ᠬᠦᠬᠡᠬᠤᠲᠠ ᠶᠢᠨ 2022 ᠣᠨ ᠤ ᠪᠦᠬᠦ ᠤᠯᠤᠰ ᠤᠨ ᠡᠩ ᠤᠨ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠰᠢᠯᠭᠠᠯᠲᠠ ᠶᠢ 2022 ᠣᠨ ᠤ 6 ᠰᠠᠷ᠎ᠠ ᠶᠢᠨ 7᠂ 8᠂ 9 ᠤ ᠡᠳᠦᠷ ᠬᠢᠨ᠎ᠡ᠂ | ᠬᠦᠬᠡᠬᠤᠲᠠ ᠶᠢᠨ ᠬᠢᠨ ᠨᠡᠶᠢᠲᠡ 14 ᠰᠢᠯᠭᠠᠯᠲᠠ ᠶᠢᠨ ᠴᠡᠭ ᠭᠠᠷᠭᠠᠵᠤ᠂ ᠰᠢᠯᠭᠠᠯᠲᠠ ᠶᠢᠨ ᠰᠠᠶᠢᠨ ᠰᠠᠶᠢᠬᠠᠨ | ᠣᠷᠴᠢᠨ ᠨᠦᠬᠦᠴᠡᠯ ᠢ ᠪᠣᠢ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ | ᠰᠢᠯᠭᠠᠯᠲᠠ ᠶᠢᠨ ᠠᠵᠢᠯ ᠤᠨ ᠠᠮᠤᠷ ᠲᠦᠪᠰᠢᠨ᠂ ᠲᠤᠭᠲᠠᠭᠤᠨ᠂ ᠤᠷᠤᠭᠰᠢᠲᠠᠢ ᠶᠠᠪᠤᠭᠳᠠᠬᠤ ᠶᠢ ᠦᠨᠡᠨ ᠬᠦ | ᠪᠠᠲᠤᠯᠠᠬᠤ ᠶᠢᠨ ᠲᠦᠯᠦᠭᠡ᠂ ᠣᠷᠣᠨ ᠤ ᠲᠥᠪ ᠤᠨ ᠵᠠᠮ ᠬᠠᠷᠢᠯᠴᠠᠭᠠᠨ ᠤ ᠴᠠᠭᠳᠠᠭ᠎ᠠ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠤ ᠳᠣᠣᠷᠠᠬᠢ ᠮᠡᠲᠦ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠶᠢ ᠠᠪᠬᠤ ᠪᠠᠷ ᠪᠣᠢ᠄ | 1.2022 ᠣᠨ ᠤ 6 ᠰᠠᠷ᠎ᠠ ᠶᠢᠨ ᠤ 7᠂ 8᠂ 9 ᠤ ᠡᠳᠦᠷ ᠤᠨ ᠡᠳᠦᠷ ᠪᠦᠷᠢ ᠶᠢᠨ 7:00-18:00 | ᠴᠠᠭ ᠲᠤ ᠡᠯ᠎ᠡ ᠲᠥᠷᠥᠯ ᠤᠨ ᠠᠴᠢᠶᠠᠨ ᠤ ᠮᠠᠰᠢᠨ ᠤ ᠬᠤᠶᠠᠳᠤᠭᠠᠷ ᠲᠣᠭᠤᠷᠢᠯ ᠬᠤᠷᠳᠤᠨ ᠤ ᠵᠠᠮ ᠠᠴᠠ | ᠳᠣᠲᠤᠭᠰᠢᠬᠢ ᠵᠠᠮ ᠢᠶᠠᠷ ᠨᠡᠪᠲᠡᠷᠡᠬᠦ ᠶᠢ ᠴᠠᠭᠠᠵᠠᠯᠠᠨ᠎ᠠ᠃ | 2.2022 ᠣᠨ ᠤ 6 ᠰᠠᠷ᠎ᠠ ᠶᠢᠨ 7᠂ 8᠂ 9 ᠤ ᠡᠳᠦᠷ ᠤᠨ ᠡᠳᠦᠷ ᠪᠦᠷᠢ ᠶᠢᠨ 7:00-18:00 ᠲᠤ᠂ | ᠬᠤᠲᠠ ᠶᠢᠨ ᠲᠣᠭᠤᠷᠢᠭ ᠤᠨ14 ᠰᠢᠯᠭᠠᠯᠲᠠ ᠶᠢᠨ ᠴᠡᠭ ᠤᠨ ᠡᠭᠦᠳᠡᠨ ᠡᠮᠦᠨᠡᠬᠢ ᠵᠢᠴᠢ ᠡᠷᠭᠢᠨ ᠲᠣᠭᠤᠷᠢᠨ ᠤ | ᠵᠠᠮ ᠢᠶᠠᠷ ᠲᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠲᠠᠢ ᠬᠤᠯᠪᠤᠭᠳᠠᠯ ᠦᠭᠡᠢ ᠲᠡᠷᠭᠡ ᠬᠦᠰᠬᠡ ᠶᠢ | ᠵᠦᠢ ᠵᠣᠬᠢᠰᠲᠠᠢ ᠬᠤᠪᠢᠶᠠᠷᠢᠯᠠᠨ ᠠᠶᠠᠯᠠᠭᠤᠯᠤᠨ᠎ᠠ᠃ | 3. 2022 ᠣᠨ ᠤ 6 ᠰᠠᠷ᠎ᠠ ᠶᠢᠨ 7᠂ 8᠂ 9 ᠤ ᠡᠳᠦᠷ ᠤᠨ ᠡᠳᠦᠷ ᠪᠦᠷᠢ ᠶᠢᠨ7:00-18:00 | ᠴᠠᠭ ᠲᠤ᠂ ᠬᠤᠲᠠ ᠶᠢᠨ ᠲᠣᠭᠤᠷᠢᠭ ᠤᠨ ᠰᠢᠯᠭᠠᠯᠲᠠ ᠶᠢᠨ ᠴᠡᠭ ᠤᠨ ᠡᠭᠦᠳᠡᠨ ᠡᠮᠦᠨ᠎ᠡ ᠵᠢᠴᠢ ᠣᠶᠢᠷ᠎ᠠ ᠬᠠᠪᠢ ᠶᠢᠨ | ᠵᠠᠮ ᠳᠤ ᠪᠦᠷᠢᠶ᠎ᠡ ᠲᠤᠤᠭᠠᠷᠭᠠᠬᠤ ᠶᠢ ᠴᠢᠩᠭ᠎ᠠ ᠬᠤᠷᠢᠭᠯᠠᠨ᠎ᠠ᠃ | 4. ᠰᠢᠯᠭᠠᠭᠤᠯᠤᠭᠴᠢ ᠶᠢ ᠲᠣᠰᠴᠤ ᠬᠦᠷᠭᠡᠬᠦ ᠲᠡᠷᠭᠡ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ | ᠲᠦᠯᠦᠭᠡ᠂ ᠤᠯᠤᠰ ᠤᠨ ᠨᠢᠭᠡᠳᠦᠯᠲᠡᠢ ᠰᠢᠯᠭᠠᠯᠲᠠ ᠲᠠᠢ ᠬᠠᠮᠢᠶ᠎ᠠ ᠦᠭᠡᠢ ᠨᠡᠶᠢᠭᠡᠮ ᠤᠨ ᠲᠡᠷᠭᠡ ᠬᠦᠰᠭᠡ | ᠰᠢᠯᠭᠠᠯᠲᠠ ᠶᠢᠨ ᠴᠡᠭ ᠵᠢᠴᠢ ᠡᠷᠬᠢᠨ ᠲᠣᠭᠤᠷᠢᠨ ᠤ ᠵᠠᠮ ᠢᠶᠠᠷ ᠠᠶᠠᠯᠠᠬᠤ ᠶᠢ ᠲᠦᠷ ᠴᠠᠭ ᠬᠤᠷᠢᠭᠯᠠᠨ᠎ᠠ᠃ | |