ᠶᠠᠩ ᠰᠢᠩ ᠱᠧᠩ ᠪᠥᠬᠦ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/30
     6 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠤᠷᠢᠳ ᠬᠤᠵᠢᠳ ᠮᠠᠨ ᠤ ᠰᠢᠶᠠᠨ ᠤ ᠬᠥᠬᠡ ᠡᠷᠭᠢ ᠪᠠᠯᠭᠠᠰᠤᠨ ᠤ ᠰᠢᠩ ᠱᠧᠩ ᠨᠡᠶᠢᠭᠡᠮ ᠲᠣᠭᠤᠷᠢᠭ ᠲᠤ ᠬᠦᠷᠴᠦ᠂ ᠰᠢᠶᠠᠨ ᠤ ᠶᠡᠷᠦᠩᠬᠡᠶ ᠡᠮᠨᠡᠯᠭᠡ ᠶᠢᠨ ᠬᠤᠷᠢᠶ᠎ᠠ᠂ ᠬᠥᠬᠡ ᠡᠷᠭᠢ ᠪᠠᠯᠭᠠᠰᠤ ᠶᠢᠨ ᠰᠠᠨ ᠵᠢᠶᠤᠤ ᠴᠤᠸᠠᠨ ᠪᠦᠦ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠤᠸᠠ ᠯᠠᠶ ᠱᠢ ᠢᠳᠡᠭᠡᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠵᠢᠶᠠᠨ ᠪᠦᠦ ᠮᠧᠩ ᠬᠤᠨᠴᠢᠷ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠱᠤ᠋ ᠶᠤᠸᠠᠨ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠷᠠᠭᠤᠯ ᠪᠠᠯᠭᠠᠰᠤᠨ ᠤ ᠵᠤᠸᠠᠩ ᠳᠧᠦ ᠨᠡᠷᠡᠮᠵᠢᠲᠦ ᠲᠣᠰᠬᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠰᠢᠶᠠᠨ ᠤ ᠤᠳᠤᠷᠢᠳᠤᠯᠭ᠎ᠠ ᠬᠠᠳᠠ᠂ ᠵᠧᠦ ᠵᠧᠨ ᠭᠤᠸᠠᠩ ᠨᠠᠷ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠠᠩ ᠰᠢᠩ ᠱᠧᠩ ᠨᠡᠷ ᠬᠥᠬᠡ ᠡᠷᠭᠢ ᠪᠠᠯᠭᠠᠰᠤ ᠶᠢᠨ ᠰᠢᠩ ᠱᠧᠩ ᠨᠡᠶᠢᠭᠡᠮ ᠲᠣᠭᠤᠷᠢᠭ ᠤᠨ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾  ᠵᠢᠱᠢᠶ᠎ᠡ ᠦᠵᠡᠭᠦᠯᠬᠦ ᠵᠠᠰᠠᠯᠲᠠ ᠶᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ︔ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠳᠣᠲᠣᠷ ᠰᠠᠯᠠᠭᠠᠨ ᠤ ᠲᠣᠮᠣ ᠠᠰᠠᠷ ᠪᠠ ᠬᠠᠯᠳᠠᠪᠤᠷᠢᠲᠤ ᠡᠪᠡᠳᠴᠢᠨ ᠤ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠴᠤᠸᠠᠨ ᠪᠦᠦ ᠲᠥᠮᠥᠰᠥ ᠶᠢᠨ ᠴᠡᠪᠡᠷ ᠨᠣᠭᠤᠭ᠎ᠠ ᠡᠳ᠋ᠰᠢᠭᠦᠯᠬᠦ ᠲᠥᠷᠥᠯ ᠵᠦᠢᠯ᠂ ᠥᠪᠥᠷ ᠮᠣᠩᠭᠤᠯ ᠤᠨ ᠬᠤᠸᠠ ᠯᠠᠶ ᠱᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠵᠥᠩ ᠵᠢᠶᠠᠨ ᠪᠦᠦ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢᠨ ᠲᠥᠷᠥᠯ ᠵᠦᠢᠯ᠂ ᠱᠤ᠋ ᠶᠤᠸᠠᠨ ᠺᠠᠩ ᠲᠥᠮᠥᠰᠥ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠎ᠡ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠳᠡᠭᠡᠳᠦ ᠬᠡᠮᠵᠢᠶᠡᠨ ᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠷ ᠨᠡᠶᠢᠭᠡᠮ ᠲᠣᠭᠤᠷᠢᠭ ᠤᠨ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠶᠡᠬᠡᠪᠡᠷ ᠬᠡᠷᠡᠭᠵᠢᠭᠦᠯᠵᠦ᠂ ᠵᠠᠰᠠᠯᠲᠠ ᠶᠢᠨ ᠠᠭᠤᠯᠭ᠎ᠠ ᠶᠢ ᠲᠤᠪᠤᠶᠢᠯᠭᠠᠵᠦ᠂ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ ᠨᠡᠮᠡᠭᠳᠡᠭᠦᠯᠵᠦ᠂ ᠰᠣᠶᠣᠯ᠂ ᠪᠡᠶ᠎ᠡ ᠴᠢᠭᠢᠷᠠᠭᠵᠢᠭᠤᠯᠬᠤ ᠵᠡᠷᠭᠡ ᠠᠷᠠᠳ ᠲᠤ ᠠᠰᠢᠭ ᠬᠦᠷᠲᠡᠭᠡᠬᠦ ᠠᠭᠤᠯᠭ᠎ᠠ ᠶᠢ ᠠᠭᠤᠰᠤᠯᠴᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠲᠣᠭᠤᠷᠢᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠢ᠃ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠵᠦ ᠲᠤᠬᠢᠷᠠᠭᠤᠯᠬᠤ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠢᠳᠡᠪᠬᠢᠲᠡᠢ ᠵᠣᠯᠭᠠᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠰᠠᠭᠤᠷᠢᠨ ᠳᠡᠭᠡᠷ᠎ᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠤᠷᠤᠭᠰᠢᠲᠠᠢ ᠠᠵᠢᠯ ᠳᠠᠭᠤᠰᠴᠤ᠂ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠥᠨᠳᠥᠷ ᠪᠦᠲᠦᠮᠵᠢᠲᠡᠶ ᠲᠠᠷᠢᠶᠠᠯᠠᠩ ᠤᠨ ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号