ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠠᠬᠢᠭᠤᠯᠵᠤ᠂ ᠪᠦᠲᠦᠴᠡ ᠶᠢ ᠲᠣᠬᠢᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠣᠷᠣᠨ ᠤ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠡᠬᠢᠯᠡᠭᠦᠯᠬᠦ ᠪᠠᠷ ᠬᠦᠴᠦᠯᠡᠨ ᠴᠢᠷᠮᠠᠶᠢᠨ᠎ᠠ
ᠨᠡᠶᠢᠲᠡᠯᠡᠭᠰᠡᠨ ᠴᠠᠭ᠄
2022/6/29
    ᠵᠣᠴᠢᠨ᠄ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ ᠴᠠᠩ᠂ ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠂ ᠪᠡᠯᠡ ᠣᠷᠣᠭᠤᠯᠤᠯᠲᠠ ᠶᠢᠨ ᠰᠠᠯᠠᠭᠠᠨ ᠤ ᠵᠠᠩ ᠮᠦᠸᠧ ᠵᠢᠩ᠂ ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ            ᠬᠠᠮᠢᠶᠠᠷᠤᠭᠴᠢ᠄      ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠣᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠬᠥᠲᠥᠯᠥᠭᠴᠢ᠄      ᠡᠩ ᠲᠡᠷᠢᠭᠦᠨ ᠳᠤ ᠪᠢᠳᠡᠨ ᠳᠤ ᠡᠨᠡ ᠵᠢᠯ ᠤᠨ ᠮᠠᠨ ᠤ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠶᠡᠷᠦᠩᠬᠡᠢ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ᠃      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ ᠴᠠᠩ᠄  
     ᠡᠨᠡ ᠵᠢᠯ ᠮᠠᠨ ᠤ ᠬᠤᠲᠠ ᠬᠤᠲᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠳᠬᠤᠨ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠲᠠᠢ ᠨᠢᠭᠲᠠ ᠤᠶᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ︽ᠲᠡᠷᠢᠭᠦᠨ ᠢᠨᠵᠧᠨᠧᠷᠢᠩ︾ ᠪᠣᠯᠭᠠᠨ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠶᠢᠨ ᠲᠤᠭ᠎ᠠ ᠶᠢ ︽ᠬᠤᠣᠰ ᠨᠢᠭᠡ ᠮᠢᠩᠭ᠎ᠠ︾ ᠠᠴᠠ ᠳᠠᠪᠠᠭᠤᠯᠬᠤ ᠡᠭᠦᠷᠭᠡ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ 2022 ᠣᠨ ᠳᠤ᠂ ᠪᠥᠬᠦ ᠬᠤᠲᠠ ᠳᠤ 1042 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 1232 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ 664 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 378 ᠲᠥᠷᠥᠯ ᠵᠦᠢᠯ ᠢ ᠦᠷᠭᠦᠯᠵᠢᠯᠡᠨ ᠪᠠᠶᠢᠭᠤᠯᠬᠤ ᠪᠠᠷ ᠲᠥᠯᠥᠪᠯᠡᠵᠦ ᠪᠣᠶ︔ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ 342᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ 700 ᠪᠣᠶ︔ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠢᠶᠠᠷ ᠵᠢᠭᠰᠠᠭᠠᠭᠳᠠᠭᠰᠠᠨ ᠨᠢ 503 ᠪᠣᠢ᠃ ᠶᠡᠷᠦᠩᠬᠡᠢ ᠳᠤᠨᠢ ᠠᠪᠴᠤ ᠦᠵᠡᠪᠡᠯ᠂ ᠡᠨᠡ ᠵᠢᠯ ᠤᠨ ᠬᠡᠷᠡᠭᠵᠢᠭᠦᠯᠬᠦ ᠭᠤᠣᠯᠳᠠᠯᠭ᠎ᠠ ᠲᠠᠢ ᠲᠥᠷᠥᠯ ᠵᠦᠢᠯ ᠲᠤᠭ᠎ᠠ ᠬᠡᠮᠵᠢᠶ᠎ᠡ ᠨᠢ ᠣᠯᠠᠨ᠂ ᠪᠡᠯᠡ ᠣᠷᠣᠭᠤᠯᠤᠯᠲᠠ ᠨᠢ ᠶᠡᠭᠡ᠂ ᠶᠠᠰᠤ ᠴᠢᠨᠠᠷ ᠨᠢ ᠥᠨᠳᠥᠷ ᠵᠡᠷᠭᠡ ᠣᠨᠴᠠᠯᠢᠭ ᠢᠯᠡᠷᠡᠵᠦ᠂ ᠲᠥᠷᠥᠯ ᠵᠦᠢᠯ ᠤᠨ ᠲᠤᠭ᠎ᠠ ᠬᠡᠮᠵᠢᠶ᠎ᠡ ᠨᠢ 2021 ᠣᠨ ᠤ ᠬᠢ ᠠᠴᠠ 462 ᠢᠯᠡᠭᠦᠦ ᠪᠣᠯᠵᠤ᠂ ᠲᠦᠯᠦᠪᠯᠡᠭᠰᠡᠨ ᠪᠡᠯᠡ ᠣᠷᠣᠭᠤᠯᠤᠯᠲᠠ ᠨᠢ 452 ᠳ᠋ᠦᠩᠰᠢᠭᠤᠷ ᠲᠥᠭᠦᠷᠢᠭ ᠨᠡᠮᠡᠭᠳᠡᠪᠡ︔ ᠣᠨᠴᠠᠭᠠᠶᠢᠯᠠᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ᠂ ᠠᠵᠤ ᠦᠢᠯᠡᠰ ᠤᠨ ᠲᠦᠷᠦᠯ ᠵᠦᠢᠯ ᠴᠥᠮ ᠲᠦᠷᠦᠭᠦᠦ ᠵᠢᠯ ᠤᠨ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠪᠡ︔ ᠠᠵᠤ ᠦᠢᠯᠡᠰ ᠤᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠲᠦᠯᠦᠪᠯᠡᠭᠰᠡᠨ ᠪᠡᠯᠡ ᠣᠷᠣᠭᠤᠯᠤᠯᠲᠠ ᠨᠢ ᠴᠥᠮ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠬᠥᠲᠥᠯᠥᠨ ᠳᠠᠶᠢᠴᠢᠯᠠᠬᠤ ᠦᠢᠯᠡᠳᠦᠯ ᠨᠢ ᠨᠠᠩ ᠲᠣᠪᠤᠶᠢᠮ᠎ᠠ ᠪᠣᠯᠪᠠ᠃      ᠬᠥᠲᠥᠯᠥᠭᠴᠢ᠄      ᠲᠠᠨᠢᠯᠴᠠᠭᠤᠯᠬᠤ ᠪᠠᠷ ᠳᠠᠮᠵᠢᠭᠠᠳ ᠪᠢᠳᠡ ᠮᠠᠨ ᠤ ᠬᠤᠲᠠ ᠶᠢᠨ ᠡᠨᠡ ᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠡᠷᠦᠩᠬᠡᠢ ᠣᠶᠢᠯᠠᠭᠠᠯᠲᠠ ᠲᠠᠢ ᠪᠣᠯᠤᠯ᠎ᠠ᠂ ᠮᠦᠨᠴᠦ ᠡᠨᠡ ᠵᠢᠯ ᠤᠨ ᠮᠠᠨ ᠤ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠢᠲᠡᠭᠡᠯ ᠲᠡᠭᠦᠯᠳᠡᠷ ᠪᠠᠶᠢᠨ᠎ᠠ᠂ ᠲᠡᠭᠡᠪᠡᠯ ᠡᠳᠡᠭᠡᠷ ᠲᠥᠷᠥᠯ ᠵᠦᠢᠯ ᠨᠢ ᠶᠠᠮᠠᠷ ᠶᠠᠮᠠᠷ ᠠᠵᠤ ᠦᠢᠯᠡᠰ ᠪᠠ ᠶᠠᠮᠠᠷ ᠶᠠᠮᠠᠷ ᠬᠦᠷᠢᠶᠡᠨ ᠳᠤ ᠪᠣᠳᠠᠲᠠᠢ ᠲᠠᠷᠬᠠᠵᠤ ᠪᠠᠶᠢᠬᠤ ᠪᠣᠢ︖      ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠄      ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠪᠥᠬᠦ ᠲᠠᠯ᠎ᠠ ᠳᠤ ᠰᠠᠭᠤᠷᠢᠯᠠᠨ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ᠂ ᠭᠤᠣᠯᠳᠠᠯᠭ᠎ᠠ ᠶᠢ ᠲᠣᠪᠤᠶᠢᠯᠭᠠᠨ᠂ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ᠂ ᠳᠥᠷᠪᠡᠨ ᠣᠷᠣᠨ ᠪᠦᠰᠡ ᠶᠢᠨ ᠲᠥᠪ᠂ ᠭᠤᠷᠪᠠᠨ ᠶᠡᠭᠡ ᠭᠤᠣᠯᠳᠠᠯᠭ᠎ᠠ ᠲᠠᠢ ᠬᠦᠷᠢᠶ᠎ᠡ︾ ᠶᠢᠨ ᠵᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠵᠤ᠂ ᠬᠥᠭᠵᠢᠯᠲᠡ ᠶᠢᠨ ᠰᠢᠨ᠎ᠡ ᠣᠷᠣᠨ ᠵᠠᠢ ᠪᠠ ᠨᠡᠮᠡᠭᠳᠡᠯ ᠤᠨ ᠴᠡᠭ ᠢ ᠥᠷᠭᠡᠳᠬᠡᠪᠡ᠃ ᠡᠭᠦᠨ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ︾ ᠳᠤ᠄ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ᠂ ᠡᠯᠧᠺᠳ᠋ᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ᠂ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ᠂ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ᠂ ᠰᠢᠨ᠎ᠡ ᠮᠠᠲ᠋ᠧᠷᠢᠶᠠᠯ ᠪᠠ ᠲᠣᠨᠤᠭᠯᠠᠯ ᠦᠶ᠋ᠯᠡᠳᠬᠦ ᠦᠢᠯᠡᠰ ᠤᠨ ᠪᠦᠯᠦᠭᠵᠢᠯ ᠪᠠ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠪᠠᠭᠲᠠᠨ᠎ᠠ᠃ ︽ᠳᠥᠷᠪᠡᠨ ᠣᠷᠣᠨ ᠪᠦᠰᠡ ᠶᠢᠨ ᠲᠥᠪ︾ ᠨᠢ ᠲᠣᠰ ᠲᠣᠰ᠄ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠪᠠ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠪᠣᠯᠣᠨ᠎ᠠ᠃ ᠭᠤᠷᠪᠠᠨ ᠶᠡᠭᠡ ᠭᠤᠣᠯᠳᠠᠯᠭ᠎ᠠ ᠲᠠᠢ ᠬᠦᠷᠢᠶ᠎ᠡ ᠨᠢ ᠲᠣᠰ ᠲᠣᠰ᠄ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ ᠪᠠ ᠰᠠᠭᠤᠷᠢ ᠪᠡᠯᠡᠳᠬᠡᠮᠵᠢ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ ᠪᠣᠯᠣᠨ᠎ᠠ᠃      ᠬᠥᠲᠥᠯᠥᠭᠴᠢ᠄      ᠡᠨᠡ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠨᠢ ᠦᠨᠡᠬᠡᠷ ᠪᠥᠬᠦ ᠲᠠᠯ᠎ᠠ ᠶᠢᠨ᠂ ᠣᠨᠴᠠᠯᠢᠭ ᠨᠢ ᠲᠣᠪᠤᠶᠢᠮ᠎ᠠ ᠪᠠᠶᠢᠨ᠎ᠠ᠂ ᠲᠡᠭᠡᠪᠡᠯ ᠡᠨᠡ ᠬᠦ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠵᠢᠯ᠂ ᠳᠥᠷᠪᠡᠨ ᠣᠷᠣᠨ ᠪᠦᠰᠡ ᠶᠢᠨ ᠲᠥᠪ᠂ ᠭᠤᠷᠪᠠᠨ ᠶᠡᠭᠡ ᠭᠤᠣᠯᠳᠠᠯᠭ᠎ᠠ ᠲᠠᠢ ᠬᠦᠷᠢᠶ᠎ᠡ︾ ᠳᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠳᠤ ᠣᠷᠣᠭᠰᠠᠨ ᠲᠦᠷᠦᠯ ᠵᠦᠢᠯ ᠢ ᠬᠡᠳᠦᠢ ᠶᠢ ᠪᠣᠳᠠᠲᠠᠢ ᠪᠦᠲᠦᠭᠡᠨ ᠪᠠᠶᠢᠭᠤᠯᠬᠤ ᠪᠣᠶ︖ ᠶᠠᠭᠤᠨ ᠤ ᠡᠮᠦᠨ᠎ᠡ ᠮᠠᠨ ᠤ ᠠᠩᠬᠠᠷᠴᠤ ᠪᠠᠶᠢᠭ᠎ᠠ ᠵᠢᠷᠭᠤᠭᠠᠨ ᠲᠣᠮᠣ ᠠᠵᠤ ᠦᠢᠯᠡᠰ ᠤᠨ ᠪᠦᠯᠦᠭᠵᠢᠯ ᠳᠤ ᠶᠠᠮᠠᠷ ᠶᠠᠮᠠᠷ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠᠶᠢᠬᠤ ᠪᠣᠶ︖      ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ᠄  
     ᠪᠥᠬᠦ ᠠᠵᠤ ᠦᠢᠯᠡᠰ ᠤᠨ ᠬᠡᠯᠬᠢᠶ᠎ᠡ ᠶᠢᠨ᠂ ᠪᠦᠯᠦᠭᠵᠢᠭᠦᠯᠦᠨ ᠬᠥᠭᠵᠢᠭᠦᠯᠬᠦ ᠰᠡᠳᠬᠢᠬᠦᠢ ᠶᠢ ᠪᠠᠷᠢᠮᠲᠠᠯᠠᠵᠤ᠂ ᠮᠠᠨ ᠤ ᠬᠤᠲᠠ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠣᠨᠴᠠᠯᠢᠭᠲᠤ ᠳᠠᠪᠠᠭᠤᠯᠢᠭ ᠲᠠᠭᠠᠨ ᠰᠠᠭᠤᠷᠢᠯᠠᠨ᠂ ᠵᠢᠷᠭᠤᠭᠠᠨ ᠲᠣᠮᠣ ᠠᠵᠤ ᠦᠢᠯᠡᠰ ᠤᠨ ᠪᠦᠯᠦᠭᠵᠢᠯ ᠢ ᠪᠥᠬᠦ ᠬᠦᠴᠦᠨ ᠢᠶᠠᠷ ᠢᠶᠠᠨ ᠴᠤᠭᠴᠠᠯᠠᠨ᠎ᠠ᠃ ᠡᠭᠦᠨ ᠳᠤ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠯᠦᠭᠵᠢᠯ ᠤᠨ ᠨᠡᠶᠢᠲᠡ 41 ᠲᠥᠷᠥᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 280.08 ᠳ᠋ᠦᠩᠰᠢᠭᠤᠷ ᠲᠥᠭᠦᠷᠢᠭ ᠪᠠᠶᠢᠵᠤ᠂ ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠰᠢ ᠪᠸᠢ ᠵᠢᠶᠠ ᠭᠦᠸᠧ ᠯᠦᠩ ᠭᠦᠩᠹᠦ᠋ ᠼᠠᠢ ᠶᠢᠨ ᠲᠠᠰ ᠠᠴᠠ ᠳᠠᠪᠠᠭᠰᠠᠨ ᠲᠥᠪ ᠲᠣᠭᠤᠭᠠᠨ ᠭᠡᠷ᠂ ᠥᠪᠥᠷ ᠮᠣᠩᠭᠤᠯ ᠤᠨ ᠵᠢᠶᠠ ᠪᠢᠨ ᠤᠮᠳᠠᠭᠠᠨ ᠤ ᠵᠢᠯ ᠤᠨ ᠭᠠᠷᠤᠯᠲᠠ 30 ᠲᠦᠮᠡᠨ ᠲᠣᠨ ᠤ ᠤᠮᠳᠠᠭᠠᠨ ᠵᠢᠴᠢ ᠵᠢᠮᠢᠰ ᠨᠣᠭᠤᠭ᠎ᠠ ᠶᠢᠨ ᠰᠢᠭᠦᠰᠦ᠂ ᠥᠪᠥᠷ ᠮᠣᠩᠭᠤᠯ ᠤᠨ ᠵᠧᠩ ᠳ᠋ᠡ ᠬᠤᠩ ᠶᠧ ᠢᠳᠡᠭᠡᠨ ᠡᠳ᠋ᠰᠢᠭᠦᠯᠬᠦ ᠦᠢᠯᠡᠳᠪᠦᠷᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 78.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠯᠧᠺᠳ᠋ᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠯᠦᠭᠵᠢᠯ ᠤᠨ ᠨᠡᠶᠢᠲᠡ 24 ᠲᠦᠷᠦᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 483.94 ᠳ᠋ᠦᠩᠰᠢᠭᠤᠷ ᠲᠥᠭᠦᠷᠢᠭ ᠪᠠᠶᠢᠵᠤ᠂ ᠳᠤᠮᠳᠠᠳᠤ ᠤᠯᠤᠰ ᠤᠨ ᠪᠠᠩᠬᠢ ᠶᠢᠨ ᠶᠡᠷᠦᠩᠬᠡᠢ ᠪᠠᠩᠬᠢ ᠶᠢᠨ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳ᠋ᠠᠶᠢᠲ᠋ᠠ ᠶᠢᠨ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠳ᠋ᠠᠶᠢᠲ᠋ᠠ ᠶᠢᠨ ᠲᠥᠪ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 33.06 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠡᠶᠢᠲᠡ 30 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 309.5 ᠳ᠋ᠦᠩᠰᠢᠭᠤᠷ ᠲᠥᠭᠦᠷᠢᠭ ᠪᠠᠶᠢᠵᠤ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ᠂ ᠳ᠋ᠠ ᠲᠠᠩ ᠤᠨ ᠵᠠᠭᠤᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢ ᠨᠡᠶᠢᠯᠡᠭᠦᠯᠵᠦ ᠭᠠᠳᠠᠭᠰᠢ ᠬᠦᠷᠭᠡᠬᠦ᠂ ᠬᠥᠬᠡᠬᠤᠲᠠ ᠶᠢᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 87.81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠣᠲᠣ ᠦᠶ᠎ᠡ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠤᠨ ᠨᠡᠶᠢᠲᠡ 11 ᠲᠥᠷᠥᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 235.76 ᠳ᠋ᠦᠩᠰᠢᠭᠤᠷ ᠲᠥᠭᠦᠷᠢᠭ ᠪᠠᠶᠢᠵᠤ᠂ ᠵᠢᠦ ᠲᠠᠢ ᠶᠢᠨ 100 ᠲᠦᠮᠡᠨ ᠲᠣᠨ ᠤ ᠡᠲ᠋ᠠ ᠬᠤᠶᠠᠷᠴᠢ ᠠᠯᠺᠣᠣᠯ᠂ ᠮᠧᠩ ᠯᠢᠶᠠᠨ ᠤ ᠰᠢᠩᠭᠡᠨᠵᠢᠭᠦᠯᠦᠭᠰᠡᠨ ᠬᠡᠢ ᠶᠢ ᠭᠦᠨᠵᠡᠭᠡᠢ ᠡᠳ᠋ᠰᠢᠭᠦᠯᠦᠨ ᠴᠢᠳᠠᠪᠤᠷᠢ ᠶᠢ ᠥᠷᠭᠡᠳᠬᠡᠬᠦ ᠮᠡᠷᠭᠡᠵᠢᠯ ᠤᠨ ᠥᠭᠡᠷᠡᠴᠢᠯᠡᠯᠲᠡ᠂ ᠰᠢᠦᠢ ᠶᠠᠩ ᠵᠦᠩ ᠷᠠᠨ ᠤ 300 ᠲᠦᠮᠡᠨ ᠲᠣᠨ ᠬᠡᠦᠷᠰᠢᠭᠦᠯᠬᠦ ᠵᠢᠴᠢ ᠤᠰᠤᠲᠥ᠋ᠷᠥᠭᠴᠢ ᠦᠶ᠋ᠯᠡᠳᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 43.17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠰᠢᠨ᠎ᠡ ᠮᠠᠲ᠋ᠧᠷᠢᠶᠠᠯ ᠪᠠ ᠲᠣᠨᠣᠭᠯᠠᠯ ᠦᠢᠯᠡᠳᠬᠦ ᠦᠢᠯᠡᠰ ᠤᠨ ᠠᠵᠤ ᠦᠢᠯᠡᠰ ᠤᠨ ᠪᠦᠯᠦᠭᠵᠢᠯ ᠤᠨ ᠨᠡᠶᠢᠳᠡ 10 ᠲᠦᠷᠦᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 139.2 ᠳ᠋ᠦᠩᠰᠢᠭᠤᠷ ᠲᠥᠭᠦᠷᠢᠭ ᠪᠠᠶᠢᠵᠤ᠂ ᠵᠦᠩ ᠬᠤᠸᠠᠨ ᠠᠵᠤ ᠦᠢᠯᠡᠰ ᠤᠨ ᠬᠤᠳᠠ᠂ ᠰᠠᠨᠰᠠᠷ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠤᠸᠠ ᠶᠣᠣ ᠭᠡᠷᠡᠯ ᠴᠠᠬᠢᠯᠭᠠᠨ ᠤ 12GW ᠲᠠᠩ ᠲᠠᠯᠠᠰᠲᠤ ᠴᠠᠬᠢᠭᠤᠷ ᠤᠨ ᠢᠯᠲᠠᠰᠤ ᠵᠡᠷᠭᠡ ᠲᠦᠷᠦᠯ ᠵᠦᠢᠯ ᠢ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ 2022 ᠣᠨ ᠳᠤ 42.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠯᠦᠭᠵᠢᠯ ᠤᠨ ᠨᠡᠶᠢᠲᠡ 19 ᠲᠥᠷᠥᠯ ᠵᠦᠢᠯ ᠢ ᠪᠦᠲᠦᠭᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 98.48 ᠳ᠋ᠦᠩᠰᠢᠭᠤᠷ ᠲᠥᠭᠦᠷᠢᠭ ᠪᠠᠶᠢᠵᠤ᠂ ᠺᠧ ᠲᠦᠸᠧ ᠠᠮᠢᠳᠤ ᠪᠣᠳᠠᠰ ᠤᠨ ᠰᠢᠨ᠎ᠡ ᠪᠠᠷ ᠪᠠᠶᠢᠭᠤᠯᠤᠭᠰᠠᠨ ᠠᠮᠢᠲᠠᠨ ᠤᠷᠭᠤᠮᠠᠯ ᠤᠨ ᠪᠢᠴᠢᠯ ᠠᠮᠢ ᠠᠬᠤᠢ ᠶᠢᠨ ᠨᠠᠶᠢᠷᠠᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 2022 ᠣᠨ ᠳᠤ 14.85 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃      ᠬᠥᠲᠥᠯᠥᠭᠴᠢ᠄      ᠡᠨᠡ ᠵᠢᠷᠭᠤᠭᠠᠨ ᠲᠣᠮᠣ ᠪᠦᠯᠦᠭᠵᠢᠯ ᠤᠨ ᠲᠥᠷᠥᠯ ᠵᠦᠢᠯ ᠨᠢ ᠮᠠᠨ ᠤ ᠬᠤᠲᠠ ᠶᠢᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠤᠨ᠎ᠠ ᠭᠡᠵᠦ ᠬᠡᠯᠡᠵᠦ ᠪᠣᠯᠣᠨ᠎ᠠ᠂ ᠪᠢᠳᠡ ᠪᠠᠰᠠ ᠬᠥᠬᠡᠬᠤᠲᠠ ᠶᠢᠨ ᠢᠷᠡᠭᠡᠳᠦᠢ ᠳᠤ ᠬᠦᠰᠡᠯ ᠡᠷᠡᠮᠡᠯᠵᠡᠯ ᠪᠢᠯᠬᠠᠮ᠎ᠠ ᠪᠠᠶᠢᠨ᠎ᠠ᠃ ᠲᠡᠭᠡᠪᠡᠯ ᠳᠥᠷᠪᠡᠨ ᠣᠷᠣᠨ ᠪᠦᠰᠡ ᠶᠢᠨ ᠲᠥᠪ ᠲᠤ ᠪᠠᠰᠠ ᠶᠠᠮᠠᠷ ᠶᠠᠮᠠᠷ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠯ ᠪᠠᠶᠢᠬᠤ ᠪᠣᠶ︖      ᠪᠡᠯᠡ ᠣᠷᠣᠭᠤᠯᠤᠯᠲᠠ ᠶᠢᠨ ᠰᠠᠯᠠᠭ᠎ᠠ ᠶᠢᠨ ᠵᠠᠩ ᠮᠦᠸᠧ ᠵᠢᠩ᠄      ᠮᠠᠨ ᠤ ᠬᠤᠲᠠ ︽ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠲᠠ ᠶᠢ ᠪᠦᠲᠦᠭᠡᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠦᠬᠡᠬᠤᠲᠠ · ᠲᠠᠯ᠎ᠠ ᠨᠤᠲᠤᠭ ᠤᠨ ᠬᠤᠲᠠ ᠶᠢ ᠪᠦᠲᠦᠭᠡᠨ ᠪᠠᠶᠢᠭᠤᠯᠬᠤ︾ ᠪᠠᠷ ᠶᠡᠷᠦᠩᠬᠡᠢ ᠬᠠᠷᠠᠯᠲᠠ ᠪᠣᠯᠭᠠᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ᠂ ᠬᠡᠷᠡᠭᠯᠡᠭᠡᠨ ᠤ ᠲᠥᠪ᠂ ᠰᠡᠯᠡᠭᠦᠴᠡᠯ ᠠᠮᠠᠷᠠᠯᠲᠠ ᠶᠢᠨ ᠲᠥᠪ ︽ᠳᠥᠷᠪᠡᠨ ᠲᠥᠪ︾ ᠢ ᠭᠤᠣᠯᠳᠠᠯᠭ᠎ᠠ ᠲᠠᠢ ᠪᠠᠶᠢᠭᠤᠯᠤᠨ᠎ᠠ᠃ ᠡᠭᠦᠨ ᠳᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 34 ᠪᠠᠶᠢᠵᠤ᠂ 2022 ᠣᠨ ᠳᠤ 39.81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ ᠪᠣᠳᠣᠯᠲᠠ ᠶᠢᠨ ᠮᠡᠳᠡᠭᠡ ᠵᠠᠩᠭᠢ ᠶᠢᠨ ᠬᠦᠷᠢᠶᠡᠯᠡᠩ᠂ ᠳ᠋ᠦᠩ ᠹᠠᠩ ᠭᠦᠸᠧ ᠰᠢᠨ ᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠤᠮᠠᠷᠠᠲᠤ ᠶᠢᠨ ᠣᠷᠣᠨ ᠪᠦᠰᠡ ᠶᠢᠨ ᠲᠥᠪ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 27 ᠪᠠᠶᠢᠵᠤ᠂ 2022 ᠣᠨ ᠳᠤ 59.27 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠶᠤᠸᠠᠨ ᠲᠦᠩ ᠤᠨ ᠥᠪᠥᠷ ᠮᠣᠩᠭᠤᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠱᠧᠨ ᠲᠦᠩ ᠤᠨ ᠣᠶᠤᠨᠲᠤ ᠡᠯᠧᠺᠳ᠋ᠷᠣᠨ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠶᠦᠨ ᠳ᠋ᠡ ᠶᠢᠨ ᠥᠪᠥᠷ ᠮᠣᠩᠭᠤᠯ ᠤᠨ ᠲᠦᠷᠭᠡᠨ ᠬᠦᠷᠭᠡᠯᠲᠡ ᠶᠢᠨ ᠡᠯᠧᠺᠳ᠋ᠷᠣᠨ ᠬᠤᠳᠠᠯᠳᠤᠭᠠᠨ ᠤ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 14 ᠪᠠᠶᠢᠵᠤ᠂ 2022 ᠣᠨ ᠳᠤ 17.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠳᠠᠯᠠᠨ ᠬᠠᠷ᠎ᠠ ᠠᠭᠤᠯᠠ ᠶᠢᠨ ᠨᠢᠰᠦᠯᠲᠡ ᠶᠢᠨ ᠵᠢᠵᠢᠭ ᠪᠠᠯᠭᠠᠰᠤ᠂ ᠮᠠ ᠽᠦᠩ ᠱᠠᠨ ᠠᠭᠤᠯᠠ ᠶᠢᠨ ᠴᠠᠨᠠᠯᠠᠯᠲᠠ ᠶᠢᠨ ᠲᠠᠯᠠᠪᠠᠶ ᠶᠢᠨ ᠬᠤᠶᠠᠳᠤᠭᠠᠷ ᠬᠤᠭᠤᠴᠠᠭ᠎ᠠ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠬᠥᠮᠦᠵᠢᠯ ᠵᠢᠭᠤᠯᠴᠢᠯᠠᠯ ᠴᠡᠩᠭᠡᠯ ᠤᠨ ᠬᠦᠷᠢᠶᠡᠯᠡᠩ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠣᠲᠣ ᠦᠶ᠎ᠡ ᠶᠢᠨ ᠬᠡᠷᠡᠭᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 15 ᠪᠠᠶᠢᠵᠤ᠂ 2022 ᠣᠨ ᠳᠤ 32.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠸᠠ ᠷᠦᠨ ᠸᠠᠨ ᠰᠢᠶᠠᠩ ᠴᠧᠩ᠂ ᠬᠤᠲᠠ ᠶᠢᠨ ᠡᠮᠦᠨᠡᠬᠢ ᠸᠠᠨ ᠳ᠋ᠠ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠴᠠᠭ ᠦᠶ᠎ᠡ ᠶᠢᠨ ᠠᠭᠤᠳᠠᠮ ᠲᠠᠯᠠᠪᠠᠶ᠂ ᠤᠲᠯᠧᠲᠰ ᠤᠨ ᠬᠦᠭᠵᠢᠶᠡᠨᠲᠦ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃      ᠬᠥᠲᠥᠯᠥᠭᠴᠢ᠄      ᠡᠨᠡ ᠳᠦᠷᠪᠡᠨ ᠣᠷᠣᠨ ᠪᠦᠰᠡ ᠶᠢᠨ ᠲᠥᠪ ᠤᠨ ᠲᠦᠷᠦᠯ ᠵᠦᠢᠯ ᠨᠢ ᠦᠨᠡᠬᠡᠷ ᠬᠢᠯᠠᠰ ᠴᠡᠭ ᠢᠶᠠᠷ ᠲᠦᠭᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠬᠤ ᠮᠥᠷᠲᠡᠭᠡᠨ ᠰᠡᠯᠡᠭᠦᠴᠡᠯ ᠠᠷᠠᠯᠵᠢᠶ᠎ᠠ ᠬᠤᠳᠠᠯᠳᠤᠭ᠎ᠠ ᠴᠤ ᠪᠠᠶᠢᠨ᠎ᠠ᠂ ᠲᠡᠭᠡᠪᠡᠯ ᠰᠠᠶ᠋ᠢᠬᠠᠨ ᠡᠮᠦᠨ᠎ᠡ ᠳᠤᠷᠠᠳᠤᠭᠰᠠᠨ ᠭᠤᠷᠪᠠᠨ ᠶᠡᠭᠡ ᠭᠤᠣᠯᠳᠠᠯᠭ᠎ᠠ ᠲᠠᠢ ᠬᠦᠷᠢᠶ᠎ᠡ ᠨᠢ ᠪᠠᠰᠠ ᠶᠠᠮᠠᠷ ᠶᠠᠮᠠᠷ ᠬᠦᠷᠢᠶᠡᠨ ᠤ ᠲᠦᠷᠦᠯ ᠵᠦᠢᠯ ᠪᠣᠯᠬᠤ ᠪᠤᠢ︖      ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ᠄
     2022 ᠣᠨ ᠳᠤ᠂ ᠬᠥᠬᠡᠬᠤᠲᠠ ᠶᠢᠨ ᠬᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ 333 ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠵᠤ᠂ 571.32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ 181 ᠪᠠᠶᠢᠵᠤ᠂ 144 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠰᠠᠭᠤᠷᠢ ᠪᠡᠯᠡᠳᠬᠡᠮᠵᠢ ᠶᠢᠨ ᠲᠥᠷᠥᠯ ᠤᠨ ᠴᠢᠬᠤᠯᠠ ᠶᠡᠭᠡ ᠲᠥᠷᠥᠯ ᠵᠦᠢᠯ 133 ᠪᠠᠶᠢᠵᠤ᠂ 171.69 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠨᠢᠭᠡᠳᠦᠭᠡᠷ ᠠᠵᠤ ᠦᠢᠯᠡᠰ ᠤᠨ ᠲᠠᠯ᠎ᠠ ᠳᠤ ︽ᠬᠤᠲᠠ ᠶᠢᠨ ᠣᠳᠣ ᠦᠶ᠎ᠡ ᠶᠢᠨ ᠲᠠᠷᠢᠶᠠᠯᠠᠩ︾ ᠢ ᠶᠡᠬᠡᠪᠡᠷ ᠬᠥᠭᠵᠢᠭᠦᠯᠵᠦ᠂ ᠳᠠᠷᠢᠬᠤ ᠪᠠ ᠲᠡᠵᠢᠭᠡᠨ ᠦᠷᠡᠵᠢᠭᠦᠯᠬᠦ ᠡᠳ᠋ᠰᠢᠭᠦᠯᠬᠦ ᠦᠢᠯᠡᠰ ᠢ ᠲᠦᠷᠭᠡᠳᠬᠡᠨ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠡᠪᠡᠰᠦᠨ ᠦᠷ᠎ᠡ ᠶᠢᠨ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠲᠡᠵᠢᠭᠡᠯ ᠡᠪᠡᠰᠦᠨ ᠤ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠬᠡᠷ᠂ ᠬᠤᠨᠢ᠂ ᠭᠠᠭ᠋ᠠᠢ ᠶᠢᠨ ᠥᠷᠭᠡᠨ ᠠᠵᠤ ᠦᠢᠯᠡᠰ ᠤᠨ ᠬᠡᠯᠬᠢᠶ᠎ᠡ ᠶᠢ ᠬᠦᠴᠦᠷᠭᠡᠭᠵᠢᠬᠦᠯᠦᠨ᠎ᠡ᠂ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠨᠡ ᠵᠢᠯ ᠮᠠᠨ ᠤ ᠬᠤᠲᠠ ᠨᠢᠭᠡᠳᠦᠭᠡᠷ ᠠᠵᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ ᠨᠡᠶᠢᠲᠡ 30 ᠬᠡᠷᠡᠭᠵᠢᠭᠦᠯᠵᠦ᠂ ᠵᠢᠯ ᠳᠤ 47.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠣᠲᠣ ᠦᠶ᠎ᠡ ᠶᠢᠨ ᠲᠠᠷᠢᠶᠠᠯᠠᠩ ᠤᠨ ᠲᠥᠷᠥᠯ ᠵᠦᠢᠯ 5 ᠪᠠᠶᠢᠵᠤ᠂ 3.44 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠠᠮᠢ ᠠᠬᠤᠢ ᠶᠢᠨ ᠣᠶ ᠰᠢᠭᠤᠢ ᠶᠢᠨ ᠲᠥᠷᠥᠯ ᠵᠦᠢᠯ 1 ᠪᠠᠶᠢᠵᠤ᠂ 0.32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠄ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠲᠥᠷᠥᠯ ᠵᠦᠢᠯ 18 ᠪᠠᠶᠢᠵᠤ᠂ 36.64 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠥᠷᠥᠯ ᠵᠦᠢᠯ 6 ᠪᠠᠶᠢᠵᠤ᠂ 7.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠬᠤᠶᠠᠳᠤᠭᠠᠷ ᠠᠵᠤ ᠦᠢᠯᠡᠰ ᠤᠨ ᠲᠠᠯ᠎ᠠ ᠳᠤ ᠳᠠᠪᠠᠭᠤᠯᠢᠭ ᠠᠵᠤ ᠦᠢᠯᠡᠰ ᠲᠠᠢ ᠨᠢᠭᠲᠠ ᠤᠶᠠᠯᠳᠤᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠣᠣᠷᠠᠳᠤ ᠤᠷᠤᠰᠬᠠᠯ ᠢ ᠤᠷᠳᠤᠳᠬᠠᠬᠤ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠳᠡᠭᠡᠭᠰᠢᠯᠡᠬᠦ ᠶᠢ ᠲᠦᠷᠭᠡᠳᠬᠡᠨ ᠠᠬᠢᠭᠤᠯᠵᠤ᠂ 2022 ᠣᠨ ᠳᠤ ᠪᠦᠬᠦ ᠬᠤᠳᠠ ᠶᠢᠨ ᠬᠢᠨ ᠬᠤᠶᠠᠳᠤᠭᠠᠷ ᠠᠵᠤ ᠦᠢᠯᠡᠰ ᠤᠨ ᠴᠢᠬᠤᠯᠠ ᠶᠡᠭᠡ ᠲᠦᠷᠦᠯ ᠵᠦᠢᠯ ᠢ 100 ᠬᠡᠷᠡᠭᠵᠢᠭᠦᠯᠬᠦ ᠪᠠᠷ ᠲᠥᠯᠥᠪᠯᠡᠵᠦ᠂ 230.71 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ ᠭᠤᠷᠪᠠᠳᠤᠭᠠᠷ ᠠᠵᠤ ᠦᠢᠯᠡᠰ ᠤᠨ ᠲᠠᠯ᠎ᠠ ᠳᠤ ᠮᠠᠨ ᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠠᠷ᠂ ᠦᠢᠯᠡᠴᠢᠯᠡᠭᠡᠨ ᠤ ᠦᠢᠯᠡᠰ ᠤᠨ ᠪᠦᠲᠦᠮᠵᠢᠲᠡᠢ ᠬᠠᠩᠭᠠᠯᠭ᠎ᠠ ᠶᠢ ᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠤᠳᠤ ᠦᠶ᠎ᠡ ᠶᠢᠨ ᠬᠡᠷᠡᠭᠯᠡᠭᠡᠨ ᠤ ᠲᠥᠪ ᠢ ᠪᠠᠶᠢᠭᠤᠯᠵᠤ᠂ ︽ᠳᠤᠮᠳᠠᠳᠤ ᠤᠯᠤᠰ ᠤᠨ ᠤᠮᠠᠷᠠᠲᠤ ᠶᠢᠨ ᠦᠢᠯᠡᠴᠢᠯᠡᠭᠡᠨ ᠤ ᠨᠡᠷᠡᠳᠦ ᠬᠤᠳᠠ︾ ᠶᠢ ᠴᠢᠷᠮᠠᠶᠢᠨ ᠴᠣᠭᠴᠠᠯᠠᠨ᠎ᠠ᠃ ᠡᠭᠦᠨ ᠤ ᠬᠠᠮᠲᠤ ᠪᠦᠬᠦ ᠬᠤᠲᠠ ᠶᠢᠨ ᠰᠣᠶᠣᠯ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠲᠠᠯ᠎ᠠ ᠨᠤᠲᠤᠭ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠪᠠ ᠡᠮᠦᠨᠡᠲᠦ ᠬᠡᠰᠡᠭ ᠤᠨ ᠬᠠᠲᠤᠨ ᠭᠤᠣᠯ ᠤᠨ ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠤᠯᠠᠭᠠᠨᠴᠠᠪ᠂ ᠪᠤᠭᠤᠲᠤ᠂ ᠣᠷᠳᠣᠰ ᠵᠡᠷᠭᠡ ᠡᠷᠬᠢᠨ ᠲᠣᠭᠤᠷᠢᠨ ᠤ ᠣᠷᠣᠨ ᠪᠦᠰᠡ ᠯᠦᠭᠡ ᠬᠠᠮᠵᠢᠯᠴᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠵᠢᠭᠤᠯᠴᠢᠯᠠᠯ ᠤᠨ ᠠᠮᠢ ᠠᠬᠤᠢ ᠪᠠ ᠬᠥᠮᠥᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠪᠡᠭᠡᠵᠢᠩ ᠲᠢᠶᠠᠨᠵᠢᠨ ᠾᠧᠪᠧᠢ ᠶᠢᠨ ᠰᠡᠯᠡᠭᠦᠴᠡᠨ ᠠᠮᠠᠷᠠᠬᠤ ︽ᠠᠷᠤ ᠴᠡᠴᠡᠷᠯᠢᠭ︾ ᠢ ᠪᠠᠶᠢᠭᠤᠯᠤᠨ᠎ᠠ᠃      ᠠᠷᠠᠳ ᠤᠨ ᠠᠮᠢᠳᠤᠷᠠᠯ ᠢ ᠪᠠᠲᠤᠯᠠᠬᠤ ᠬᠦᠷᠢᠶᠡᠨ ᠳᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠨᠦᠬᠦᠴᠡᠯ ᠢ ᠰᠠᠶᠢᠵᠢᠷᠠᠭᠤᠯᠵᠤ᠂ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠪᠠᠶᠠᠯᠢᠭᠵᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠵᠦ᠂ ︽ᠲᠠᠪᠤᠨ ᠲᠣᠬᠢᠷᠠᠮᠵᠢᠲᠠᠢ︾ ᠬᠤᠳᠠ ᠶᠢ ᠪᠠᠶᠢᠭᠤᠯᠬᠤ ᠶᠢᠨ ᠲᠦᠯᠦᠭᠡ᠂ ᠡᠨᠡ ᠵᠢᠯ ᠤᠨ ᠮᠠᠨ ᠤ ᠬᠤᠳᠠ ᠶᠢᠨ ᠭᠤᠣᠯᠳᠠᠯᠭ᠎ᠠ ᠲᠠᠢ ᠠᠬᠢᠭᠤᠯᠬᠤ ᠲᠦᠷᠦᠯ ᠵᠦᠢᠯ ᠳᠤ ᠭᠤᠣᠯᠳᠠᠭᠤ᠄ ᠬᠤᠳᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ᠂ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠴᠡᠯᠡᠭᠡᠷ ᠲᠠᠯ᠎ᠠ ᠬᠤᠪᠢᠶᠠᠷᠢ ᠰᠤᠷᠭᠠᠭᠤᠯᠢ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠵᠡᠷᠭᠡ ᠰᠤᠷᠭᠠᠨ ᠬᠥᠮᠦᠵᠢᠯ ᠤᠨ ᠬᠦᠷᠢᠶᠡᠨ ᠤ 68 ᠲᠦᠷᠦᠯ ᠵᠦᠢᠯ ᠪᠠᠭᠲᠠᠨ᠎ᠠ︔ ᠬᠤᠳᠠ ᠶᠢᠨ ᠤᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠬᠤᠳᠠ ᠶᠢᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠤᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ᠂ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ 22 ᠲᠦᠷᠦᠯ ᠵᠦᠢᠯ ᠢ ᠲᠦᠷᠭᠡᠪᠴᠢᠯᠡᠨ ᠪᠠᠶᠢᠭᠤᠯᠤᠨ᠎ᠠ︔ ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠲᠠᠢ ᠺᠠᠩ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠲᠥᠪ᠂ ᠾᠦᠢ ᠳ᠋ᠧ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠵᠡᠷᠭᠡ 27 ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠲᠦᠷᠦᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠤᠨ᠎ᠠ︔ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ 31 ᠲᠥᠷᠥᠯ ᠵᠦᠢᠯ ᠢ ᠬᠡᠷᠡᠭᠵᠢᠭᠦᠯᠵᠦ᠂ ᠪᠥᠬᠦ ᠵᠢᠯ ᠳᠤ 392 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠵᠤ ᠳᠠᠭᠤᠰᠬᠠᠨ᠎ᠠ᠃      ᠰᠠᠭᠤᠷᠢ ᠪᠡᠯᠡᠳᠬᠡᠮᠵᠢ ᠶᠢᠨ ᠲᠦᠷᠦᠯ ᠤᠨ ᠴᠢᠬᠤᠯᠠ ᠶᠡᠭᠡ ᠲᠦᠷᠦᠯ ᠵᠦᠢᠯ ᠳᠤ ᠵᠠᠮ ᠬᠠᠷᠢᠯᠴᠠᠭᠠᠨ ᠤ ᠪᠡᠯᠡᠳᠬᠡᠮᠵᠢ ᠶᠢᠨ 15 ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ 2022 ᠣᠨ ᠳᠤ 46.37 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠦᠯᠦᠪᠯᠡᠵᠦ ᠪᠣᠢ︔ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠲᠥᠷᠥᠯ ᠵᠦᠢᠯ 102 ᠪᠠᠶᠢᠵᠤ᠂ 2022 ᠣᠨ ᠳᠤ 111.53 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠦᠢᠯ 16 ᠪᠠᠶᠢᠵᠤ᠂ 2022 ᠣᠨ ᠳᠤ 13.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃      ᠬᠥᠲᠥᠯᠥᠭᠴᠢ᠄      ᠰᠠᠭᠤᠷᠢ ᠪᠡᠯᠡᠳᠬᠡᠮᠵᠢ ᠶᠢᠨ ᠲᠦᠷᠦᠯ ᠤᠨ ᠲᠦᠷᠦᠯ ᠵᠦᠢᠯ ᠢ ᠳᠤᠷᠠᠳᠬᠤ ᠳᠤ᠂ 4 ᠳ᠋ᠤᠭᠡᠷ ᠰᠠᠷ᠎ᠠ ᠶᠢᠨ 26 ᠤ ᠡᠳᠦᠷ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠢ ᠰᠤᠳᠤᠯᠪᠠ᠂ ᠡᠭᠦᠨ ᠤ ᠲᠤᠬᠠᠢ ᠮᠠᠨ ᠤ ᠬᠤᠳᠠ ᠶᠠᠮᠠᠷᠰᠢᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠪᠠᠶᠢᠨ᠎ᠠ︖      ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠄      ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠷᠪᠠᠨ ᠨᠢᠭᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ ᠠᠴᠠ ᠰᠠᠭᠤᠷᠢ ᠪᠡᠯᠡᠳᠬᠡᠮᠵᠢ ᠶᠢᠨ ︽ᠴᠣᠩᠬᠤᠨ ᠤ ᠬᠤᠭᠤᠴᠠᠭ᠎ᠠ︾ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠬᠤ ᠶᠢ ᠵᠠᠪᠳᠤᠨ ᠠᠳᠬᠤᠵᠤ᠂ ᠳᠤᠲᠠᠭᠤᠳᠠᠯ ᠢᠶᠠᠨ ᠨᠥᠬᠦᠪᠦᠷᠢᠯᠡᠬᠦ᠂ ᠪᠠᠭᠤᠷᠠᠢ ᠲᠠᠯ᠎ᠠ ᠪᠠᠨ ᠰᠠᠶᠢᠵᠢᠷᠠᠭᠤᠯᠬᠤ ᠳᠤ ᠰᠠᠭᠤᠷᠢᠯᠠᠨ᠂ ᠵᠠᠮ ᠬᠠᠷᠢᠯᠴᠠᠭ᠎ᠠ᠂ ᠡᠨᠧᠷᠭᠢ ᠂ ᠤᠰᠤᠨ ᠠᠰᠢᠭᠯᠠᠯᠲᠠ ᠵᠡᠷᠭᠡ ᠲᠣᠣᠷ ᠬᠡᠯᠪᠡᠷᠢ ᠶᠢᠨ ᠰᠠᠭᠤᠷᠢ ᠪᠡᠯᠡᠳᠬᠡᠮᠵᠢ᠂ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ᠂ ᠡᠳ᠋ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠲᠡᠰ ᠳᠡᠪᠰᠢᠬᠦ ᠰᠠᠭᠤᠷᠢ ᠪᠡᠯᠡᠳᠬᠡᠮᠵᠢ᠂ ᠬᠤᠳᠠ ᠶᠢᠨ ᠰᠠᠭᠤᠷᠢ ᠪᠡᠯᠡᠳᠬᠡᠮᠵᠢ᠂ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ᠂ ᠤᠯᠤᠰ ᠤᠨ ᠠᠮᠤᠷ ᠲᠦᠪᠰᠢᠨ ᠤ ᠰᠠᠭᠤᠷᠢ ᠪᠡᠯᠡᠳᠬᠡᠮᠵᠢ ᠵᠡᠷᠭᠡ ᠲᠠᠪᠤᠨ ᠶᠡᠭᠡ ᠬᠦᠷᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠢ ᠲᠥᠯᠥᠪᠯᠡᠵᠦ ᠨᠥᠭᠡᠴᠡᠯᠡᠬᠦ ᠠᠵᠢᠯ ᠢ ᠢᠳᠡᠪᠬᠢᠲᠡᠢ ᠥᠷᠨᠢᠭᠦᠯᠦᠨ᠎ᠡ᠃ ᠣᠳᠣᠬᠠᠨ ᠳᠤ ᠪᠢᠳᠡ ᠡᠮᠬᠢᠯᠡᠨ ᠰᠢᠯᠢᠵᠦ ᠰᠣᠩᠭᠤᠬᠤ ᠪᠠᠷ ᠳᠠᠮᠵᠢᠭᠤᠯᠤᠨ ︽ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠬᠤ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠦᠷᠦᠯ ᠵᠦᠢᠯ ᠤᠨ ᠬᠥᠮᠥᠷᠭᠡ︾ ᠶᠢ ᠠᠩᠬ᠎ᠠ ᠠᠯᠬᠤᠮ ᠪᠤᠶ ᠪᠣᠯᠭᠠᠵᠤ᠂ ᠣᠳᠣ ᠶᠠᠭ ᠬᠠᠷᠭᠤᠭᠤᠯᠤᠨ ᠨᠤᠲᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠶᠠᠷᠢᠯᠴᠠᠭᠤᠯᠬᠤ ᠪᠠᠷ ᠪᠠᠶᠢᠨ᠎ᠠ᠃ ᠮᠠᠨ ᠤ ᠬᠤᠲᠠ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ ᠲᠥᠷᠥᠯ ᠵᠦᠢᠯ ᠢ ᠨᠡᠶᠢᠲᠡ 200 ᠭᠠᠷᠤᠢ ᠶᠢ ᠲᠦᠯᠦᠪᠯᠡᠵᠦ ᠨᠥᠭᠡᠴᠡᠯᠡᠨ ᠪᠠᠶᠢᠷᠢᠰᠢᠭᠤᠯᠤᠨ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ 5000 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠦᠯᠵᠢᠶ᠎ᠡ᠂ ᠡᠨᠧᠷᠭᠢ ᠶᠢᠨ ᠰᠦᠯᠵᠢᠶ᠎ᠡ᠂ ᠤᠰᠤᠨ ᠠᠰᠢᠭᠯᠠᠯᠲᠠ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠠᠷᠠᠭᠠᠨ ᠤ ᠭᠦᠢᠯᠭᠡᠭᠡ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢ ᠠᠬᠤᠢ ᠶᠢᠨ ᠬᠠᠮᠠᠭᠠᠯᠠᠯᠲᠠ᠂ ᠲᠠᠷᠢᠶᠠᠯᠠᠩ ᠬᠥᠳᠡᠭᠡ ᠲᠣᠰᠬᠤᠨ ᠵᠡᠷᠭᠡ ᠶᠢᠰᠦᠨ ᠬᠦᠷᠢᠶᠡᠨ ᠳᠤ ᠬᠤᠯᠪᠣᠭᠳᠠᠵᠤ᠂ ᠣᠷᠣᠨ ᠤ ᠲᠥᠪ ᠤᠨ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠠ ᠬᠥᠭᠵᠢᠯᠲᠡ ᠶᠢᠨ ᠵᠠᠭᠪᠤᠷ ᠢ ᠰᠢᠯᠢᠳᠡᠭᠵᠢᠬᠦᠯᠵᠦ᠂ ᠣᠳᠣᠬᠢᠴᠢᠯᠠᠭᠰᠠᠨ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠪᠠᠶᠢᠭᠤᠯᠤᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠨ᠎ᠠ᠃      ᠬᠥᠲᠥᠯᠥᠭᠴᠢ᠄      ᠪᠢᠳᠡ ᠨᠢᠭᠡᠨᠲᠡ ᠮᠠᠨ ᠤ ᠬᠤᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠤᠭ᠎ᠠ ᠲᠥᠰᠥᠪ ᠢ ᠣᠯᠵᠤ ᠬᠠᠷᠠᠯ᠎ᠠ᠂ ᠲᠡᠭᠡᠪᠡᠯ ᠡᠳᠡᠭᠡᠷ ᠲᠥᠷᠥᠯ ᠵᠦᠢᠯ ᠢ ᠦᠨᠡᠨᠬᠦ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ ᠪᠠᠰᠠ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠢ︖      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ ᠴᠠᠩ᠄
     2022 ᠣᠨ ᠳᠤ᠂ ᠪᠢᠳᠡ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ︽ᠲᠦᠷᠦᠯ ᠵᠦᠢᠯ ᠢ ᠶᠡᠬᠡᠪᠡᠷ ᠠᠳᠬᠤᠵᠤ᠂ ᠲᠣᠮᠣ ᠲᠦᠷᠦᠯ ᠵᠦᠢᠯ ᠢ ᠠᠳᠬᠤᠬᠤ︾᠂ ︽ᠳᠥᠷᠪᠡ ᠶᠢ ᠴᠢᠩᠭ᠎ᠠ ᠠᠩᠬᠠᠷᠬᠤ︾ ᠲᠣᠭᠤᠷᠢᠨ ᠳᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃      ᠨᠢᠭᠡ ᠳᠤ᠂ ᠬᠠᠷᠠᠯᠲᠠ ᠶᠢ ᠴᠢᠩᠭ᠎ᠠ ᠠᠩᠬᠠᠷᠴᠤ ᠠᠬᠢᠴᠠ ᠶᠢ ᠠᠳᠬᠤᠨ᠎ᠠ᠃ ᠣᠨ ᠤ ᠲᠥᠯᠥᠪᠯᠡᠭᠡ ᠶᠢᠨ ᠬᠠᠷᠠᠯᠲᠠ ᠶᠢᠨ ᠲᠣᠭᠤᠷᠢᠨ ᠳᠤ᠂ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠶᠢ ᠭᠦᠨᠵᠡᠭᠡᠶᠢᠷᠡᠭᠦᠯᠵᠦ᠂ ︽ᠰᠦᠯᠵᠢᠶᠡᠨ ᠳᠡᠭᠡᠷ᠎ᠡ ᠲᠣᠬᠢᠷᠠᠭᠤᠯᠬᠤ + ᠰᠦᠯᠵᠢᠶᠡᠨ ᠭᠠᠳᠠᠨ᠎ᠠ ᠬᠢᠨᠠᠨ ᠵᠢᠯᠤᠭᠤᠳᠬᠤ + ᠬᠠᠮᠲᠤᠷᠠᠭᠰᠠᠨ ᠬᠤᠷᠠᠯ ᠢᠶᠠᠷ ᠰᠤᠳᠤᠯᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠲᠠᠪᠴᠠᠩ ᠢ ᠠᠰᠢᠭᠯᠠᠨ᠂ ᠪᠥᠬᠦ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ ᠠᠵᠢᠯ ᠢᠶᠠᠨ ᠡᠬᠢᠯᠡᠭᠦᠯᠬᠦ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠵᠡᠷᠭᠡ ᠪᠠᠶᠢᠳᠠᠯ ᠢ ᠡᠳᠦᠷ ᠪᠦᠷᠢ ᠲᠣᠬᠢᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠠᠵᠢᠯ ᠤᠨ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠵᠤ᠂ ︽ᠠᠰᠠᠭᠤᠳᠠᠯ ᠤᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ︾ ᠶᠢᠨ ᠭᠤᠷᠪᠠᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠵᠦ᠂ ᠲᠦᠷᠭᠡᠨ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃      ᠬᠤᠶᠠᠷ ᠲᠤ ᠪᠡᠯᠡ ᠣᠷᠣᠭᠤᠯᠤᠯᠲᠠ ᠶᠢ ᠴᠢᠩᠭ᠎ᠠ ᠠᠩᠬᠠᠷᠴᠤ ᠪᠠᠲᠤᠯᠠᠭ᠎ᠠ ᠶᠢ ᠠᠳᠬᠤᠨ᠎ᠠ᠃ ᠬᠠᠮᠵᠢᠯᠴᠠᠬᠤ ᠦᠵᠡᠯ ᠤᠬᠠᠮᠰᠠᠷ᠂ ᠦᠢᠯᠡᠴᠢᠯᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠨᠢᠭᠡᠴᠡ ᠯᠦᠭᠡ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠬᠤ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠬᠢᠵᠢᠭ ᠢ ᠰᠡᠷᠭᠡᠶᠢᠯᠡᠬᠦ᠂ ᠠᠵᠢᠯᠴᠢᠨ ᠬᠡᠷᠡᠭᠯᠡᠬᠦ᠂ ᠮᠠᠲ᠋ᠧᠷᠢᠶᠠᠯ ᠬᠡᠷᠡᠭᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠡᠬᠢᠯᠡᠭᠦᠯᠬᠦ ᠶᠣᠰᠤᠳᠠᠢ ᠶᠢ ᠨᠢ ᠪᠦᠬᠦᠨ ᠢ ᠡᠬᠢᠯᠡᠭᠦᠯᠬᠦ ᠶᠢ ᠠᠬᠢᠭᠤᠯᠤᠨ᠂ ᠠᠬᠢᠴᠠ ᠶᠢ ᠲᠦᠷᠭᠡᠳᠬᠡᠨ᠎ᠡ᠃ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠳᠤ ᠠᠩᠬᠠᠷᠤᠯ ᠢᠶᠠᠨ ᠲᠦᠪᠯᠡᠷᠡᠭᠦᠯᠦᠨ ᠤᠯᠠᠨ ᠠᠷᠭ᠎ᠠ ᠵᠠᠮ ᠢᠶᠠᠷ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠵᠤ᠂ ᠨᠡᠩ ᠤᠯᠠᠨ ᠲᠦᠷᠦᠯ ᠵᠦᠢᠯ ᠢ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠶᠢ ᠪᠠᠷᠢᠮᠳᠠᠯᠠᠨ ᠤᠯᠠᠨ ᠠᠷᠭ᠎ᠠ ᠬᠡᠮᠵᠢᠶ᠎ᠡ ᠪᠠᠷ ᠭᠠᠵᠠᠷ ᠬᠡᠷᠡᠭᠯᠡᠬᠦ ᠬᠡᠷᠡᠭᠴᠡᠭᠡ ᠶᠢ ᠰᠢᠢᠳᠪᠦᠷᠢᠯᠡᠵᠦ᠂ ᠭᠠᠵᠠᠷ ᠬᠡᠷᠡᠭᠯᠡᠬᠦ ᠬᠦᠢᠴᠡᠳᠭᠡᠯ ᠲᠤᠭ᠎ᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠨᠡᠩ ᠤᠯᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠰᠢᠷᠣᠢ ᠶᠢ ᠣᠯᠬᠤ ᠪᠠᠷ ᠴᠢᠷᠮᠠᠶᠢᠨ᠎ᠠ᠃      ᠭᠤᠷᠪᠠ ᠳᠤ᠂ ᠲᠦᠷᠦ ᠶᠢᠨ ᠪᠣᠳᠣᠯᠭ᠎ᠠ ᠶᠢ ᠴᠢᠩᠭ᠎ᠠ ᠠᠩᠬᠠᠷᠴᠤ ᠠᠷᠭ᠎ᠠ ᠰᠦᠪᠡᠭᠴᠢᠯᠡᠬᠦ ᠶᠢ ᠠᠳᠬᠤᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠴᠢᠬᠤᠯᠠ ᠶᠡᠭᠡ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠳᠤᠲᠠᠭᠤᠳᠠᠯ ᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠰᠠᠭᠤᠷᠢ ᠲᠠᠯᠪᠢᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠢᠳᠠᠪᠠᠷ ᠲᠥᠯᠥᠪᠯᠡᠨ ᠨᠥᠭᠡᠴᠡᠯᠡᠨ᠎ᠡ᠃ ᠤᠯᠤᠰ ᠠᠴᠠ ᠰᠠᠭᠤᠷᠢ ᠪᠡᠯᠡᠳᠬᠡᠮᠵᠢ ᠶᠢᠨ ︽ᠴᠣᠩᠬᠤᠨ ᠤ ᠬᠤᠭᠤᠴᠠᠭ᠎ᠠ︾ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠰᠢᠭᠤᠯᠬᠤ ᠶᠢ ᠠᠳᠬᠤᠵᠤ᠂ ᠲᠣᠣᠷ ᠬᠡᠯᠪᠡᠷᠢ ᠶᠢᠨ ᠰᠠᠭᠤᠷᠢ ᠪᠡᠯᠡᠳᠬᠡᠮᠵᠢ᠂ ᠠᠵᠤ ᠦᠢᠯᠡᠰ ᠤᠨ ᠲᠡᠰ ᠳᠡᠪᠰᠢᠬᠦ ᠰᠠᠭᠤᠷᠢ ᠪᠡᠯᠡᠳᠬᠡᠮᠵᠢ᠂ ᠬᠤᠳᠠ ᠶᠢᠨ ᠰᠠᠭᠤᠷᠢ ᠪᠡᠯᠡᠳᠬᠡᠮᠵᠢ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ᠂ ᠤᠯᠤᠰ ᠤᠨ ᠠᠮᠤᠷ ᠲᠦᠪᠰᠢᠨ ᠤ ᠰᠠᠭᠤᠷᠢ ᠪᠡᠯᠡᠳᠬᠡᠮᠵᠢ ᠵᠡᠷᠭᠡ ᠲᠠᠪᠤᠨ ᠶᠡᠭᠡ ᠬᠦᠷᠢᠶ᠎ᠡ ᠶᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ ᠵᠦᠢᠯ ᠤᠨ ᠨᠥᠭᠡᠴᠡᠯᠡᠯᠲᠡ ᠶᠢ ᠢᠳᠡᠪᠬᠢᠲᠡᠢ ᠥᠷᠨᠢᠭᠦᠯᠦᠨ᠎ᠡ᠂ ᠤᠳᠤ ᠪᠣᠯᠲᠠᠯ᠎ᠠ᠂ ᠪᠢᠳᠡ ᠨᠢᠭᠡᠨᠲᠡ 256 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠨᠥᠭᠡᠴᠡᠯᠡᠯᠲᠡ ᠶᠢᠨ ᠲᠦᠷᠦᠯ ᠵᠦᠢᠯ ᠢ ᠠᠩᠬ᠎ᠠ ᠠᠯᠬᠤᠮ ᠡᠮᠬᠢᠯᠡᠨ ᠭᠠᠷᠭᠠᠪᠠ᠃      ᠳᠥᠷᠪᠡ ᠳᠤ᠂ ᠠᠷᠠᠯᠵᠢᠶᠠᠴᠢᠨ ᠤᠷᠢᠬᠤ ᠶᠢ ᠴᠢᠩᠭ᠎ᠠ ᠠᠩᠬᠠᠷᠴᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠳᠬᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠷᠠᠲᠠᠢ ᠭᠠᠳᠠᠭᠠᠳᠤ ᠶᠢᠨ ᠠᠵᠤ ᠠᠬᠤᠶᠢᠯᠠᠯ᠂ ᠲᠣᠮᠣ ᠬᠡᠯᠪᠡᠷᠢ ᠶᠢᠨ ᠲᠥᠪ ᠤᠨ ᠠᠵᠤ ᠠᠬᠤᠶᠢᠯᠠᠯ᠂ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠯᠤᠭ᠎ᠠ ᠬᠠᠮᠲᠤᠷᠠᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠂ ᠠᠷᠠᠯᠵᠢᠶᠠᠴᠢᠨ ᠤᠷᠢᠬᠤ ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠮᠥᠷᠳᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠭᠡᠷ᠎ᠡ ᠲᠣᠭᠲᠠᠬᠤ ᠶᠢ ᠲᠦᠷᠭᠡᠳᠬᠡᠨ᠂ ᠭᠡᠷ᠎ᠡ ᠲᠣᠭᠲᠠᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠨᠦᠭᠡᠴᠡᠯᠡᠭᠰᠡᠨ ᠲᠥᠷᠥᠯ ᠵᠦᠢᠯ ᠤᠨ ᠬᠤᠪᠢᠷᠠᠭᠤᠯᠤᠯᠲᠠ ᠶᠢ ᠦᠨᠡᠨᠬᠦ ᠰᠠᠶᠢᠲᠤᠷ ᠬᠢᠨ᠎ᠡ᠃ ᠬᠢᠨᠠᠨ ᠰᠢᠯᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠷᠠᠭᠤᠯᠵᠤ᠂ ᠰᠠᠷ᠎ᠠ ᠪᠦᠷᠢ ᠴᠢᠬᠤᠯᠠ ᠶᠡᠭᠡ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠵᠠᠷᠯᠠᠨ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠪᠠᠷ ᠨᠡᠮᠡᠭᠳᠡᠭᠦᠯᠬᠦ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃      ᠬᠠᠮᠢᠶᠠᠷᠤᠭᠴᠢ᠄      ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠱᠢ ᠸᠧᠨ ᠴᠠᠩ᠂ ᠪᠡᠯᠡ ᠣᠷᠣᠭᠤᠯᠤᠯᠲᠠ ᠶᠢᠨ ᠰᠠᠯᠠᠭᠠᠨ ᠤ ᠳᠠᠷᠤᠭ᠎ᠠ ᠰᠧ ᠷᠦᠢ ᠪᠢᠨ᠂ ᠪᠡᠯᠡ ᠣᠷᠣᠭᠤᠯᠤᠯᠲᠠ ᠶᠢᠨ ᠰᠠᠯᠠᠭᠠᠨ ᠤ ᠵᠠᠩ ᠮᠦᠸᠧ ᠵᠢᠩ᠂ ᠲᠥᠷᠥᠯ ᠵᠦᠢᠯ ᠤᠨ ᠲᠣᠬᠢᠷᠠᠭᠤᠯᠤᠯᠲᠠ ᠶᠢᠨ ᠰᠠᠯᠠᠭᠠᠨ ᠤ ᠲᠡᠭᠷᠢ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号