ᠪᠦᠬᠦ ᠰᠢᠶᠠᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠠᠮᠲᠤᠪᠠᠷ ᠵᠥᠪᠳᠡᠯᠴᠡᠬᠦ ᠪᠠ ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ ᠠᠷᠠᠳᠴᠢᠯᠠᠭᠰᠠᠨ ᠬᠠᠮᠢᠶᠠᠷᠤᠯᠲᠠ ᠵᠢᠴᠢ ᠬᠥᠳᠡᠯᠮᠦᠷᠢ ᠶᠢᠨ ᠬᠠᠮᠠᠭᠠᠯᠠᠯᠲᠠ ᠶᠢᠨ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 22 ᠤᠨ ᠡᠳᠦᠷ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠨᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠲᠤ ᠪᠠᠷ ᠵᠥᠪᠳᠡᠯᠴᠡᠬᠦ ᠪᠠ ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ ᠠᠷᠠᠳᠴᠢᠯᠠᠭᠰᠠᠨ ᠬᠠᠮᠢᠶᠠᠷᠤᠯᠲᠠ ᠵᠢᠴᠢ ᠬᠥᠳᠡᠯᠮᠦᠷᠢ ᠶᠢᠨ ᠬᠠᠮᠠᠭᠠᠯᠠᠯᠲᠠ ᠶᠢᠨ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠬᠤᠷᠠᠯ ᠢ ᠬᠠᠮᠲᠤᠷᠠᠨ ᠡᠷᠬᠢᠯᠡᠵᠦ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ᠂ ᠠᠵᠢᠯᠴᠢᠨ ᠤ ᠡᠪᠯᠡᠯ ᠤᠨ ᠠᠵᠢᠯᠯᠠᠭᠴᠢ 70 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠪᠠ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠠᠤᠯᠢ ᠴᠠᠭᠠᠵᠠ ᠶᠢᠨ ᠠᠵᠢᠯ ᠤᠨ ᠬᠡᠯᠲᠡᠰ ᠤᠨ ᠬᠤᠶᠠᠷ ᠪᠠᠭᠰᠢ ᠬᠢᠴᠢᠶᠡᠯ ᠣᠷᠣᠬᠤ ᠶᠠᠪᠤᠴᠠ ᠳᠠᠭᠠᠨ ᠬᠠᠮᠲᠤ ᠪᠠᠷ ᠵᠥᠪᠳᠡᠯᠴᠡᠬᠦ ᠠᠭᠤᠯᠭ᠎ᠠ᠂ ᠴᠠᠯᠢᠩ ᠤᠨ ᠲᠤᠰᠬᠠᠶ ᠵᠦᠢᠯ ᠤᠨ ᠬᠠᠮᠲᠤ ᠶᠢᠨ ᠭᠡᠷ᠎ᠡ︔ ᠠᠵᠢᠯᠴᠢᠨ ᠤ ᠡᠪᠯᠡᠯ ᠤᠨ ᠰᠢᠨᠵᠢ ᠴᠢᠨᠠᠷ᠂ ᠡᠭᠦᠷᠭᠡ ᠲᠤᠰᠢᠶᠠᠯ ᠪᠠ ᠪᠠᠶᠢᠷᠢ ᠰᠠᠭᠤᠷᠢ︔ ᠠᠵᠤ ᠠᠬᠤᠶᠢᠯᠠᠯ ᠠᠵᠢᠯ ᠦᠢᠯᠡᠰ ᠤᠨ ᠠᠷᠠᠳᠴᠢᠯᠠᠭᠰᠠᠨ ᠬᠠᠮᠢᠶᠠᠷᠤᠯᠲᠠ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠵᠡᠷᠭᠡ ᠳᠤ ᠭᠦᠨ ᠭᠦᠨᠵᠡᠭᠡᠶ ᠨᠠᠷᠢᠨ ᠨᠢᠮᠪᠠᠶ ᠵᠠᠳᠠᠯᠤᠯᠲᠠ ᠪᠠ ᠲᠠᠶᠢᠯᠪᠤᠷᠢᠯᠠᠯᠲᠠ ᠬᠢᠭᠰᠡᠨ ᠪᠥᠭᠡᠳ ᠪᠣᠯᠪᠠᠰᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠬᠠᠮᠢᠶ᠎ᠠ ᠪᠥᠬᠦᠶ ᠬᠦᠴᠢᠷ ᠲᠦᠪᠡᠭᠲᠡᠶ ᠠᠰᠠᠭᠤᠳᠠᠯ ᠳᠤ ᠲᠤᠬᠠᠶ ᠶᠢᠨ ᠲᠠᠯᠠᠪᠤᠷ ᠤᠨ ᠬᠠᠷᠢᠭᠤᠯᠲᠠ ᠥᠭᠭᠦᠭᠰᠡᠨ ᠪᠠᠶᠢᠨ᠎ᠠ᠃ ᠬᠥᠬᠡᠬᠤᠲᠠ ᠶᠢᠨ ᠴᠧᠩ ᠫᠸᠢ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠬᠥᠳᠡᠯᠮᠦᠷᠢ ᠶᠢᠨ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠴᠢᠬᠤᠯᠠ ᠴᠢᠨᠠᠷ ᠵᠢᠴᠢ ᠤᠬᠠᠭᠤᠯᠭ᠎ᠠ ᠬᠥᠮᠦᠵᠢᠯ ᠢ ᠬᠡᠷᠬᠢᠨ ᠴᠢᠩᠭᠠᠳᠬᠠᠵᠤ ᠪᠦᠬᠦ ᠨᠡᠶᠢᠭᠡᠮ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠬᠦ᠂ ᠠᠶᠤᠯᠭᠦᠢ ᠦᠢᠯᠡᠳᠪᠦᠷᠢᠯᠡᠯ ᠤᠨ ᠠᠳᠡᠯ ᠢ ᠦᠨᠡᠨᠬᠦ ᠰᠡᠷᠭᠡᠶᠢᠯᠡᠬᠦ ᠪᠠ ᠪᠠᠭᠠᠰᠬᠠᠬᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠵᠡᠷᠭᠡ ᠠᠭᠤᠯᠭ᠎ᠠ ᠶᠢ ᠲᠠᠶᠢᠯᠪᠤᠷᠢᠯᠠᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠪᠥᠬᠦ ᠰᠢᠶᠠᠨ ᠤ ᠬᠠᠮᠲᠤ ᠪᠠᠷ ᠵᠥᠪᠳᠡᠯᠴᠡᠬᠦ ᠠᠵᠢᠯᠲᠠᠨ ᠠᠵᠢᠯᠴᠢᠨ ᠤ ᠡᠩᠨᠡᠭᠡ ᠶᠢᠨ ᠬᠠᠷᠢᠭᠤᠴᠠᠯᠭᠠᠲᠤ ᠤᠬᠠᠮᠰᠠᠷ ᠢ ᠦᠨᠡᠨ ᠬᠦ ᠴᠢᠩᠭᠠᠳᠬᠠᠵᠤ᠂ ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ ᠠᠷᠠᠳᠴᠢᠯᠠᠭᠰᠠᠨ ᠬᠠᠮᠢᠶᠠᠷᠤᠯᠲᠠ ᠶᠢᠨ ᠠᠵᠢᠯ ᠢ ᠳᠥᠯᠭᠢᠨ ᠠᠬᠢᠭᠤᠯᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠰᠢᠶᠠᠨ ᠤ  ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ ᠠᠷᠠᠳᠴᠢᠯᠠᠭᠰᠠᠨ ᠬᠠᠮᠢᠶᠠᠷᠤᠯᠲᠠ ᠶᠢᠨ ᠠᠵᠢᠯ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号