ᠪᠣᠣ ᠭᠠᠩ ᠵᠧᠩ ᠬᠤᠩ ᠹᠡᠨ ᠣᠷᠣᠯᠴᠠᠵᠤ ᠲᠣᠭᠯᠠᠯᠲᠠ ᠶᠢ ᠰᠣᠨᠢᠷᠬᠠᠪᠠ | ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠡᠭᠴᠢ ᠬᠤᠸᠠᠩ ᠫᠦ᠋ ᠰᠢᠦ ᠯᠢᠩ︶ | ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢᠨ ᠲᠥᠯᠥᠭᠡ᠂ 6 | ᠰᠠᠷ᠎ᠠ ᠶᠢᠨ 22 ᠤᠨ ᠤᠷᠤᠢ᠂ ᠬᠥᠬᠡᠬᠤᠲᠠ ᠶᠢᠨ ᠰᠢᠨ᠎ᠡ ᠬᠤᠳᠠ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠠᠴᠠ ᠬᠠᠮᠲᠤᠷᠠᠨ ᠡᠭᠦᠳᠦᠭᠰᠡᠨ ᠬᠤᠪᠢᠰᠬᠠᠯ ᠤᠨ ᠲᠡᠦᠬᠡ ᠶᠢᠨ ᠰᠡᠳᠦᠪᠲᠦ ᠱᠠᠨ ᠰᠢ | ᠵᠦᠴᠦᠭᠡ ︽ᠲᠠᠯᠠᠨ ᠬᠠᠷ᠎ᠠ ᠠᠭᠤᠯᠠ ᠶᠢᠨ ᠦᠷᠡᠭᠳᠡᠭᠰᠡᠨ ᠪᠠᠭᠠᠲᠤᠷ︾ ᠢ ᠤᠯᠠᠭᠠᠨ ᠲᠢᠶᠠᠲᠷ ᠲᠤ ᠦᠪᠡᠳᠡᠭᠰᠢ | ᠶᠡᠭᠡ ᠪᠠᠷ ᠲᠣᠭᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ | ᠨᠠᠮ ᠤᠨ ᠬᠤᠷᠢᠶᠠᠨ ᠤ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠣᠷᠣᠯᠴᠠᠭᠰᠠᠨ ᠪᠥᠭᠡᠳ | ᠲᠣᠭᠯᠠᠯᠲᠠ ᠶᠢ ᠰᠣᠨᠢᠷᠬᠠᠪᠠ᠃ | ᠱᠠᠨ ᠰᠢ ᠵᠦᠴᠦᠭᠡ ︽ᠲᠠᠯᠠᠨ ᠬᠠᠷ᠎ᠠ ᠠᠭᠤᠯᠠ ᠶᠢᠨ ᠦᠷᠡᠭᠳᠡᠭᠰᠡᠨ ᠪᠠᠭᠠᠲᠤᠷ︾ ᠨᠢ ᠦᠷᠡᠭᠳᠡᠭᠰᠡᠨ ᠪᠠᠭᠠᠲᠤᠷ | ᠭᠤᠤ ᠹᠧᠩ ᠶᠢᠩ ᠢᠶᠠᠷ ᠤᠭ ᠳᠦᠷᠢ ᠪᠣᠯᠭᠠᠵᠤ᠂ ᠤᠯᠠᠮᠵᠢᠯᠠᠯᠲᠤ ᠱᠠᠨ ᠰᠢ ᠵᠦᠴᠦᠭᠡ ᠶᠢᠨ ᠥᠪᠡᠷᠮᠢᠴᠡ | ᠤᠷᠠᠯᠢᠭ ᠤᠨ ᠬᠡᠪ ᠨᠠᠮᠪᠠ ᠪᠣᠯᠤᠨ ᠳᠣᠪᠣᠶᠢᠮ᠎ᠠ ᠲᠠᠶᠢᠰᠠᠨ ᠤ ᠢᠯᠡᠷᠡᠭᠦᠯᠬᠦ ᠬᠦᠴᠦᠨ ᠢ ᠪᠠᠳᠠᠷᠠᠭᠤᠯᠵᠤ᠂ ᠭᠤᠤ ᠹᠧᠩ | ᠶᠢᠩ ᠤᠨ ᠲᠠᠯᠠᠨ ᠬᠠᠷ᠎ᠠ ᠠᠭᠤᠯᠠ ᠶᠢᠨ ᠫᠠᠷᠲ᠋ᠢᠽᠠᠨ ᠠᠩᠬᠢ ᠶᠢ ᠡᠭᠦᠰᠭᠡᠨ ᠪᠠᠶᠢᠭᠤᠯᠬᠤ ᠳᠤ ᠣᠷᠣᠯᠴᠠᠭᠰᠠᠨ᠂ | ᠠᠶᠤᠯ ᠲᠦᠭᠰᠢᠭᠦᠷᠢ ᠠᠴᠠ ᠠᠶᠤᠬᠤ ᠦᠭᠡᠢ᠂ ᠦᠬᠦᠵᠤ ᠰᠡᠬᠡᠬᠦ ᠪᠠᠨ ᠦᠯᠤ ᠬᠠᠶᠢᠬᠤᠷᠤᠨ᠂ ᠬᠤᠪᠢᠰᠬᠠᠯ ᠤᠨ | ᠦᠢᠯᠡᠰ ᠲᠤ ᠠᠮᠢ ᠪᠡᠶ᠎ᠡ ᠪᠠᠨ ᠵᠣᠷᠢᠭᠤᠯᠤᠭᠰᠠᠨ ᠪᠠᠭᠠᠲᠤᠷᠯᠢᠭ ᠦᠢᠯᠡ ᠠᠵᠢᠯᠯᠠᠭ᠎ᠠ ᠶᠢ ᠤᠷᠠᠯᠢᠭ ᠢᠶᠠᠷ ᠲᠠᠬᠢᠨ | ᠢᠯᠡᠷᠡᠭᠦᠯᠪᠡ᠃ ᠪᠦᠬᠦ ᠵᠦᠴᠦᠭᠡ ᠨᠢ ᠣᠷᠣᠰᠢᠯ ︽ᠵᠠᠷᠯᠢᠭ ᠢᠶᠠᠷ ᠠᠭᠤᠯᠠᠨ ᠠᠴᠠ ᠪᠠᠭᠤᠭᠰᠠᠨ ᠨᠢ︾ ᠵᠢᠴᠢ ︽ | ᠵᠣᠭᠤᠰ ᠴᠤᠭᠯᠠᠭᠤᠯᠵᠤ ᠠᠮᠤ ᠪᠤᠳᠠᠭ᠎ᠠ ᠶᠢ ᠬᠠᠮᠠᠭᠠᠯᠠᠭᠰᠠᠨ ᠨᠢ︾᠂ ︽ᠮᠣᠷᠢᠨ ᠲᠠᠯᠠᠪᠠᠢ ᠶᠢ ᠰᠥᠨᠢ ᠪᠠᠷ | ᠳᠠᠭᠠᠷᠢᠭᠰᠠᠨ ᠨᠢ︾᠂ ︽ᠨᠢᠭᠡ ᠰᠤᠮᠤ ᠪᠠᠷ ᠬᠤᠶᠠᠷ ᠢ ᠣᠨᠣᠭᠠᠭᠰᠠᠨ ᠨᠢ︾᠂ ︽ᠬᠦᠢᠲᠡᠨ ᠰᠢᠭᠦᠳᠡᠷᠢ ᠲᠠᠢ ᠰᠥᠨᠢ︾ | ᠂ ︽ᠲᠦᠭᠵᠢᠷᠡᠯ ᠢ ᠨᠡᠪᠲᠡᠷᠡᠭᠦᠯᠦᠭᠰᠡᠨ ᠨᠢ︾᠂ ︽ ᠨᠡᠬᠡᠮᠵᠢᠯᠡᠯ ᠠᠴᠠ ᠮᠤᠯᠲᠤᠷᠠᠭᠰᠠᠨ ᠨᠢ︾᠂ ︽ᠲᠠᠯᠠᠨ ᠬᠠᠷ᠎ᠠ | ᠠᠭᠤᠯᠠ ᠶᠢᠨ ᠦᠷᠡᠭᠳᠡᠭᠰᠡᠨ ᠪᠠᠭᠠᠲᠤᠷ︾ ᠵᠡᠷᠭᠡ 7 ᠬᠡᠰᠡᠭ ᠢᠶᠠᠷ ᠪᠦᠷᠢᠯᠳᠦᠵᠡᠶ᠃ ᠪᠦᠬᠦᠶᠢᠯᠡ ᠵᠦᠴᠦᠭᠡ ᠶᠢᠨ | ᠲᠣᠭᠯᠠᠯᠲᠠ ᠬᠥᠷ ᠬᠥᠭᠵᠢᠶᠡᠨ ᠢᠶᠠᠷ ᠪᠢᠯᠬᠠᠵᠤ᠂ ᠵᠦᠴᠦᠭᠡ ᠶᠢᠨ ᠦᠢᠯᠡ ᠶᠠᠪᠤᠳᠠᠯ ᠤᠷᠪᠠᠭᠠᠨ ᠬᠥᠷᠪᠡᠭᠡᠨ ᠲᠠᠢ | ᠪᠠᠶᠢᠵᠤ᠂ ᠲᠣᠭᠯᠠᠭᠴᠢᠳ ᠣᠷᠭᠢᠯᠤᠮ᠎ᠠ ᠬᠠᠯᠠᠭᠤᠨ ᠰᠡᠳᠭᠢᠯᠭᠡ ᠪᠠ ᠴᠠᠭᠠᠷᠠᠭᠰᠠᠨ ᠪᠣᠯᠪᠠᠰᠤᠷᠠᠯ ᠢᠶᠠᠷ ᠢᠶᠠᠨ | ᠲᠠᠶᠢᠰᠠᠨ ᠤ ᠤᠷᠠᠯᠢᠭ ᠤᠨ ᠲᠣᠭᠯᠠᠯᠲᠠ ᠶᠢᠨ ᠬᠡᠯᠪᠡᠷᠢ ᠪᠠᠷ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ | ᠦᠷᠡᠭᠳᠡᠬᠦ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ ᠬᠤᠪᠢᠰᠬᠠᠯᠲᠤ ᠵᠣᠷᠢᠭ ᠰᠠᠨᠠᠭ᠎ᠠ ᠶᠢ | ᠢᠯᠡᠷᠡᠭᠦᠯᠪᠡ᠃ |