ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 7 ᠳ᠋ᠤᠭᠠᠷ ᠤᠳᠠᠭ᠎ᠠ ᠶᠢᠨ ᠡᠷᠬᠢᠯᠡᠭᠴᠢ ︵  ᠥᠷᠭᠡᠳᠬᠡᠭᠰᠡᠨ︶ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2022/6/16
     ᠴᠠᠩ ᠫᠧᠢ ᠵᠦᠩ ᠬᠤᠷᠠᠯ ᠢ ᠡᠷᠬᠢᠯᠡᠪᠡ            6 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ 7 ᠳ᠋ᠤᠭᠠᠷ ᠤᠳᠠᠭ᠎ᠠ ᠶᠢᠨ ᠡᠷᠬᠢᠯᠡᠭᠴᠢ ︵ᠥᠷᠭᠡᠳᠬᠡᠭᠰᠡᠨ︶ ᠶᠢᠨ ᠬᠤᠷᠠᠯ ᠬᠢᠪᠡ᠃             ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠠᠩ ᠫᠧᠢ ᠵᠥᠩ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ  ᠦ᠋ ᠸᠧᠨ ᠮᠢᠩ᠂ ᠯᠠᠨ ᠹᠧᠩ᠂ ᠭᠦᠸᠧ ᡁᠢ ᠭᠠᠩ᠂ ᠶᠢᠨ ᠴᠦᠨ ᠯᠢᠶᠠᠩ᠂ ᠵᠠᠩ ᠵᠥᠩ ᠳ᠋ᠦᠩ᠂ ᠶᠦᠨ ᠢᠦᠢ ᠮᠧᠶ᠂ ᠨᠠᠷᠢᠨ ᠪᠢᠴᠢᠭ ᠤᠨ ᠳᠠᠷᠤᠭ᠎ᠠ ᠵᠠᠩ ᠰᠢᠶᠣᠣ ᠹᠠᠨ  ᠬᠤᠷᠠᠯ ᠳᠤ ᠣᠷᠣᠯᠴᠠᠪᠠ᠃            ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠣᠩᠭᠤᠵᠤ ᠲᠣᠮᠢᠯᠠᠵᠤ ᠬᠠᠷᠢᠯᠴᠠᠬᠤ ᠠᠵᠢᠯ ᠤᠨ  ᠵᠥᠪᠯᠡᠯ ᠤᠨ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠤᠭᠰᠠᠨ ᠪᠥᠭᠡᠳ‌ᠠᠵᠢᠯᠲᠠᠨ ᠤ  ᠶᠠᠪᠤᠳᠠᠯ ᠤᠨ ᠵᠥᠪᠯᠡᠯᠭᠡ ᠶᠢ ᠬᠢᠨᠠᠨ ᠵᠥᠪᠯᠡᠪᠡ᠃ ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ︽ ᠬᠥᠬᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠳᠦᠷᠢᠮ ︵ᠲᠥᠰᠥᠯ︶︾ ︽ᠬᠥᠬᠡᠬᠤᠲᠠ ᠶᠢᠨ ᠨᠡᠶᠢᠭᠡᠮ ᠤᠨ ᠵᠠᠰᠠᠯᠲᠠ ᠶᠢ ᠠᠬᠢᠭᠤᠯᠬᠤ ᠳᠦᠷᠢᠮ ︵ ᠲᠥᠰᠥᠯ︶︾ ᠢ ᠨᠢᠭᠡᠳᠦᠯᠲᠡᠢ ᠬᠢᠨᠠᠨ ᠵᠥᠪᠯᠡᠭᠰᠡᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠵᠢᠴᠢ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠵᠥᠪᠯᠡᠭᠴᠢ ᠶᠢ ᠤᠷᠢᠨ ᠲᠣᠮᠢᠯᠠᠭᠰᠠᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃  ᠬᠤᠷᠠᠯ ᠠᠴᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠲᠣᠭᠠᠳᠤ ᠵᠤᠷᠭᠠᠨ ᠤ ᠵᠥᠪᠯᠡᠯ ᠤᠨ ᠪᠦᠬᠦ ᠬᠤᠳᠠ ᠶᠢᠨ ᠪᠠᠶᠢᠴᠠᠭᠠᠬᠤ ᠪᠠᠶᠢᠭᠤᠯᠭ᠎ᠠ ᠶᠢᠨ  ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠡᠷᠡᠭ ᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ︔ ᠡᠳ᠋ ᠤᠨ ᠵᠠᠰᠠᠭ ᠠᠵᠤ ᠠᠬᠤᠢ ᠶᠢᠨ  ᠵᠥᠪᠯᠡᠯ ᠤᠨ 2022 ᠣᠨ ᠤ ᠳᠡᠭᠡᠷ᠎ᠡ ᠬᠠᠭᠠᠰ ᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠤᠭᠰᠠᠨ  ᠲᠤᠬᠠᠢ ᠲᠣᠳᠣᠷᠬᠠᠶᠢᠯᠠᠯᠲᠠ ᠵᠢᠴᠢ ︽ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠡᠳ᠋ ᠤᠨ ᠵᠠᠰᠠᠭ ᠠᠵᠤ ᠠᠬᠤᠢ ᠶᠢᠨ ᠵᠥᠪᠯᠡᠯᠭᠡ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠬᠤ ᠲᠤᠬᠠᠢ ᠮᠡᠳᠡᠭᠦᠯᠦᠯᠲᠡ︾ ᠶᠢᠨ ᠲᠣᠳᠣᠷᠬᠠᠶᠢᠯᠠᠯᠲᠠ︔ ᠰᠤᠷᠭᠠᠨ  ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ︽ᠬᠥᠬᠡᠬᠤᠲᠠ ᠶᠢᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠳᠦᠷᠢᠮ ︵ᠲᠥᠰᠥᠯ︶︾  ᠤᠨ ᠠᠩᠬᠠᠨ ᠤ ᠬᠢᠨᠠᠯᠲᠠ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ︔ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ︽ᠬᠥᠬᠡᠬᠤᠲᠠ ᠶᠢᠨ ᠤᠰᠤ ᠶᠢ ᠠᠷᠪᠢᠯᠠᠵᠤ  ᠬᠡᠷᠡᠭᠯᠡᠬᠦ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠠᠩᠬᠠᠨ ᠤ ᠬᠢᠨᠠᠯᠲᠠ ᠶᠢᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠵᠢᠴᠢ ᠮᠠᠨ ᠤ  ᠬᠤᠲᠠ ᠶᠢᠨ 2021 ᠣᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠨᠵᠢᠯᠡᠨ  ᠪᠠᠶᠢᠴᠠᠭᠠᠭᠰᠠᠨ ᠲᠤᠬᠠᠢ ᠲᠣᠳᠣᠷᠬᠠᠶᠢᠯᠠᠯᠲᠠ︔ ᠬᠥᠳᠡᠭᠡ ᠠᠵᠤ ᠠᠬᠤᠢ ᠶᠢᠨ ᠵᠥᠪᠯᠡᠯ ᠤᠨ ᠮᠠᠨ ᠤ ᠬᠤᠲᠠ ᠶᠢᠨ ᠣᠢ ᠰᠢᠭᠤᠢ ᠶᠢᠨ ᠬᠠᠮᠠᠭᠠᠯᠠᠯᠲᠠ ᠶᠢᠨ ᠠᠵᠢᠯ ᠢ ᠰᠢᠨᠵᠢᠯᠡᠨ  ᠪᠠᠶᠢᠴᠠᠭᠠᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ︔ ᠨᠡᠶᠢᠭᠡᠮ ᠤᠨ ᠵᠥᠪᠯᠡᠯ ᠤᠨ ᠮᠠᠨ ᠤ ᠬᠤᠲᠠ ᠶᠢᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ  ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠭᠰᠠᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃            ᠬᠤᠷᠠᠯ ᠠᠴᠠ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ  ᠬᠤᠷᠠᠯᠳᠤᠭᠠᠨ ᠤ ᠵᠥᠪᠯᠡᠬᠦ ᠵᠦᠢᠯ ︵ᠲᠥᠰᠥᠯ︶᠂ ᠡᠳᠦᠷ ᠤᠨ ᠳᠠᠷᠠᠭᠠᠯᠠᠯ ᠢ ᠬᠢᠨᠠᠨ ᠲᠣᠭᠲᠠᠭᠠᠪᠠ᠃            ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢᠦ ᠬᠤᠢ ᠬᠤᠢ︶
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号