ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 6 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠳᠠ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 6 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠡᠯ᠎ᠡ ᠵᠦᠢᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠂ ᠨᠢᠭᠡ ᠳᠤ᠂ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠠᠳᠬᠤᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠠᠩ ᠬᠠᠭᠰᠠᠷᠠᠭᠠᠨ ᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠵᠤ᠂ ᠪᠤᠢ ᠪᠦᠬᠦᠢ ᠲᠣᠰᠬᠤᠨ ᠤ ᠠᠷᠠᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠤᠷᠪᠠ ᠳᠤ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠦᠨᠡᠨᠬᠦ ᠠᠬᠢᠭᠤᠯᠬᠤ ᠬᠡᠷᠡᠭᠲᠡᠢ᠃ ᠲᠦᠷᠪᠡ ᠳᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠣᠯᠭᠤᠯᠲᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢᠨ ᠠᠰᠠᠭᠤᠳᠠᠯ ᠢ ᠠᠩᠬᠠᠷᠴᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠲᠠᠪᠤ ᠳᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠪᠦᠬᠦ ᠨᠡᠶᠢᠭᠡᠮ ᠢᠶᠠᠷ ᠢᠶᠠᠨ ᠭᠡᠷ ᠤᠨ ᠰᠤᠷᠭᠠᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ᠂ ᠤᠷᠢᠳᠠᠪᠠᠷ ᠬᠦᠴᠦᠯᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠢᠳᠡᠪᠬᠢᠲᠡᠢ ᠪᠠᠷ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠲᠤᠯᠤᠭ᠎ᠠ ᠳᠤ᠂ ᠥᠪᠡᠷ ᠢ ᠪᠠᠨ ᠬᠢᠵᠠᠭᠠᠷᠯᠠᠬᠤ ᠶᠢ ᠦᠷᠭᠦᠯᠵᠢᠯᠡᠨ ᠴᠢᠩᠭᠠᠳᠬᠠᠵᠤ᠂ ᠬᠤᠷᠢᠭ᠎ᠠ ᠱᠤᠭᠤᠮ ᠢ ᠰᠠᠬᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠠᠬᠢᠯᠭ᠎ᠠ ᠪᠠᠲᠤ ᠶᠢ ᠰᠠᠬᠢᠵᠤ᠂ ᠶᠣᠰᠣ ᠲᠦᠷᠢᠮ ᠢ ᠡᠷᠬᠢᠮᠯᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃      ᠡᠭᠦᠨ ᠠᠴᠠ ᠭᠠᠳᠠᠨ᠎ᠠ᠂ ᠬᠤᠷᠠᠯ ᠠᠴᠠ ᠡᠮᠦᠨ᠎ᠡ ᠪᠠᠰᠠ ᠬᠤᠷᠠᠯ ᠳᠤ ᠣᠷᠣᠯᠴᠠᠬᠤ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠪᠣᠯᠬᠢᠴᠢᠯᠠᠨ ᠠᠷᠠᠯᠵᠢᠶᠠᠯᠠᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠦᠨᠳᠦᠰᠦᠨ ᠠᠴᠠ ᠨᠢ ᠴᠡᠭᠴᠡᠯᠡᠨ ᠵᠠᠰᠠᠬᠤ︾ ᠶᠢ ᠦᠵᠡᠭᠦᠯᠪᠡ᠃
 
ᠢᠷᠡᠯᠲᠡ᠄ ᠦᠴᠦᠸᠠᠨ ᠰᠢᠶᠠᠨ ᠤ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号