ᠶᠠᠩ ᠰᠢᠩ ᠱᠧᠩ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/14
     6 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠥᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᡁᠢ ᠵᠢᠶᠠᠨ ᠭᠠᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠧᠨ ᠯᠢᠨ ᠹᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠶᠠᠩ ᠰᠢᠩ ᠱᠧᠩ ᠨᠡᠷ ᠤᠷᠢᠳ ᠬᠤᠵᠢᠳ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠬᠥᠬᠡ ᠡᠷᠭᠢ ᠪᠠᠯᠭᠠᠰᠤᠨ ᠤ ᠲᠣᠮᠢᠯᠠᠭᠰᠠᠨ ᠰᠠᠯᠪᠤᠷᠢ᠂ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠳᠣᠬᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠲᠣᠳᠣᠷᠬᠠᠶ ᠣᠶᠢᠯᠠᠭᠠᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠶᠠᠩ ᠰᠢᠩ ᠱᠧᠩ ᠮᠠᠨ ᠤ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢᠶᠠᠷ ᠬᠥᠭᠵᠢᠬᠦ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠶᠢ ᠨᠤᠲᠠᠯᠠᠵᠤ ᠪᠠᠶᠢᠬᠤ ᠪᠠᠨ ᠢᠯᠡᠳᠬᠡᠪᠡ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠰᠢᠭᠤᠳ ᠬᠤᠯᠪᠣᠭᠳᠠᠵᠤ᠂ ᠨᠠᠮ ᠪᠠ ᠤᠯᠤᠰ ᠤᠨ ᠥᠨᠢ ᠤᠳᠠᠭᠠᠨ ᠤ ᠠᠮᠤᠷ ᠲᠦᠪᠰᠢᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠲᠠᠢ ᠰᠢᠭᠤᠳ ᠬᠤᠯᠪᠣᠭᠳᠠᠵᠤ ᠪᠠᠶᠢᠳᠠᠭ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠦᠴᠤᠸᠠᠨ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠪᠦᠬᠦ ᠲᠠᠯ᠎ᠠ ᠪᠠᠷ ᠲᠤᠤᠱᠯᠠᠭᠤᠯᠬᠤ ᠵᠠᠩᠭᠢᠯᠠᠭ᠎ᠠ ᠶᠢᠨ ᠵᠢᠯ ᠮᠥᠨ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠪᠠᠨ ᠪᠦᠬᠦ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠲᠠᠨᠢᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠨᠢᠭᠡᠳᠬᠡᠬᠦ ᠶᠢᠨ ᠲᠣᠭᠤᠷᠢᠨ ᠳᠤ᠂ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠠᠭᠳᠠᠭ᠎ᠠ ᠶᠢ ᠪᠦᠬᠦ ᠲᠠᠯ᠎ᠠ ᠪᠠᠷ ᠴᠢᠩᠭ᠎ᠠ ᠵᠠᠰᠠᠵᠤ᠂ ᠨᠠᠮ ᠤᠨ ᠤᠳᠤᠷᠢᠳᠤᠯᠭ᠎ᠠ ᠶᠢᠨ ᠵᠢᠷᠭᠤᠭᠠᠨ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠨᠡᠬᠦ ᠦᠨᠳᠦᠰᠦᠨ ᠡᠭᠦᠷᠭᠡ ᠶᠢ ᠢᠮᠠᠭᠲᠠ ᠠᠳᠬᠤᠵᠤ᠂ ᠤᠯᠤᠰ ᠲᠦᠷᠦ ᠶᠢᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠨᠠᠮ ᠤᠨ ᠦᠢᠯᠡᠰ ᠲᠤ ᠢᠮᠠᠭᠲᠠ ᠦᠨᠡᠨᠴᠢ ᠰᠢᠳᠤᠷᠭᠤ ᠪᠠᠶᠢᠵᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠢ ᠣᠮᠤᠭ ᠲᠡᠭᠦᠯᠳᠡᠷ ᠪᠥᠭᠡᠳ ᠥᠴᠦᠬᠡᠨ ᠴᠦ ᠲᠠᠲᠠᠭᠠᠯᠵᠠᠯ ᠦᠭᠡᠢ ᠪᠠᠷ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ᠂ ᠡᠭᠦᠨ ᠤ ᠤᠯᠠᠮ ᠢᠶᠠᠷ ︽ᠵᠢᠷᠭᠤᠭᠠᠨ ᠰᠢᠨ᠎ᠡ︾ ᠦᠴᠤᠸᠠᠨ ᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号