ᠬᠢᠵᠢᠭ ᠢ ᠬᠡᠲᠦᠷᠡᠲᠡᠯ᠎ᠡ ᠰᠡᠷᠭᠡᠶᠢᠯᠡᠵᠦ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠠᠴᠠ ᠵᠥᠷᠢᠴᠡᠵᠦ ᠣᠯᠠᠨ ᠭᠠᠵᠠᠷ ᠤᠨ ᠬᠢᠨ ᠵᠠᠷᠯᠠᠭᠳᠠᠪᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠭᠠᠳᠠᠨᠠᠬᠢ ᠬᠦᠴᠦᠨ ᠵᠦᠢᠯ ᠢᠶᠠᠷ ᠰᠢᠯᠲᠠᠭ ᠪᠣᠯᠭᠠᠵᠤ ᠡᠷᠡᠭᠦᠯ ᠮᠡᠨᠳᠦ ᠶᠢᠨ ᠺᠣᠳ᠋ ᠲᠤ ᠺᠣᠳ᠋ ᠣᠯᠭᠤᠬᠤ ᠺᠣᠳ᠋ ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠁ ᠬᠠᠮᠤᠭ ᠤᠨ ᠰᠢᠨ᠎ᠡ ᠮᠡᠳᠡᠭᠡ︕
ᠨᠡᠶᠢᠲᠡᠯᠡᠭᠰᠡᠨ ᠴᠠᠭ᠄
2022/6/28
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠣᠶᠢᠷ᠎ᠠ ᠳᠤ ᠬᠢᠵᠢᠭ ᠤᠨ ᠪᠠᠶᠢᠳᠠᠯ ᠶᠠᠮᠠᠷ ᠪᠠᠶᠢᠨ᠎ᠠ︖ ᠠᠷᠠᠳ ᠤᠯᠠᠨ ᠤ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠶᠠᠪᠤᠵᠤ ᠰᠠᠭᠤᠬᠤ ᠶᠢ ᠬᠡᠷᠬᠢᠨ ᠪᠠᠲᠤᠯᠠᠬᠤ ᠪᠤᠢ︖ ᠬᠠᠮᠲᠤ ᠪᠠᠷ ᠣᠶᠢᠯᠠᠭᠠᠵᠠᠭᠠᠶ᠎ᠠ︕      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ      ●ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃      ●ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠯᠭᠠᠬᠤ᠂ ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃      ●ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠠᠮᠢᠶᠠᠷᠤᠨ ᠡᠵᠡᠮᠳᠡᠬᠦ ᠴᠠᠭ ᠢ ᠳᠤᠷ᠎ᠠ ᠪᠠᠷ ᠤᠷᠲᠤᠳᠬᠠᠵᠤ ᠪᠣᠯᠬᠤ ᠦᠭᠡᠢ᠃      ●ᠲᠤᠰᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠲᠦᠭᠰᠢᠭᠦᠷᠢᠲᠦ ᠬᠥᠮᠥᠰ ᠤᠨ ᠬᠡᠪᠴᠢᠶ᠎ᠡ ᠶᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃      ●ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠦ ᠶᠢ ᠬᠢᠨᠠᠨ ᠰᠢᠨᠵᠢᠯᠡᠬᠦ ᠴᠠᠭ ᠢ ᠳᠤᠷ᠎ᠠ ᠪᠠᠷ ᠤᠷᠲᠤᠳᠬᠠᠵᠤ ᠪᠣᠯᠬᠤ ᠦᠭᠡᠢ᠃      ●ᠳᠤᠷ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷ ᠰᠢᠯᠲᠠᠭ ᠪᠣᠯᠭᠠᠵᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠ ᠵᠢᠮ᠎ᠡ ᠶᠣᠰᠣᠴᠢ ᠴᠢᠨᠠᠷᠲᠠᠢ ᠣᠨᠣᠰᠢᠯᠠᠨ ᠡᠮᠨᠡᠬᠦ ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠲᠡᠪᠴᠢᠵᠦ ᠪᠣᠯᠬᠤ ᠦᠭᠡᠢ᠃      ●ᠨᠥᠬᠦᠴᠡᠯ ᠳᠤ ᠨᠡᠶᠢᠴᠡᠭᠰᠡᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃      ●ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠢ ᠳᠤᠷ᠎ᠠ ᠪᠠᠷ ᠲᠣᠬᠢᠷᠠᠭᠤᠯᠵᠤ ᠪᠣᠯᠬᠤ ᠦᠭᠡᠢ᠂ ᠨᠥᠬᠦᠴᠡᠯ ᠳᠤ ᠨᠡᠶᠢᠴᠡᠭᠰᠡᠨ ᠠᠶᠠᠨᠴᠢᠨ ᠤ ᠲᠡᠷᠭᠡ ᠪᠠ ᠪᠠᠷᠠᠭᠠᠨ ᠤ ᠲᠡᠷᠭᠡ ᠶᠢᠨ ᠵᠢᠯᠣᠭᠤᠴᠢ ᠪᠠ ᠠᠶᠠᠨᠴᠢᠳ ᠤᠨ ᠶᠠᠪᠤᠵᠤ ᠰᠠᠭᠤᠬᠤ ᠶᠢ ᠬᠢᠵᠠᠭᠠᠷᠯᠠᠬᠤ ᠪᠣᠯᠬᠤ ᠦᠭᠡᠢ᠃      ●ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠲᠠᠯᠠᠪᠤᠷ ᠭᠠᠵᠠᠷ ᠢ ᠳᠤᠷ᠎ᠠ ᠪᠠᠷ ᠬᠠᠭᠠᠵᠤ ᠪᠣᠯᠬᠤ ᠦᠭᠡᠢ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠬᠦ ᠪᠣᠯᠣᠨ᠎ᠠ᠃            ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ      ᠾᠧᠪᠧᠢ ᠮᠤᠵᠢ ᠶᠢᠨ ᠪᠤᠤᠳᠢᠩ ᠬᠤᠲᠠ᠂ ᠬᠠᠨᠳᠠᠨ ᠬᠤᠲᠠ᠂ ᠱᠢ ᠵᠢᠶᠠ ᠵᠤᠸᠠᠩ ᠬᠤᠲᠠ᠂ ᠴᠢᠭᠤᠯᠤᠯᠲᠤ ᠬᠠᠭᠠᠯᠭ᠎ᠠ ᠬᠤᠲᠠ ᠵᠡᠷᠭᠡ 4 ᠲᠤᠰᠬᠠᠢ ᠣᠷᠣᠨ ᠶᠢᠨ ᠳᠡᠰ ᠤᠨ ᠬᠤᠲᠠ ᠳᠤ ᠬᠢᠵᠢᠭ ᠢ ᠬᠡᠲᠦ ᠰᠡᠷᠭᠡᠶᠢᠯᠡᠬᠦ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠵᠡᠷᠭᠡ ᠪᠠᠶᠢᠳᠠᠯ ᠣᠷᠣᠰᠢᠵᠤ᠂ ᠾᠧᠪᠧᠢ ᠳᠤ ᠪᠤᠴᠠᠵᠤ ᠢᠷᠡᠭᠰᠡᠨ ᠬᠥᠮᠥᠰ᠂ ᠢᠯᠠᠩᠭᠤᠶ᠎ᠠ ᠱᠠᠩᠬᠠᠢ᠂ ᠪᠡᠭᠡᠵᠢᠩ᠂ ᠲᠢᠶᠠᠨᠵᠢᠨ ᠵᠡᠷᠭᠡ ᠭᠠᠵᠠᠷ ᠣᠷᠣᠨ ᠠᠴᠠ ᠢᠷᠡᠭᠰᠡᠨ ᠬᠥᠮᠥᠰ ᠲᠤ ᠰᠣᠬᠤᠷ ᠪᠠᠯᠠᠢ ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠬᠥᠮᠥᠰ ᠤᠨ ᠬᠠᠮᠢᠶᠠᠷᠤᠯᠲᠠ ᠶᠢᠨ ᠬᠡᠪᠴᠢᠶ᠎ᠡ ᠶᠢ ᠥᠷᠭᠡᠳᠬᠡᠭᠰᠡᠨ ᠪᠠᠶᠢᠨ᠎ᠠ᠃      ᠬᠥᠬᠡᠨᠠᠭᠤᠷ ᠮᠤᠵᠢ ᠶᠢᠨ ᠬᠢᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠲᠤ 24 ᠴᠠᠭ ᠤᠨ ᠡᠮᠦᠨ᠎ᠡ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ᠂ ᠬᠥᠬᠡᠨᠠᠭᠤᠷ ᠲᠤ ᠬᠦᠷᠦᠭᠰᠡᠨ ᠤ ᠳᠠᠷᠠᠭ᠎ᠠ ᠲᠤᠬᠠᠢ ᠶᠢᠨ ᠭᠠᠵᠠᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ᠂ ᠰᠠᠭᠤᠵᠤ ᠪᠠᠶᠢᠭ᠎ᠠ ᠨᠡᠶᠢᠭᠡᠮ ᠲᠣᠭᠤᠷᠢᠭ ᠲᠤ ᠪᠠᠨ ᠪᠤᠴᠠᠭᠰᠠᠨ ᠤ ᠳᠠᠷᠠᠭ᠎ᠠ ᠠᠵᠢᠯᠲᠠᠳ ᠡᠭᠦᠳᠡᠨ ᠳᠤ ᠨᠢ ᠪᠢᠲᠡᠭᠦᠮᠵᠢᠯᠡᠬᠦ ᠬᠠᠭᠤᠳᠠᠰᠤ ᠨᠠᠭᠠᠬᠤ᠂ ᠭᠤᠷᠪᠠᠨ ᠡᠳᠦᠷ ᠤᠨ ᠳᠣᠲᠣᠷ᠎ᠠ ᠬᠤᠶᠠᠷ ᠤᠳᠠᠭᠠᠨ ᠤ ᠪᠠᠶᠢᠴᠠᠭᠠᠯᠲᠠ ᠬᠢᠵᠦ ᠪᠠᠶᠢᠴᠠᠭᠠᠯᠲᠠ ᠶᠢᠨ ᠳ᠋ᠦᠩ ᠨᠢ ᠪᠢᠯᠢᠭ ᠴᠢᠨᠠᠷ ᠲᠠᠢ ᠪᠣᠯᠪᠠᠯ ᠰᠠᠶ᠋ᠢ ᠭᠠᠳᠠᠭᠰᠢ ᠭᠠᠷᠬᠤ ᠶᠢ ᠵᠥᠪᠰᠢᠶᠡᠷᠡᠬᠦ ᠭᠡᠬᠦ ᠮᠡᠲᠦ ᠠᠷᠭ᠎ᠠ ᠬᠡᠮᠵᠢᠶ᠎ᠡ ᠠᠪᠴᠠᠢ᠃      ᠯᠢᠶᠣᠤᠨᠢᠩ ᠮᠤᠵᠢ ᠶᠢᠨ ᠴᠣᠣᠶᠠᠩ ᠬᠤᠲᠠ᠂ ᠵᠢᠨᠵᠧᠦ ᠬᠤᠲᠠ ᠶᠢᠨ ᠥᠨᠳᠥᠷ ᠬᠤᠷᠳᠤᠴᠠᠲᠤ ᠲᠡᠮᠦᠷ ᠵᠠᠮ ᠤᠨ ᠥᠷᠲᠡᠭᠡ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠨᠢ ᠪᠢᠯᠢᠭ ᠴᠢᠨᠠᠷ ᠤᠨ ᠭᠡᠷᠡᠴᠢ ᠲᠠᠢ ᠠᠶᠠᠨᠴᠢᠳ ᠢᠶᠠᠷ ᠮᠥᠨ ᠬᠦ ᠪᠥᠭᠡᠮ ᠬᠦᠴᠢᠯ ᠤᠨ ᠪᠠᠶᠢᠴᠠᠭᠠᠯᠲᠠ ᠬᠢᠯᠭᠡᠬᠦ ᠶᠢᠨ ᠬᠠᠮᠲᠤ ᠠᠶᠠᠨᠴᠢᠳ ᠬᠥᠮᠥᠨ ᠪᠦᠷᠢ ᠠᠴᠠ 19 ᠲᠥᠭᠦᠷᠢᠭ ᠤᠨ ᠰᠦᠢᠳᠬᠡᠯ ᠬᠤᠷᠢᠶᠠᠬᠤ ᠪᠠᠷ ᠱᠠᠭᠠᠷᠳᠠᠵᠠᠢ᠃      ᠳᠡᠭᠡᠷᠡᠬᠢ ᠭᠠᠵᠠᠷ ᠣᠷᠣᠨ ᠪᠣᠯᠣᠨ ᠪᠠᠶᠢᠭᠤᠯᠭ᠎ᠠ ᠨᠢᠭᠡᠴᠢ ᠶᠢᠨ ᠬᠢᠳᠡᠯ ᠨᠢ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠵᠤ᠂ ᠣᠳᠣᠬᠠᠨ ᠳᠤ ᠨᠢᠭᠡᠨᠲᠡ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ ᠪᠠᠶᠢᠨ᠎ᠠ᠃ ᠪᠤᠰᠤᠳ ᠭᠠᠵᠠᠷ ᠣᠷᠣᠨ ᠨᠤᠭᠤᠳ ᠡᠭᠦᠨ ᠢᠶᠠᠷ ᠴᠡᠭᠡᠷᠯᠡᠯ ᠪᠣᠯᠭᠠᠵᠤ᠂ ᠥᠪᠡᠷ ᠢ ᠪᠠᠨ ᠪᠠᠶᠢᠴᠠᠭᠠᠵᠤ ᠬᠢᠨᠠᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠠᠵᠢᠯ ᠤᠨ ᠠᠬᠢᠴᠠ ᠶᠢ ᠦᠷᠭᠦᠯᠵᠢᠯᠡᠨ ᠠᠩᠬᠠᠷᠴᠤ᠂ ᠢᠯᠡᠷᠡᠭᠦᠯᠵᠦ ᠬᠢᠨᠠᠨ ᠬᠠᠷᠭᠤᠭᠤᠯᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠦᠷᠭᠦᠯᠵᠢᠯᠡᠨ ᠢᠯᠡᠴᠢᠯᠡᠬᠦ ᠪᠠ ᠵᠠᠷᠯᠠᠨ ᠮᠡᠳᠡᠭᠳᠡᠨ᠎ᠡ᠃            ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠭᠠᠳᠠᠨᠠᠬᠢ ᠬᠦᠴᠦᠨ ᠵᠦᠢᠯ ᠢᠶᠠᠷ ᠰᠢᠯᠲᠠᠭ ᠪᠣᠯᠭᠠᠵᠤ ᠡᠷᠡᠭᠦᠯ ᠮᠡᠨᠳᠦ ᠶᠢᠨ ᠺᠣᠳ᠋ ᠲᠤ ᠺᠣᠳ᠋ ᠣᠯᠭᠤᠬᠤ ᠺᠣᠳ᠋ ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ      ᠡᠷᠡᠭᠦᠯ ᠮᠡᠨᠳᠦ ᠶᠢᠨ ᠺᠣᠳ᠋ ᠨᠢ ᠲᠦᠭᠰᠢᠭᠦᠷᠢᠲᠦ ᠬᠥᠮᠥᠰ ᠢ ᠢᠯᠭᠠᠨ ᠲᠠᠨᠢᠬᠤ ᠪᠠ ᠬᠠᠮᠢᠶᠠᠷᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠮᠥᠨ ᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠷᠠᠳ ᠣᠯᠠᠨ ᠤ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠪᠠᠲᠤᠯᠠᠬᠤ ᠴᠢᠬᠤᠯᠠ ᠪᠠᠭᠠᠵᠢ ᠪᠣᠯᠵᠤ ᠪᠠᠶᠢᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ ᠡᠷᠡᠭᠦᠯ ᠮᠡᠨᠳᠦ ᠶᠢᠨ ᠺᠣᠳ᠋ ᠤᠨ ᠬᠡᠷᠡᠭᠯᠡᠯᠲᠡ ᠬᠠᠮᠢᠶᠠᠷᠤᠯᠲᠠ᠂ ᠠᠵᠢᠯᠯᠠᠭᠠᠨ ᠤ ᠪᠠᠲᠤᠯᠠᠭ᠎ᠠ ᠪᠠ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠡᠯ᠎ᠡ ᠵᠦᠢᠯ ᠤᠨ ᠲᠣᠭᠲᠠᠭᠠᠯ ᠢ ᠲᠣᠳᠣᠷᠬᠠᠢ ᠲᠣᠭᠲᠠᠭᠠᠵᠤ᠂ ᠡᠯ᠎ᠡ ᠭᠠᠵᠠᠷ ᠤᠨ ᠬᠢᠨ ᠬᠢᠵᠢᠭ ᠤᠨ ᠪᠠᠶᠢᠳᠠᠯ ᠤᠨ ᠠᠳᠠᠯᠢ ᠪᠤᠰᠤ ᠲᠦᠭᠰᠢᠭᠦᠷᠢ ᠶᠢᠨ ᠲᠠᠰ ᠢ ᠦᠨᠳᠦᠰᠦᠯᠡᠨ ᠬᠤᠯᠪᠣᠭᠳᠠᠯ ᠪᠦᠬᠦᠢ ᠬᠥᠮᠥᠰ ᠲᠤ ᠨᠠᠷᠢᠯᠢᠭ ᠣᠨᠣᠴᠠᠲᠠᠢ ᠪᠠᠷ ᠺᠣᠳ᠋ ᠣᠯᠭᠤᠬᠤ ᠬᠡᠷᠡᠭᠲᠡᠢ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ︽ᠺᠣᠳ᠋ ᠳᠡᠭᠡᠷ᠎ᠡ ᠺᠣᠳ᠋ ᠨᠡᠮᠡᠬᠦ ︾ ᠪᠠᠶᠢᠳᠠᠯ ᠶᠠᠭᠠᠬᠢᠭᠰᠠᠨ ᠴᠦ ᠪᠠᠶᠢᠵᠤ ᠪᠣᠯᠬᠤ ᠦᠭᠡᠢ ᠭᠡᠵᠦ ᠱᠠᠭᠠᠷᠳᠠᠪᠠ᠃      ᠡᠷᠡᠭᠦᠯ ᠮᠡᠨᠳᠦ ᠶᠢᠨ ᠺᠣᠳ᠋ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠴᠢᠩᠳᠠᠯᠠᠵᠤ᠂ ᠬᠡᠷᠡᠭᠯᠡᠬᠦ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠭᠠᠳᠠᠨᠠᠬᠢ ᠬᠦᠴᠦᠨ ᠵᠦᠢᠯ ᠢᠶᠠᠷ ᠰᠢᠯᠲᠠᠭ ᠪᠣᠯᠭᠠᠵᠤ ᠣᠯᠠᠨ ᠲᠦᠮᠡᠨ ᠤ ᠡᠷᠡᠭᠦᠯ ᠮᠡᠨᠳᠦ ᠶᠢᠨ ᠺᠣᠳ᠋ ᠲᠤ ᠺᠣᠳ᠋ ᠣᠯᠭᠤᠵᠤ ᠺᠣᠳ᠋ ᠬᠤᠪᠢᠷᠠᠭᠤᠯᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠦ ᠲᠣᠳᠣᠷᠬᠠᠢ ᠱᠠᠭᠠᠷᠳᠠᠪᠠ᠃            ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ      ᠣᠶᠢᠷ᠎ᠠ ᠶᠢᠨ ᠡᠳᠦᠷ ᠤᠳ ᠲᠤ᠂ ᠪᠦᠬᠦ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠣᠭᠲᠠᠭᠤᠨ ᠤ ᠳᠤᠮᠳᠠ ᠪᠠᠭᠠᠰᠬᠤ ᠬᠠᠨᠳᠤᠰᠢ ᠲᠠᠢ ᠪᠠᠶᠢᠵᠤ᠂ ᠡᠳᠦᠷ ᠪᠦᠷᠢ ᠶᠢᠨ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠬᠠᠯᠳᠠᠪᠤᠷᠢᠯᠠᠭᠰᠠᠳ ᠤᠨ ᠲᠤᠭ᠎ᠠ 40 ᠠᠴᠠ ᠳᠣᠷᠣᠭᠰᠢ ᠪᠣᠯᠵᠤ᠂ ᠣᠶᠢᠷ᠎ᠠ ᠶᠢᠨ ᠭᠤᠷᠪᠠᠨ ᠡᠳᠦᠷ ᠲᠤ ᠳᠤᠮᠳᠠᠴᠢ ᠪᠠᠷ ᠡᠳᠦᠷ ᠪᠦᠷᠢ 28 ᠬᠠᠯᠳᠠᠪᠤᠷᠢᠯᠠᠭᠰᠠᠳ ᠢ ᠮᠡᠳᠡᠭᠦᠯᠵᠦ᠂ ᠲᠤᠰ ᠰᠠᠷ᠎ᠠ ᠠᠴᠠ ᠨᠠᠭᠠᠰᠢ ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠬᠠᠮᠤᠭ ᠤᠨ ᠳᠣᠣᠷ᠎ᠠ ᠬᠡᠮᠵᠢᠶᠡᠨ ᠳᠤ ᠬᠦᠷᠴᠦ᠂ ᠪᠦᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠳᠤ ᠣᠷᠣᠰᠢᠵᠤ ᠪᠠᠶᠢᠨ᠎ᠠ᠃ ᠭᠡᠪᠡᠴᠦ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠮᠥᠨ ᠬᠦ ᠲᠣᠭᠲᠠᠪᠤᠷᠢ ᠦᠭᠡᠢ ᠪᠠᠶᠢᠵᠤ᠂ ᠣᠨᠴᠠ ᠵᠠᠷᠢᠮ ᠭᠠᠵᠠᠷ ᠣᠷᠣᠨ ᠳᠤ ᠬᠢᠵᠢᠭ ᠤᠨ ᠪᠠᠶᠢᠳᠠᠯ ᠨᠡᠯᠢᠶᠡᠳ ᠤᠷᠳᠤ ᠬᠤᠭᠤᠴᠠᠭ᠎ᠠ ᠪᠠᠷ ᠦᠷᠭᠦᠯᠵᠢᠯᠡᠵᠦ ᠪᠠᠶᠢᠨ᠎ᠠ᠃      ᠪᠡᠭᠡᠵᠢᠩ ᠳᠤ ᠬᠠᠯᠳᠠᠪᠤᠷᠢᠯᠠᠭᠰᠠᠳ ᠢ ᠦᠷᠭᠦᠯᠵᠢᠯᠡᠨ ᠢᠯᠡᠷᠡᠭᠦᠯᠵᠦ᠂ ᠬᠤᠲᠠ ᠶᠢᠨ ᠳᠣᠲᠣᠷᠠᠬᠢ ᠣᠯᠠᠨ ᠲᠣᠭᠤᠷᠢᠭ ᠢ ᠬᠠᠮᠤᠷᠴᠤ᠂ ᠣᠳᠣᠬᠠᠨ ᠳᠤ ᠳᠣᠣᠷ᠎ᠠ ᠲᠦᠪᠰᠢᠨ ᠤ ᠬᠡᠯᠪᠡᠯᠵᠡᠯ ᠤᠨ ᠱᠠᠲᠤᠨ ᠳᠤ ᠣᠷᠣᠰᠢᠵᠤ ᠪᠠᠶᠢᠨ᠎ᠠ︔      ᠱᠠᠩᠬᠠᠢ ᠳᠤ ᠣᠶᠢᠷ᠎ᠠ ᠶᠢᠨ ᠬᠤᠭᠤᠴᠠᠭᠠᠨ ᠳᠤ ᠨᠡᠶᠢᠭᠡᠮ ᠤᠨ ᠬᠡᠪᠴᠢᠶᠡᠨ ᠳᠠᠬᠢ ᠬᠢᠵᠢᠭ ᠤᠨ ᠪᠠᠶᠢᠳᠠᠯ ᠪᠠᠶᠢᠨ ᠳᠠᠬᠢᠨ ᠡᠭᠦᠰᠴᠦ᠂ ᠬᠡᠰᠡᠭ ᠣᠷᠣᠨ ᠬᠡᠪᠴᠢᠶᠡᠨ ᠳᠤ ᠮᠥᠨ ᠬᠦ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ︔      ᠯᠢᠶᠣᠤᠨᠢᠩ ᠤᠨ ᠳ᠋ᠠᠨᠳᠦᠶᠢᠩ᠂ ᠭᠤᠸᠠᠩᠳᠦ᠋ᠩ ᠤᠨ ᠱᠧᠨᠵᠧᠨ᠂ ᠭᠤᠸᠠᠩᠰᠢ ᠶᠢᠨ ᠹᠠᠩ ᠴᠧᠩ ᠭᠠᠩ ᠭᠠᠷᠠᠮ ᠵᠡᠷᠭᠡ ᠭᠠᠵᠠᠷ ᠲᠤ ᠮᠥᠨ ᠬᠦ ᠬᠡᠰᠡᠭ ᠪᠤᠰᠠᠭ ᠢᠶᠠᠷ ᠬᠠᠯᠳᠠᠪᠤᠷᠢᠯᠠᠭᠰᠠᠳ ᠢ ᠮᠡᠳᠡᠭᠦᠯᠵᠦ᠂ ᠣᠨᠴᠠ ᠵᠠᠷᠢᠮ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠰᠠᠳ ᠨᠢ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠬᠥᠮᠥᠰ ᠪᠢᠰᠢ ᠪᠠᠶᠢᠵᠤ᠂ ᠵᠣᠬᠢᠬᠤ ᠬᠡᠮᠵᠢᠶᠡᠨ ᠤ ᠨᠡᠶᠢᠭᠡᠮ ᠲᠣᠭᠤᠷᠢᠭ ᠤᠨ ᠬᠠᠯᠳᠠᠪᠤᠷᠢᠯᠠᠯ ᠤᠨ ᠲᠦᠭᠰᠢᠭᠦᠷᠢ ᠣᠷᠣᠰᠢᠵᠤ ᠪᠠᠶᠢᠨ᠎ᠠ︔      ᠭᠢᠷᠢᠨ ᠮᠤᠵᠢ ᠶᠢᠨ ᠭᠢᠷᠢᠨ ᠬᠤᠲᠠ ᠳᠤ ᠣᠷᠴᠢᠮᠬᠠᠨ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠡᠭᠦᠨ ᠳᠤ ᠲᠦᠭᠰᠢᠭᠦᠷᠢᠲᠦ ᠲᠠᠯᠠᠪᠤᠷ ᠪᠣᠯᠣᠨ ᠲᠦᠭᠰᠢᠭᠦᠷᠢᠲᠦ ᠬᠥᠮᠥᠰ ᠢ ᠪᠦᠬᠦ ᠲᠠᠯ᠎ᠠ ᠪᠠᠷ ᠪᠠᠶᠢᠴᠠᠭᠠᠬᠤ ᠪᠠ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠤᠨ ᠤᠯᠠᠮ ᠨᠢᠭᠡ ᠠᠯᠬᠤᠮ ᠬᠥᠭᠵᠢᠬᠦ ᠶᠢ ᠰᠡᠷᠭᠡᠶᠢᠯᠡᠬᠦ ᠬᠡᠷᠡᠭᠲᠡᠢ᠃          ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠷ ᠭᠠᠳᠠᠭᠰᠢ ᠭᠠᠷᠬᠤ ᠶᠢ ᠬᠡᠷᠬᠢᠨ ᠪᠠᠲᠤᠯᠠᠬᠤ ᠪᠣᠶ︖      ᠨᠢᠭᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠵᠠᠭᠠᠭᠯᠠᠨ ᠲᠣᠭᠲᠠᠭᠠᠵᠤ᠂ ᠭᠠᠳᠠᠭᠰᠢ ᠭᠠᠷᠬᠤ ᠶᠢ ᠬᠢᠵᠠᠭᠠᠷᠯᠠᠬᠤ ᠬᠡᠪᠴᠢᠶ᠎ᠡ ᠶᠢ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠪᠤᠰᠤᠳ ᠭᠠᠵᠠᠷ ᠣᠷᠣᠨ ᠲᠡᠶᠢᠰᠢ ᠳᠤᠷ᠎ᠠ ᠪᠠᠷ ᠥᠷᠭᠡᠳᠬᠡᠵᠦ ᠪᠣᠯᠬᠤ ᠦᠭᠡᠢ᠃      ᠬᠤᠶᠠᠷ ᠲᠤ᠂ ᠤᠯᠤᠰ ᠠᠴᠠ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠯᠢ ᠪᠠᠷ ᠣᠷᠣᠵᠤ ᠢᠷᠡᠭᠰᠡᠳ᠂ ᠨᠢᠭᠲᠠ ᠣᠶᠢᠷᠠᠲᠤᠭᠰᠠᠳ᠂ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ᠂ ᠪᠠᠰᠠ ᠪᠢᠲᠡᠭᠦᠦ ᠴᠠᠭᠠᠷᠢᠭᠲᠤ ᠬᠠᠮᠢᠶᠠᠷᠤᠯᠲᠠ ᠠᠴᠠ ᠭᠠᠷᠤᠭᠰᠠᠨ ᠥᠨᠳᠥᠷ ᠲᠦᠭᠰᠢᠭᠦᠷᠢᠲᠦ ᠠᠵᠢᠯ ᠤᠨ ᠪᠠᠶᠢᠷᠢ ᠶᠢᠨ ᠬᠥᠮᠥᠰ ᠵᠡᠷᠭᠡ ᠥᠨᠳᠥᠷ ᠲᠦᠭᠰᠢᠭᠦᠷᠢᠲᠦ ᠬᠥᠮᠥᠰ ᠲᠤ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠬᠥᠮᠥᠰ ᠲᠤ ᠠᠯᠪᠠᠳᠠᠯᠭ᠎ᠠ ᠪᠠᠷ ᠢᠳᠬᠠᠨ ᠪᠤᠴᠠᠭᠠᠯᠭᠠᠬᠤ ᠪᠠ ᠲᠤᠰᠠᠭᠠᠷᠯᠠᠭᠤᠯᠬᠤ ᠵᠡᠷᠭᠡ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠬᠤ ᠦᠭᠡᠢ᠃      ᠭᠤᠷᠪᠠ ᠳᠤ᠂ ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠤ ᠶᠢ ᠬᠢᠨᠠᠨ ᠰᠢᠨᠵᠢᠯᠡᠬᠦ ᠬᠤᠭᠤᠴᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠭᠰᠢᠭᠦᠷᠢᠲᠦ ᠬᠥᠮᠥᠰ ᠢ ᠲᠤᠰᠠᠭᠠᠷᠯᠠᠬᠤ ᠪᠠ ᠡᠷᠡᠭᠦᠯ ᠮᠡᠨᠳᠤ ᠶᠢ ᠬᠢᠨᠠᠨ ᠰᠢᠨᠵᠢᠯᠡᠬᠦ ᠴᠠᠭ ᠢ ᠳᠤᠷ᠎ᠠ ᠪᠠᠷ ᠤᠷᠲᠤᠳᠬᠠᠵᠤ ᠪᠣᠯᠬᠤ ᠦᠭᠡᠢ᠃            ᠪᠠᠷᠠᠭᠠᠨ ᠤ ᠲᠡᠭᠡᠭᠡᠪᠦᠷᠢ ᠶᠢᠨ ᠲᠡᠷᠭᠡᠨ ᠤ ᠰᠠᠭᠠᠳ ᠦᠭᠡᠢ ᠨᠡᠪᠲᠡᠷᠡᠬᠦ ᠶᠢ ᠬᠡᠷᠬᠢᠨ ᠪᠠᠲᠤᠯᠠᠬᠤ ᠪᠣᠶ︖      ᠨᠢᠭᠡ ᠳᠤ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠬᠦ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃ ᠡᠯ᠎ᠡ ᠭᠠᠵᠠᠷ ᠤᠨ ᠬᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠪᠠ ᠵᠢᠯᠣᠭᠤᠴᠢ ᠠᠶᠠᠨᠴᠢᠳ ᠤᠨ ᠪᠣᠳᠠᠲᠠᠢ ᠠᠶᠠᠯᠠᠯ ᠤᠨ ᠵᠠᠮ᠂ ᠬᠢᠵᠢᠭ ᠲᠤ ᠬᠤᠯᠪᠣᠭᠳᠠᠭᠰᠠᠨ ᠡᠰᠡᠬᠦ ᠵᠡᠷᠭᠡ ᠪᠠᠶᠢᠳᠠᠯ ᠢ ᠦᠨᠳᠦᠰᠦᠯᠡᠨ᠂ ᠵᠠᠮ ᠨᠡᠪᠲᠡᠷᠡᠯᠭᠡ ᠶᠢᠨ ᠬᠠᠮᠢᠶᠠᠷᠤᠯᠲᠠ ᠡᠵᠡᠮᠳᠡᠯ ᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠵᠦ᠂ ᠲᠡᠷᠭᠡᠨ ᠤ ᠬᠠᠷᠢᠶ᠎ᠠ ᠭᠠᠵᠠᠷ᠂ ᠡᠷᠦᠬᠡ ᠠᠮᠠ ᠶᠢᠨ ᠬᠠᠷᠢᠶ᠎ᠠ ᠭᠠᠵᠠᠷ ᠢᠶᠠᠷ ᠵᠠᠮ ᠨᠡᠪᠲᠡᠷᠡᠯᠭᠡ ᠶᠢ ᠬᠢᠵᠠᠭᠠᠷᠯᠠᠬᠤ ᠨᠥᠬᠦᠴᠡᠯ ᠪᠣᠯᠭᠠᠵᠤ ᠪᠣᠯᠬᠤ ᠦᠭᠡᠢ᠃ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠵᠢᠭ ᠢ ᠰᠡᠷᠭᠡᠶᠢᠯᠡᠬᠦ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃ ᠵᠢᠯᠣᠭᠤᠴᠢ ᠪᠠ ᠠᠶᠠᠨᠴᠢᠳ ᠨᠢ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠠᠴᠠ ᠢᠷᠡᠭᠰᠡᠨ᠂ ᠥᠭᠡᠷ᠎ᠡ ᠪᠠᠷ ᠬᠡᠯᠡᠪᠡᠯ ᠵᠢᠯᠣᠭᠤᠴᠢ ᠪᠠ ᠠᠶᠠᠨᠴᠢᠳ ᠤᠨ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠦᠭᠡᠢ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠨᠡᠪᠲᠡᠷᠡᠬᠦ ᠶᠢ ᠡᠯ᠎ᠡ ᠭᠠᠵᠠᠷ ᠤᠨ ᠬᠢᠨ ᠳᠤᠷ᠎ᠠ ᠪᠠᠷ ᠬᠢᠵᠠᠭᠠᠷᠯᠠᠵᠤ ᠪᠣᠯᠬᠤ ᠦᠭᠡᠢ᠃      ᠬᠤᠶᠠᠷ ᠲᠤ᠂ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠣᠳᠣᠨ ᠲᠡᠮᠳᠡᠭ ᠪᠠᠶᠢᠬᠤ ᠪᠠᠷ ᠰᠢᠯᠲᠠᠭ ᠪᠣᠯᠭᠠᠵᠤ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠂ ᠵᠢᠯᠣᠭᠤᠴᠢ ᠪᠠ ᠠᠶᠠᠨᠴᠢᠳ ᠤᠨ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠲᠠᠢ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ᠂ ᠡᠷᠡᠭᠦᠯ ᠮᠡᠨᠳᠦ ᠶᠢᠨ ᠨᠣᠭᠤᠭᠠᠨ ᠺᠣᠳ᠋᠂ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠨᠢ ᠬᠡᠪ ᠤᠨ ᠪᠠᠶᠢᠳᠠᠯ ᠲᠠᠢ ᠪᠣᠯ᠂ ᠡᠯ᠎ᠡ ᠭᠠᠵᠠᠷ ᠣᠷᠣᠨ ᠨᠤᠭᠤᠳ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠂ ᠢᠳᠬᠠᠨ ᠪᠤᠴᠠᠭᠠᠯᠭᠠᠵᠤ ᠪᠣᠯᠬᠤ ᠦᠭᠡᠢ᠃ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ᠂ ᠴᠡᠭ ᠠᠴᠠ ᠴᠡᠭ ᠲᠤ ᠬᠦᠷᠭᠡᠬᠦ ᠵᠡᠷᠭᠡ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠨᠡᠪᠲᠡᠷᠡᠬᠦ ᠶᠢ ᠪᠠᠲᠤᠯᠠᠵᠤ ᠪᠣᠯᠣᠨ᠎ᠠ᠃      ᠭᠤᠷᠪᠠ ᠳᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠃ ᠵᠢᠯᠣᠭᠤᠴᠢ ᠪᠠ ᠠᠶᠠᠨᠴᠢᠳ ᠤᠨ ᠴᠢᠮᠡᠭᠡ ᠬᠤᠯᠪᠣᠭᠠᠨ ᠤ ᠠᠶᠠᠯᠠᠯ ᠤᠨ ᠺᠣᠳ᠋ ᠨᠢ ᠨᠣᠭᠤᠭᠠᠨ ᠥᠩᠭᠡ ᠲᠠᠢ ᠪᠥᠭᠡᠳ ᠣᠳᠣᠨ ᠲᠡᠮᠳᠡᠭ ᠲᠠᠢ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠬᠡᠷᠪᠡ ᠵᠣᠷᠢᠭᠰᠠᠨ ᠭᠠᠵᠠᠷ ᠲᠤ ᠬᠦᠷᠬᠦ ᠦᠶᠡᠰ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ 48 ᠴᠠᠭ ᠠᠴᠠ ᠬᠡᠲᠦᠷᠡᠭᠰᠡᠨ ᠪᠠᠶᠢᠪᠠᠯ᠂ ︽ᠪᠥᠭᠡᠮ ᠬᠦᠴᠢᠯ ᠤᠨ ᠪᠠᠶᠢᠴᠠᠭᠠᠯᠲᠠ + ᠠᠨᠲ᠋ᠢᠪᠤᠳ ᠤᠨ ᠪᠠᠶᠢᠴᠠᠭᠠᠯᠲᠠ︾ ᠶᠢ ᠬᠡᠷᠡᠭᠯᠡᠬᠦ ᠬᠡᠷᠡᠭᠲᠡᠢ᠂ ᠠᠨᠲ᠋ᠢᠪᠤᠳ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠢ ᠪᠠᠶᠢᠪᠠᠯ᠂ ᠳᠠᠷᠤᠶᠢᠬᠠᠨ ᠨᠡᠪᠲᠡᠷᠡᠭᠦᠯᠬᠦ ᠬᠡᠷᠡᠭᠲᠡᠢ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠦᠯᠢᠶᠡᠬᠦ ᠪᠠᠷ ᠰᠢᠯᠲᠠᠭ ᠪᠣᠯᠭᠠᠵᠤ ᠨᠡᠪᠲᠡᠷᠡᠬᠦ ᠶᠢ ᠬᠢᠵᠠᠭᠠᠷᠯᠠᠵᠤ ᠪᠣᠯᠬᠤ ᠦᠭᠡᠢ᠃ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠠᠴᠠ ᠵᠣᠷᠢᠭᠰᠠᠨ ᠭᠠᠵᠠᠷ ᠲᠤ ᠬᠦᠷᠲᠡᠯ᠎ᠡ ᠪᠢᠲᠡᠭᠦᠦ ᠴᠠᠭᠠᠷᠢᠭᠲᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠬᠥᠳᠡᠯᠦᠩᠭᠦᠢ ᠪᠠᠷ ᠮᠥᠷᠳᠡᠬᠦ ᠲᠣᠭᠲᠠᠴᠠ ᠶᠢ ᠬᠡᠷᠡᠭᠵᠢᠭᠦᠯᠵᠦ ᠪᠣᠯᠣᠨ᠎ᠠ᠃      ᠳᠥᠷᠪᠡ ᠳᠤ᠂ ᠪᠠᠷᠠᠭᠠᠨ ᠤ ᠲᠡᠷᠭᠡ ᠶᠢᠨ ᠵᠢᠯᠣᠭᠤᠴᠢ ᠠᠶᠠᠨᠴᠢᠳ ᠢᠶᠠᠷ ᠪᠥᠭᠡᠮ ᠬᠦᠴᠢᠯ ᠤᠨ ᠪᠠᠶᠢᠴᠠᠭᠠᠯᠲᠠ ᠶᠢ ᠳᠠᠬᠢᠨ ᠳᠠᠪᠲᠠᠨ ᠬᠢᠯᠭᠡᠬᠦ ᠪᠠᠷ ᠱᠠᠭᠠᠷᠳᠠᠵᠤ ᠪᠣᠯᠬᠤ ᠦᠭᠡᠢ᠃ ᠡᠯ᠎ᠡ ᠭᠠᠵᠠᠷ ᠢ ᠰᠢᠮᠳᠠᠭᠤᠯᠤᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠴᠦᠨ ᠲᠠᠢ ᠬᠤᠭᠤᠴᠠᠭᠠᠨ ᠳᠤ ᠪᠠᠶᠢᠴᠠᠭᠠᠯᠲᠠ ᠬᠢᠯᠭᠡᠬᠦ ᠪᠠᠷ ᠳᠠᠬᠢᠨ ᠳᠠᠪᠲᠠᠨ ᠱᠠᠭᠠᠷᠳᠠᠵᠤ ᠪᠣᠯᠬᠤ ᠦᠭᠡᠢ᠃ ᠡᠯ᠎ᠡ ᠭᠠᠵᠠᠷ ᠢ ᠵᠢᠯᠤᠭᠤᠳᠴᠤ ᠪᠠᠶᠢᠭᠠᠳ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠪᠦᠳᠦᠭᠦᠪᠴᠢ ᠲᠥᠰᠥᠪ ᠤᠨ ᠳᠣᠣᠷ᠎ᠠ᠂ ᠬᠢᠵᠢᠭ ᠢ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠤᠨ ᠣᠶᠢᠷ᠎ᠠ ᠬᠠᠪᠢ ᠳᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠢ ᠢᠵᠢ ᠪᠦᠷᠢᠳᠦᠭᠦᠯᠦᠨ ᠲᠣᠬᠢᠷᠠᠭᠤᠯᠬᠤ ᠶᠢᠨ ᠬᠠᠮᠲᠤ᠂ ᠲᠡᠷᠭᠡᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠥᠨᠳᠥᠷ ᠬᠤᠷᠳᠤᠴᠠᠲᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠡᠭ ᠤᠨ ᠨᠢᠭᠲᠠᠴᠠ ᠶᠢ ᠶᠡᠬᠡᠰᠬᠡᠬᠦ ᠬᠡᠷᠡᠭᠲᠡᠢ᠃ ᠨᠥᠬᠦᠴᠡᠯ ᠲᠠᠢ ᠭᠠᠵᠠᠷ ᠣᠷᠣᠨ ᠨᠢ ᠪᠠᠷᠠᠭᠠᠨ ᠤ ᠲᠡᠷᠭᠡ ᠶᠢᠨ ᠵᠢᠯᠣᠭᠤᠴᠢ ᠵᠡᠷᠭᠡ ᠪᠠᠷᠠᠭᠠᠨ ᠤ ᠭᠦᠢᠯᠭᠡᠭᠡᠨ ᠤ ᠠᠵᠢᠯᠲᠠᠳ ᠲᠤ ᠦᠨ᠎ᠡ ᠲᠥᠯᠥᠪᠦᠷᠢ ᠦᠭᠡᠢ ᠪᠠᠷ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠴᠠᠭ ᠲᠤᠬᠠᠢ ᠳᠤ ᠨᠢ ᠪᠠᠶᠢᠴᠠᠭᠠᠯᠲᠠ ᠬᠢᠬᠦ ᠳᠤ ᠳᠥᠭᠦᠮ ᠦᠵᠡᠭᠦᠯᠬᠦ ᠬᠡᠷᠡᠭᠲᠡᠢ᠃             ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠠᠭᠠᠳ ᠦᠭᠡᠢ ᠪᠥᠭᠡᠳ ᠳᠥᠭᠦᠮ ᠳᠦᠲᠡ ᠪᠠᠷ ᠨᠤᠲᠤᠭ ᠲᠤ ᠪᠠᠨ ᠪᠤᠴᠠᠬᠤ  ᠶᠢ ᠬᠡᠷᠬᠢᠨ ᠪᠠᠲᠤᠯᠠᠬᠤ ᠪᠣᠶ︖      ᠨᠢᠭᠡ ᠳᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢ ᠶᠢᠨ ᠲᠡᠳᠦᠢ ᠥᠩᠭᠡᠷᠡᠭᠡᠵᠦ ᠪᠣᠯᠬᠤ ᠦᠭᠡᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠤᠯᠪᠤᠭᠠᠯᠠᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠢ ᠦᠨᠡᠨ ᠬᠦ ᠪᠠᠲᠤᠯᠠᠬᠤ︾ ᠶᠢ ᠭᠤᠣᠯᠴᠢᠯᠠᠨ ᠪᠡᠶᠡᠯᠡᠭᠦᠯᠦᠨ᠎ᠡ᠃ ᠨᠥᠬᠦᠴᠡᠯ ᠳᠤ ᠨᠡᠶᠢᠴᠡᠬᠦ ᠨᠤᠲᠤᠭ ᠲᠤ ᠪᠠᠨ ᠪᠤᠴᠠᠭᠰᠠᠨ ᠰᠣᠷᠣᠭᠴᠢ ᠶᠢ ᠲᠥᠪᠯᠡᠷᠡᠭᠦᠯᠦᠨ ᠲᠤᠰᠠᠭᠠᠷᠯᠠᠵᠤ ᠠᠵᠢᠭᠯᠠᠯᠲᠠ ᠬᠢᠬᠦ ᠠᠴᠠ ᠬᠡᠯᠲᠦᠷᠢᠭᠦᠯᠬᠦ ᠶᠢ ᠦᠨᠡᠨ ᠬᠦ ᠪᠠᠲᠤᠯᠠᠨ᠎ᠠ︔ ᠲᠤᠰᠠᠭᠠᠷᠯᠠᠬᠤ ᠴᠢᠬᠤᠯᠠ ᠲᠠᠢ ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠬᠡᠯᠲᠦᠷᠢᠭᠦᠯᠬᠦ ᠶᠢ ᠦᠨᠡᠨ ᠬᠦ ᠪᠠᠲᠤᠯᠠᠨ᠎ᠠ᠃ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠲᠤᠬᠠᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠡᠯ᠎ᠡ ᠵᠦᠢᠯ ᠤᠨ ᠪᠣᠳᠠᠲᠠᠢ ᠱᠠᠭᠠᠷᠳᠠᠯᠭ᠎ᠠ ᠶᠢ ᠨᠢᠭᠡᠨᠲᠡ ᠱᠠᠲᠤ ᠳᠠᠷᠠᠭᠠᠯᠠᠨ ᠡᠯ᠎ᠡ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠨᠢᠭᠡᠴᠢ ᠳᠤ ᠤᠯᠠᠮᠵᠢᠯᠠᠭᠰᠠᠨ ᠪᠥᠭᠡᠳ ᠴᠢᠩᠭ᠎ᠠ ᠬᠡᠷᠡᠭᠵᠢᠭᠦᠯᠬᠦ ᠶᠢ ᠱᠠᠭᠠᠷᠳᠠᠪᠠ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠵᠦ ᠪᠣᠯᠬᠤ ᠦᠭᠡᠢ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠶᠢ ᠬᠢᠵᠠᠭᠠᠷᠯᠠᠵᠤ ᠪᠣᠯᠬᠤ ᠦᠭᠡᠢ᠃      ᠬᠤᠶᠠᠷ ᠲᠤ᠂ ᠰᠤᠷᠤᠭᠴᠢᠳ ᠤᠨ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠶᠢ ᠪᠠᠲᠤᠯᠠᠬᠤ ᠰᠢᠨ᠎ᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠢᠵᠢᠭ ᠤᠨ ᠪᠠᠶᠢᠳᠠᠯ ᠲᠠᠢ ᠭᠠᠵᠠᠷ ᠣᠷᠣᠨ ᠳᠤ᠂ ᠰᠤᠷᠤᠭᠴᠢᠳ ᠤᠨ ᠮᠣᠷᠳᠠᠬᠤ ᠭᠠᠵᠠᠷ᠂ ᠬᠦᠷᠬᠦ ᠭᠠᠵᠠᠷ ᠪᠠ ᠮᠤᠵᠢ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠤᠭᠤᠷᠣᠨᠳᠣᠬᠢ ︽ᠨᠢᠭᠡ ᠠᠴᠠ ᠨᠢᠭᠡ ᠳᠤ ᠵᠣᠯᠭᠠᠭᠤᠯᠬᠤ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠭᠰᠠᠨ ᠰᠤᠷᠤᠭᠴᠢᠳ ᠤᠨ ᠮᠡᠳᠡᠭᠡ ᠵᠠᠩᠭᠢ ᠶᠢ ᠤᠷᠢᠳᠴᠢᠯᠠᠨ ᠪᠦᠷᠢᠳᠬᠡᠵᠦ᠂ ᠴᠠᠭ ᠲᠤᠬᠠᠢ ᠳᠤ ᠨᠢ ᠮᠡᠳᠡᠭᠦᠯᠵᠦ᠂ ᠬᠦᠷᠬᠦ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠥᠯᠢᠶᠡᠨ ᠠᠪᠬᠤ ᠪᠠ ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ ᠲᠥᠬᠦᠮ ᠦᠵᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠬᠢᠭᠡᠳ ᠰᠤᠷᠤᠭᠴᠢᠳ ᠤᠨ ᠮᠣᠷᠳᠠᠬᠤ ᠭᠠᠵᠠᠷ ᠪᠠ ᠬᠦᠷᠬᠦ ᠭᠠᠵᠠᠷ ᠤᠨ ᠮᠤᠵᠢ ᠶᠢᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠤᠭᠤᠷᠣᠨᠳᠣᠬᠢ ︽ᠨᠢᠭᠡ ᠠᠴᠠ ᠬᠤᠶᠠᠷ ᠲᠤ ᠵᠣᠯᠭᠠᠭᠤᠯᠬᠤ︾ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠴᠢᠩᠭᠠᠳᠬᠠᠵᠤ᠂ ᠭᠤᠷᠪᠠᠨ ᠲᠠᠯ᠎ᠠ ᠶᠢᠨ ᠵᠣᠬᠢᠴᠠᠭᠤᠯᠭ᠎ᠠ ᠪᠠ ᠬᠠᠷᠢᠯᠴᠠᠭ᠎ᠠ ᠶᠢ ᠨᠢᠭᠲᠠᠷᠠᠭᠤᠯᠵᠤ᠂ ᠴᠠᠭ ᠲᠤᠬᠠᠢ ᠳᠤ ᠨᠢ ᠲᠣᠬᠢᠷᠠᠭᠤᠯᠤᠨ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠠᠬᠢ ᠭᠡᠨᠡᠳᠲᠡ ᠶᠢᠨ ᠪᠠᠶᠢᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃      ᠭᠤᠷᠪᠠ ᠳᠤ᠂ ᠰᠤᠷᠤᠭᠴᠢᠳ ᠤᠨ ᠨᠤᠲᠤᠭ ᠲᠤ ᠪᠠᠨ ᠪᠤᠴᠠᠬᠤ ᠵᠠᠮ ᠳᠤ ᠪᠠᠨ ᠬᠦᠰᠡᠯ ᠱᠠᠭᠠᠷᠳᠠᠯᠭ᠎ᠠ ᠪᠠᠨ ᠲᠤᠰᠬᠠᠬᠤ ᠣᠯᠠᠨ ᠠᠷᠭ᠎ᠠ ᠵᠠᠮ ᠢ ᠨᠡᠪᠲᠡᠷᠡᠭᠦᠯᠦᠨ᠎ᠡ᠃ ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠵᠠᠮ ᠳᠤ ᠪᠠᠨ ᠬᠡᠷᠪᠡ ᠣᠨᠴᠠᠭᠠᠢ ᠠᠰᠠᠭᠤᠳᠠᠯ᠂ ᠣᠨᠴᠠᠭᠠᠢ ᠬᠡᠷᠡᠭᠴᠡᠭᠡ ᠱᠠᠭᠠᠷᠳᠠᠯᠭ᠎ᠠ ᠳᠤ ᠲᠤᠯᠭᠠᠷᠠᠪᠠᠯ᠂ ᠰᠤᠷᠭᠠᠭᠤᠯᠢ ᠶᠢᠨ ᠰᠣᠷᠣᠭᠴᠢ ᠠᠵᠢᠯᠴᠢᠨ ᠤ ᠰᠠᠯᠠᠭ᠎ᠠ ᠮᠥᠴᠢᠷ ᠵᠢᠴᠢ ᠠᠩᠭᠢ ᠶᠢᠨ ᠡᠷᠬᠢᠯᠡᠭᠴᠢ ᠪᠣᠯᠣᠨ ᠬᠠᠪᠰᠤᠷᠤᠨ ᠵᠢᠯᠣᠭᠤᠳᠤᠭᠴᠢ ᠪᠠᠭᠰᠢ ᠳᠤ ᠪᠠᠨ ᠪᠠᠶᠢᠳᠠᠯ ᠢᠶᠠᠨ ᠲᠤᠰᠬᠠᠵᠤ᠂ ᠰᠤᠷᠭᠠᠭᠤᠯᠢ ᠠᠴᠠ ᠪᠠᠶᠢᠳᠠᠯ ᠢ ᠴᠠᠭ ᠲᠤᠬᠠᠢ ᠳᠤ ᠨᠢ ᠲᠣᠭᠲᠠᠴᠠ ᠪᠠᠷ ᠳᠠᠮᠵᠢᠭᠤᠯᠤᠨ ᠮᠣᠷᠳᠠᠭᠰᠠᠨ ᠭᠠᠵᠠᠷ ᠪᠤᠶᠤ ᠬᠦᠷᠬᠦ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠵᠤ ᠰᠢᠢᠳᠪᠦᠷᠢᠯᠡᠭᠦᠯᠦᠨ᠎ᠡ᠃ ᠡᠯ᠎ᠡ ᠭᠠᠵᠠᠷ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠨᠡᠶᠢᠲᠡᠯᠡᠭᠰᠡᠨ ᠠᠰᠠᠭᠤᠨ ᠯᠠᠪᠯᠠᠬᠤ ᠤᠲᠠᠰᠤ ᠪᠠᠷ ᠬᠠᠪᠰᠤᠷᠤᠯᠭ᠎ᠠ ᠣᠯᠵᠤ ᠪᠣᠯᠣᠨ᠎ᠠ᠃      ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ ᠦᠭᠡᠢ ᠭᠠᠵᠠᠷ ᠣᠷᠣᠨ ᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠰᠤᠷᠭᠠᠭᠤᠯᠢ ᠠᠴᠠ ᠪᠠᠨ ᠰᠠᠯᠵᠤ ᠨᠤᠲᠤᠭ ᠲᠤ ᠪᠠᠨ ᠪᠤᠴᠠᠬᠤ ᠳᠤ᠂ ᠬᠦᠷᠬᠦ ᠭᠠᠵᠠᠷ ᠣᠷᠣᠨ ᠤ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号