ᠦᠴᠤᠸᠠᠨ ᠰᠢᠶᠠᠨ ︽6.14 ᠢᠲᠡᠭᠡᠮᠵᠢ ᠶᠢᠨ ᠲᠡᠮᠳᠡᠭᠯᠡᠯ  ᠬᠠᠯᠠᠮᠵᠢᠯᠠᠨ ᠬᠠᠶᠢᠷᠠᠯᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/26
     6 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠦᠴᠤᠸᠠᠨ ᠰᠢᠶᠠᠨ ᠤ ᠰᠠᠯᠪᠤᠷᠢ ᠪᠠᠩᠬᠢ᠂ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠦᠴᠤᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠯᠭᠡ ᠶᠢ ᠲᠦᠭᠡᠮᠡᠯᠵᠢᠭᠦᠯᠵᠦ  ᠦᠨᠡᠨᠴᠢ ᠢᠲᠡᠭᠡᠮᠵᠢᠲᠡᠢ ᠥᠪᠥᠷ ᠮᠣᠩᠭᠤᠯ ᠢ ᠬᠠᠮᠲᠤᠪᠠᠷ ᠪᠦᠳᠦᠬᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠢᠲᠡᠭᠡᠮᠵᠢ ᠶᠢᠨ ᠲᠡᠮᠳᠡᠭᠯᠡᠯ ᠤᠨ ᠬᠠᠶᠢᠷ᠎ᠠ ᠬᠠᠯᠠᠮᠵᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠨᠢ ᠪᠢᠴᠢᠯ ᠬᠢᠴᠢᠶᠡᠯ ᠤᠨ ᠲᠠᠩᠬᠢᠮ ᠢᠶᠠᠷ ᠬᠢᠴᠢᠶᠡᠯᠯᠡᠬᠦ᠂ ᠬᠠᠷᠢᠯᠴᠠᠨ ᠬᠥᠳᠡᠯᠦᠯᠴᠡᠵᠦ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠢᠲᠡᠭᠡᠮᠵᠢ ᠶᠢᠨ ᠴᠢᠬᠤᠯᠠ ᠴᠢᠨᠠᠷ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠣᠯᠠᠨ ᠲᠦᠮᠡᠨ ᠳᠤ ᠤᠬᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠢᠲᠡᠭᠡᠮᠵᠢ ᠪᠠᠨ ᠨᠠᠨᠳᠢᠩᠨᠠᠨ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠬᠤᠯᠠᠴᠢᠯᠠᠵᠤ᠂ ᠦᠨᠡᠨᠴᠢ ᠢᠲᠡᠭᠡᠮᠵᠢᠲᠡᠶ ᠨᠡᠶᠢᠭᠡᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠭᠤᠯᠪᠠ᠃      ᠲᠣᠰ ᠤᠳᠠᠭᠠᠨ ᠤ ᠢᠲᠡᠭᠡᠮᠵᠢ ᠶᠢᠨ ᠲᠡᠮᠳᠡᠭᠯᠡᠯ ᠤᠨ ᠬᠠᠯᠠᠮᠵᠢᠯᠠᠨ ᠬᠠᠶᠢᠷᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠤᠨ ᠢᠲᠡᠭᠡᠮᠵᠢ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠬᠥᠮᠦᠵᠢᠯ ᠪᠠ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠶᠢᠭᠡᠮ ᠤᠨ ᠦᠨᠡᠨᠴᠢ ᠢᠲᠡᠭᠡᠮᠵᠢ ᠶᠢ ᠪᠦᠷᠢᠨᠰᠢᠬᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠣᠯᠪᠠᠰᠤᠨ ᠡᠶ᠎ᠡ ᠵᠣᠬᠢᠴᠠᠯ ᠢ ᠠᠬᠢᠭᠤᠯᠬᠤ ᠳᠤ ᠰᠠᠭᠤᠷᠢ ᠶᠢ ᠪᠠᠬᠢᠵᠢᠭᠦᠯᠦᠭᠰᠡᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号