ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠰᠢᠶᠠᠨ ᠤ ᠲᠦᠷᠦᠭᠦᠤ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠪᠠ ᠭᠤᠤᠯᠳᠠᠯᠭ᠎ᠠ ᠲᠠᠢ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠮᠠᠨ ᠤ ᠰᠢᠶᠠᠨ ᠤ ᠲᠦᠷᠦᠭᠦᠤ ᠬᠠᠭᠠᠰ ᠵᠢᠯ ᠤᠨ ᠠᠵᠤ ᠠᠬᠤᠶ ᠶᠢᠨ ᠠᠵᠢᠯᠯᠠᠭᠠᠨ ᠪᠠ ᠭᠤᠤᠯᠳᠠᠯᠭ᠎ᠠ ᠲᠠᠢ  ᠵᠦᠢᠯᠡᠰ ᠤᠨ ︽ᠳᠥᠷᠪᠡᠨ ᠨᠣᠷᠮ᠎ᠠ︾ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠶᠡᠷᠦᠩᠬᠡᠶ ᠳᠡᠭᠡᠨ ᠣᠳᠣᠬᠠᠨ ᠳᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠦᠷᠭᠦᠯᠵᠢᠯᠡᠨ ᠨᠠᠷᠢᠯᠢᠭ ᠣᠨᠣᠴᠠᠲᠠᠶ ᠪᠠᠷ ᠬᠦᠴᠦᠯᠡᠨ ᠲᠥᠷᠥᠯ ᠵᠦᠢᠯ ᠢ ᠠᠳᠬᠤᠵᠤ᠂ ᠯᠠᠪᠳᠠᠭᠤᠨ ᠪᠠᠲᠤᠲᠠᠶ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠠᠬᠤᠶ ᠶᠢᠨ ᠭᠦᠢᠴᠡᠳᠬᠡᠯ ᠲᠤᠭ᠎ᠠ ᠨᠢᠭᠡᠪᠦᠷᠢ᠂ ᠭᠤᠣᠯᠳᠠᠯᠭ᠎ᠠ ᠲᠠᠢ ᠠᠵᠢᠯ ᠨᠢᠭᠡᠪᠦᠷᠢ ᠳᠤ ᠴᠥᠮ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠪᠠᠶᠢᠳᠠᠯ ᠢ ᠡᠵᠡᠮᠰᠢᠨ᠂ ᠵᠥᠷᠢᠶ᠎ᠡ ᠪᠠᠨ ᠣᠨᠣᠪᠴᠢᠲᠠᠶ ᠡᠷᠢᠵᠦ᠂ ᠴᠠᠭ ᠲᠤᠬᠠᠶ ᠳᠤᠨᠢ ᠲᠣᠬᠢᠷᠠᠭᠤᠯᠤᠨ ᠳᠠᠭᠠᠵᠤ᠂ ᠮᠠᠨ ᠤ ᠰᠢᠶᠠᠨ ᠤ ᠠᠵᠤ ᠠᠬᠤᠶ ᠶᠢᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ᠂ ᠥᠨᠳᠥᠷ ᠦᠷ᠎ᠡ ᠪᠦᠲᠦᠮᠵᠢ ᠲᠠᠢ ᠪᠠᠷ ᠲᠦᠯᠬᠢᠨ ᠠᠬᠢᠭᠤᠯᠵᠤ᠂ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠵᠦᠢᠯᠡᠰ ᠢ ᠰᠢᠪᠠᠳᠠᠨ ᠪᠠᠶᠢᠴᠠᠭᠠᠵᠤ ᠬᠢᠨᠠᠨ ᠰᠢᠯᠭᠠᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号