ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ  ᠶᠠᠩ ᠰᠢᠩ ᠱᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2022/6/26
     6 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠵᠢᠴᠢ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 5 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 6 ᠳ᠋ᠤᠭᠠᠷ ᠰᠠᠷ᠎ᠠ ᠶᠢᠨ 10 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠣᠯᠤᠨ 6 ᠳ᠋ᠤᠭᠠᠷ ᠰᠠᠷ᠎ᠠ ᠶᠢᠨ 13 ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠲᠤᠬᠠᠢ ᠰᠠᠨᠠᠯ︾ ᠢ ᠤᠯᠠᠮᠵᠢᠯᠠᠪᠠ︔ ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠣᠶᠢᠷ᠎ᠠ ᠶᠢᠨ ᠬᠤᠭᠤᠴᠠᠭᠠᠨ ᠤ ᠦᠶᠡᠷ ᠤᠨ ᠬᠤᠭᠤᠴᠠᠭᠠᠨ ᠤ ᠦᠶᠡᠷ ᠢ ᠰᠡᠷᠭᠡᠶᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠶ ᠶᠢᠨ ᠬᠠᠮᠠᠭᠠᠯᠠᠯᠲᠠ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠣᠯᠠᠨ ᠢᠶᠠᠷ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠷᠠᠳ ᠤᠯᠠᠨ ᠳᠤ ᠲᠦᠢᠯ ᠢᠶᠠᠷ ᠬᠠᠷᠢᠭᠤᠴᠠᠬᠤ ᠣᠪᠣᠷ ᠢᠶᠠᠷ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠵᠤ᠂ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠨᠠᠷᠢᠨ ᠨᠠᠶᠢᠳᠠᠪᠤᠷᠢᠵᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠪᠠᠷᠢᠯᠭ᠎ᠠ ᠶᠢᠨ ᠠᠵᠢᠯ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠲᠦᠷᠢᠮ ᠪᠣᠯᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠭᠦᠨ ᠤ ᠤᠯᠠᠮ ᠢᠶᠠᠷ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号