ᠰᠢᠶᠠᠨ ᠤ ᠤᠳᠤᠷᠢᠳᠤᠯᠭ᠎ᠠ ᠬᠤᠲᠠ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/14
     6 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ ᠪᠦᠯᠬᠦᠮ ᠳᠠᠭᠠᠭᠤᠯᠤᠨ ᠮᠠᠨ ᠤ ᠰᠢᠶᠠᠨ ᠤ ᠣᠷᠴᠢᠨ ᠠᠬᠤᠶ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠧᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠶ ᠢᠦᠶ ᠵᠢᠴᠢ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠧᠦ ᠵᠧᠨ ᠭᠤᠸᠠᠩ ᠨᠠᠷ ᠵᠡᠭᠡᠯᠢ ᠳᠠᠭᠠᠤ ᠵᠠᠮ ᠳᠠᠭᠠᠤ ᠬᠤᠳᠠ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠶᠡᠭᠡ ᠪᠠᠭ᠎ᠠ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠴᠡᠪᠡᠷᠯᠡᠯᠲᠡ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ ᠪᠣᠳᠠᠲᠠᠢ ᠰᠠᠨᠠᠯ ᠪᠠ ᠱᠠᠭᠠᠷᠳᠠᠯᠭ᠎ᠠ ᠳᠤᠷᠠᠳᠴᠠᠢ᠃      ᠵᠧᠦ ᠵᠧᠨ ᠭᠤᠸᠠᠩ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠠᠴᠠ ᠵᠡᠭᠡᠯᠢ ᠶᠢᠨ ᠬᠠᠵᠠᠭᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠳᠠᠯᠠᠵᠤ᠂ ᠬᠤᠳᠠ ᠪᠠᠶᠢᠭᠤᠯᠬᠤ ᠠᠵᠢᠯ ᠤᠨ ᠡᠯ᠎ᠡ ᠵᠦᠢᠯ ᠤᠨ ᠠᠷᠭ᠎ᠠ  ᠬᠡᠮᠵᠢᠶ᠎ᠡ ᠶᠢ ᠪᠣᠳᠠᠲᠠᠢ ᠪᠠᠷ ᠭᠦᠨᠵᠡᠭᠡᠶᠢᠷᠡᠭᠦᠯᠬᠦ ᠬᠡᠷᠡᠭᠲᠡᠢ᠃ ᠬᠤᠳᠠ ᠶᠢ ᠴᠣᠭᠴᠠᠯᠠᠬᠤ ᠪᠣᠯ ᠥᠷᠭᠡᠨ ᠤᠯᠠᠨ ᠠᠷᠠᠳ ᠲᠦᠮᠡᠨ ᠳᠤ ᠪᠤᠶᠠᠨ ᠦᠢᠯᠡᠳᠬᠦ᠂ ᠬᠤᠳᠠ ᠶᠢᠨ ᠲᠦᠷᠢ ᠲᠥᠷᠬᠦ ᠶᠢ ᠳᠡᠭᠡᠭᠰᠢᠯᠡᠭᠦᠯᠬᠦ ᠴᠢᠬᠤᠯᠠ ᠶᠡᠭᠡ ᠢᠨᠵᠧᠨᠧᠷᠢᠩ ᠪᠣᠯᠤᠨ᠎ᠠ᠂ ᠡᠯ᠎ᠡ ᠨᠢᠭᠡᠴᠡ ᠶᠢᠨ ᠬᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠳᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号