6 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠠᠵᠢᠯ ᠵᠢᠴᠢ ᠵᠧᠩᠵᠧᠦ ᠶᠢᠨ ︽7 · 20︾ ᠤ ᠣᠨᠴᠠ ᠶᠡᠭᠡ ᠰᠢᠷᠦᠭᠦᠨ ᠪᠣᠷᠣᠭᠠᠨ ᠤ ᠭᠠᠮᠰᠢᠭ ᠤᠨ | ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠬᠦ ᠲᠧᠯᠸᠢᠰ ᠤᠲᠠᠰᠤᠲᠤ ᠬᠤᠷᠠᠯ ᠬᠤᠷᠠᠯᠳᠤᠵᠤ᠂ ᠪᠥᠬᠦ ᠣᠷᠣᠨ ᠤ ᠭᠠᠩ | ᠤᠰᠤᠲᠤᠯ ᠤᠨ ᠭᠠᠮᠰᠢᠭ ᠤᠨ ᠪᠠᠶᠢᠳᠠᠯ ᠢ ᠵᠠᠳᠠᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃ | ᠬᠤᠸᠠᠩ ᡁᠢ ᠴᠢᠶᠠᠩ ᠶᠠᠷᠢᠬᠤ ᠳᠤ ᠪᠠᠨ᠂ ᠮᠠᠨ ᠤ ᠣᠷᠣᠨ ᠪᠦᠬᠦ ᠲᠠᠯ᠎ᠠ ᠪᠠᠷ ᠦᠶᠡᠷ ᠤᠨ ᠬᠤᠭᠤᠴᠠᠭᠠᠨ ᠳᠤ | ᠣᠷᠣᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠴᠠᠭ ᠢᠮᠠᠭᠲᠠ ᠠᠩᠬᠠᠷᠤᠯ ᠲᠠᠯᠪᠢᠬᠤ︾ | ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠨᠡ ᠬᠦ ᠬᠥᠪᠴᠢ ᠶᠢ | ᠴᠢᠩᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠨ ᠤ ᠳᠣᠲᠣᠷ᠎ᠠ | ᠭᠠᠳᠠᠨᠠᠬᠢ ᠭᠠᠮᠰᠢᠭ ᠠᠴᠠ ᠭᠦᠨᠵᠡᠭᠡᠢ ᠰᠤᠷᠭᠠᠮᠵᠢ ᠠᠪᠴᠤ᠂ ︽ᠶᠠᠪᠤᠳᠠᠯ ᠪᠦᠬᠦᠨ ᠢ ᠭᠠᠷ ᠲᠤ ᠪᠠᠨ ᠠᠳᠬᠤᠬᠤ︾ | ᠬᠡᠷᠡᠭᠵᠢᠭᠦᠯᠬᠦ ᠬᠦᠴᠦᠨ ᠢᠶᠠᠷ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠰᠠᠶᠢᠲᠤᠷ | ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ | ᠪᠣᠳᠠᠲᠠᠶᠢᠵᠢᠭᠤᠯᠵᠤ᠂ ︽ᠬᠥᠮᠥᠨ ᠪᠦᠬᠦᠨ ᠬᠠᠷᠢᠭᠤᠴᠠᠯᠭ᠎ᠠ ᠡᠭᠦᠷᠭᠡᠯᠡᠬᠦ︾ ᠵᠣᠷᠢᠭ ᠰᠠᠨᠠᠭ᠎ᠠ ᠪᠠᠷ ᠦᠶᠡᠷ ᠢ ᠰᠡᠷᠭᠡᠶᠢᠯᠡᠵᠦ | ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠢ ᠸᠢᠳᠢᠤ᠋ ᠬᠡᠯᠪᠡᠷᠢ ᠪᠠᠷ ᠠᠶᠢᠮᠠᠭ ᠬᠤᠳᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠲᠤ ᠬᠦᠷᠲᠡᠯ᠎ᠡ | ᠬᠤᠷᠠᠯᠳᠤᠪᠠ᠃ |