ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 59 ᠳ᠋ᠦ᠋ᠭᠡᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠤᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 59 ᠳ᠋ᠦ᠋ᠭᠡᠷ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ 6 ᠰᠠᠷ᠎ᠠ ᠶᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠳᠥᠴᠢᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠵᠤ᠂ ᠪᠦ᠋ᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠯ᠎ᠡ ᠲᠦᠷᠦᠭᠦᠯᠡᠨ ᠤᠳᠤᠷᠢᠳᠴᠤ᠂ ᠲᠦᠷᠦᠯ ᠵᠦᠢᠯ ᠢ ᠬᠠᠷᠢᠭᠤᠴᠠᠬᠤ ᠰᠠᠯᠠᠭ᠎ᠠ ᠮᠥᠴᠢᠷ ᠤᠨ ᠬᠢᠨ ᠵᠣᠷᠢᠭᠲᠠᠢ ᠪᠠᠷ ᠡᠭᠦᠷᠭᠡᠯᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠲᠦᠷᠭᠡᠨ ᠠᠬᠢᠭᠤᠯᠵᠤ᠂ ᠡᠯ᠎ᠡ ᠲᠦᠷᠦᠯ ᠵᠦᠢᠯ ᠤᠨ ᠲᠦᠷᠭᠡᠨ ᠪᠥᠭᠡᠳ ᠡᠮᠬᠢ ᠳᠢᠭᠯᠢᠮ ᠲᠠᠢ ᠠᠬᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠢ ᠡᠷᠲᠡᠬᠡᠨ ᠪᠠᠶᠢᠭᠤᠯᠤᠨ ᠪᠦᠲᠦᠭᠡᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠪᠣᠳᠠᠲᠠᠶ ᠳᠤ ᠰᠠᠭᠤᠷᠢᠯᠠᠨ᠂ ᠡᠯ᠎ᠡ ᠵᠦᠢᠯ ᠤᠨ ᠵᠣᠷᠢᠯᠭ᠎ᠠ ᠶᠢᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠢᠳᠡᠪᠬᠢᠲᠡᠶ ᠪᠠᠷ ᠨᠡᠪᠲᠡᠷᠡᠯᠴᠡᠨ ᠵᠣᠯᠭᠠᠭᠤᠯᠵᠤ᠂ ᠪᠣᠳᠠᠲᠠᠶ ᠬᠦᠴᠢᠷᠳᠡᠯ᠂ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠂ ᠠᠶᠤᠯ ᠥᠬᠡᠶ ᠦᠢᠯᠡᠳᠪᠦᠷᠢᠯᠡᠯ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠥᠷᠥᠯ ᠵᠦᠢᠯ ᠤᠨ ᠤᠷᠤᠭᠰᠢᠲᠠᠶ ᠳᠠᠭᠤᠰᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠶᠢᠨ ᠤᠳᠤᠷᠢᠳᠤᠯᠭ᠎ᠠ ᠨᠢ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠨᠠᠩ ᠡᠷᠡᠰ ᠴᠢᠩᠭ᠎ᠠ ᠣᠪᠣᠷ ᠪᠠ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号