︵ᠰᠤᠷᠪᠤᠯᠵᠢᠯᠠᠭᠴᠢ ᠶᠦᠨ ᠵᠢᠩ︶ 6 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ | ᠭᠠᠩ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ ᠪᠠᠶᠢᠴᠠᠭᠠᠨ | ᠰᠤᠳᠤᠯᠤᠯᠲᠠ ᠬᠢᠪᠡ᠃ | ᠪᠣᠣ ᠭᠠᠩ ᠡᠩ ᠲᠡᠷᠢᠭᠦᠨ ᠳᠤ ᠭᠠᠳᠠᠭᠠᠳᠤ ᠳᠤ ᠰᠤᠷᠤᠯᠴᠠᠵᠤ ᠪᠤᠴᠠᠵᠤ ᠢᠷᠡᠭᠰᠡᠨ ᠬᠥᠮᠥᠰ ᠤᠨ ᠦᠢᠯᠡᠰ | ᠪᠣᠰᠬᠠᠬᠤ ᠬᠦᠷᠢᠶᠡᠯᠡᠩ ᠳᠤ ᠬᠦᠷᠴᠦ᠂ ᠾᠧ ᠸᠧᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | ᠵᠡᠷᠭᠡ 3 ᠵᠢᠵᠢᠭ ᠪᠢᠴᠢᠯ ᠠᠵᠤ ᠠᠬᠤᠶᠢᠯᠠᠯ ᠳᠤ ᠢᠷᠡᠵᠦ᠂ ᠠᠵᠤ ᠠᠬᠤᠶᠢᠯᠠᠯ ᠤᠨ ᠦᠢᠯᠡᠰ ᠪᠣᠰᠬᠠᠬᠤ ᠶᠠᠪᠤᠴᠠ᠂ | ᠡᠵᠡᠩᠨᠡᠯᠲᠡ ᠶᠢᠨ ᠪᠠᠶᠢᠳᠠᠯ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠢᠴᠢ ᠬᠥᠭᠵᠢᠯᠲᠡ ᠶᠢᠨ | ᠲᠥᠯᠦᠪᠵᠢᠭᠦᠯᠭᠡ ᠶᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠥᠭᠵᠢᠯᠲᠡ ᠳᠤ ᠪᠠᠰᠠ ᠶᠠᠮᠠᠷ ᠶᠠᠮᠠᠷ | ᠰᠢᠢᠳᠪᠦᠷᠢᠯᠡᠬᠦ ᠴᠢᠬᠤᠯᠠ ᠲᠠᠢ ᠬᠦᠴᠢᠷᠳᠡᠯ ᠪᠠᠶᠢᠬᠤ ᠶᠢ ᠯᠠᠪᠯᠠᠨ ᠠᠰᠠᠭᠤᠪᠠ᠃ ᠪᠣᠣ ᠭᠠᠩ ᠬᠤᠯᠪᠣᠭᠳᠠᠯ ᠪᠦᠬᠦᠢ | ᠭᠠᠵᠠᠷ ᠣᠷᠣᠨ ᠰᠠᠯᠠᠭ᠎ᠠ ᠮᠥᠴᠢᠷ ᠢ ᠠᠵᠤ ᠠᠬᠤᠶᠢᠯᠠᠯ ᠤᠨ ᠬᠡᠷᠡᠭᠴᠡᠭᠡ ᠶᠢ ᠣᠨᠣᠪᠴᠢᠲᠠᠢ ᠵᠣᠯᠭᠠᠭᠤᠯᠵᠤ᠂ | ᠰᠢᠨ᠎ᠡ ᠨᠡᠶᠢᠲᠡᠯᠡᠭᠰᠡᠨ ᠠᠵᠤ ᠠᠬᠤᠢ ᠶᠢ ᠯᠠᠪᠳᠠᠭᠤᠨ ᠪᠠᠲᠤᠲᠠᠢ ᠲᠣᠭᠲᠠᠪᠤᠷᠢᠵᠢᠭᠤᠯᠬᠤ ︽ᠠᠯᠢ ᠣᠯᠠᠨ︾ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠲᠤᠰᠠᠯᠠᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠭᠠᠳᠠᠭᠠᠳᠤ ᠳᠤ | ᠰᠤᠷᠤᠯᠴᠠᠵᠤ ᠪᠤᠴᠠᠵᠤ ᠢᠷᠡᠭᠰᠡᠨ ᠬᠥᠮᠥᠰ ᠤᠨ ᠦᠢᠯᠡᠰ ᠪᠣᠰᠬᠠᠬᠤ ᠬᠦᠷᠢᠶᠡᠯᠡᠩ ᠠᠷᠭ᠎ᠠ ᠪᠠᠷᠢᠯ ᠳᠠᠭᠠᠨ ᠰᠢᠨ᠎ᠡ ᠶᠢ | ᠡᠭᠦᠳᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠳᠠᠰᠤᠷᠠᠯᠳᠠ | ᠦᠭᠡᠢ ᠴᠤᠭᠯᠠᠷᠠᠭᠤᠯᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠨᠡᠪᠴᠢᠭᠦᠯᠬᠦ | ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠣᠷᠣᠨ ᠤ ᠲᠥᠪ ᠬᠤᠲᠠ ᠶᠢᠨ ᠳᠡᠭᠡᠳᠦ ᠲᠡᠰ ᠳᠠᠪᠬᠤᠷᠭ᠎ᠠ ᠶᠢᠨ | ᠴᠢᠳᠠᠪᠤᠷᠢᠲᠠᠨ ᠤ ᠦᠢᠯᠡᠰ ᠪᠣᠰᠬᠠᠬᠤ ᠬᠦᠷᠢᠶᠡᠯᠡᠩ ᠪᠣᠯᠬᠤ ᠶᠢ ᠬᠦᠰᠡᠪᠡ᠃ | ᠰᠠᠷᠠᠴᠢᠨ ᠠᠵᠤ ᠦᠢᠯᠡᠳᠪᠦᠷᠢ ᠶᠢᠨ ᠲᠣᠭᠤᠷᠢᠭ ᠲᠤ᠂ ᠪᠣᠣ ᠭᠠᠩ ᠳ᠋ᠡ ᠶᠣᠣ ᠤᠮᠳᠠᠭᠠᠨ ᠤ | ᠦᠢᠯᠡᠳᠪᠦᠷᠢᠯᠡᠯ ᠤᠨ ᠭᠠᠵᠠᠷ ᠤᠨ ᠦᠢᠯᠡᠳᠪᠦᠷᠢᠯᠡᠯ ᠤᠨ ᠱᠤᠭᠤᠮ ᠳᠤ ᠭᠦᠨᠵᠡᠭᠡᠶᠢᠷᠡᠵᠦ᠂ ᠵᠠᠬ᠎ᠠ ᠳᠡᠯᠭᠡᠭᠦᠷ ᠤᠨ | ᠪᠣᠷᠤᠯᠠᠭᠤᠯᠭ᠎ᠠ᠂ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠵᠡᠷᠭᠡ ᠪᠠᠶᠢᠳᠠᠯ ᠢ ᠨᠠᠷᠢᠨ ᠬᠢᠨᠠᠮᠠᠭᠠᠢ ᠠᠰᠠᠭᠤᠨ | ᠯᠠᠪᠯᠠᠵᠤ᠂ ᠠᠵᠤ ᠠᠬᠤᠶᠢᠯᠠᠯ ᠤᠨ ᠬᠢᠨ ᠤ ᠲᠦᠷᠦᠯ ᠲᠡᠮᠳᠡᠭᠲᠦ ᠶᠢᠨ ᠲᠡᠦᠬᠡ ᠰᠣᠶᠣᠯ ᠤᠨ ᠠᠭᠤᠯᠤᠭᠳᠠᠬᠤᠨ ᠢ | ᠭᠦᠨᠵᠡᠭᠡᠢ ᠠᠭᠤᠳᠠᠯᠵᠤ᠂ ᠰᠢᠨ᠎ᠡ ᠴᠠᠭ ᠦᠶ᠎ᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠦᠯᠢᠭᠡᠷ ᠢ ᠰᠠᠶᠢᠲᠤᠷ | ᠶᠠᠷᠢᠵᠤ᠂ ᠵᠢᠵᠢᠭ ᠤᠮᠳᠠᠭᠠᠨ ᠢᠶᠠᠷ ᠲᠣᠮᠣ ᠠᠵᠤ ᠦᠢᠯᠡᠰ ᠪᠦᠲᠦᠭᠡᠬᠦ ᠪᠠᠷ ᠴᠢᠷᠮᠠᠶᠢᠬᠤ ᠶᠢ ᠵᠣᠷᠢᠭᠵᠢᠭᠤᠯᠪᠠ᠃ | ᠬᠤᠸᠠ ᠶᠣᠣ ᠬᠡᠷᠡᠯ ᠴᠠᠬᠢᠯᠭᠠᠨ ᠤ ᠬᠤᠶᠠᠳᠤᠭᠠᠷ ᠬᠤᠭᠤᠴᠠᠭᠠᠨ ᠤ 12GW ᠲᠠᠩ ᠲᠠᠯᠠᠰᠲᠤ ᠴᠠᠬᠢᠭᠤᠷ ᠤᠨ | ᠢᠯᠲᠠᠰᠤ ᠶᠢᠨ ᠲᠦᠷᠦᠯ ᠵᠦᠢᠯ ᠤᠨ ᠦᠢᠯᠡᠳᠪᠦᠷᠢᠯᠡᠯ ᠤᠨ ᠲᠠᠰᠤᠭ ᠲᠤ᠂ ᠪᠣᠣ ᠭᠠᠩ ᠲᠤᠷᠰᠢᠨ ᠦᠢᠯᠡᠳᠪᠦᠷᠢᠯᠡᠵᠦ | ᠪᠠᠶᠢᠭ᠎ᠠ ᠪᠠᠶᠢᠳᠠᠯ ᠪᠣᠯᠣᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠤᠨ ᠲᠥᠯᠦᠪᠵᠢᠭᠦᠯᠭᠡ ᠶᠢᠨ ᠪᠠᠶᠢᠳᠠᠯ ᠢ | ᠣᠶᠢᠯᠠᠭᠠᠵᠤ᠂ ᠠᠵᠤ ᠠᠬᠤᠶᠢᠯᠠᠯ ᠤᠨ ᠬᠢᠨ ᠴᠢᠳᠠᠪᠤᠷᠢ ᠪᠠᠨ ᠥᠷᠭᠡᠳᠬᠡᠨ ᠲᠡᠰ ᠳᠡᠪᠰᠢᠬᠦ ᠠᠯᠬᠤᠴᠠ ᠪᠠᠨ | ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠦᠷᠳᠡᠭ ᠤᠨ ᠬᠡᠯᠬᠢᠶ᠎ᠡ ᠪᠠᠨ | ᠳᠡᠭᠡᠭᠰᠢᠯᠡᠭᠦᠯᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ᠂ ᠠᠵᠤ ᠦᠢᠯᠡᠰ ᠤᠨ ᠪᠥᠭᠡᠮᠨᠡᠷᠡᠯ ᠤᠨ | ᠬᠡᠯᠪᠡᠷᠢ ᠶᠢᠨ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠪᠠ᠃ | ᠳᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠬᠡᠯᠡᠬᠦ ᠳᠡᠭᠡᠨ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠡᠷᠬᠡᠪᠰᠢ ᠰᠡᠳᠬᠢᠴᠡ ᠪᠠᠨ ᠲᠣᠳᠣᠷᠬᠠᠢ ᠪᠣᠯᠭᠠᠨ᠂ ᠪᠠᠶᠢᠷᠢ | ᠲᠣᠭᠲᠠᠭᠠᠯᠲᠠ ᠪᠠᠨ ᠣᠨᠣᠪᠴᠢᠲᠠᠢ ᠣᠯᠵᠤ᠂ ᠰᠢᠨᠵᠢᠯᠡᠬᠦ ᠤᠬᠠᠭᠠᠨᠴᠢ ᠪᠣᠳᠠᠲᠠᠢ ᠶᠢ ᠡᠷᠬᠢᠮᠯᠡᠭᠰᠡᠨ | ᠲᠥᠯᠦᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠵᠤ ᠲᠦᠯᠬᠢᠨ ᠠᠬᠢᠭᠤᠯᠵᠤ᠂ ᠪᠦᠬᠦ | ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠪᠤᠬ᠎ᠠ ᠲᠡᠷᠭᠡ᠂ ᠲᠦᠷᠦᠭᠦᠦ ᠴᠡᠷᠢᠭ ᠪᠣᠯᠬᠤ ᠬᠡᠷᠡᠭᠲᠡᠢ᠃ | ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠷᠤ᠋ ᠢ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠰᠠᠷᠠᠴᠢᠨ | ᠠᠵᠤ ᠦᠢᠯᠡᠳᠪᠦᠷᠢ ᠶᠢᠨ ᠲᠣᠭᠤᠷᠢᠭ ᠪᠣᠯᠣᠨ ᠴᠠᠭᠠᠨ ᠰᠤᠪᠤᠷᠭ᠎ᠠ ᠠᠭᠠᠷ ᠤᠨ ᠭᠠᠷᠠᠮ ᠤᠨ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠳᠠᠭᠠᠨ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠳᠠᠭᠠᠨ ᠵᠢᠳᠬᠦᠵᠦ᠂ ᠲᠦᠷᠦᠯ ᠵᠦᠢᠯ ᠢ ᠦᠨᠡᠨᠬᠦ ᠠᠳᠬᠤᠨ᠂ | ᠬᠥᠭᠵᠢᠯᠲᠡ ᠶᠢ ᠯᠠᠪᠳᠠᠭᠤᠨ ᠪᠠᠲᠤᠲᠠᠢ ᠠᠳᠬᠤᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠰᠠᠭᠤᠷᠢ ᠢᠵᠢ | ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠯᠡᠨ | ᠪᠣᠳᠣᠯᠬᠢᠯᠠᠵᠤ᠂ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠵᠦ᠂ ᠦᠢᠯᠡᠴᠢᠯᠡᠭᠡᠨ ᠤ ︽ᠬᠠᠲᠠᠭᠤ︾ ᠪᠣᠳᠠᠲᠤ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ︽ᠬᠡᠵᠢᠶᠡᠳᠡ ᠪᠡᠯᠡᠬᠡᠨ ᠪᠠᠶᠢᠬᠤ︾ ᠤᠶᠤᠨ ᠰᠠᠨᠠᠭᠠᠨ ᠤ ᠳᠦᠷᠰᠦ | ᠪᠠᠶᠢᠳᠠᠯ ᠢ ᠴᠠᠭ ᠢᠮᠠᠭᠲᠠ ᠪᠠᠷᠢᠮᠲᠠᠯᠠᠵᠤ᠂ ᠬᠦᠯᠢᠶᠡᠬᠦ ᠦᠭᠡᠢ ᠲᠦᠰᠢᠭᠯᠡᠬᠦ ᠦᠭᠡᠢ᠂ ᠲᠦᠯᠬᠢᠬᠦ ᠦᠭᠡᠢ | ᠬᠤᠶᠢᠰᠢᠯᠠᠭᠤᠯᠬᠤ ᠦᠭᠡᠢ᠂ ᠣᠷᠭᠢᠯᠤᠮ᠎ᠠ ᠰᠡᠳᠬᠢᠯᠭᠡ ᠲᠠᠢ ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠤᠳᠤᠷᠢᠳᠬᠤ ᠪᠠᠭ ᠢᠶᠠᠨ ᠰᠠᠶᠢᠲᠤᠷ ᠠᠳᠬᠤᠨ᠂ ᠡᠩᠨᠡᠭᠡ ᠪᠠᠨ ᠰᠠᠶᠢᠲᠤᠷ ᠳᠠᠭᠠᠭᠤᠯᠵᠤ᠂ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠠᠵᠢᠯ ᠤᠨ ᠣᠷᠴᠢᠨ ᠲᠣᠭᠤᠷᠢᠨ ᠢ ᠪᠦᠬᠦ | ᠲᠠᠯ᠎ᠠ ᠪᠠᠷ ᠪᠤᠢ ᠪᠣᠯᠭᠠᠬᠤ ᠬᠡᠷᠡᠭᠲᠡᠢ ᠭᠡᠵᠡᠢ᠃ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠵᠠᠩ ᠶᠦᠩ | ᠸᠧᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ |