| | | 6 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ | ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ | ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠵᠧᠦ ᠵᠧᠨ ᠭᠤᠸᠠᠩ᠂ | ᠸᠠᠩ ᠳ᠋ᠦᠩ ᠸᠧᠨ᠂ ᡁᠢ ᠵᠢᠶᠠᠨ ᠭᠠᠩ᠂ ᠼᠦᠢ ᠵᠧᠨ ᠬᠤᠸᠠ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠭᠰᠡᠨ | ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠠᠩ ᠰᠢᠩ ᠱᠧᠩ ᠤᠷᠢᠳ ᠬᠤᠵᠢᠳ ᠮᠠᠨ ᠤ ᠰᠢᠶᠠᠨ ᠤ | ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠵᠥᠪᠯᠡᠯ ᠪᠣᠯᠤᠨ ᠰᠢᠶᠠᠨ ᠤ ᠬᠠᠮ ᠵᠠᠭᠤᠴᠢᠯᠠᠭᠤᠷ ᠤᠨ | ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠨᠡᠪᠲᠡᠷᠡᠯᠴᠡᠨ ᠰᠣᠯᠢᠯᠴᠠᠬᠤ ᠠᠷᠭ᠎ᠠ | ᠬᠡᠯᠪᠡᠷᠢ ᠪᠠᠷ ᠡᠯ᠎ᠡ ᠰᠠᠯᠠᠭ᠎ᠠ ᠮᠥᠴᠢᠷ ᠤᠨ ᠠᠵᠢᠯᠲᠠᠨ ᠤ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠪᠠ᠃ | ᠲᠠᠷᠠᠭ᠎ᠠ ᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠳᠣᠬᠠᠨ ᠤ ᠡᠯ᠎ᠡ | ᠵᠦᠢᠯ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠶᠠᠩ ᠰᠢᠩ ᠱᠧᠩ ᠴᠢᠬᠤᠯᠠᠴᠢᠯᠠᠭᠰᠠᠨ ᠨᠢ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯ ᠨᠠᠮ ᠤᠨ ᠬᠤᠷᠢᠶᠠᠨ ᠤ ᠴᠢᠬᠤᠯᠠ | ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡᠳᠦᠮᠡᠯ | ᠹᠷᠣᠨᠲ᠂ ᠤᠬᠠᠭᠤᠯᠭ᠎ᠠ ᠶᠢᠨ ᠡᠯ᠎ᠡ ᠵᠦᠢᠯ ᠤᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠰᠢᠨ᠎ᠡ ᠪᠠᠶᠢᠳᠠᠯ ᠳᠣᠣᠷᠠᠬᠢ ᠨᠢᠭᠡᠳᠦᠮᠡᠯ ᠹᠷᠣᠨᠲ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠠᠵᠢᠯᠳᠠᠨ ᠤ ᠶᠡᠷᠦᠩᠬᠡᠢ ᠬᠡᠪ | ᠴᠢᠨᠠᠷ ᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢ᠂ ᠲᠤᠰᠬᠠᠢ ᠮᠡᠷᠭᠡᠵᠢᠯ ᠤᠨ ᠵᠣᠷᠢᠭ ᠰᠠᠨᠠᠭᠠᠨ ᠤ | ᠬᠥᠮᠦᠵᠢᠯ ᠢ ᠴᠢᠬᠤᠯᠠᠴᠢᠯᠠᠵᠤ᠂ ᠠᠵᠢᠯ ᠬᠢᠵᠦ ᠦᠢᠯᠡᠰ ᠪᠤᠰᠬᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ | ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ᠂ ᠡᠷᠳᠡᠮ ᠴᠢᠳᠠᠪᠤᠷᠢ ᠳᠠᠭᠠᠨ ᠴᠠᠭᠠᠷᠠᠭᠰᠠᠨ ᠺᠠᠳ᠋ᠷ ᠤᠨ | ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ︔ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ | ᠲᠠᠯᠪᠢᠵᠤ᠂ ᠵᠦᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠨᠢᠭᠡᠳᠦᠮᠡᠯ ᠹᠷᠣᠨᠲ᠂ ᠤᠬᠠᠭᠤᠯᠭ᠎ᠠ ᠶᠢᠨ | ᠠᠵᠢᠯ ᠤᠨ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠦᠵᠡᠯ | ᠰᠠᠨᠠᠭ᠎ᠠ ᠪᠠᠨ ᠴᠢᠯᠥᠭᠡᠯᠡᠬᠦ ᠬᠡᠷᠡᠭᠲᠡᠶ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠡᠩ ᠢᠯᠡᠭᠦᠦ | ᠪᠣᠳᠠᠲᠠᠶ ᠶᠢ ᠡᠷᠬᠢᠮᠯᠡᠨ ᠠᠵᠢᠯ ᠦᠢᠯᠡᠰ ᠪᠦᠲᠦᠭᠡᠬᠦ ᠠᠷᠭ᠎ᠠ ᠬᠡᠮᠵᠢᠶ᠎ᠡ᠂ ᠨᠡᠩ ᠢᠯᠡᠭᠦᠦ ᠬᠦᠴᠦᠯᠡᠨ ᠴᠢᠷᠮᠠᠶᠢᠵᠤ | ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠢᠳᠡᠪᠬᠢᠲᠡᠶ ᠪᠠᠷ ᠠᠵᠢᠯᠯᠠᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠵᠢᠯᠯᠠᠵᠤ᠂ ᠦᠨᠳᠦᠰᠦᠲᠡᠨ᠂ ᠬᠤᠳᠠ | ᠪᠠᠶᠢᠭᠤᠯᠬᠤ᠂ ᠰᠣᠨᠢᠨ ᠮᠡᠳᠡᠭᠡ ᠤᠬᠠᠭᠤᠯᠭ᠎ᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠦᠷ᠎ᠡ ᠪᠦᠲᠦᠮᠵᠢ | ᠭᠠᠷᠭᠠᠬᠤ᠂ ᠪᠣᠳᠠᠲᠤ ᠪᠦᠲᠦᠮᠵᠢ ᠭᠠᠷᠭᠠᠬᠤ ᠪᠠᠷ ᠴᠢᠷᠮᠠᠶᠢᠵᠤ᠂ ᠦᠨᠡᠨ ᠪᠣᠳᠠᠲᠠᠢ ᠠᠵᠢᠯ ᠤᠨ ᠠᠮᠵᠢᠯᠲᠠ ᠪᠠᠷ ᠢᠶᠠᠨ | ᠨᠢᠭᠡᠳᠦᠮᠡᠯ ᠹᠷᠣᠨᠲ᠂ ᠤᠬᠠᠭᠤᠯᠭ᠎ᠠ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠪᠦᠬᠦ ᠲᠠᠯ᠎ᠠ ᠪᠠᠷ | ᠠᠬᠢᠭᠤᠯᠬᠤ ᠶᠢᠨ ᠬᠠᠮᠲᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠤᠨ | ᠰᠤᠷᠲᠠᠯ ᠢᠶᠠᠨ ᠦᠨᠡᠨᠬᠦ ᠰᠠᠶᠢᠵᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠡᠭᠦᠨ ᠤ | ᠤᠯᠠᠮ ᠠᠴᠠ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠪᠡ | ᠃ |