ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠦᠴᠤᠸᠠᠨ ᠰᠢᠶᠠᠨ ᠳᠤ ᠭᠦᠨᠵᠡᠭᠡᠶᠢᠷᠡᠨ ᠲᠤᠰᠬᠠᠢ ᠲᠦᠷᠦᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2022/6/26
     6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠦᠴᠤᠸᠠᠨ ᠰᠢᠶᠠᠨ ᠳᠤ ᠭᠦᠨᠵᠡᠭᠡᠶᠢᠷᠡᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ ᠵᠢᠴᠢ ᠰᠢᠶᠠᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠠᠷ᠎ᠠ ᠪᠣᠯᠵᠣ ᠱᠠᠯᠠᠪᠳᠠᠭᠤᠯᠤᠨ ᠪᠠᠶᠢᠴᠠᠭᠠᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠶᠠᠨ ᠬᠥ᠋ ᠹᠠᠩ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ ᠦᠴᠤᠸᠠᠨ ᠰᠢᠶᠠᠨ ᠤ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠣᠩᠬᠤ ᠪᠠᠷ ᠬᠦᠷᠴᠦ᠂ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠠᠶᠢᠴᠢᠯᠠᠭᠰᠠᠨ ᠪᠠᠶᠢᠳᠠᠯ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠭᠤᠶᠤᠴᠢᠯᠠᠨ ᠠᠪᠬᠤ ᠶᠢ ᠣᠶᠢᠯᠠᠭᠠᠭᠰᠠᠨ ᠪᠠᠶᠢᠳᠠᠯ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠶᠢᠳᠠᠯ ᠵᠢᠴᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠥᠷᠨᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠲᠤᠬᠠᠶ ᠶᠢᠨ ᠭᠠᠵᠠᠷ ᠲᠤᠨᠢ ᠣᠶᠢᠯᠭᠠᠪᠠ᠃      ᠳᠠᠷᠠᠭᠠᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠼᠦᠢ ᠵᠧᠨ ᠬᠤᠸᠠ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠳᠤ ᠦᠴᠤᠸᠠᠨ ᠰᠢᠶᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠡᠢ᠃      ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠣᠳᠣᠬᠠᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠵᠢᠯᠣᠭᠤᠳᠬᠤ ᠰᠠᠨᠠᠯ ᠭᠠᠷᠭᠠᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠯ᠎ᠡ ᠵᠦᠢᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠦᠷᠦ ᠶᠢᠨ ᠪᠤᠳᠤᠯᠭ᠎ᠠ ᠠᠷᠭ᠎ᠠ  ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠯᠠᠨ ᠲᠦᠮᠡᠨ ᠤ ᠬᠦᠴᠢᠷᠳᠡᠯ ᠢ ᠪᠣᠳᠣᠯᠬᠢᠯᠠᠵᠤ᠂ ᠤᠯᠠᠨ ᠲᠦᠮᠡᠨ ᠤ ᠵᠣᠪᠠᠨᠢᠯ ᠢ ᠰᠢᠢᠳᠪᠦᠷᠢᠯᠡᠵᠦ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠳᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠦᠢᠯᠡᠴᠢᠯᠡᠭᠡ ᠶᠢ ᠪᠣᠳᠠᠲᠠᠢ ᠠᠳᠬᠤᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠣᠯᠪᠠᠰᠤᠷᠠᠯ ᠤᠨ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠤᠷᠢᠬᠤ ᠠᠵᠢᠯ ᠢ ᠥᠷᠨᠢᠭᠦᠯᠵᠦ᠂ ᠤᠯᠠᠨ ᠠᠷᠭ᠎ᠠ ᠵᠠᠮ ᠤᠯᠠᠨ ᠬᠡᠯᠪᠡᠷᠢ ᠶᠢᠨ ᠠᠮᠢᠳᠤᠯᠢᠭ ᠠᠵᠢᠯ ᠣᠯᠭᠤᠯᠲᠠ ᠶᠢᠨ ᠠᠷᠭ᠎ᠠ ᠬᠡᠯᠪᠡᠷᠢ ᠶᠢ ᠵᠣᠷᠢᠭᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠠᠳᠬᠤᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠡᠯ᠎ᠡ ᠲᠦᠷᠦᠯ ᠤᠨ ᠠᠵᠢᠯ ᠣᠯᠭᠤᠯᠲᠠ ᠶᠢᠨ ᠪᠠᠶᠢᠳᠠᠯ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠴᠢᠳᠠᠪᠤᠷᠢᠲᠠᠨ ᠢ ᠴᠤᠭᠯᠠᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠡᠶ᠎ᠡ ᠵᠣᠬᠢᠴᠠᠩᠭᠤᠢ ᠰᠠᠶᠢᠨ ᠰᠠᠶᠢᠬᠠᠨ ᠨᠡᠶᠢᠭᠡᠮ ᠤᠨ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号