ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/26
     ᠼᠤᠤ ᠰᠧ ᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ             ︵ᠰᠤᠷᠪᠤᠯᠵᠢᠯᠠᠭᠴᠢ ᠯᠢᠦᠢ ᠬᠤᠢ ᠱᠧᠩ︶ 6 ᠳ᠋ᠤᠭᠠᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ  ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃            ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ᠂ ᠬᠤᠲᠠ ᠶᠢᠨ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠲᠠ ᠶᠢᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠹᠧᠩ᠂ ᠬᠤᠲᠠ ᠶᠢᠨ ᠳᠡᠳ᠋ ᠳᠠᠷᠤᠭ᠎ᠠ ᠸᠠᠩ ᠶᠠᠨ ᠵᠢᠶᠦ᠋ᠨ᠂ ᠬᠤᠲᠠ ᠶᠢᠨ ᠤᠯᠤᠰ  ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠣ ᠵᠧᠨ ᠸᠧᠢ᠂ ᠰᠦᠸᠧ ᠶᠢᠩ ᠵᠢᠶᠦ᠋ᠨ ᠬᠤᠷᠠᠯ ᠳᠤ ᠣᠷᠣᠯᠴᠠᠪᠠ᠃            ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠳᠡᠳ᠋  ᠲᠡᠷᠢᠭᠦᠯᠡᠭᠴᠢ ᠪᠠᠢ ᠴᠦᠨ ᠶᠠᠨ ᠤᠷᠢᠯᠭ᠎ᠠ ᠪᠠᠷ ᠬᠤᠷᠠᠯ ᠳᠤ ᠣᠷᠣᠯᠴᠠᠵᠤ ᠶᠠᠷᠢᠶ᠎ᠠ  ᠲᠠᠯᠪᠢᠵᠠᠢ᠃            ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠭᠦᠸᠧ ᠬᠤᠸᠠ ᠠᠴᠠ ᠬᠥᠬᠡᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ ᠬᠤᠳᠠᠯᠳᠤᠭᠠᠴᠢᠳ ᠤᠨ ᠶᠡᠷᠦᠩᠬᠡᠢ ᠡᠪᠯᠡᠯ︶ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠠᠵᠢᠯ ᠤᠨ ᠮᠡᠳᠡᠭᠦᠯᠦᠯᠲᠡ ᠬᠢᠪᠡ᠃            ᠼᠤᠤ ᠰᠧ ᠶᠠᠩ ᠱᠠᠭᠠᠷᠳᠠᠬᠤ ᠳᠠᠭᠠᠨ᠂ ᠪᠦᠬᠦ ᠬᠤᠳᠠ ᠶᠢᠨ ᠡᠯ᠎ᠡ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠦᠰᠡᠯᠡᠩ ᠢᠲᠡᠭᠡᠯ ᠪᠢᠰᠢᠷᠡᠯ ᠢᠶᠠᠨ  ᠪᠠᠲᠤᠳᠬᠠᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ ᠬᠡᠷᠡᠭᠲᠡᠢ᠃ ᠭᠤᠣᠯ ᠶᠡᠭᠡ ᠲᠠᠯ᠎ᠠ ᠳᠤ  ᠠᠩᠬᠠᠷᠤᠯ ᠢᠶᠠᠨ ᠲᠥᠪᠯᠡᠷᠡᠭᠦᠯᠵᠦ᠂ ︽ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠳᠠ︾ ᠶᠢᠨ ᠪᠦᠲᠦᠭᠡᠨ ᠪᠠᠶᠢᠭᠤᠯᠤᠭᠴᠢ ᠪᠣᠯᠬᠤ ᠪᠠᠷ ᠴᠢᠷᠮᠠᠶᠢᠬᠤ  ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠮᠢᠵᠢᠷᠠᠯ ᠤᠨ ᠬᠦᠴᠦᠨ ᠪᠠ ᠬᠥᠳᠡᠯᠭᠡᠭᠦ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ᠃ ᠡᠯ᠎ᠡ  ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠡᠭᠦᠰᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ  ᠨᠢᠭᠡᠳᠦᠮᠡᠯ ᠹᠷᠣᠨᠲ ᠤᠨ ᠠᠵᠢᠯ ᠳᠠᠬᠢ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠳᠤᠮᠳᠠ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ  ᠬᠠᠪᠰᠤᠷᠤᠨ ᠰᠢᠢᠳᠪᠦᠷᠢᠯᠡᠵᠦ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠲᠦᠷᠦᠭᠦᠯᠡᠨ ᠵᠣᠬᠢᠴᠠᠭᠤᠯᠬᠤ ᠦᠢᠯᠡᠳᠦᠯ ᠪᠣᠯᠣᠨ ᠦᠢᠯᠡᠳᠪᠦᠷᠢ ᠬᠤᠳᠠᠯᠳᠤᠭᠠᠨ ᠤ  ᠬᠤᠯᠪᠣᠭ᠎ᠠ ᠶᠢᠨ ᠬᠥᠭᠦᠷᠭᠡ ᠬᠤᠯᠪᠣᠭᠠᠰᠤ ᠵᠢᠴᠢ ᠬᠠᠪᠰᠤᠷᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ  ᠪᠠᠰᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠢᠳᠡᠪᠬᠢᠲᠡᠢ ᠪᠠᠷ ᠬᠠᠯᠠᠮᠵᠢᠯᠠᠨ ᠶᠡᠬᠡᠪᠡᠷ ᠳᠡᠮᠵᠢᠵᠦ᠂ ᠡᠭᠦᠷᠭᠡ ᠬᠠᠷᠢᠭᠤᠴᠠᠯᠭ᠎ᠠ ᠠᠴᠠ ᠪᠠᠨ ᠡᠭᠦᠰᠦᠨ ᠬᠦᠴᠦ ᠪᠠᠨ  ᠬᠠᠮᠲᠤᠳᠬᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ  ᠪᠣᠶᠢᠵᠢᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃            ᠭᠧ ᡁᠢ ᠮᠢᠨ ᠰᠢᠨ᠎ᠡ ᠨᠢᠭᠡ ᠬᠤᠭᠤᠴᠠᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ ᠱᠠᠭᠠᠷᠳᠠᠭᠰᠠᠨ ᠨᠢ᠂  ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ︔ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ︽ᠬᠤᠶᠠᠷ ᠡᠷᠡᠭᠦᠯ︾ ᠬᠥᠭᠵᠢᠯᠲᠡ ᠶᠢ  ᠠᠬᠢᠭᠤᠯᠬᠤ ᠪᠠᠷ ᠠᠵᠢᠯ ᠤᠨ ᠢᠶᠠᠨ ᠭᠤᠣᠯ ᠬᠦᠭ ᠠᠶᠠᠰ ᠪᠣᠯᠭᠠᠬᠤ ᠬᠡᠷᠡᠭᠲᠡᠢ︔ ︽ᠤᠯᠤᠰ ᠲᠦᠷᠦ ᠪᠠᠷ ᠬᠤᠯᠪᠣᠭᠠᠲᠤ ᠬᠤᠷᠠᠯ ᠢ ᠪᠠᠶᠢᠭᠤᠯᠬᠤ᠂ ᠪᠦᠯᠬᠦᠮᠳᠡᠯ ᠢᠶᠠᠷ ᠬᠤᠯᠪᠣᠭᠠᠲᠤ  ᠬᠤᠷᠠᠯ ᠢ ᠪᠠᠶᠢᠭᠤᠯᠬᠤ᠂ ᠦᠢᠯᠡᠴᠢᠯᠡᠭᠡ ᠪᠠᠷ ᠬᠤᠯᠪᠣᠭᠠᠲᠤ ᠬᠤᠷᠠᠯ ᠢ ᠬᠦᠭᠵᠢᠬᠦᠯᠬᠦ᠂ ᠥᠭᠡᠷᠡᠴᠢᠯᠡᠯᠲᠡ ᠪᠠᠷ ᠬᠤᠯᠪᠣᠭᠠᠲᠤ ᠬᠤᠷᠠᠯ ᠢ ᠬᠦᠴᠦᠷᠬᠡᠭᠵᠢᠭᠦᠯᠬᠦ︾ ᠵᠣᠷᠢᠯᠲᠠ ᠶᠢ  ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠬᠤ ᠶᠢᠨ  ᠰᠠᠭᠤᠷᠢ ᠪᠣᠯᠭᠠᠬᠤ ᠬᠡᠷᠡᠭᠲᠡᠢ︔ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠴᠠᠭ ᠢᠮᠠᠭᠲᠠ ᠪᠠᠲᠤ ᠰᠠᠬᠢᠵᠤ᠂ ᠰᠤᠷᠲᠠᠯ ᠴᠢᠬᠡᠴᠢ ᠣᠪᠣᠷ ᠲᠥᠪ ᠤᠯᠤᠰ  ᠲᠦᠷᠦ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠡᠢ᠃            ᠰᠣᠩᠭᠤᠭᠤᠯᠢ ᠪᠠᠷ ᠲᠠᠮᠵᠢᠨ᠂ ᠸᠠᠩ ᠭᠦᠸᠧ ᠬᠤᠸᠠ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠭᠦᠢᠴᠡᠳᠬᠡᠬᠦ  ᠵᠥᠪᠯᠡᠯ ᠤᠨ ᠲᠡᠷᠢᠭᠦᠯᠡᠭᠴᠢ᠂ ᠬᠥᠬᠡᠬᠤᠲᠠ ᠶᠢᠨ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠲᠠᠪᠤᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠳᠠᠷᠤᠭ᠎ᠠ ᠪᠠᠷ  ᠰᠣᠩᠭᠤᠭᠳᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号