ᠾᠧ ᠬᠠᠢ ᠳ᠋ᠦᠩ ᠵᠢᠢ ᠯᠢ ᠵᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ CEO ᠭᠦᠩ ᠶᠢᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/6/26
    ︵ᠰᠤᠷᠪᠤᠯᠵᠢᠯᠠᠭᠴᠢ ᠯᠢᠶᠠᠩ ᠵᠢᠩ ᠱᠤ᠋︶ 6 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂  ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠵᠢᠢ ᠯᠢ ᠵᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ  ᠺᠣᠮᠫᠠᠨᠢ ᠶᠢᠨ CEO ᠭᠦᠩ ᠶᠢᠨ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠤᠯᠪᠣᠭᠳᠠᠯ ᠪᠦᠬᠦᠢ ᠬᠠᠮᠲᠤᠷᠠᠯᠴᠠᠭᠠᠨ ᠤ  ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃            ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠭᠦᠩ ᠶᠢᠨ ᠨᠠᠷ ᠤᠨ ᠬᠥᠬᠡᠬᠤᠲᠠ ᠳᠤ ᠢᠷᠡᠭᠰᠡᠨ ᠢ ᠪᠠᠶᠠᠷᠯᠠᠨ  ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠳᠤ ᠣᠳᠣᠬᠠᠨ ᠳᠤ ᠶᠠᠭ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ  ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠬᠤᠶᠠᠷ ᠰᠠᠭᠤᠷᠢᠨ ᠭᠠᠵᠠᠷ︾ ᠤᠨ  ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ   ᠠᠴᠠ ᠳᠤᠷᠠᠳᠤᠭᠰᠠᠨ ︽ᠬᠤᠶᠠᠷ ᠲᠤ ᠲᠦᠷᠦᠭᠦᠯᠡᠬᠦ︾ ︽ᠬᠤᠶᠠᠷ ᠢ ᠳᠠᠪᠠᠭᠤᠯᠬᠤ︾ ᠱᠠᠭᠠᠷᠳᠠᠯᠭ᠎ᠠ ᠶᠣᠰᠣᠭᠠᠷ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠶᠡᠬᠡᠪᠡᠷ  ᠪᠣᠶᠢᠵᠢᠭᠤᠯᠤᠨ ᠬᠥᠭᠵᠢᠭᠦᠯᠵᠦ᠂ ᠡᠭᠦᠨ ᠳᠤ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠪᠥᠭᠡᠮᠨᠡᠷᠡᠯ ᠢ ᠪᠣᠶᠢᠵᠢᠭᠤᠯᠤᠨ  ᠪᠠᠶᠢᠭᠤᠯᠵᠤ᠂ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠬᠢᠭᠡᠳ ᠵᠢᠢ ᠯᠢ ᠵᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ  ᠠᠵᠢᠯ ᠤᠨ ᠬᠥᠭᠵᠢᠯᠲᠡ ᠲᠠᠢ ᠮᠠᠰᠢ ᠨᠡᠶᠢᠴᠡᠨ᠎ᠡ᠃ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠰᠢᠨ᠎ᠡ  ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ︽ ᠴᠢᠬᠤᠯᠠ ᠲᠠᠢ ᠦᠶ᠎ᠡ ᠨᠢ ᠭᠠᠷᠴᠤ ᠢᠷᠡᠨ᠂ ᠴᠢᠬᠤᠯᠠ ᠦᠭᠡᠢ ᠦᠶ᠎ᠡ ᠳᠤ ᠬᠠᠷᠰᠢᠯᠠᠬᠤ ᠦᠭᠡᠢ︾ ︽ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂  ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠢᠢ ᠯᠢ ᠵᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ  ᠪᠠᠭᠲᠠᠭᠠᠭᠰᠠᠨ ᠥᠷᠭᠡᠨ ᠣᠯᠠᠨ ᠠᠵᠤ ᠠᠬᠤᠶᠢᠯᠠᠯ ᠤᠨ ᠬᠥᠬᠡᠬᠤᠲᠠ ᠳᠤ ᠨᠠᠩ ᠰᠠᠶᠢᠨ ᠬᠥᠭᠵᠢᠬᠦ ᠶᠢ ᠳᠡᠮᠵᠢᠨ᠎ᠡ ᠭᠡᠵᠡᠢ᠃            ᠭᠦᠩ ᠶᠢᠨ ᠵᠢᠢ ᠯᠢ ᠵᠢᠦᠢ ᠨᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ᠂ ᠲᠤᠬᠠᠶᠢᠯᠠᠭᠰᠠᠨ ᠠᠵᠢᠯ ᠤᠨ  ᠬᠡᠰᠡᠭ ᠪᠣᠯᠣᠨ ᠠᠵᠢᠯ ᠤᠨ ᠲᠥᠯᠦᠪᠵᠢᠭᠦᠯᠭᠡ ᠶᠢ ᠲᠠᠨᠢᠯᠴᠠᠭᠤᠯᠵᠤ᠂ ᠬᠥᠬᠡᠬᠤᠲᠠ ᠲᠠᠢ ᠠᠵᠢᠯ ᠵᠣᠯᠭᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠲᠤᠷᠠᠯᠴᠠᠭᠠᠨ ᠤ  ᠲᠥᠰᠥᠯ ᠢᠶᠠᠨ ᠴᠢᠨᠠᠭᠰᠢᠳᠠ ᠲᠡᠭᠦᠯᠳᠡᠷᠵᠢᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠪᠣᠳᠠᠲᠤ ᠦᠷ᠎ᠡ ᠪᠦᠲᠦᠮᠵᠢ  ᠣᠯᠬᠤ ᠶᠢ ᠪᠠᠲᠤᠯᠠᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃            ᠬᠤᠳᠠ ᠶᠢᠨ ᠳᠡᠳ᠋ ᠳᠠᠷᠤᠭ᠎ᠠ ᠸᠠᠩ ᠶᠠᠨ ᠵᠢᠶᠦ᠋ᠨ᠂ ᠵᠠᠩ ᠶᠦᠩ ᠸᠧᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ  ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ  ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号