| | | 2022 ᠣᠨ ᠤ 6 ᠰᠠᠷ᠎ᠠ ᠪᠣᠯ ᠬᠤᠷᠢᠨ ᠨᠢᠭᠡᠳᠦᠭᠡᠷ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ | ᠰᠠᠷ᠎ᠠ ᠪᠣᠯᠤᠨ᠎ᠠ᠂ ᠡᠨᠡ ᠵᠢᠯ ᠤᠨ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠭᠤᠣᠯ ᠰᠡᠳᠦᠪ ᠨᠢ ︽ᠠᠶᠤᠯᠭᠦᠢ | ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠬᠤ ᠨᠢᠭᠡᠳᠦᠭᠡᠷ ᠬᠠᠷᠢᠭᠤᠴᠠᠯᠭᠠᠲᠠᠨ︾ ᠪᠣᠯᠤᠨ᠎ᠠ᠃ 6 ᠰᠠᠷ᠎ᠠ ᠶᠢᠨ | 16 ᠤ ᠡᠳᠦᠷ᠂ ᠦᠴᠤᠸᠠᠨ ᠰᠢᠶᠠᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠰᠠᠷ᠎ᠠ ᠶᠢᠨ | ᠲᠥᠪᠯᠡᠷᠡᠭᠦᠯᠦᠨ ᠤᠬᠠᠭᠤᠯᠵᠤ ᠯᠠᠪᠯᠠᠭ᠎ᠠ ᠥᠭᠬᠦ ᠡᠳᠦᠷ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠴᠠᠬᠢᠯᠭᠠᠨ ᠬᠦᠴᠦᠨ ᠤ ᠺᠣᠮᠫᠠᠨᠢ᠂ ᠵᠠᠮ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠣᠯᠠᠨ ᠨᠢᠭᠡᠴᠡ ᠬᠠᠮᠲᠤᠷᠠᠭᠰᠠᠨ ᠯᠠᠪᠯᠠᠯᠲᠠ ᠶᠢᠨ ᠲᠠᠪᠴᠠᠩ | ᠭᠠᠷᠭᠠᠵᠤ᠂ ᠤᠬᠠᠭᠤᠯᠭ᠎ᠠ ᠶᠢᠨ ᠰᠠᠮᠪᠠᠷ᠎ᠠ ᠪᠠ ᠡᠯᠭᠦᠭᠡ ᠪᠢᠴᠢᠭᠡᠰᠦ ᠲᠠᠯᠪᠢᠵᠤ᠂ ᠠᠳᠡᠯ ᠤᠨ ᠬᠡᠷᠡᠭ ᠤᠨ ᠵᠢᠱᠢᠶ᠎ᠡ ᠶᠢ | ᠵᠠᠳᠠᠯᠬᠤ᠂ ᠮᠡᠳᠡᠯᠭᠡ ᠶᠢᠨ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ ᠪᠠ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠠᠶᠤᠯ ᠥᠬᠡᠶ | ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ | ᠲᠦᠪᠰᠢᠨ ᠤ ᠶᠡᠷᠦ ᠶᠢᠨ ᠮᠡᠳᠡᠯᠭᠡ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠮᠡᠳᠡᠯᠭᠡ ᠪᠠ ᠪᠠᠴᠢᠮ ᠪᠠᠶᠢᠳᠠᠯ ᠢ | ᠠᠷᠭᠠᠴᠠᠵᠤ ᠠᠮᠢ ᠵᠢᠭᠤᠲᠠᠬᠤ᠂ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠠᠷᠭ᠎ᠠ ᠶᠢ ᠤᠬᠠᠭᠤᠯᠵᠤ᠂ ᠣᠯᠠᠨ | ᠲᠦᠮᠡᠨ ᠤ ᠠᠩᠬᠠᠷᠴᠤ ᠪᠠᠶᠢᠭ᠎ᠠ ᠠᠶᠤᠯ ᠥᠬᠡᠶ ᠦᠢᠯᠡᠳᠪᠦᠷᠢᠯᠡᠯ ᠤᠨ ᠠᠰᠠᠭᠤᠳᠠᠯ ᠢ ᠨᠢᠭᠤᠷᠲᠠᠨ ᠬᠠᠷᠢᠭᠤᠯᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ | ᠭᠡᠪᠡ᠃ | ᠲᠤᠰ ᠤᠳᠠᠭᠠᠨ ᠤ ᠠᠵᠢᠯᠯᠠᠭ᠎ᠠ ᠨᠢ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ | ᠪᠣᠯᠤᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠥᠷᠭᠡᠨ ᠤᠯᠠᠨ | ᠲᠦᠮᠡᠨ ᠤ ᠠᠮᠤᠷ ᠲᠦᠪᠰᠢᠨ ᠤ ᠦᠵᠡᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠪᠣᠯᠤᠨ | ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠰᠢᠶᠠᠨ ᠳᠤ ︽ᠬᠥᠮᠦᠨ ᠪᠦᠬᠦᠨ ᠠᠮᠤᠷ ᠲᠦᠪᠰᠢᠨ ᠢ | ᠡᠷᠬᠢᠮᠯᠡᠬᠦ᠂ ᠶᠠᠪᠤᠳᠠᠯ ᠪᠣᠯᠭᠠᠨ ᠳᠤ ᠠᠮᠤᠷ ᠲᠦᠪᠰᠢᠨ ᠢ ᠡᠷᠬᠢᠮᠯᠡᠬᠦ᠂ ᠭᠠᠵᠠᠷ ᠪᠣᠯᠭᠠᠨ ᠳᠤ ᠠᠮᠤᠷ ᠲᠦᠪᠰᠢᠨ ᠢ | ᠡᠷᠬᠢᠮᠯᠡᠬᠦ᠂ ᠴᠠᠭ ᠢᠮᠠᠭᠲᠠ ᠠᠮᠤᠷ ᠲᠦᠪᠰᠢᠨ ᠢ ᠡᠷᠬᠢᠮᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ | ᠪᠣᠯᠭᠠᠭᠰᠠᠨ ᠪᠠᠶᠢᠨ᠎ᠠ᠃ | |