ᠬᠠᠳᠠ ᠥᠪᠥᠷ ᠮᠣᠩᠭᠤᠯ ᠤᠨ ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠮᠧᠩ ᠱᠧᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠡᠤ ᠯᠢ ᠨᠠᠷ  ᠲᠠᠢ ᠠᠭᠤᠯᠵᠠᠪᠠ
ᠨᠡᠶᠢᠲᠡᠯᠡᠭᠰᠡᠨ ᠴᠠᠭ᠄
2022/6/14
     6 ᠳ᠋ᠤᠭᠠᠷ ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠥᠪᠥᠷ ᠮᠣᠩᠭᠤᠯ ᠤᠨ ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠮᠧᠩ ᠱᠧᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠡᠤ ᠯᠢ ᠭᠦᠸᠧ ᠨᠡᠷ ᠲᠠᠢ ᠠᠭᠤᠯᠵᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠤᠬᠠᠶ ᠶᠠᠷᠢᠯᠴᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠰᠢᠶᠠᠨ ᠤ ᠳᠡᠳ᠋  ᠳᠠᠷᠤᠭ᠎ᠠ ᠶᠠᠩ ᠶᠦᠩ ᠭᠠᠩ᠂ ᠵᠠᠰᠠᠭ ᠤᠨ ᠣᠷᠳᠣᠨ ᠤ  ᠰᠢᠶᠠᠨ ᠤ ᠳᠡᠳ᠋ ᠳᠠᠷᠤᠭ᠎ᠠ ᠪᠠᠶ ᠢᠦᠶ ᠵᠢᠴᠢ ᠡᠯ᠎ᠡ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠤᠰᠤᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠮᠧᠩ ᠱᠧᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠤᠬᠠᠭᠤᠯᠭ᠎ᠠ ᠶᠢᠨ ᠹᠢᠯᠢᠮ ᠢ ᠦᠵᠡᠵᠦ᠂ ᠦ᠋ ᠯᠢ ᠭᠦᠸᠧ ᠠᠵᠤ ᠠᠬᠤᠶᠢᠯᠠᠯ ᠤᠨ ᠬᠤᠯᠪᠣᠭᠳᠠᠯ ᠪᠥᠬᠦᠶ ᠪᠠᠶᠢᠳᠠᠯ ᠪᠠ ᠬᠠᠮᠲᠤᠷᠠᠯᠴᠠᠭᠠᠨ ᠤ ᠰᠠᠨᠠᠮᠵᠢ ᠶᠢ ᠲᠠᠨᠢᠯᠴᠠᠭᠤᠯᠪᠠ᠃      ᠬᠠᠳᠠ᠂ ᠤᠢᠢᠷ᠎ᠠ ᠶᠢᠨ ᠵᠢᠯ ᠠᠴᠠ᠂ ᠮᠧᠩ ᠱᠧᠩ ᠠᠵᠢᠯ ᠲᠦᠷᠦᠯ ᠤᠨ ᠳᠠᠪᠠᠭᠤᠯᠢᠭ ᠲᠠᠭᠠᠨ ᠰᠠᠭᠤᠷᠢᠯᠠᠵᠤ᠂ ᠪᠠᠷᠢᠯᠭ᠎ᠠ ᠶᠢᠨ ᠢᠨᠵᠧᠨᠧᠷᠢᠩ᠂ ᠵᠠᠰᠠᠮᠠᠯ ᠵᠠᠮ ᠤᠨ ᠢᠨᠵᠧᠨᠧᠷᠢᠩ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠵᠡᠷᠭᠡ ᠲᠠᠯ᠎ᠠ ᠪᠠᠷ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠦᠴᠤᠸᠠᠨ ᠰᠢᠶᠠᠨ ᠳᠤ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠪᠠ ᠭᠠᠵᠠᠷ ᠵᠦᠢ ᠶᠢᠨ ᠳᠠᠪᠠᠭᠤᠯᠢᠭ ᠪᠠᠶᠢᠷᠢᠰᠢᠯ ᠲᠠᠢ᠂ ᠬᠥᠭᠵᠢᠯᠲᠡ ᠶᠢᠨ ᠠᠯᠤᠰ ᠢᠷᠡᠭᠡᠳᠦᠢ ᠮᠠᠰᠢ ᠥᠷᠭᠡᠨ ᠠᠭᠤᠳᠠᠮ ᠶᠤᠮ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠣᠷᠣᠨ ᠵᠠᠢ ᠪᠠᠨ ᠴᠢᠨᠠᠭᠰᠢᠳᠠ ᠥᠷᠭᠡᠳᠬᠡᠵᠦ᠂ ᠠᠵᠤ ᠦᠢᠯᠡᠰ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠲᠦᠷᠦᠯ ᠵᠦᠢᠯ ᠢᠶᠠᠨ ᠤᠷᠢᠳᠴᠢᠯᠠᠨ ᠲᠥᠯᠥᠪᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ᠂ ᠪᠠᠷᠢᠯᠭ᠎ᠠ ᠶᠢᠨ ᠢᠨᠵᠧᠨᠧᠷᠢᠩ ᠵᠡᠷᠭᠡ ᠲᠠᠯ᠎ᠠ ᠪᠠᠷ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠦ᠋ ᠯᠢ ᠭᠦᠸᠧ ᠢᠯᠡᠷᠬᠡᠶᠢᠯᠡᠬᠦ ᠳᠡᠭᠡᠨ᠂ ᠮᠧᠩ ᠱᠧᠩ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠴᠤᠸᠠᠨ ᠰᠢᠶᠠᠨ ᠤ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠬᠠᠮᠲᠤᠷᠠᠯᠴᠠᠭᠠᠨ ᠤ ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ ᠵᠣᠯᠭᠠᠭᠤᠯᠤᠨ ᠲᠥᠯᠥᠪᠯᠡᠵᠦ᠂ ᠦᠴᠤᠸᠠᠨ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号