ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 2022 ᠣᠨ ᠤ 30 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/6/6
      ︵ᠰᠤᠷᠪᠤᠯᠵᠢᠯᠠᠭᠴᠢ ᠯᠢᠶᠠᠩ ᠵᠢᠩ ᠱᠤ᠋︶ 6 ᠳ᠋ᠤᠭᠠᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ 2022 ᠣᠨ ᠤ 30 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠾᠧ ᠬᠠᠢ ᠳ᠋ᠦᠩ ᠬᠤᠷᠠᠯ ᠢ ᠡᠷᠭᠢᠯᠡᠭᠰᠡᠨ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠲᠠᠯ᠎ᠠ ᠪᠠᠷ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠢᠩᠭᠠᠯᠠᠵᠤ᠂ ᠭᠤᠷᠢᠳᠠᠬᠤ ᠪᠤᠳᠤᠯ ᠪᠠ ᠮᠢᠨᠴᠦᠭᠦᠷᠡᠬᠦ ᠦᠵᠡᠯ ᠰᠠᠨᠠᠭ᠎ᠠ ᠥᠴᠥᠬᠡᠨ ᠴᠦ ᠪᠠᠶᠢᠵᠤ ᠪᠣᠯᠬᠤ ᠦᠭᠡᠢ᠂ ᠬᠠᠮᠤᠭ ᠤᠨ ᠲᠦᠷᠭᠡᠨ ᠬᠤᠷᠳᠤᠴᠠ ᠪᠠᠷ᠂ ᠬᠠᠮᠤᠭ ᠤᠨ ᠣᠬᠤᠷ  ᠬᠤᠭᠤᠴᠠᠭᠠᠨ ᠳᠤ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠬᠢᠵᠠᠭᠠᠷᠯᠠᠵᠤ᠂ ᠬᠠᠮᠤᠭ ᠤᠨ ᠪᠠᠭ᠎ᠠ ᠬᠡᠪᠴᠢᠶᠡᠨ ᠳᠤ ᠰᠢᠢᠳᠪᠦᠷᠢᠯᠡᠬᠦ ᠬᠡᠷᠡᠭᠲᠡᠢ᠃ ᠵᠢᠯᠤᠭᠤᠳᠬᠤ ᠰᠢᠰᠲ᠋ᠧᠮ ᠢ ᠠᠵᠢᠯᠯᠠᠭᠤᠯᠵᠤ᠂ ᠡᠯ᠎ᠡ ᠱᠠᠲᠤᠨ ᠤ ᠵᠢᠯᠤᠭᠤᠳᠬᠤ ᠭᠠᠵᠠᠷ᠂ ᠠᠵᠢᠯᠯᠠᠬᠤ ᠳᠤᠭᠤᠶᠢᠯᠠᠩ ᠪᠦᠬᠦᠨ ᠢᠶᠠᠷ ᠢᠶᠠᠨ ︽ᠳᠠᠶᠢᠨ ᠤ ᠦᠶ᠎ᠡ ᠶᠢᠨ ᠪᠠᠶᠢᠳᠠᠯ︾ ᠳᠤ ᠣᠷᠣᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠲᠠᠬᠤᠯ ᠡᠪᠡᠳᠴᠢᠨ ᠤ ᠪᠠᠶᠢᠴᠠᠭᠠᠯᠲᠠ ᠶᠢ ᠳᠠᠷᠤᠢ ᠲᠦᠷᠭᠡᠨ ᠨᠠᠷᠢᠯᠢᠭ ᠣᠨᠣᠪᠴᠢᠲᠠᠢ ᠬᠢᠵᠦ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠵᠤ᠂ ᠪᠤᠰᠤᠳ ᠠᠶᠢᠮᠠᠭ ᠬᠤᠲᠠ ᠲᠠᠢ ᠵᠣᠯᠭᠠᠭᠤᠯᠤᠨ ᠬᠠᠷᠢᠯᠴᠠᠬᠤ ᠪᠠᠨ ᠴᠢᠩᠭᠠᠳᠬᠠᠨ᠂ ᠲᠦᠭᠰᠢᠭᠦᠷᠢ ᠲᠠᠢ ᠭᠠᠵᠠᠷ ᠪᠠ ᠬᠥᠮᠥᠰ ᠢ ᠬᠠᠮᠤᠭ ᠤᠨ ᠲᠡᠷᠢᠭᠦᠨ ᠳᠤ ᠬᠠᠮᠢᠶᠠᠷᠤᠨ ᠡᠵᠡᠮᠳᠡᠬᠦ ᠬᠡᠷᠡᠭᠲᠡᠢ᠃ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠪᠠᠷᠢᠮᠵᠢᠶ᠎ᠠ᠂ ᠠᠵᠢᠯ ᠤᠨ ᠴᠤᠪᠤᠷᠠᠯ ᠢ ᠴᠢᠩᠭ᠎ᠠ ᠨᠢᠮᠪᠠᠢ ᠰᠠᠶᠢᠲᠤᠷ ᠬᠡᠷᠡᠭᠵᠢᠭᠦᠯᠵᠦ᠂ ︽ᠭᠤᠷᠪᠠᠨ ᠣᠷᠣᠨ ᠬᠤᠶᠠᠷ ᠵᠠᠮ︾ ᠤᠨ ᠵᠢᠷᠤᠮᠵᠢᠯ ᠢ ᠴᠢᠩᠭ᠎ᠠ ᠬᠡᠷᠡᠭᠵᠢᠭᠦᠯᠦᠨ᠂ ᠲᠤᠰᠠᠭᠠᠷᠯᠠᠭᠰᠠᠨ ᠬᠥᠮᠥᠰ ᠤᠨ ᠪᠥᠬᠦ ᠶᠠᠪᠤᠴᠠ ᠳᠠᠬᠢ ᠪᠢᠲᠡᠭᠦᠮᠵᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠠᠷᠢᠭᠤᠳᠬᠠᠵᠤ ᠴᠡᠪᠡᠷᠯᠡᠬᠦ᠂ ᠡᠮᠴᠢᠯᠡᠭᠡᠨ ᠤ ᠬᠠᠶᠠᠭᠳᠠᠮᠠᠯ ᠬᠤᠭ ᠨᠣᠪᠰᠢ ᠶᠢ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡᠯᠡᠯᠲᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠪᠡᠯᠡᠳᠬᠡᠯ ᠢ ᠭᠦᠢᠴᠡᠳ ᠰᠠᠶᠢᠲᠤᠷ ᠬᠢᠵᠦ᠂ ᠪᠥᠭᠡᠮ ᠬᠦᠴᠢᠯ ᠤᠨ ᠪᠠᠶᠢᠴᠠᠭᠠᠯᠲᠠ᠂ ᠲᠥᠪᠯᠡᠷᠡᠭᠦᠯᠦᠨ ᠲᠤᠰᠠᠭᠠᠷᠯᠠᠬᠤ ᠭᠠᠵᠠᠷ ᠢ ᠲᠣᠬᠢᠷᠠᠭᠤᠯᠬᠤ᠂ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠥᠭᠡᠴᠡᠯᠡᠬᠦ᠂ ᠠᠵᠢᠯᠲᠠᠨ ᠤ ᠡᠩᠨᠡᠭᠡ ᠪᠠ ᠪᠠᠴᠢᠮ ᠪᠠᠶᠢᠳᠠᠯ ᠢ ᠠᠷᠭᠠᠴᠠᠨ ᠲᠤᠰᠠᠯᠠᠬᠤ ᠵᠡᠷᠭᠡ ᠲᠠᠯ᠎ᠠ ᠪᠠᠷ ᠰᠠᠶᠢᠲᠤᠷ ᠪᠡᠯᠡᠳᠬᠡᠯ ᠬᠢᠵᠦ᠂ ᠠᠵᠢᠯᠲᠠᠨ ᠢ ᠪᠠᠲᠤᠯᠠᠵᠤ᠂ ᠲᠣᠨᠤᠭ ᠲᠥᠬᠦᠭᠡᠷᠦᠮᠵᠢ ᠶᠢ ᠪᠠᠲᠤᠯᠠᠵᠤ᠂ ᠪᠡᠯᠡᠳᠬᠡᠮᠵᠢ ᠶᠢ ᠪᠠᠲᠤᠯᠠᠵᠤ᠂ ᠡᠳ᠋ ᠪᠣᠳᠠᠰ ᠢ ᠪᠠᠲᠤᠯᠠᠵᠤ᠂ ᠴᠢᠳᠠᠪᠤᠷᠢ ᠶᠢ ᠪᠠᠲᠤᠯᠠᠬᠤ ᠬᠡᠷᠡᠭᠲᠡᠢ᠃ ᠵᠠᠮ ᠬᠠᠷᠢᠯᠴᠠᠭᠠᠨ ᠤ ᠪᠣᠭᠤᠮᠲᠠ ᠶᠢ ᠴᠢᠩᠭ᠎ᠠ ᠰᠡᠷᠭᠡᠶᠢᠯᠡᠨ ᠰᠠᠬᠢᠵᠤ᠂ ᠬᠠᠮᠢᠶ᠎ᠠ ᠪᠦᠬᠦᠢ ᠪᠠᠶᠢᠴᠠᠭᠠᠨ ᠰᠢᠯᠭᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠥᠨᠳᠥᠷ ᠳᠤᠮᠳᠠ ᠲᠦᠭᠰᠢᠭᠦᠷᠢ ᠲᠠᠢ ᠭᠠᠵᠠᠷ ᠣᠷᠣᠨ ᠠᠴᠠ ᠬᠥᠬᠡᠬᠤᠲᠠ ᠳᠤ ᠢᠷᠡᠬᠦ ︵ᠪᠤᠴᠠᠬᠤ︶ ᠬᠥᠮᠥᠰ ᠢ ᠬᠠᠮᠤᠭ ᠤᠨ ᠲᠡᠷᠢᠭᠦᠨ ᠳᠤ ︽ᠴᠡᠭ ᠠᠴᠠ ᠴᠡᠭ ᠲᠤ︾ ᠲᠤᠰᠠᠭᠠᠷᠯᠠᠨ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠤᠨ ᠣᠷᠣᠵᠤ ᠢᠷᠡᠬᠦ ᠡᠭᠦᠳᠡ ᠶᠢ ᠡᠷᠡᠰ ᠰᠠᠬᠢᠬᠤ ᠬᠡᠷᠡᠭᠲᠡᠢ᠃ ᠤᠯᠤᠰ ᠤᠨ ᠰᠢᠯᠭᠠᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠯᠭᠠᠭᠤᠯᠤᠭᠴᠢ ᠶᠢᠨ ᠰᠢᠯᠭᠠᠯᠲᠠ ᠳᠤ ᠣᠷᠤᠯᠴᠠᠬᠤ ᠶᠣᠰᠣᠲᠠᠢ ᠪᠦᠬᠦᠨ ᠰᠢᠯᠭᠠᠯᠲᠠ ᠳᠤ ᠣᠷᠣᠯᠴᠠᠬᠤ ᠶᠢ ᠦᠨᠡᠨᠬᠦ ᠪᠠᠲᠤᠯᠠᠵᠤ᠂ ᠬᠥᠮᠥᠰ ᠤᠨ ᠡᠷᠡᠭᠦᠯ ᠮᠡᠨᠳᠦ᠂ ᠣᠷᠴᠢᠨ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠤᠯᠤᠰ ᠤᠨ ᠰᠢᠯᠭᠠᠯᠲᠠ ᠠᠴᠠ ᠪᠣᠯᠣᠭᠰᠠᠨ ᠬᠢᠵᠢᠭ ᠤᠨ ᠪᠠᠶᠢᠳᠠᠯ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠰᠢᠯᠤᠭᠤᠳᠬᠠᠵᠤ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠲᠡᠷᠡ ᠳᠠᠷᠤᠢ  ᠳᠤᠨᠢ ᠳᠡᠭᠡᠭᠰᠢ ᠳᠣᠷᠣᠭᠰᠢ ᠳᠠᠮᠵᠢᠭᠤᠯᠵᠤ᠂ ᠬᠢᠵᠢᠭ ᠤᠨ ᠪᠠᠶᠢᠳᠠᠯ ᠤᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠳᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠬᠢᠵᠢᠭ ᠤᠨ ᠪᠠᠶᠢᠳᠠᠯ ᠢ ᠬᠢᠨᠠᠨ ᠵᠢᠯᠤᠭᠤᠳᠴᠤ ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠥᠷᠨᠢᠭᠦᠯᠬᠦ ᠬᠡᠷᠡᠭᠲᠡᠢ᠃ ᠤᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠠᠵᠢᠯ ᠢ ᠰᠠᠶᠢᠲᠤᠷ ᠠᠳᠬᠤᠵᠤ᠂ ᠠᠵᠢᠯ ᠤᠨ ᠶᠠᠪᠤᠴᠠ ᠶᠢ ᠤᠯᠠᠮ ᠴᠢᠨᠠᠭᠰᠢᠳᠠ ᠡᠮᠬᠢᠯᠡᠨ ᠰᠢᠯᠢᠳᠡᠭᠵᠢᠭᠦᠯᠵᠦ᠂ ᠲᠤᠰᠠᠭᠠᠷᠯᠠᠬᠤ ᠪᠠᠭᠤᠳᠠᠯ ᠤᠨ ᠬᠠᠮᠢᠶᠠᠷᠤᠯᠲᠠ ᠪᠣᠯᠣᠨ ᠠᠬᠤᠢ ᠲᠠᠯᠠᠪᠠᠢ ᠶᠢᠨ ᠠᠵᠢᠯᠲᠠᠨ ᠤ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号