡᠨ ᠮᠥ | ᠳᠠᠷᠢᠵᠤ᠂ ᠣᠷᠭᠠᠨᠢᠭ ᠲᠥᠮᠥᠰᠥ ᠶᠢᠨ ᠰᠠᠭᠤᠷᠢᠨ ᠭᠠᠵᠠᠷ ᠢ 40 ᠪᠠᠶᠢᠭᠤᠯᠤᠨ᠎ᠠ᠃ ᠠᠯᠠᠰᠢᠨ ᠬᠤᠨᠢᠨ ᠤ ᠠᠮᠢ | ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 120 ᠰᠢᠨ᠎ᠡ ᠪᠠᠷ ᠪᠠᠶᠢᠭᠤᠯᠵᠤ᠂ ᠠᠯᠠᠰᠢᠨ ᠦᠬᠡᠷ ᠤᠨ | ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ 2 ᠬᠥᠭᠵᠢᠭᠦᠯᠦᠨ᠎ᠡ᠃ 6.5 ᠲᠦᠮᠡᠨ | ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 30 ᠲᠦᠮᠡᠨ ᠮᠥ ᠡᠭᠡᠯᠵᠢᠯᠡᠨ | ᠳᠠᠷᠢᠬᠤ ᠶᠢ ᠬᠡᠷᠡᠭᠵᠢᠭᠦᠯᠦᠨ᠎ᠡ᠃ ᠠᠮᠤ ᠪᠤᠳᠠᠭ᠎ᠠ ᠠᠵᠤ ᠠᠬᠤᠶ ᠶᠢᠨ ᠲᠠᠷᠢᠮᠠᠯ ᠪᠣᠷᠳᠣᠭᠠᠨ ᠤ ᠬᠠᠷᠢᠴᠠᠯ ᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠴᠢᠨᠠᠷ ᠰᠠᠶᠢᠲᠠᠶ ᠡᠪᠡᠰᠦ ᠪᠣᠷᠳᠤᠭ᠎ᠠ ᠶᠢ 30 ᠲᠦᠮᠡᠨ ᠮᠥ ᠳᠠᠷᠢᠬᠤ ᠶᠢ | ᠥᠷᠭᠡᠳᠬᠡᠨ᠎ᠡ᠃ ᠨᠣᠬᠠᠶ ᠶᠢᠨ ᠬᠤᠰᠢᠭᠤ᠂ ᠨᠦᠢᠯ ᠪᠤᠭᠤᠳᠠᠢ᠂ ᠲᠥᠮᠥᠰᠥ᠂ ᠠᠯᠠᠰᠢᠨ ᠬᠤᠨᠢ᠂ ᠠᠯᠠᠰᠢᠨ ᠦᠬᠡᠷ᠂ | ᠬᠢᠲᠠᠳ ᠡᠮ ᠤᠨ ᠮᠠᠲ᠋ᠧᠷᠢᠶᠠᠯ᠂ ᠢᠳᠡᠰᠢᠨ ᠤ ᠮᠥᠭᠦ ᠵᠡᠷᠭᠡ ᠤᠨᠴᠠᠯᠢᠬᠳᠤ ᠳᠠᠪᠠᠭᠤᠯᠢᠭ ᠠᠵᠤ ᠦᠢᠯᠡᠰ ᠤᠨ ᠪᠥᠬᠦ | ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ ᠵᠥᠩ ᠵᠢᠶᠠᠨ ᠪᠦᠦ ᠬᠤᠨᠴᠢᠷ | ᠡᠳ᠋ᠰᠢᠭᠦᠯᠬᠦ᠂ ᠵᠧᠩ ᠳ᠋ᠡ ᠭᠠᠭ᠋ᠠᠶ ᠲᠡᠵᠢᠭᠡᠨ ᠦᠷᠡᠵᠢᠭᠦᠯᠬᠦ᠂ ᠰᠢᠨ ᠹᠧᠩ ᠪᠦᠦ ᠯᠢ ᠪᠤᠭᠤᠳᠠᠢ ᠳᠤᠲᠤᠷᠭ᠎ᠠ ᠡᠳ᠋ᠰᠢᠭᠦᠯᠬᠦ | ᠵᠡᠷᠭᠡ ᠲᠥᠷᠥᠯ ᠵᠦᠢᠯ ᠢ ᠡᠷᠲᠡᠬᠡᠨ ᠳᠠᠭᠤᠰᠬᠠᠬᠤ ᠶᠢ ᠳᠥᠯᠭᠢᠨ ᠠᠬᠢᠭᠤᠯᠵᠤ᠂ ᠶᠢᠨ ᠼᠣᠣ ᠶᠤᠸᠠᠨ ᠠᠯᠠᠰᠢᠨ | ᠬᠤᠨᠢ ᠶᠢ ᠲᠡᠵᠢᠭᠡᠨ ᠡᠳ᠋ᠰᠢᠭᠦᠯᠬᠦ᠂ ᠰᠢᠶᠠᠩᠭᠠᠩ ᠢ ᠬᠠᠩᠭᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ | ᠲᠦᠷᠭᠡᠬᠡᠨ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠲᠦᠷᠦᠯ ᠵᠦᠢᠯ ᠢ ᠪᠤᠶᠢᠵᠢᠭᠤᠯᠬᠤ᠂ ᠶᠠᠰᠤ ᠴᠢᠨᠠᠷ ᠢ | ᠳᠡᠭᠡᠭᠰᠢᠯᠡᠭᠦᠯᠬᠦ᠂ ᠲᠦᠷᠦᠯ ᠲᠡᠮᠳᠡᠭ ᠤᠨ ᠪᠠᠶᠢᠭᠤᠯᠤᠯᠲᠠ ᠪᠠ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠲᠦᠯᠬᠢᠨ | ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ | ᠢᠳᠡᠪᠬᠢᠲᠡᠶ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠪᠤᠶᠢᠵᠢᠭᠤᠯᠤᠨ ᠪᠤᠵᠠᠭᠠᠶᠢᠷᠠᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠤᠨ ᠮᠠᠨ ᠤ ᠰᠢᠶᠠᠨ ᠤ ︽ᠳᠤᠮᠳᠠᠳᠤ | ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠬᠠᠭᠤᠷᠠᠶ ᠲᠠᠷᠢᠶᠠᠯᠠᠩ ᠤᠨ ᠲᠥᠪ︾᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠮᠣᠯᠧᠺᠦ᠋ᠯ ᠤᠨ ᠰᠢᠨᠵᠢᠯᠡᠬᠦ | ᠤᠬᠠᠭᠠᠨ ᠤ ᠭᠠᠷᠮᠠᠭᠠᠶ ᠰᠢᠨ᠎ᠡ ᠶᠢ ᠡᠭᠦᠳᠬᠦ ᠲᠥᠪ ︽ᠬᠠᠭᠤᠷᠠᠶ ᠠᠷᠪᠠᠶ ᠶᠢᠨ ᠡᠭᠦᠯᠳᠡᠷ ᠪᠤᠶᠢᠵᠢᠭᠤᠯᠬᠤ︾ ᠰᠠᠭᠤᠷᠢᠨ | ᠭᠠᠵᠠᠷ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ︽ᠦᠴᠤᠸᠠᠨ ᠤ ᠲᠥᠮᠥᠰᠥ︾ ᠶᠢᠨ ᠳᠤᠮᠳᠠᠳᠤ | ᠤᠯᠤᠰ ᠤᠨ ᠨᠠᠷᠠᠲᠤ ᠲᠠᠸᠠᠷ ᠤᠨ ᠲᠡᠮᠳᠡᠭ ᠢ ᠮᠠᠭᠠᠳᠯᠠᠨ ᠲᠣᠭᠲᠠᠭᠠᠬᠤ ᠪᠠ ︽ᠦᠴᠤᠸᠠᠨ ᠤ ᠨᠣᠶᠢᠯ᠂ ᠦᠴᠤᠸᠠᠨ ᠤ | ᠬᠤᠨᠴᠢᠷ᠂ ᠦᠴᠤᠸᠠᠨ ᠤ ᠶᠤᠤᠮᠠᠢ︾ ᠶᠢᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ | ᠲᠡᠮᠳᠡᠭ ᠤᠨ ᠭᠡᠷᠡᠴᠢᠯᠡᠯ ᠢ ᠭᠤᠶᠤᠴᠢᠯᠠᠬᠤ ᠶᠢ ᠢᠳᠡᠪᠬᠢᠲᠡᠶ ᠪᠠᠷ ᠳᠥᠯᠭᠢᠨ ᠠᠬᠢᠭᠤᠯᠤᠨ᠎ᠠ᠃ | ᠴᠡᠪᠡᠷ ᠡᠨᠧᠷᠭᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠠᠷᠢᠭᠤᠨ ᠴᠡᠪᠡᠷ | ᠡᠨᠧᠷᠭᠢ ᠪᠠᠷ ᠰᠢᠨ᠎ᠡ ᠨᠡᠮᠡᠭᠳᠡᠯ ᠤᠨ ᠲᠦᠢᠯ ᠪᠣᠯᠭᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ᠂ ᠤᠰᠤᠨ | ᠴᠠᠬᠢᠯᠭᠠᠨ ᠵᠡᠷᠭᠡ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠦᠷᠭᠦᠯᠵᠢᠯᠡᠨ ᠠᠬᠢᠭᠤᠯᠵᠤ᠂ ᠠᠯᠤᠰ ᠤᠨ ᠰᠢᠨ᠎ᠡ | ᠡᠨᠧᠷᠭᠢ ᠶᠢᠨ ᠰᠤᠷᠪᠤᠯᠵᠢ᠂ ᠴᠢᠩᠳᠣᠤ ᠶᠢᠨ ᠪᠠᠶᠢᠭᠠᠯᠢ ᠶᠢᠨ ᠡᠨᠧᠷᠭᠢ ᠶᠢᠨ ᠬᠦᠨᠳᠦ ᠠᠵᠤ ᠦᠢᠯᠡᠳᠪᠦᠷᠢ᠂ | ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠤᠨ | ᠥᠭᠡᠷᠡᠴᠢᠯᠡᠯᠲᠡ ᠵᠡᠷᠭᠡ ᠵᠦᠢᠯᠡᠰ ᠢ ᠪᠣᠳᠠᠲᠠᠶᠢᠵᠢᠭᠤᠯᠤᠨ ᠪᠦᠳᠦᠭᠡᠨ ᠪᠠᠶᠢᠭᠤᠯᠵᠤ᠂ ᠲᠣᠣᠷ ᠲᠤ ᠨᠡᠶᠢᠯᠡᠭᠦᠯᠦᠨ | ᠴᠠᠬᠢᠯᠭᠠᠨ ᠭᠠᠷᠭᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠶᠢᠨ ᠬᠤᠶᠠᠳᠤᠭᠠᠷ ᠬᠤᠭᠤᠴᠠᠭᠠᠨ ᠤ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ | ᠲᠦᠷᠭᠡᠳᠬᠡᠨ᠎ᠡ᠃ ᠬᠡᠷᠡᠯ ᠸᠣᠯᠲ ᠬᠢᠭᠡᠳ ᠠᠭᠤᠷᠬᠠᠶ ᠶᠢᠨ ᠵᠠᠰᠠᠯᠲᠠ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠬᠠᠷᠢᠯᠴᠠᠨ ᠠᠭᠤᠰᠤᠯᠴᠠᠬᠤ ᠶᠢ ᠨᠢᠭᠡᠳᠦᠯᠲᠡᠶ ᠲᠥᠯᠥᠪᠯᠡᠵᠦ᠂ ᠲᠠᠷᠬᠠᠮᠠᠯ ᠬᠡᠯᠪᠡᠷᠢ ᠶᠢᠨ ᠬᠡᠷᠡᠯ | ᠸᠣᠯᠲ᠂ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥᠯ | ᠵᠦᠢᠯ ᠢ ᠢᠳᠡᠪᠬᠢᠯᠡᠨ ᠲᠡᠮᠡᠴᠡᠨ ᠣᠯᠵᠤ᠂ ︽ᠬᠤᠶᠠᠷ ᠵᠠᠭᠤᠨ ᠲᠦᠮᠡᠨ ᠺᠢᠯᠣᠸᠠᠲ ᠤᠨ ᠲᠠᠰ︾ ᠤᠨ ᠴᠡᠪᠡᠷ ᠡᠨᠧᠷᠭᠢ | ᠭᠠᠷᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ | ᠰᠣᠶᠣᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠪᠥᠬᠦ ᠴᠠᠷᠠᠭ᠎ᠠ ᠪᠥᠬᠦ ᠤᠯᠠᠷᠢᠯ ᠤᠨ᠂ ᠵᠦᠷᠢᠶᠡᠴᠢᠯᠡᠭᠰᠡᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ | ᠵᠢᠭᠤᠯᠴᠢᠯᠠᠯ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ | ᠪᠠᠶᠠᠯᠢᠭᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠬᠡᠨ᠂ ᠰᠣᠶᠣᠯ ᠵᠢᠭᠤᠯᠴᠢᠯᠠᠯ ᠤᠨ ᠭᠦᠨᠵᠡᠭᠡᠶ | ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠶ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ | ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠨᠠᠭᠤᠷ ᠤᠨ ᠬᠢᠷ᠎ᠠ ᠶᠢᠨ ᠥᠨᠳᠥᠷ ᠠᠭᠤᠯᠠ ᠶᠢᠨ ᠲᠠᠯ᠎ᠠ ᠨᠤᠲᠤᠭ ᠤᠨ | ᠦᠵᠡᠮᠵᠢ ᠶᠢᠨ ᠣᠷᠣᠨ ᠪᠠ ᠮᠥᠰᠥ ᠴᠠᠰᠤᠨ ᠤ ᠬᠦᠷᠢᠶᠡᠯᠡᠩ ᠢ ᠨᠡᠭᠡᠭᠡᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ | ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠦᠵᠡᠮᠵᠢ ᠶᠢᠨ ᠣᠷᠣᠨ᠂ ᠶᠠᠨ ᠬᠥ᠋ | ᠹᠠᠩ ᠤᠨ ︽ᠲᠠᠯ᠎ᠠ ᠨᠤᠲᠤᠭ ᠤᠨ ᠡᠭᠦᠳᠡ︾ ᠶᠢ 4A ᠲᠠᠰ ᠤᠨ ᠦᠵᠡᠮᠵᠢ ᠶᠢᠨ ᠣᠷᠣᠨ ᠪᠤᠯᠠᠭᠠᠨ ᠡᠭᠦᠳᠦᠨ | ᠪᠠᠶᠢᠭᠤᠯᠬᠤ ᠶᠢ ᠠᠬᠢᠭᠤᠯᠵᠤ᠂ ︽ᠳᠠᠯᠠᠨ ᠬᠠᠷ᠎ᠠ ᠠᠭᠤᠯᠠ ᠶᠢᠨ ᠵᠢᠭᠤᠯᠴᠢᠯᠠᠯ ᠤᠨ ᠥᠷᠲᠡᠭᠡ︾ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ | ᠶᠤᠸᠠᠨ ᠵᠢᠩ ᠦᠴᠤᠸᠠᠨ ᠤ ᠳᠠᠩ ᠨᠡᠭᠦᠷᠡᠰᠦᠲᠥ᠋ᠷᠥᠭᠴᠢᠲᠦ ᠠᠮᠢ ᠠᠬᠤᠶ ᠶᠢᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠷᠪᠠᠳᠤᠭᠠᠷ ᠬᠤᠭᠤᠴᠠᠭᠠᠨ ᠤ ᠨᠣᠬᠠᠶ ᠶᠢᠨ ᠬᠤᠰᠢᠭᠤ ᠶᠢᠨ | ᠰᠣᠶᠣᠯ ᠤᠨ ᠨᠠᠶᠢᠷ᠂ ᠦᠴᠤᠸᠠᠨ ᠰᠢᠶᠠᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠰᠣᠶᠣᠯ ᠤᠨ ᠨᠠᠶᠢᠷ ᠵᠡᠷᠭᠡ | ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠥᠩᠭᠡᠷᠡᠭᠰᠡᠨ | ᠦᠶ᠎ᠡ ᠶᠢᠨ ᠤᠷᠳᠤ ᠴᠠᠭᠠᠨ ᠬᠡᠷᠡᠮ ᠪᠠ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠪᠠᠭᠤᠷᠢ᠂ ᠤᠮᠠᠷᠠᠲᠤ ᠸᠧᠶ | ᠤᠯᠤᠰ ᠤᠨ ᠲᠠᠬᠢᠯᠭ᠎ᠠ ᠶᠢᠨ ᠪᠠᠭᠤᠷᠢ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠠᠵᠢᠯ ᠢ ᠬᠢᠨᠠᠮᠠᠭᠠᠶ ᠰᠠᠶᠢᠲᠤᠷ ᠬᠢᠨ᠎ᠠ᠃ | ︵ᠲᠦᠷᠪᠡ︶ ᠲᠦᠷᠦᠯ ᠵᠦᠢᠯ ᠢ ᠲᠣᠭᠲᠠᠭᠤᠨ ᠢᠶᠠᠷ ᠨᠡᠮᠡᠭᠳᠡᠭᠦᠯᠬᠦ ᠶᠢ ᠡᠷᠡᠰ ᠭᠤᠶᠢᠪᠢᠰᠢ ᠦᠭᠡᠢ ᠠᠳᠬᠤᠵᠤ᠂ | ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠬᠢᠵᠢᠭᠦᠯᠦᠨ᠎ᠡ | ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ ᠬᠦᠴᠦᠯᠡᠨ ᠰᠦᠪᠡᠭᠴᠢᠯᠡᠨ᠎ᠡ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠤᠨᠴᠠᠯᠢᠬᠳᠤ ᠠᠵᠤ ᠦᠢᠯᠡᠰ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠰᠠᠭᠤᠷᠢ ᠲᠠᠯᠪᠢᠬᠤ᠂ ᠨᠥᠭᠡᠴᠡ ᠬᠦᠴᠦᠨ ᠢ ᠴᠢᠩᠭᠠᠳᠬᠠᠬᠤ᠂ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠨᠢᠭᠡ ᠪᠦᠯᠦᠭ ᠰᠠᠶᠢᠨ ᠲᠦᠷᠦᠯ ᠵᠦᠢᠯ᠂ ᠲᠤᠮᠤ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ | ᠲᠦᠷᠦᠯ ᠵᠦᠢᠯ ᠤᠨ ᠲᠡᠰ ᠳᠠᠷᠠᠭᠠᠯᠠᠯ ᠲᠠᠢ ᠪᠠᠷ ᠤᠷᠤᠭᠰᠢᠯᠠᠬᠤ ᠪᠠᠶᠢᠷᠢᠰᠢᠯ ᠢ ᠪᠦᠷᠢᠯᠳᠦᠭᠦᠯᠦᠨ᠎ᠡ᠃ ᠪᠥᠬᠦ ᠵᠢᠯ ᠳᠤ | 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 79 ᠬᠡᠷᠡᠭᠵᠢᠭᠦᠯᠵᠦ᠂ | ᠶᠡᠷᠦᠩᠬᠡᠶ ᠪᠠᠯᠠ ᠣᠷᠣᠭᠤᠯᠤᠯᠲᠠ ᠶᠢ 140 ᠳ᠋ᠦᠩᠰᠢᠭᠤᠷ ᠲᠥᠭᠦᠷᠢᠭ ᠣᠷᠴᠢᠮ ᠪᠤᠯᠭᠠᠨ᠎ᠠ᠃ | ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠠᠷᠠᠯᠵᠢᠶᠠᠴᠢᠨ ᠤᠷᠢᠬᠤ ᠶᠢ ᠠᠳᠬᠤᠨ᠎ᠠ᠃ ᠠᠷᠠᠯᠵᠢᠶᠠᠴᠢᠨ | ᠤᠷᠢᠵᠤ ᠪᠠᠯᠠ ᠣᠷᠣᠭᠤᠯᠬᠤ ᠶᠢ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠭᠠᠷᠳᠠᠴᠠ ᠪᠣᠯᠭᠠᠬᠤ ᠶᠢ ᠭᠤᠶᠢᠪᠢᠰᠢ | ᠥᠬᠡᠶ ᠪᠠᠷᠢᠮᠲᠠᠯᠠᠵᠤ᠂ ᠪᠥᠬᠦ ᠠᠵᠢᠯᠲᠠᠨ ᠤ ᠠᠷᠠᠯᠵᠢᠶᠠᠴᠢᠨ ᠤᠷᠢᠬᠤ ᠲᠣᠭᠲᠠᠴᠠ ᠶᠢ ᠪᠦᠷᠢᠨᠰᠢᠬᠦᠯᠦᠨ᠂ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠤᠷᠮᠠᠰᠢᠭᠤᠯᠬᠤ | ᠠᠷᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠬᠤ᠂ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ | ᠠᠵᠢᠯᠯᠠᠭ᠎ᠠ ᠶᠢ ᠬᠡᠷᠡᠭᠵᠢᠭᠦᠯᠦᠨ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠠᠵᠤ | ᠦᠢᠯᠡᠰ ᠤᠨ ᠪᠠᠶᠢᠷᠢᠰᠢᠭᠤᠯᠤᠯᠲᠠ ᠶᠢᠨ ᠲᠣᠭᠤᠷᠢᠨ ᠳᠤ ᠨᠢᠭᠡ ᠪᠦᠯᠦᠭ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠬᠤᠨ ᠲᠠᠢ᠂ ᠥᠨᠳᠥᠷ ᠨᠡᠮᠡᠯᠲᠡ ᠥᠷᠲᠡᠭ ᠲᠠᠢ ᠲᠥᠷᠥᠯ ᠵᠦᠢᠯ ᠢ ᠣᠷᠣᠭᠤᠯᠤᠨ ᠠᠪᠴᠢᠷᠠᠬᠤ ᠬᠡᠷᠡᠭᠲᠡᠶ᠃ | ᠵᠢᠯ ᠤᠨ ᠳᠣᠲᠣᠷ᠎ᠠ ᠰᠢᠨ᠎ᠡ ᠪᠠᠷ ᠣᠷᠣᠭᠤᠯᠵᠤ ᠢᠷᠡᠬᠦ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ | 10 ᠠᠴᠠ ᠳᠤᠲᠠᠭᠤ ᠥᠬᠡᠶ ᠪᠠᠶᠢᠯᠭᠠᠨ᠎ᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠨ᠎ᠡ᠃ | ᠬᠥᠭᠵᠢᠭᠦᠯᠦᠯᠲᠡ ᠶᠢ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢᠶᠠᠨ ᠤ ᠱᠠᠲᠤᠨ ᠤ | ᠤᠳᠤᠷᠢᠳᠤᠯᠭ᠎ᠠ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ | ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠲᠤᠰᠬᠠᠶ ᠠᠩᠬᠢ᠂ ᠡᠴᠦᠰ ᠲᠤᠨᠢ ᠲᠤᠯᠲᠠᠯ᠎ᠠ ᠠᠳᠬᠤᠬᠤ︾ | ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠷᠢᠭᠤᠴᠠᠯᠭ᠎ᠠ ᠶᠢ | ᠬᠥᠮᠦᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠵᠢᠯ ᠤᠨ ᠲᠤᠰᠬᠠᠶ ᠠᠩᠭᠢ ᠶᠢᠨ ᠲᠦᠷᠢᠮ ᠢ | ᠰᠠᠶᠢᠲᠤᠷ ᠬᠡᠷᠡᠭᠯᠡᠨ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠦᠢᠯᠡᠳᠦᠯᠭᠡᠵᠢᠭᠦᠯᠵᠣ᠂ ᠮᠥᠷᠳᠡᠨ | ᠵᠣᠯᠭᠠᠭᠤᠯᠬᠤ ᠶᠢ ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠰᠤᠳᠤᠯᠤᠨ ᠮᠠᠭᠠᠳᠯᠠᠵᠤ᠂ | ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠵᠥᠩ ᠵᠢᠶᠠᠨ ᠪᠦᠦ ᠶᠢᠨ ᠰᠢᠨ᠎ᠡ ᠪᠠᠷ | ᠪᠠᠷᠢᠯᠭ᠎ᠠ ᠡᠬᠢᠯᠡᠭᠦᠯᠬᠦ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠢᠤᠢ ᠹᠧᠩ ᠲᠠᠷᠢᠶᠠᠯᠠᠩ᠂ | ᠵᠢᠶᠧ ᠲᠠᠢ ᠨᠦᠸᠧ ᠰᠫᠢᠷᠲ᠂ ᡁᠢ ᠪᠠᠩ ᠠᠮᠤ ᠪᠤᠳᠠᠭ᠎ᠠ ᠵᠡᠷᠭᠡ 25 ᠦᠷᠭᠦᠯᠵᠢᠯᠡᠨ ᠪᠥᠲᠥᠭᠡᠨ ᠪᠠᠶᠢᠭᠤᠯᠬᠤ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ | ︵ᠲᠠᠪᠤ︶ ᠬᠤᠲᠠ ᠪᠠᠯᠭᠠᠰᠤ ᠶᠢᠨ ᠴᠢᠨᠠᠷ ᠴᠢᠨᠰᠠᠭ᠎ᠠ ᠶᠢ ᠡᠷᠡᠰ ᠭᠤᠶᠢᠪᠢᠰᠢ ᠥᠬᠡᠶ ᠳᠡᠭᠡᠭᠰᠢᠯᠡᠭᠦᠯᠵᠦ᠂ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠲᠤ ᠲᠣᠬᠢᠷᠠᠮᠵᠢᠲᠠᠶ ᠠᠮᠢ ᠠᠬᠤᠶ ᠶᠢᠨ ᠬᠤᠲᠠ ᠶᠢ | ᠴᠣᠭᠴᠠᠯᠠᠨ ᠪᠠᠶᠢᠭᠤᠯᠤᠨ᠎ᠠ | ᠬᠤᠲᠠ ᠪᠠᠯᠭᠠᠰᠤᠨ ᠤ ᠪᠥᠲᠥᠭᠡᠨ ᠪᠠᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ ᠪᠠᠯᠭᠠᠰᠤ ᠪᠠᠷ | ᠠᠴᠢᠶᠠᠯᠠᠪᠤᠷᠢ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ | ᠬᠡᠷᠡᠭᠵᠢᠭᠦᠯᠵᠦ᠂ ᠬᠤᠲᠠ ᠶᠢᠨ ᠰᠢᠨᠡᠳᠬᠡᠨ ᠥᠭᠡᠷᠡᠴᠢᠯᠡᠵᠦ ᠳᠡᠭᠡᠭᠰᠢᠯᠡᠭᠦᠯᠬᠦ ᠲᠥᠷᠥᠯ ᠵᠦᠢᠯ ᠢ ᠯᠠᠪᠳᠠᠭᠤᠨ ᠢᠶᠠᠷ | ᠠᠬᠢᠭᠤᠯᠤᠨ᠂ ᠬᠥᠮᠦᠨ ᠨᠡᠶᠢᠭᠡᠮ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠨᠡᠶᠢᠭᠡᠮ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠬᠤᠶᠢᠲᠤ | ᠭᠤᠳᠤᠮᠵᠢ᠂ ᠢᠦᠢ ᠼᠠᠢ ᠭᠤᠳᠤᠮᠵᠢ ᠵᠡᠷᠭᠡ ᠵᠠᠮ ᠤᠨ ᠥᠭᠡᠷᠡᠴᠢᠯᠡᠯᠲᠡ ᠶᠢᠨ ᠢᠨᠵᠧᠨᠧᠷᠢᠩ ᠪᠠ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠥᠪᠡᠷᠲᠡᠭᠡᠨ ᠪᠠᠶᠢᠭᠤᠯᠬᠤ ᠢᠨᠵᠧᠨᠧᠷᠢᠩ ᠵᠢᠴᠢ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠭᠤᠳᠠᠮ ᠲᠠᠯᠠᠪᠠᠢ ᠶᠢᠨ ᠡᠷᠲᠡᠬᠡᠨ ᠠᠵᠢᠯ ᠡᠬᠢᠯᠡᠬᠦ ᠶᠢ ᠲᠦᠯᠬᠢᠨ ᠠᠬᠢᠭᠤᠯᠤᠨ᠎ᠠ᠃ ᠪᠣᠷᠣᠭᠠᠨ ᠤ | ᠪᠣᠬᠢᠷᠲᠤᠯ ᠤᠨ ᠬᠤᠭᠤᠯᠠᠶ ᠶᠢᠨ ᠲᠣᠣᠷ ᠢ ᠰᠠᠯᠭᠠᠨ ᠥᠭᠡᠷᠡᠴᠢᠯᠡᠬᠦ 4 ᠺᠢᠯᠣᠮᠧᠲᠷ ᠤᠨ ᠢᠨᠵᠧᠨᠧᠷᠢᠩ ᠢ ᠡᠬᠢᠯᠡᠭᠦᠯᠵᠦ᠂ | ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠵᠢᠴᠢ ᠳᠠᠭᠠᠯᠳᠤᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ | ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠵᠦᠢᠯᠡᠰ ᠢ ᠦᠷᠭᠦᠯᠵᠢᠯᠡᠨ ᠵᠢᠷᠤᠮᠵᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ | ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠪᠡᠶᠡᠯᠡᠭᠦᠯᠵᠦ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ | ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ᠬᠤᠲᠠ ᠪᠠᠯᠭᠠᠰᠤ ᠶᠢᠨ ᠴᠢᠨᠠᠷ ᠳᠡᠰ ᠢ ᠬᠦᠴᠦᠯᠡᠨ ᠳᠡᠭᠡᠭᠰᠢᠯᠡᠭᠦᠯᠦᠨ᠎ᠡ᠃ ︽ᠤᠶᠤᠨᠲᠤ ᠬᠤᠳᠠ︾᠂ ︽ | ᠭᠡᠭᠡᠨ ᠰᠠᠷᠠᠭᠤᠯ ᠢᠨᠵᠧᠨᠧᠷᠢᠩ︾ ᠵᠡᠷᠭᠡ ᠮᠡᠳᠡᠭᠡ ᠵᠠᠩᠭᠢ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ | ᠵᠦᠢᠯᠡᠰ ᠢ ᠬᠡᠷᠡᠭᠵᠢᠭᠦᠯᠦᠨ᠎ᠡ᠃ ᠵᠠᠮ ᠡᠵᠡᠯᠡᠨ ᠡᠵᠡᠩᠨᠡᠬᠦ᠂ ᠬᠤᠪᠢ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ | ᠪᠠᠶᠢᠭᠤᠯᠬᠤ ᠵᠡᠷᠭᠡ ᠴᠡᠭᠴᠡᠯᠡᠨ ᠵᠠᠰᠠᠵᠤ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠣᠷᠣᠰᠢᠨ | ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤ ᠪᠠᠷ ᠪᠦᠳᠦᠭᠡᠨ ᠪᠠᠶᠢᠭᠤᠯᠤᠨ᠎ᠠ᠃ | ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠦᠲᠦᠮᠵᠢᠲᠡᠶ ᠬᠡᠪ ᠵᠠᠭᠪᠤᠷ ᠢ ᠬᠠᠶᠢᠨ ᠰᠦᠪᠡᠭᠴᠢᠯᠡᠵᠦ᠂ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ | ᠰᠢᠢᠳᠪᠦᠷᠢᠯᠡᠬᠦ ᠠᠵᠢᠯᠯᠠᠭᠠᠨ ᠤ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠎ᠠ᠃ ᠨᠠᠷᠢᠯᠢᠬᠵᠢᠭᠤᠯᠤᠨ ᠬᠠᠮᠢᠶᠠᠷᠬᠤ | ᠳᠡᠭᠡᠷ᠎ᠡ ᠬᠦᠴᠦ ᠲᠠᠯᠪᠢᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ | ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ | ᠬᠤᠲᠠ ᠪᠠᠯᠭᠠᠰᠤ ᠶᠢᠨ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠰᠢᠶᠠᠨ ᠤ ᠬᠤᠲᠠ ᠪᠠᠷ | ᠭᠤᠤᠯ ᠪᠣᠯᠭᠠᠭᠰᠠᠨ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠵᠤ᠂ ᠰᠢᠶᠠᠨ ᠤ ᠬᠤᠲᠠ ᠶᠢᠨ ᠠᠵᠤ ᠦᠢᠯᠡᠰ ᠤᠨ ᠲᠥᠪᠯᠡᠷᠡᠭᠦᠯᠬᠦ | ᠴᠢᠳᠠᠪᠤᠷᠢ᠂ ᠬᠥᠮᠦᠨ ᠠᠮᠠ ᠶᠢᠨ ᠳᠠᠭᠠᠭᠠᠬᠤ ᠴᠢᠳᠠᠪᠤᠷᠢ᠂ ᠠᠵᠢᠯ ᠣᠯᠭᠤᠯᠲᠠ ᠶᠢᠨ ᠰᠢᠩᠭᠡᠭᠡᠨ ᠠᠪᠬᠤ ᠴᠢᠳᠠᠪᠤᠷᠢ ᠶᠢ | ᠳᠡᠭᠡᠭᠰᠢᠯᠡᠭᠦᠯᠦᠨ᠂ ᠬᠦᠴᠦ ᠪᠠᠨ ᠲᠥᠪᠯᠡᠷᠡᠭᠦᠯᠦᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ᠂ ᠪᠣᠬᠢᠷ ᠤᠰᠤ ᠶᠢ | ᠰᠢᠢᠳᠪᠦᠷᠢᠯᠡᠬᠦ᠂ ᠢᠯᠴᠢ ᠬᠠᠩᠭᠠᠬᠤ ᠤᠰᠤ ᠬᠠᠩᠭᠠᠬᠤ ᠳᠤᠲᠠᠭᠤᠳᠠᠯ ᠢ ᠨᠥᠬᠦᠪᠥᠷᠢᠯᠡᠨ᠎ᠡ᠃ ᠪᠠᠯᠭᠠᠰᠤᠨ ᠤ ᠲᠦᠭᠡᠭᠡᠯ | ᠤᠰᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠵᠢᠴᠢ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ᠂ | ᠢᠯᠴᠢ ᠶᠢᠨ ᠬᠤᠭᠤᠯᠠᠶ ᠶᠢᠨ ᠲᠣᠤᠷ ᠢ ᠠᠯᠬᠤᠮ ᠠᠯᠬᠤᠮ ᠢᠶᠠᠷ ᠥᠭᠡᠷᠡᠴᠢᠯᠡᠵᠦ᠂ ᠰᠢᠲᠠᠮᠠᠬᠠᠶ ᠬᠡᠶ ᠶᠢᠨ | ᠬᠤᠭᠤᠯᠠᠶ ᠶᠢᠨ ᠲᠣᠤᠷ ᠤᠨ ᠬᠠᠮᠤᠷᠬᠤ ᠬᠡᠪᠴᠢᠶ᠎ᠡ ᠶᠢ ᠤᠷᠲᠤᠳᠬᠠᠨ᠂ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠰᠠᠭᠤᠭᠠᠯᠢ ᠠᠷᠠᠳ ᠤᠨ ᠰᠢᠲᠠᠮᠠᠬᠠᠶ ᠬᠡᠶ ᠶᠢᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠡᠷᠡᠰ ᠭᠤᠶᠢᠪᠢᠰᠢ ᠥᠬᠡᠶ | ᠳᠡᠭᠡᠭᠰᠢᠯᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠨᠠᠵᠠᠭᠠᠶ ᠲᠠᠯ᠎ᠠ ᠶᠢᠨ | ᠨᠠᠷᠢᠨ ᠬᠠᠭᠤᠳᠠᠰᠤ ᠯᠤᠭ᠎ᠠ ᠨᠢᠭᠲᠠ ᠵᠣᠯᠭᠠᠯᠳᠤᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠᠶᠢᠭᠤᠯᠤᠯ ᠪᠠ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠬᠠᠮᠢᠶᠠᠷᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠳᠣᠷᠣᠭᠰᠢ ᠪᠠᠭᠤᠯᠭᠠᠭᠰᠠᠨ ᠬᠢᠨᠠᠨ | ᠵᠥᠪᠰᠢᠶᠡᠷᠡᠬᠦ ᠵᠦᠢᠯᠡᠰ ᠢ ᠪᠦᠲᠦᠮᠵᠢᠲᠡᠶ ᠵᠠᠯᠭᠠᠨ ᠠᠪᠴᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠪᠤᠰᠤ ᠬᠢᠨᠠᠨ | ᠵᠥᠪᠰᠢᠶᠡᠷᠡᠬᠦ ᠵᠦᠢᠯᠡᠰ ᠢ ᠠᠯᠬᠤᠮ ᠠᠯᠬᠤᠮ ᠢᠶᠠᠷ ᠬᠦᠴᠦᠨ ᠥᠬᠡᠶ ᠪᠣᠯᠭᠠᠨ᠎ᠠ᠃ ︽ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠬᠤ︾ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ ︽ᠢᠨᠲ᠋ᠧᠷ ᠰᠦᠯᠵᠢᠶ᠎ᠡ + | ᠬᠢᠨᠠᠯᠲᠠ ᠬᠠᠮᠢᠶᠠᠷᠤᠯᠲᠠ︾ ᠶᠢᠨ ᠲᠦᠷᠢᠮ ᠢ ᠨᠠᠶᠢᠳᠠᠪᠤᠷᠢᠵᠢᠭᠤᠯᠤᠨ᠂ ︽ᠨᠢᠭᠡ ᠴᠤᠭᠴᠠᠵᠢᠭᠤᠯᠬᠤ ᠲᠠᠪᠴᠠᠩ︾ ᠤᠨ | ᠪᠠᠶᠢᠭᠤᠯᠤᠯᠲᠠ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠬᠡᠷᠡᠭᠵᠢᠭᠦᠯᠦᠨ᠂ ᠮᠥᠩᠬᠡ ᠰᠤᠪᠠᠭ ᠤᠨ ︽ᠳᠥᠷᠪᠡ ᠶᠢ | ᠭᠦᠢᠴᠡᠳᠬᠡᠬᠦ︾ ᠠᠵᠢᠯ ᠤᠨ ᠡᠭᠦᠷᠭᠡ ᠶᠢ ᠦᠷᠭᠦᠯᠵᠢᠯᠡᠨ ᠬᠡᠮᠵᠢᠶᠡᠵᠢᠭᠦᠯᠦᠨ ᠬᠢᠨᠠᠨ ᠰᠢᠯᠭᠠᠨ᠎ᠠ᠃ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠡᠷᠴᠢᠮ ᠢ ᠴᠢᠩᠭᠠᠷᠠᠭᠤᠯᠵᠤ᠂ ᠣᠷᠣᠯᠠᠨ ᠭᠦᠢᠴᠡᠳᠬᠡᠬᠦ ᠬᠠᠪᠰᠤᠷᠤᠨ | ᠭᠦᠢᠴᠡᠳᠬᠡᠬᠦ ᠬᠡᠪᠴᠢᠶ᠎ᠡ ᠶᠢ ᠥᠷᠭᠡᠳᠬᠡᠨ᠎ᠡ᠃ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ | ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠭᠤᠭᠴᠤᠭ᠎ᠠ ᠶᠢ ᠴᠣᠮᠬᠠᠳᠬᠠᠵᠤ᠂ ᠴᠠᠭ ᠤᠨ | ᠬᠢᠵᠠᠭᠠᠷ ᠢ ᠪᠠᠭᠠᠰᠬᠠᠨ᠂ ᠴᠤᠪᠤᠷᠠᠯ ᠢ ᠰᠢᠯᠢᠳᠡᠭᠵᠢᠭᠦᠯᠵᠦ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ | ᠲᠣᠨᠤᠭᠯᠠᠯ ᠤᠨ ᠵᠦᠢᠯ ᠢ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠬᠡᠬᠦ ᠶᠢ ᠳᠥᠯᠭᠢᠨ ᠠᠬᠢᠭᠤᠯᠵᠤ᠂ ︽ᠨᠢᠭᠡ | ᠯᠡ ᠤᠳᠠᠭ᠎ᠠ ᠳᠤ ᠭᠦᠢᠴᠡᠳᠬᠡᠬᠦ᠂ ᠲᠠᠨ ᠢ ᠬᠠᠪᠰᠤᠷᠤᠨ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠨᠢᠭᠡ | ᠯᠡ ᠰᠦᠯᠵᠢᠶ᠎ᠡ ᠪᠠᠷ ᠭᠦᠢᠴᠡᠳᠬᠡᠬᠦ︾ ᠶᠢ ᠠᠬᠢᠭᠤᠯᠤᠨ ᠰᠢᠨ᠎ᠡ ᠠᠬᠢᠴᠠ ᠲᠠᠢ ᠪᠣᠯᠭᠠᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠲᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠵᠦ᠂ | ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠶ ᠬᠥᠭᠵᠢᠬᠦ ᠶᠢ ᠲᠥᠷᠭᠡᠳᠬᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠨᠡᠭᠦᠯᠭᠡᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠨᠢᠭᠡ ᠯᠡ ᠤᠳᠠᠭ᠎ᠠ︾ ᠶᠢᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ | ᠨᠠᠩ ᠰᠠᠶᠢᠨ ᠦᠢᠯᠡᠴᠢᠯᠡᠨ᠎ᠡ᠃ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ | ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠮᠠᠯᠠᠯᠲᠠ ᠶᠢᠨ ᠵᠦᠢᠯᠡᠰ ᠢ ᠰᠠᠶᠢᠲᠤᠷ ᠪᠡᠶᠡᠯᠡᠭᠦᠯᠵᠦ᠂ ᠬᠠᠤᠯᠢ ᠪᠠᠷ | ᠵᠠᠰᠠᠬᠤ ᠦᠨᠡᠨᠴᠢ ᠢᠲᠡᠭᠡᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ᠃ | ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠪᠠ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ | ᠲᠠᠪᠴᠠᠩ ᠢ ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ | ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠬᠠᠮᠠᠭᠠᠯᠠᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠪᠠᠬᠢᠯᠡᠯᠲᠡ ᠶᠢ ᠡᠪᠳᠡᠵᠦ᠂ ᠠᠵᠤ | ᠠᠬᠤᠶᠢᠯᠠᠯ ᠳᠠᠬᠢ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ | ᠳᠣᠲᠣᠨᠣ ᠴᠡᠪᠡᠷ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠎ᠠ᠃ ︽12345︾ ᠵᠠᠭᠠᠯᠳᠤᠯᠭ᠎ᠠ ᠶᠢ | ᠭᠥᠯᠢᠶᠡᠨ ᠠᠪᠤᠪᠠᠯ ᠳᠠᠷᠤᠶ ᠭᠦᠢᠴᠡᠳᠬᠡᠬᠦ ᠬᠤᠪᠢᠶᠠᠷᠢ ᠲᠥᠪ ᠤᠨ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ | ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠲᠠ ᠶᠢᠨ ᠱᠠᠲᠤᠨ ᠤ ︽ᠵᠠᠭᠠᠯᠳᠤᠯᠭ᠎ᠠ ᠶᠢ ᠭᠥᠯᠢᠶᠡᠨ | ᠠᠪᠤᠪᠠᠯ ᠳᠠᠷᠤᠶ ᠭᠦᠢᠴᠡᠳᠬᠡᠬᠦ︾ ᠪᠠ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠤᠬᠠᠮᠰᠠᠷ ᠠᠴᠠ ᠪᠠᠨ ᠬᠠᠤᠯᠢ ᠪᠠᠷ ᠵᠠᠰᠠᠬᠤ | ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ | ᠦᠷᠭᠦᠯᠵᠢᠯᠡᠨ ᠰᠢᠯᠢᠳᠡᠭᠵᠢᠬᠦ ᠶᠢ ᠳᠥᠯᠭᠢᠨ ᠠᠬᠢᠭᠤᠯᠤᠨ᠎ᠠ᠃ | ︵ᠲᠤᠯᠤᠭ᠎ᠠ︶ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠡᠷᠡᠰ ᠭᠤᠶᠢᠪᠢᠰᠢ ᠦᠭᠡᠢ | ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ | ᠨᠡᠶᠢᠭᠡᠮ ᠤᠨ ᠪᠠᠲᠤᠯᠠᠭ᠎ᠠ ᠶᠢᠨ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠬᠦᠨᠳᠦ | ᠡᠪᠡᠳᠴᠢᠨ ᠤ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠠᠪᠤᠷᠠᠬᠤ | ᠶᠣᠰᠣᠲᠠᠶ ᠶᠢ ᠨᠢ ᠪᠦᠬᠦᠨ ᠢ ᠠᠪᠤᠷᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ | ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠨ᠎ᠠ᠃ ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠶᠢ ᠠᠬᠢᠭᠤᠯᠵᠤ᠂ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠤᠯᠬᠤ ᠶᠢ | ᠳᠡᠮᠵᠢᠵᠦ᠂ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠭᠡ | ᠴᠦ ᠠᠵᠢᠯ ᠣᠯᠤᠭᠰᠠᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠬᠦ ᠶᠢ ᠪᠠᠲᠤᠯᠠᠨ᠎ᠠ᠃ ᠨᠠᠰᠤᠵᠢᠯ ᠤᠨ | ᠠᠰᠠᠷᠠᠮᠵᠢ ᠶᠢᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ | ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠠᠰᠤᠨ ᠳᠤ ᠦᠯᠦ | ᠬᠦᠷᠦᠭᠰᠡᠳ᠂ ᠵᠡᠮᠳᠡᠭᠴᠦᠳ᠂ ᠡᠮᠡᠭᠲᠡᠶᠢᠴᠦᠳ ᠵᠡᠷᠭᠡ ᠬᠠᠮᠲᠤᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ᠂ | ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ | ᠪᠠᠶᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ᠂ | ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ ᠰᠣᠶᠣᠯ ᠤᠨ ᠨᠡᠶᠢᠭᠡᠮ ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠤ ᠲᠥᠪ ᠤᠨ ᠡᠵᠡᠩᠨᠡᠯᠲᠡ᠂ ᠰᠢ ᠭᠤᠸᠠᠨ ᠵᠢᠩ ᠨᠡᠶᠢᠭᠡᠮ ᠲᠣᠭᠤᠷᠢᠭ ᠤᠨ ᠬᠡᠷ ᠲᠡᠭᠡᠨ | ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠪ ᠪᠣᠯᠤᠨ ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠲᠥᠪ ᠤᠨ ᠪᠥᠲᠦᠭᠡᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠤᠨ᠎ᠠ᠃ ᠬᠦᠯᠦᠰᠦᠨ | ᠠᠵᠢᠯᠴᠢᠨ ᠤ ᠴᠠᠯᠢᠩ ᠤᠨ ︽ᠲᠦᠷᠪᠡᠨ ᠲᠦᠷᠢᠮ ᠬᠤᠶᠠᠷ ᠮᠥᠩᠭᠦ︾ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ | ᠂ ᠮᠠᠭᠤ ᠰᠠᠨᠠᠭ᠎ᠠ ᠲᠠᠢ ᠪᠠᠷ ᠴᠠᠯᠢᠩ ᠥᠷᠢᠲᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ | ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠵᠤ᠂ 3 ᠬᠡᠦᠬᠡᠳ ᠤᠨ ᠴᠡᠴᠡᠷᠯᠢᠭ᠂ 4 ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ | ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠠᠯᠪᠠᠨ ᠠᠴᠠ ᠡᠷᠭᠢᠯᠡᠭᠰᠡᠨ ᠲᠦᠭᠡᠮᠡᠯ ᠬᠠᠷᠠᠭᠠᠯᠵᠠᠯᠲᠤ ᠬᠡᠤᠬᠡᠳ ᠤᠨ | ᠴᠡᠴᠡᠷᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠴᠢᠨᠠᠷ ᠰᠠᠶᠢᠲᠠᠶ ᠤᠨᠴᠠᠯᠢᠭᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠢᠳᠡᠪᠬᠢᠲᠡᠶ | ᠬᠥᠭᠵᠢᠭᠦᠯᠵᠦ᠂ ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠦᠵᠢᠯ ᠤᠨ ᠠᠭᠤᠰᠤᠯᠴᠠᠨ ᠨᠡᠪᠲᠡᠷᠡᠯᠴᠡᠬᠦ᠂ | ᠰᠤᠷᠭᠠᠭᠤᠯᠢ ᠠᠵᠤ ᠠᠬᠤᠶᠢᠯᠠᠯ ᠤᠨ ᠠᠭᠤᠰᠤᠯᠴᠠᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠤᠷᠭᠠᠭᠤᠯᠢ ︵ᠬᠦᠷᠢᠶᠡᠯᠡᠩ︶ ᠶᠢᠨ | ᠳᠠᠷᠤᠭ᠎ᠠ ᠶᠢᠨ ᠡᠩᠨᠡᠭᠡ ᠪᠠ ᠪᠠᠭᠰᠢ ᠶᠢᠨ ᠡᠩᠨᠡᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠬᠤᠶᠠᠷ ᠢ | ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ | ᠠᠮᠤᠷ ᠲᠦᠪᠰᠢᠨ ᠤ ︽ᠳᠥᠷᠪᠡᠨ ᠵᠠᠭᠤᠨ ᠤ ᠵᠠᠭᠤ︾ ᠶᠢ ᠪᠠᠬᠢᠵᠢᠭᠦᠯᠵᠦ᠂ ᠪᠠᠭᠰᠢ ᠰᠤᠷᠤᠭᠴᠢᠳ ᠤᠨ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ ᠭᠡᠷ ᠤᠨ ᠠᠬᠠᠮᠠᠳ ᠰᠤᠷᠭᠠᠭᠤᠯᠢ ᠨᠡᠶᠢᠭᠡᠮ ᠤᠨ ᠬᠠᠮᠲᠤ ᠶᠢᠨ ᠬᠥᠮᠦᠵᠢᠯ ᠢ | ᠲᠦᠯᠬᠢᠨ ᠠᠬᠢᠭᠤᠯᠵᠤ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠰᠤᠷᠤᠭᠴᠢᠳ ᠤᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠣᠯᠠᠨ ᠲᠦᠮᠡᠨ ᠤ ᠡᠷᠡᠭᠦᠯ ᠮᠡᠨᠳᠦ ᠶᠢᠨ ᠬᠠᠯᠬᠠᠪᠴᠢ ᠶᠢ ᠪᠠᠬᠢᠵᠢᠭᠦᠯᠦᠨ᠎ᠡ᠃ ᠰᠢᠶᠠᠨ ᠤ ᠬᠡᠪᠴᠢᠶᠡᠨ ᠤ | ᠶᠡᠷᠦᠩᠬᠡᠶᠢᠯᠡᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠥᠯᠬᠢᠨ | ᠠᠬᠢᠭᠤᠯᠵᠤ᠂ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠰᠢᠯᠢᠳᠡᠭᠵᠢᠭᠦᠯᠦᠨ | ᠡᠮᠬᠢᠯᠡᠨ ᠨᠡᠶᠢᠯᠡᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠲᠤ ᠡᠪᠡᠳᠴᠢᠨ ᠤ ᠶᠡᠷᠦᠩᠬᠡᠶᠢᠯᠡᠭᠰᠡᠨ | ᠠᠰᠠᠷ ᠵᠢᠴᠢ ᠳᠣᠲᠣᠷ ᠰᠠᠯᠠᠭᠠᠨ ᠤ ᠲᠣᠮᠣ ᠠᠰᠠᠷ ᠢ ᠪᠠᠶᠢᠭᠤᠯᠬᠤ ᠪᠠᠷ ᠢᠳᠡᠪᠬᠢᠲᠡᠶ ᠴᠢᠷᠮᠠᠶᠢᠵᠤ᠂ ᠰᠢᠶᠠᠩ᠂ | ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠱᠠᠲᠤ | ᠬᠤᠪᠢᠶᠠᠨ ᠣᠨᠣᠰᠢᠯᠠᠨ ᠡᠮᠨᠡᠬᠦ ᠶᠢ ᠪᠡᠶᠡᠯᠡᠭᠦᠯᠦᠨ᠂ ᠠᠷᠠᠳ ᠣᠯᠠᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠸᠠᠺᠼᠢᠨ ᠤ ᠲᠠᠷᠢᠯᠭ᠎ᠠ ᠬᠢᠬᠦ ᠶᠢ | ᠦᠷᠭᠦᠯᠵᠢᠯᠡᠨ ᠠᠬᠢᠭᠤᠯᠵᠤ᠂ ᠭᠠᠳᠠᠨ᠎ᠠ ᠠᠴᠠ ᠣᠷᠤᠵᠤ ᠢᠷᠡᠬᠦ ᠶᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠦᠨ᠎ᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠷᠭᠦᠯᠵᠢᠯᠡᠨ | ᠰᠠᠶᠢᠲᠤᠷ ᠠᠳᠬᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ | ᠥᠷᠨᠢᠭᠦᠯᠦᠨ᠎ᠡ᠃ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠭᠡᠨᠡᠳᠲᠡ ᠡᠭᠦᠰᠦᠭᠰᠡᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠬᠦᠳᠡᠭᠡ | ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢᠨ ᠲᠣᠭᠤᠷᠢᠨ ᠳᠤ᠂ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠰᠢᠷᠢᠰ ᠢᠨᠵᠧᠨᠧᠷᠢᠩ ᠢ ᠰᠠᠶᠢᠲᠤᠷ ᠠᠳᠬᠤᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠰᠣᠶᠣᠯ ᠤᠨ ᠥᠪᠡᠷᠮᠢᠴᠡ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠡᠯᠪᠡᠭ ᠪᠠᠶᠠᠯᠢᠭ ᠣᠯᠠᠨ ᠲᠦᠮᠡᠨᠴᠢ ᠰᠣᠶᠣᠯ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠥᠷᠨᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠤᠯᠤᠰ ᠤᠨ ᠪᠠᠶᠢᠯᠳᠤᠬᠤ | ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠳᠤᠲᠠᠭᠤᠳᠠᠯ ᠢ | ᠨᠥᠬᠦᠪᠥᠷᠢᠯᠡᠬᠦ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠬᠥᠳᠡᠭᠡ ᠶᠢᠨ ᠪᠡᠶ᠎ᠡ ᠶᠢᠨ | ᠲᠠᠮᠢᠷ ᠤᠨ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠶᠠᠨ ᠤ ᠬᠤᠲᠠ ᠶᠢᠨ 15 ᠮᠢᠨᠦ᠋ᠲ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ ᠢ ᠪᠥᠲᠦᠭᠡᠨ ᠪᠠᠶᠢᠭᠤᠯᠤᠨ᠎ᠠ᠃ | ︵ᠨᠠᠢᠮᠠ︶ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ | ᠠᠮᠤᠷ ᠲᠦᠪᠰᠢᠨ ᠲᠣᠭᠲᠠᠭᠤᠨ ᠤ ᠬᠠᠮᠠᠭᠠᠯᠠᠯᠲᠠ ᠶᠢᠨ ᠲᠣᠣᠷ ᠢ ᠪᠠᠲᠤ ᠴᠣᠭᠴᠠᠯᠠᠨ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠴᠣᠭᠴᠠᠯᠠᠨ᠎ᠠ᠃ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ | ︾ ᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠵᠥᠪ ᠣᠨᠣᠪᠴᠢᠲᠠᠶ ᠤᠯᠤᠰ ᠤᠨ ᠦᠵᠡᠯᠲᠡ᠂ | ᠲᠡᠤᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ | ᠦᠵᠡᠯᠲᠡ ᠶᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ | ᠣᠶᠢᠯᠠᠭᠠᠭᠳᠠᠬᠤᠨ ᠪᠠ ︽ᠭᠤᠷᠪᠠᠨ ᠰᠠᠯᠵᠤ ᠴᠢᠳᠠᠬᠤ ᠥᠬᠡᠶ︾ ︽ᠲᠠᠪᠤ ᠶᠢ ᠮᠡᠳᠡᠷᠡᠬᠦ︾ ᠦᠵᠡᠯ ᠰᠠᠨᠠᠭ᠎ᠠ ᠶᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠪᠠᠲᠤ ᠡᠵᠡᠮᠳᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠬᠤ ᠶᠢ | ᠪᠠᠷᠢᠮᠲᠠᠯᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠥᠬᠡᠬᠤᠲᠠ ᠶᠢᠨ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠦᠴᠤᠸᠠᠨ | ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠬᠦ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠬᠦ ᠠᠵᠢᠯ ᠢ ᠰᠠᠶᠢᠲᠤᠷ ᠬᠢᠨ᠎ᠠ᠃ ᠱᠠᠰᠢᠨ ᠰᠤᠷᠲᠠᠬᠤᠨ ᠤ ᠬᠦᠷᠢᠶᠡᠨ ᠳᠠᠬᠢ ᠡᠶ᠎ᠡ ᠵᠣᠬᠢᠴᠠᠯ ᠲᠠᠢ ᠲᠣᠭᠲᠠᠭᠤᠨ | ᠪᠠᠶᠢᠳᠠᠯ ᠢ ᠰᠠᠶᠢᠲᠤᠷ ᠬᠠᠮᠠᠭᠠᠯᠠᠨ᠎ᠠ᠃ | ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠤᠯᠤᠰ ᠲᠦᠷᠦ ᠶᠢᠨ ᠠᠮᠤᠷ | ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠬᠦᠷᠢᠶᠡᠨ ᠤ ᠬᠦᠨᠳᠦ ᠶᠡᠭᠡ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ᠂ ᠠᠶᠤᠯ ᠲᠦᠭᠰᠢᠭᠦᠷᠢ ᠶᠡᠬᠡᠲᠡᠶ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠠᠷᠢᠯᠭᠠᠬᠤ ᠠᠵᠢᠯ ᠢ ᠯᠠᠪᠳᠠᠭᠤᠨ ᠪᠥᠭᠡᠳ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ | ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ | ᠴᠢᠳᠠᠯ ᠤᠨ ᠢᠶᠠᠨ ᠬᠢᠷᠢ ᠪᠠᠷ ᠬᠢᠬᠦ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ ᠶᠢ ᠪᠠᠷᠢᠮᠲᠠᠯᠠᠵᠤ᠂ | ᠵᠠᠰᠠᠭ ᠤᠨ ᠣᠷᠳᠣᠨ ᠤ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠨ᠎ᠠ᠃ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ᠂ ᠴᠢᠬᠤᠯᠠ ᠶᠡᠭᠡ ᠵᠦᠢᠯᠡᠰ᠂ ᠭᠤᠣᠯᠳᠠᠯᠭ᠎ᠠ ᠲᠠᠢ ᠢᠨᠵᠧᠨᠧᠷᠢᠩ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠲᠠᠯ᠎ᠠ ᠪᠠᠷ ᠬᠢ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠴᠢᠩᠭᠠᠳᠬᠠᠵᠤ᠂ ᠠᠮᠤᠷ | ᠲᠦᠪᠰᠢᠨ ᠤ ᠲᠠᠯᠳᠠ ᠭᠡᠮ ᠢ ᠡᠬᠢ ᠰᠤᠷᠪᠤᠯᠵᠢ ᠠᠴᠠ ᠨᠢ ᠠᠷᠢᠯᠭᠠᠨ᠎ᠠ᠃ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠤᠨ ᠴᠢᠩᠭ᠎ᠠ ᠳᠠᠷᠤᠵᠤ᠂ ᠦᠢᠯᠡᠳᠪᠦᠷᠢᠯᠡᠯ ᠤᠨ ᠠᠶᠤᠯᠭᠦᠶ ᠶᠢᠨ | ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠭᠡᠨᠡᠳᠲᠡ ᠡᠭᠦᠰᠬᠦ ᠤᠯᠠᠨ ᠨᠡᠶᠢᠲᠡ ᠶᠢᠨ | ᠬᠡᠷᠡᠭ ᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠪᠠᠶᠢᠭᠠᠯᠢ ᠶᠢᠨ ᠭᠠᠶ | ᠭᠠᠮᠰᠢᠭ ᠤᠨ ᠠᠶᠤᠯ ᠲᠦᠭᠰᠢᠭᠦᠷᠢ ᠪᠠ ᠨᠡᠶᠢᠭᠡᠮ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ᠎ᠡ᠃ | ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠬᠠᠤᠯᠢ | ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ᠂ ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ | ᠲᠠᠲᠠᠭᠰᠠᠨ ᠵᠡᠷᠭᠡ ᠤᠯᠠᠨ ᠲᠦᠮᠡᠨ ᠳᠤ ᠬᠤᠯᠪᠣᠭᠳᠠᠭᠰᠠᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ᠂ | ᠤᠯᠤᠰ ᠤᠨ ᠲᠠᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ | ᠪᠠᠷᠢᠮᠵᠢᠶ᠎ᠠ ᠳᠤ ᠬᠦᠷᠦᠭᠦᠯᠬᠦ ᠠᠵᠢᠯ ᠢ ᠪᠡᠶᠡᠯᠡᠭᠦᠯᠦᠨ᠎ᠡ᠃ | ᠨᠡᠶᠢᠭᠡᠮ ᠤᠨ ᠲᠣᠭᠲᠠᠭᠤᠨ ᠪᠠᠶᠢᠳᠠᠯ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠤᠲᠠ ᠶᠢᠨ | ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠵᠤ᠂ ᠨᠡᠶᠢᠭᠡᠮ ᠤᠨ | ᠵᠠᠰᠠᠯᠲᠠ ᠶᠢᠨ ᠭᠤᠤᠯᠳᠠᠯᠭ᠎ᠠ ᠶᠢ ᠦᠨᠳᠦᠰᠦᠨ ᠱᠠᠲᠤ ᠳᠠᠰᠢ ᠳᠣᠷᠣᠭᠰᠢ ᠰᠢᠯᠵᠢᠭᠦᠯᠬᠦ ᠶᠢ ᠠᠬᠢᠭᠤᠯᠤᠨ᠂ ᠨᠡᠶᠢᠭᠡᠮ | ᠲᠣᠭᠤᠷᠢᠭ ︵ᠲᠣᠰᠬᠤᠨ︶ ᠤᠨ ᠵᠠᠰᠠᠯᠲᠠ ᠪᠠ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠵᠥᠷᠢᠴᠡᠯ ᠵᠢᠭᠤᠷᠠᠯᠳᠤᠭᠠᠨ ᠢ ᠪᠠᠶᠢᠩᠭᠤᠵᠢᠭᠤᠯᠤᠨ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢ ᠪᠠᠶᠢᠭᠤᠯᠵᠤ᠂ | ᠤᠳᠤᠷᠢᠳᠤᠯᠭ᠎ᠠ ᠠᠴᠠ ᠬᠡᠷᠡᠭ ᠳᠠᠭᠠᠭᠠᠴᠢᠯᠠᠬᠤ ᠲᠦᠷᠢᠮ ᠢ ᠴᠢᠩᠭᠠᠳᠬᠠᠵᠤ᠂ ᠡᠬᠢ ᠡᠭᠦᠰᠦᠯ ᠠᠴᠠ ᠨᠢ ᠰᠡᠷᠭᠡᠶᠢᠯᠡᠨ | ᠡᠵᠡᠮᠳᠡᠬᠦ᠂ ᠵᠢᠭᠰᠠᠭᠠᠨ ᠪᠠᠶᠢᠴᠠᠭᠠᠵᠤ ᠡᠮᠬᠢᠯᠡᠬᠦ᠂ ᠵᠢᠭᠤᠷᠠᠯᠳᠤᠭᠠᠨ ᠢ ᠨᠠᠮᠳᠠᠭᠤᠯᠬᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠨᠡᠶᠢᠭᠡᠮ ᠤᠨ ᠵᠥᠷᠢᠴᠡᠯ ᠢ ᠶᠡᠷᠦᠩᠬᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠤ᠂ ᠵᠥᠷᠢᠴᠡᠯ ᠢ | ᠴᠤᠬᠤᠶᠢᠬᠤ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠤ ᠵᠦᠢ ᠶᠣᠰᠣᠨ ᠤ ᠪᠠ ᠬᠠᠤᠯᠢ | ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠲᠣᠬᠢᠲᠠᠶ ᠰᠢᠢᠳᠪᠦᠷᠢᠯᠡᠨ᠎ᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠲᠤᠤᠷᠴᠢᠯᠠᠭᠰᠠᠨ ᠬᠠᠮᠢᠶᠠᠷᠤᠯᠲᠠ ᠪᠠ ᠰᠠᠶᠢᠨ | ᠳᠤᠷ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠡᠶᠢᠭᠡᠮ ᠤᠨ ᠨᠡᠩ ᠡᠶ᠎ᠡ ᠵᠣᠬᠢᠴᠠᠯ ᠲᠠᠢ ᠡᠮᠬᠢ ᠵᠢᠷᠤᠮ ᠲᠠᠢ | ᠪᠠᠶᠢᠬᠤ ᠶᠢ ᠲᠦᠯᠬᠢᠨ ᠠᠬᠢᠭᠤᠯᠤᠨ᠎ᠠ᠃ | ᠠᠬᠠᠮᠠᠳ ᠺᠠᠳ᠋ᠷᠴᠤᠳ᠂ ᠦᠢᠯᠡᠳᠪᠦᠷᠢ ᠬᠤᠳᠠᠯᠳᠤᠭᠠᠨ ᠤ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠨᠠᠰᠤᠲᠠᠶᠢᠴᠤᠳ ᠢ ᠠᠬᠢᠭᠤᠯᠬᠤ ᠡᠪᠯᠡᠯ᠂ ᠨᠡᠶᠢᠭᠡᠮ ᠤᠨ ᠬᠢᠨ ᠢ ᠠᠬᠢᠭᠤᠯᠬᠤ ᠡᠪᠯᠡᠯ᠂ | ᠨᠢᠭᠦᠯᠡᠰᠦᠩᠭᠦᠶ ᠶᠢᠨ ᠦᠢᠯᠡᠰ ᠤᠨ ᠶᠡᠷᠦᠩᠬᠡᠶ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ᠂ ᠬᠢᠨᠠᠨ ᠪᠤᠳᠤᠯᠳᠠ᠂ ᠭᠠᠵᠠᠷ ᠬᠥᠳᠡᠯᠦᠯᠲᠡ᠂ ᠴᠠᠭ | ᠠᠭᠤᠷ᠂ ᠲᠠᠩᠰᠠ ᠡᠪᠬᠡᠮᠡᠯ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠡᠶᠢᠭᠡᠮ ᠤᠨ ᠡᠯ᠎ᠡ ᠵᠦᠢᠯ ᠤᠨ | ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ | ᠴᠢᠩᠭᠠᠳᠬᠠᠵᠤ᠂ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ | ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠢᠮᠠᠭᠲᠠ ︽ᠬᠤᠶᠠᠷ ᠶᠡᠭᠡ ᠲᠠᠯ᠎ᠠ︾ ᠳᠤ | ᠵᠣᠭᠰᠣᠵᠤ᠂ ︽ᠤᠯᠤᠰ ᠤᠨ ᠶᠡᠭᠡ ᠲᠠᠯ᠎ᠠ︾ ᠶᠢ ᠪᠣᠳᠣᠯᠬᠢᠯᠠᠵᠤ᠂ ︽ᠬᠤᠶᠠᠷ ᠢ ᠲᠣᠭᠲᠠᠭᠠᠬᠤ︾ ᠶᠢᠨ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ | ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠵᠠᠰᠠᠭ ᠤᠨ | ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ | ᠪᠠᠲᠤᠯᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ | ᠲᠥᠪᠰᠢᠨ ᠢ ᠡᠷᠡᠰ ᠬᠠᠮᠠᠭᠠᠯᠠᠨ᠎ᠠ᠃ | ᠬᠠᠤᠯᠢ ᠶᠣᠰᠣᠭᠠᠷ ᠵᠠᠰᠠᠭ ᠶᠠᠪᠤᠭᠤᠯᠵᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠰᠢᠯᠢᠳᠡᠭᠵᠢᠭᠦᠯᠦᠨ᠎ᠡ᠃ | ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠥᠷᠨᠢᠭᠦᠯᠬᠦ ᠶᠢ | ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠡᠷᠬᠡᠪᠰᠢ ᠭᠦᠢᠴᠡᠳᠬᠡᠬᠦ᠂ ᠬᠠᠤᠯᠢ ᠠᠴᠠ | ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠵᠦ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠢᠷᠤᠮᠵᠢᠯ ᠲᠠᠢ ᠲᠥᠪ | ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠦᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ | ᠨᠡᠶᠢᠭᠡᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠭᠦᠢᠴᠡᠳᠬᠡᠨ᠎ᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠨᠡᠶᠢᠭᠡᠮ ᠤᠨ ᠠᠩᠬᠠᠷᠤᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠮᠠᠨ ᠤ ︽ᠬᠠᠤᠯᠢ ᠪᠠᠷ ᠵᠠᠰᠠᠬᠤ ᠵᠢᠭᠠᠯᠲᠠ ᠲᠤᠭ᠎ᠠ︾ ᠪᠠᠷ ᠢᠶᠠᠨ | ᠠᠷᠠᠳ ᠲᠦᠮᠡᠨ ᠤ ︽ᠬᠠᠨᠤᠮᠵᠢ ᠶᠢᠨ ᠵᠢᠭᠠᠯᠲᠠ ᠲᠤᠭ᠎ᠠ︾ ᠶᠢ ᠣᠯᠤᠨ᠎ᠠ᠃ | ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠢᠯ ᠬᠢᠵᠦ | ᠦᠢᠯᠡᠰ ᠪᠤᠰᠬᠠᠵᠤ ᠬᠥᠭᠵᠢᠯᠲᠡ ᠶᠢ ᠡᠷᠢᠯᠬᠢᠯᠡᠬᠦ ᠶᠢ ᠬᠠᠮᠤᠭ ᠤᠨ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ | ᠪᠣᠯᠭᠠᠵᠤ᠂ ᠨᠡᠩ ᠡᠷᠡᠰ ᠪᠠᠲᠤ ᠪᠠᠷ ᠤᠬᠠᠮᠰᠠᠷ ᠠᠴᠠ ᠪᠠᠨ ᠨᠠᠮ ᠤᠨ ᠲᠥᠯᠥᠭᠡ ᠰᠠᠨᠠᠭᠠᠰᠢᠷᠠᠨ ᠵᠣᠪᠠᠵᠤ᠂ ᠤᠯᠤᠰ ᠤᠨ | ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠲᠦᠮᠡᠨ ᠳᠤ ᠬᠤᠪᠢ ᠨᠡᠮᠡᠷᠢ ᠦᠵᠡᠭᠦᠯᠵᠦ᠂ ︽ᠳᠡᠭᠡᠳᠦ | ᠱᠠᠲᠤᠨ ᠤ ᠬᠢᠨ ᠪᠠᠶᠢᠷᠢᠯᠠᠭᠤᠯᠤᠯᠲᠠ ᠲᠠᠢ᠂ ᠵᠠᠰᠠᠭ ᠤᠨ ᠣᠷᠳᠣᠨ ᠠᠵᠢᠯᠯᠠᠭ᠎ᠠ ᠲᠠᠢ᠂ ᠨᠠᠶᠢᠳᠠᠪᠤᠷᠢᠵᠢᠭᠤᠯᠤᠯᠲᠠ ᠶᠢ | ᠦᠷ᠎ᠡ ᠪᠦᠲᠦᠮᠵᠢ ᠲᠠᠢ ᠪᠣᠯᠭᠠᠬᠤ︾ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠳᠤᠷ᠎ᠠ ᠥᠬᠡᠶ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠵᠣᠷᠢᠭ ᠥᠬᠡᠶ᠂ ᠨᠠᠶᠢᠳᠠᠪᠤᠷᠢᠵᠢᠭᠤᠯᠤᠯᠲᠠ ᠶᠢ ᠠᠳᠬᠤᠵᠤ ᠴᠢᠳᠠᠬᠤ ᠥᠬᠡᠶ᠂ | ᠨᠠᠶᠢᠳᠠᠪᠤᠷᠢᠵᠢᠭᠤᠯᠤᠯᠲᠠ ᠶᠢ ᠦᠨᠡᠨ ᠬᠦ ᠠᠳᠬᠤᠬᠤ ᠥᠬᠡᠶ ᠪᠠᠶᠢᠬᠤ ᠠᠰᠠᠭᠤᠳᠠᠯ ᠢ ᠬᠦᠴᠦᠯᠡᠨ ᠰᠠᠶᠢᠲᠤᠷ | ᠰᠢᠢᠳᠪᠦᠷᠢᠯᠡᠵᠦ᠂ ᠠᠵᠢᠯ ᠢ ᠲᠥᠷᠥᠯ ᠵᠦᠢᠯ ᠪᠣᠯᠭᠠᠬᠤ᠂ ᠲᠥᠷᠥᠯ ᠵᠦᠢᠯ ᠢ ᠲᠣᠳᠣᠷᠬᠠᠶ ᠬᠠᠭᠤᠳᠠᠰᠤᠵᠢᠭᠤᠯᠬᠤ᠂ | ᠲᠣᠳᠣᠷᠬᠠᠶ ᠬᠠᠭᠤᠳᠠᠰᠤ ᠶᠢ ᠬᠠᠷᠢᠭᠤᠴᠠᠯᠭᠠᠵᠢᠭᠤᠯᠬᠤ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠬᠡᠷᠡᠭᠵᠢᠭᠦᠯᠬᠦ | ᠬᠦᠴᠦᠨ ᠢ ᠳᠡᠭᠡᠭᠰᠢᠯᠡᠭᠦᠯᠦᠨ᠎ᠡ᠃ | ᠠᠷᠢᠭᠤᠨ ᠴᠢᠬᠡᠴᠢ ᠲᠦᠷᠢ ᠲᠥᠷᠬᠦ ᠶᠢ ᠪᠤᠢ ᠪᠣᠯᠭᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠬᠢᠯᠭ᠎ᠠ ᠪᠠᠲᠤ ᠪᠠ ᠶᠣᠰᠣ ᠲᠦᠷᠢᠮ ᠢ ᠲᠡᠷᠢᠭᠦᠨ ᠳᠤ ᠲᠠᠯᠪᠢᠵᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ︽ᠲᠦᠷᠪᠡᠨ ᠰᠤᠷᠲᠠᠯ︾ ᠤᠨ ᠠᠰᠠᠭᠤᠳᠠᠯ ᠤᠨ ᠲᠠᠬᠢᠨ ᠢᠯᠡᠷᠡᠬᠦ᠂ ᠲᠠᠯᠳᠠ ᠬᠤᠪᠢᠷᠠᠯᠲᠠ | ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ | ᠲᠦᠯᠬᠢᠨ ᠠᠬᠢᠭᠤᠯᠵᠤ᠂ ᠴᠢᠬᠤᠯᠠ ᠠᠵᠢᠯ ᠤᠨ ᠪᠠᠶᠢᠷᠢ᠂ ᠵᠠᠩᠭᠢᠯᠠᠭ᠎ᠠ ᠶᠢᠨ ᠬᠦᠷᠢᠶ᠎ᠡ᠂ ᠭᠤᠣᠯᠳᠠᠯᠭ᠎ᠠ ᠲᠠᠢ | ᠵᠠᠩᠭᠢᠯᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ | ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ ᠪᠠᠶᠢᠴᠠᠭᠠᠨ ᠰᠢᠢᠳᠪᠦᠷᠢᠯᠡᠨ᠎ᠡ᠃ | ᠲᠥᠯᠥᠭᠡᠯᠡᠭᠴᠢᠳ ᠡ︕ ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ᠂ | ᠬᠦᠨᠳᠦ ᠡᠭᠦᠷᠭᠡ ᠶᠢ ᠪᠡᠶᠡᠯᠡᠭᠦᠯᠬᠦ ᠳᠤ ᠳᠠᠷᠪᠠᠭᠤᠯ ᠳᠠᠬᠢᠨᠲᠠ ᠬᠡᠶᠢᠰᠬᠡᠨ ᠤᠷᠤᠭᠰᠢᠯᠠᠨ᠎ᠠ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ | ᠲᠡᠮᠡᠴᠡᠬᠦ᠂ ᠡᠭᠦᠷᠭᠡ ᠬᠠᠷᠢᠭᠤᠴᠠᠯᠭ᠎ᠠ ᠲᠠᠢ ᠲᠡᠮᠡᠴᠡᠬᠦ ᠣᠪᠣᠷ ᠪᠠᠶᠢᠳᠠᠯ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ | ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠪᠣᠳᠠᠲᠤ ᠠᠵᠢᠯᠯᠠᠭ᠎ᠠ ᠪᠠᠷ ᠢᠶᠠᠨ ᠢᠲᠡᠭᠡᠯ ᠵᠣᠷᠢᠭ ᠢᠶᠠᠨ | ᠪᠠᠲᠤᠳᠬᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ︽ᠵᠢᠷᠭᠤᠭᠠᠨ ᠰᠢᠨ᠎ᠡ ᠦᠴᠤᠸᠠᠨ︾ ᠤ | ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ︕ | |