ᠦᠴᠤᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ︾ ᠤ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠬᠠᠮᠲᠤ ᠪᠠᠷ ᠬᠤᠪᠢᠶᠠᠯᠴᠠᠬᠤ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2022/6/26
     ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠣᠶᠣᠯ ᠤᠨ ᠬᠡᠪ ᠪᠣᠯᠪᠠᠰᠤᠷᠠᠯ ᠪᠠ ᠤᠨᠤᠯ ᠲᠦᠷᠦ ᠶᠢᠨ ᠪᠤᠳᠤᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ 6 ᠰᠠᠷ᠎ᠠ ᠶᠢᠨ 16 ᠤ ᠡᠳᠦᠷ᠂ ᠦᠴᠤᠸᠠᠨ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠪᠠᠷ ᠭᠤᠤᠯ ᠰᠡᠳᠦᠪ ᠪᠣᠯᠭᠠᠭᠰᠠᠨ ︽ᠪᠢᠴᠢᠭ ᠤᠨ ᠰᠤᠷᠪᠤᠯᠵᠢᠲᠤ ᠤᠯᠤᠰ ᠲᠥᠷᠥ ᠶᠢᠨ ᠵᠥᠪᠯᠡᠯᠭᠡᠨ ︾ ᠤ ᠬᠤᠶᠠᠳᠤᠭᠠᠷ ᠬᠤᠭᠤᠴᠠᠭᠠᠨ ᠤ ᠨᠣᠮ ᠤᠩᠰᠢᠵᠤ ᠬᠤᠪᠢᠶᠠᠯᠴᠠᠬᠤ ᠬᠤᠷᠠᠯ ᠡᠷᠭᠢᠯᠡᠵᠦ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠶᠧ ᠴᠢᠦᠶ ᠫᠢᠩ ᠂ ᠳᠡᠳ᠋ ᠲᠡᠷᠢᠭᠦᠯᠡᠭᠴᠢ ᠯᠢ ᠳ᠋ᠧᠩ ᠬᠤᠩ᠂ ᠵᠠᠩ ᠵᠢᠶᠠᠨ ᠰᠢᠶᠦ᠋ᠩ᠂  ᠽᠦᠸᠧ ᠶᠦᠩ᠂ ᠸᠠᠩ ᠵᠢᠩ ᠬᠤᠪᠢᠶᠠᠯᠴᠠᠬᠤ ᠬᠤᠷᠠᠯ ᠳᠤ ᠣᠷᠣᠯᠴᠠᠪᠠ᠃      ᠬᠤᠪᠢᠶᠠᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠮᠡᠳᠡᠯᠭᠡ ᠶᠢ ᠰᠤᠷᠤᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠳᠥᠷᠪᠡᠨ ᠭᠡᠰᠢᠭᠦᠨ ᠦᠴᠤᠸᠠᠨ ᠤ ᠥᠯᠢᠭᠡᠷ᠂ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ᠂ ᠬᠢᠲᠠᠳ ᠡᠮᠨᠡᠯᠭᠡ ᠶᠢᠨ ᠵᠡᠭᠦᠤ ᠲᠥᠭᠡᠨᠡᠯᠭᠡ ᠶᠢᠨ ᠴᠢᠬᠢᠨ ᠪᠠᠯᠴᠢᠷ ᠤᠨ ᠵᠠᠰᠠᠯᠭ᠎ᠠ ᠶᠢᠨ ᠰᠣᠶᠣᠯ ᠢ ᠯᠠᠪᠳᠠᠭᠤᠨ ᠢᠶᠠᠷ ᠠᠬᠢᠭᠤᠯᠤᠭᠰᠠᠨ ᠵᠢᠴᠢ ᠦᠴᠤᠸᠠᠨ ᠰᠢᠶᠠᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠦᠯᠬᠦᠮᠳᠡᠨ ᠤᠷᠤᠭᠰᠢᠯᠠᠭᠰᠠᠨ ᠢ ᠲᠤᠰᠬᠠᠭᠰᠠᠨ ᠭᠤᠷᠪᠠᠨ ᠢᠵᠢ ᠰᠢ ᠵᠦᠴᠦᠭᠡ ︽ᠬᠥᠬᠡᠮᠳᠦᠭ ᠠᠭᠤᠯᠠ ᠶᠢᠨ ᠬᠥᠪᠡᠭᠦᠳ ᠥᠬᠢᠳ︾ ︽ᠬᠥᠬᠡᠮᠳᠦᠭ ᠠᠭᠤᠯᠠ ᠶᠢᠨ ᠢᠨᠠᠭ ᠳᠤᠷᠠᠯᠠᠯ︾ ᠪᠠ ︽ᠬᠥᠬᠡᠮᠳᠦᠭ ᠠᠭᠤᠯᠠ ᠶᠢᠨ ᠢᠳᠡᠷᠡᠭᠦᠨ ᠨᠠᠷᠠᠰᠤ︾ ᠶᠢ ᠬᠤᠪᠢᠶᠠᠯᠴᠠᠭᠰᠠᠨ ᠪᠠᠶᠢᠨ᠎ᠠ᠃ ᠰᠢᠶᠠᠨ ᠤ ᠤᠯᠠᠭᠠᠨᠮᠥ᠋ᠴᠢᠷ ᠤᠨ ᠲᠣᠭᠯᠠᠭᠴᠢᠳ ᠤᠯᠠᠨ ᠳᠤ ᠭᠤᠶᠢᠳᠠ ᠰᠠᠶᠢᠬᠠᠨ ᠲᠣᠭᠯᠠᠯᠲᠠ ᠠᠪᠴᠢᠷᠠᠵᠤ᠂ ᠬᠤᠪᠢᠶᠠᠯᠴᠠᠬᠤ ᠬᠤᠷᠠᠯ ᠢ ᠤᠷᠬᠢᠯ ᠳᠤᠨᠢ ᠬᠦᠷᠭᠡᠪᠡ᠃      ᠠᠵᠢᠯᠯᠠᠭ᠎ᠠ ᠶᠢᠨ ᠡᠴᠦᠰ ᠲᠤ᠂ ᠰᠢᠶᠧ ᠴᠢᠦᠢ ᠫᠢᠩ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠨᠣᠮ ᠪᠢᠴᠢᠭ ᠬᠠᠨᠳᠢᠪᠯᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号