ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/26
      6 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 14 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ ᠰᠢᠶᠠᠨ ᠤ ᠳᠣᠲᠣᠷᠠᠬᠢ ᠭᠠᠩᠳᠠᠯ ᠤᠰᠤᠲᠤᠯ ᠣᠯᠠᠨ ᠡᠭᠦᠰᠳᠡᠭ ᠣᠷᠣᠨ ᠵᠡᠷᠭᠡ ᠭᠤᠤᠯᠳᠠᠯᠭ᠎ᠠ ᠲᠠᠢ ᠬᠡᠰᠡᠭ᠂ ᠣᠷᠣᠨ ᠪᠠᠶᠢᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠨ᠂ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ᠂ ᠲᠠᠷᠢᠶᠠᠯᠠᠩ ᠤᠨ ᠰᠠᠯᠠᠭ᠎ᠠ ᠮᠥᠴᠢᠷ ᠤᠳ ᠡᠭᠦᠰᠴᠦ ᠮᠡᠳᠡᠬᠦ ᠭᠠᠩᠳᠠᠯ ᠤᠰᠤᠲᠤᠯ ᠤᠨ ᠭᠠᠮᠰᠢᠭ ᠢ ᠳᠡᠭᠡᠳᠦ ᠬᠡᠮᠵᠢᠶ᠎ᠡ ᠪᠠᠷ ᠠᠩᠬᠠᠷᠴᠤ᠂ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠨ᠂ ᠤᠰᠤᠨ ᠤ ᠡᠬᠢ ᠰᠤᠷᠪᠤᠯᠵᠢ ᠶᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠥᠨᠳᠥᠷ ᠳᠤᠯᠠᠭᠠᠨ ᠴᠠᠭ ᠠᠭᠤᠷ ᠤᠨ ᠳᠣᠣᠷ᠎ᠠ᠂ ᠵᠤᠨ ᠤ ᠤᠯᠠᠷᠢᠯ ᠤᠨ ᠭᠠᠯ ᠢ ᠰᠡᠷᠭᠡᠶᠢᠯᠡᠬᠦ ᠳᠠᠷᠤᠯᠲᠠ ᠤᠯᠠᠮ ᠬᠦᠨᠳᠦᠷᠡᠬᠦ ᠪᠣᠯᠤᠨ᠎ᠠ᠂ ᠡᠷᠬᠡᠪᠰᠢ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠦᠨᠳᠦ ᠶᠡᠭᠡ ᠣᠨᠴᠠ ᠶᠡᠭᠡ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠪᠣᠯᠤᠨ ᠤᠯᠠᠨ ᠬᠥᠮᠦᠨ ᠦᠬᠦᠵᠦ ᠰᠢᠷᠬᠠᠲᠤᠬᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠪᠡ᠃      ᠬᠤᠷᠠᠯ ᠠᠴᠠ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠨᠡᠨᠬᠦ ᠴᠢᠩᠭᠠᠳᠬᠠᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ︽ᠦᠡᠭᠭᠡ ᠵᠢᠰᠦ︾ ᠪᠠ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠵᠡᠷᠭᠡᠪᠡᠷ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号