ᠦᠴᠤᠸᠠᠨ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠶᠢᠯᠠᠭᠰᠠᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/14
     6 ᠰᠠᠷ᠎ᠠ ᠶᠢᠨ 10 ᠤ ᠡᠳᠦᠷ᠂ ᠦᠴᠤᠸᠠᠨ ᠰᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠧᠤ ᠵᠧᠨ ᠭᠤᠸᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠮᠧᠶ ᠺᠦᠶ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ᠵᠧᠦ ᠵᠧᠨ ᠭᠤᠸᠠᠩ ᠦᠴᠤᠸᠠᠨ ᠰᠢᠶᠠᠨ ᠤ ᠤᠢᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ᠃ ᠲᠡᠷᠡ᠂ ᠪᠦᠬᠦ ᠰᠤᠷᠤᠯᠴᠠᠭᠰᠠᠳ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ︔ ᠬᠤᠶᠠᠷ ᠲᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠲᠤᠬᠠᠢ ᠶᠢᠨ ᠭᠠᠵᠠᠷ ᠤᠨ ᠠᠷᠠᠳ ᠢᠷᠭᠡᠳ ᠢ ᠳᠠᠭᠠᠭᠤᠯᠤᠨ ᠤᠨᠴᠠᠯᠢᠬᠳᠤ ᠲᠠᠷᠢᠶᠠᠯᠠᠩ ᠢ ᠬᠥᠭᠵᠢᠭᠦᠯᠵᠦ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠡᠭᠦᠳᠬᠦ ᠬᠡᠷᠡᠭᠲᠡᠢ︔ ᠭᠤᠷᠪᠠ ᠳᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠡᠵᠡᠮᠰᠢᠬᠦ ᠶᠢ ᠪᠠᠷᠢᠮᠲᠠᠯᠠᠵᠤ᠂ ᠦᠷ᠎ᠡ ᠪᠦᠲᠦᠮᠵᠢ ᠤᠯᠬᠤ ᠶᠢ ᠪᠠᠲᠤᠯᠠᠵᠤ᠂ ᠤᠨᠤᠯ ᠤᠨ ᠰᠤᠷᠤᠯᠴᠠᠯᠭ᠎ᠠ ᠶᠢ ᠪᠣᠳᠠᠲᠠᠢ ᠠᠵᠢᠯ ᠲᠠᠢ ᠠᠭᠤᠰᠤᠯᠴᠠᠭᠤᠯᠤᠨ ᠲᠤᠤᠱᠯᠠᠭᠤᠯᠬᠤ ᠶᠢ ᠪᠠᠷᠢᠮᠲᠠᠯᠠᠵᠤ᠂ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠰᠤᠷᠤᠭᠴᠢᠳ ᠠᠵᠠ ᠲᠣᠬᠢᠶᠠᠯ ᠢ ᠨᠠᠨᠳᠢᠩᠨᠠᠵᠤ᠂ ᠰᠤᠷᠤᠯᠴᠠᠬᠤ ᠳᠠᠭᠠᠨ ᠪᠣᠳᠣᠯᠬᠢᠯᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠰᠤᠷᠤᠯᠴᠠᠬᠤ ᠶᠠᠪᠤᠴᠠ ᠳᠤ ᠥᠩᠭᠡᠷᠡᠭᠰᠡᠨ ᠤ ᠠᠵᠢᠯ ᠤᠨ ᠳᠤᠮᠳᠠ ᠣᠷᠣᠰᠢᠵᠤ ᠪᠠᠶᠢᠭᠰᠠᠨ ᠠᠰᠠᠭᠤᠳᠠᠯ ᠢ ᠡᠷᠭᠢᠴᠡᠭᠦᠯᠦᠨ ᠪᠣᠳᠣᠯᠬᠢᠯᠠᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ︔ ᠰᠣᠯᠢᠯᠴᠠᠭ᠎ᠠ ᠪᠠᠨ ᠴᠢᠩᠭᠠᠳᠬᠠᠵᠤ᠂ ᠰᠤᠷᠤᠯᠴᠠᠬᠤ ᠠᠴᠠ ᠤᠬᠠᠭᠠᠷᠠᠯ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠶᠢᠨ ᠳᠤᠮᠳᠠ ᠠᠷᠭ᠎ᠠ᠂ ᠰᠠᠨᠠᠯ ᠢᠶᠠᠨ ᠬᠠᠷᠢᠯᠴᠠᠨ ᠰᠣᠯᠢᠯᠴᠠᠵᠤ᠂ ᠰᠠᠶᠢᠨ ᠲᠠᠢ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠵᠦ᠂ ᠬᠠᠮᠲᠤ ᠪᠠᠷ ᠲᠠᠪᠰᠢᠬᠤ ᠬᠡᠷᠡᠭᠲᠡᠶ︔ ᠦᠷ᠎ᠡ ᠪᠦᠲᠦᠭᠡᠯ ᠢᠶᠠᠨ ᠬᠤᠪᠢᠷᠠᠭᠤᠯᠵᠤ᠂ ᠰᠤᠷᠤᠯᠴᠠᠪᠠᠯ ᠣᠯᠤᠯᠲᠠ ᠲᠠᠢ ᠪᠣᠯᠭᠠᠬᠤ ᠬᠡᠷᠡᠭᠲᠡᠶ᠃ ᠰᠤᠷᠤᠯᠴᠠᠯᠭ᠎ᠠ ᠶᠢᠨ ᠠᠭᠤᠯᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠳᠠᠷᠠᠭᠠᠴᠢ ᠶᠢᠨ ᠠᠯᠬᠤᠮ ᠤᠨ ᠠᠵᠢᠯ ᠳᠤᠮᠳᠠ ᠪᠠᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠣᠯᠪᠠᠰᠤᠷᠠᠭᠤᠯᠤᠯ ᠳᠤ ᠣᠷᠤᠯᠴᠠᠭᠰᠠᠳ ᠲᠤ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠪᠠᠶᠢᠩᠭᠤ ᠶᠢᠨ ᠴᠢᠨᠠᠷᠲᠠᠶ ᠰᠢᠮᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠠᠵᠢᠯ ᠤᠨ ᠲᠥᠰᠦᠯ︾ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠭᠡᠯᠢ ᠭᠤᠳᠤᠮᠵᠢ ᠪᠠᠷ ᠵᠠᠯᠭᠠᠬᠤ ᠪᠠᠯᠠ ᠮᠥᠩᠭᠦ ᠶᠢᠨ ᠲᠥᠷᠥᠯ ᠵᠦᠶ᠋ᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ᠂ ᠪᠥᠬᠦ ᠤᠯᠤᠰ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭᠠᠨ ᠤ ᠲᠠᠯ᠎ᠠ ᠪᠠᠷ ᠪᠣᠯᠪᠠᠰᠤᠷᠠᠭᠤᠯᠤᠯ ᠬᠢᠨ᠎ᠠ᠃      ᠲᠤᠰ ᠤᠳᠠᠭ᠎ᠠ ᠶᠢᠨ ᠪᠣᠯᠪᠠᠰᠤᠷᠠᠯ ᠨᠢ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠪᠠ ᠲᠠᠨᠢᠯᠲᠠ ᠲᠠᠢ ᠪᠣᠯᠭᠠᠵᠤ᠂ ᠦᠴᠤᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠭᠦᠨᠵᠡᠭᠡᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠦᠨᠳᠦᠰᠦᠨ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号