ᠡᠳᠡᠭᠡᠷ ᠵᠣᠭᠤᠰ ᠢ ᠪᠤᠴᠠᠭᠠᠵᠤ ᠥᠭᠭᠦᠨ᠎ᠡ᠂ ᠡᠳᠡᠭᠡᠷ ᠵᠣᠭᠤᠰ ᠢ ᠬᠠᠰᠤᠵᠤ ᠬᠡᠯᠲᠦᠷᠢᠭᠦᠯᠦᠨ᠎ᠡ᠂ ᠡᠳᠡᠭᠡᠷ ᠵᠣᠭᠤᠰ ᠢ ᠬᠤᠶᠢᠰᠢᠯᠠᠭᠤᠯᠵᠤ ᠪᠣᠯᠣᠨ᠎ᠠ ᠁ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠳᠡᠮᠵᠢᠯᠭᠡ ᠢᠷᠡᠯ᠎ᠡ︕
ᠨᠡᠶᠢᠲᠡᠯᠡᠭᠰᠡᠨ ᠴᠠᠭ᠄
2022/6/6
     ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠠᠵᠤ ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ᠠᠵᠤ ᠠᠬᠤᠢ ᠶᠢ ᠯᠠᠪᠳᠠᠭᠤᠨ ᠲᠣᠭᠲᠠᠭᠤᠨ ᠪᠠᠶᠢᠯᠭᠠᠬᠤ ᠶᠢᠨ ᠲᠣᠭᠤᠷᠢᠨ ᠳᠤ ᠵᠢᠷᠭᠤᠭᠠᠨ ᠲᠠᠯ᠎ᠠ ᠶᠢᠨ 33 ᠵᠦᠢᠯ ᠤᠨ ᠪᠣᠳᠠᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃ ᠶᠠᠮᠠᠷ ᠶᠠᠮᠠᠷ ᠵᠣᠭᠤᠰ ᠢ ᠬᠡᠯᠲᠦᠷᠢᠭᠦᠯᠵᠦ ᠪᠣᠯᠬᠤ ᠪᠤᠢ︖ ᠶᠠᠮᠠᠷ ᠶᠠᠮᠠᠷ ᠵᠣᠭᠤᠰ ᠢ ᠬᠤᠶᠢᠰᠢᠯᠠᠭᠤᠯᠵᠤ ᠪᠣᠯᠬᠤ ᠪᠤᠢ︖ ᠶᠠᠮᠠᠷ ᠶᠠᠮᠠᠷ ᠵᠣᠭᠤᠰ ᠢ ᠪᠤᠴᠠᠭᠠᠵᠤ ᠪᠣᠯᠬᠤ ᠪᠤᠢ︖ ᠠᠯᠢ ᠠᠯᠢ ᠲᠠᠯ᠎ᠠ ᠪᠠᠷ ᠵᠣᠭᠤᠰ ᠥᠭᠬᠦ ᠪᠤᠢ︖ ᠬᠠᠮᠲᠤ ᠪᠠᠷ ᠦᠵᠡᠵᠡᠭᠡᠶ᠎ᠡ︕      ᠡᠳᠡᠭᠡᠷ ᠵᠣᠭᠤᠰ ᠢ ᠪᠤᠴᠠᠭᠠᠵᠤ ᠥᠭᠭᠦᠨ᠎ᠡ ︱      ᠰᠠᠭᠤᠳᠬᠠᠨ ᠪᠤᠴᠠᠭᠠᠬᠤ ᠭᠠᠶᠢᠯᠢ ᠶᠢ 1420 ᠳ᠋ᠦᠩᠰᠢᠭᠤᠷ ᠲᠥᠭᠦᠷᠢᠭ ᠨᠡᠮᠡᠭᠳᠡᠭᠦᠯᠪᠡ︕      ᠨᠢᠭᠡᠨᠲᠡ ᠨᠡᠶᠢᠲᠡᠯᠡᠭᠰᠡᠨ ᠦᠢᠯᠡᠳᠬᠡᠯ ᠤᠨ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ᠂ ᠠᠷᠠᠳ ᠤᠨ ᠠᠭᠠᠷ ᠤᠨ ᠲᠡᠭᠡᠭᠡᠪᠦᠷᠢ ᠪᠣᠯᠣᠨ ᠵᠠᠮ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠵᠡᠷᠭᠡ 6 ᠠᠵᠢᠯ ᠲᠥᠷᠥᠯ ᠤᠨ ᠠᠵᠤ ᠠᠬᠤᠶᠢᠯᠠᠯ ᠤᠨ ᠦᠯᠡᠳᠡᠭᠡᠯ ᠰᠠᠭᠤᠳᠬᠠᠨ ᠪᠤᠴᠠᠭᠠᠬᠤ ᠭᠠᠶᠢᠯᠢ ᠶᠢᠨ ᠮᠥᠩᠭᠦ ᠶᠢ ᠪᠦᠬᠦᠨ ᠢ ᠪᠤᠴᠠᠭᠠᠵᠤ᠂ ᠨᠡᠮᠡᠭᠳᠡᠯ ᠰᠠᠭᠤᠳᠬᠠᠨ ᠪᠤᠴᠠᠭᠠᠬᠤ ᠭᠠᠶᠢᠯᠢ ᠶᠢᠨ ᠮᠥᠩᠭᠦ ᠶᠢ ᠰᠠᠷ᠎ᠠ ᠪᠠᠷ ᠪᠦᠬᠦᠨ ᠢ ᠪᠤᠴᠠᠭᠠᠭᠰᠠᠨ ᠰᠠᠭᠤᠷᠢᠨ ᠳᠡᠭᠡᠷ᠎ᠡ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ 7 ᠠᠵᠢᠯ ᠲᠥᠷᠥᠯ ᠤᠨ ᠠᠵᠤ ᠠᠬᠤᠶᠢᠯᠠᠯ ᠢ ᠰᠠᠷ᠎ᠠ ᠪᠦᠷᠢ ᠪᠥᠬᠦ ᠲᠤᠭ᠎ᠠ ᠪᠠᠷ ᠪᠤᠴᠠᠭᠠᠬᠤ ᠨᠡᠮᠡᠭᠳᠡᠯ ᠰᠠᠭᠤᠳᠬᠠᠨ ᠪᠤᠴᠠᠭᠠᠬᠤ ᠭᠠᠶᠢᠯᠢ᠂ ᠨᠢᠭᠡ ᠯᠡ ᠤᠳᠠᠭ᠎ᠠ ᠶᠢᠨ ᠴᠢᠨᠠᠷᠲᠠᠢ ᠪᠦᠬᠦ ᠲᠤᠭ᠎ᠠ ᠪᠠᠷ ᠪᠤᠴᠠᠭᠠᠬᠤ ᠦᠯᠡᠳᠡᠭᠡᠯ ᠰᠠᠭᠤᠳᠬᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠬᠤ ᠶᠢ ᠰᠤᠳᠤᠯᠵᠤ᠂ ᠵᠢᠱᠢᠯᠲᠡ ᠪᠠᠷ ᠰᠠᠭᠤᠳᠬᠠᠨ ᠪᠤᠴᠠᠭᠠᠬᠤ ᠭᠠᠶᠢᠯᠢ ᠶᠢ 1420 ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃      ᠡᠳᠡᠭᠡᠷ ᠵᠣᠭᠤᠰ ᠢ ᠴᠢᠮ᠎ᠠ ᠳᠤ ᠣᠯᠭᠤᠨ᠎ᠠ ︱      ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠥᠷᠭᠡᠳᠬᠡᠭᠰᠡᠨ ᠨᠥᠬᠦᠪᠦᠷᠢ      ● ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠤᠴᠠᠭᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ 30% ᠪᠠᠶᠢᠭᠰᠠᠨ ᠠᠴᠠ 50% ᠪᠣᠯᠭᠠᠨ ᠳᠡᠭᠡᠭᠰᠢᠯᠡᠭᠦᠯᠦᠨ᠎ᠡ᠃      ● ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠦᠯᠡᠳᠡᠭᠡᠬᠦ ᠨᠥᠬᠦᠪᠦᠷᠢ ᠶᠢᠨ ᠠᠰᠢᠭ ᠬᠦᠷᠲᠡᠭᠡᠬᠦ ᠬᠡᠪᠴᠢᠶ᠎ᠡ ᠶᠢ ᠥᠷᠭᠡᠳᠬᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠦᠷᠲᠡᠭᠡᠵᠦ ᠪᠠᠶᠢᠭᠰᠠᠨ ᠠᠴᠠ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠨᠥᠯᠥᠭᠡ ᠠᠴᠠ ᠪᠣᠯᠵᠤ ᠲᠦᠷ ᠴᠠᠭ ᠬᠡᠪ ᠤᠨ ᠪᠠᠶᠢᠳᠠᠯ ᠢᠶᠠᠷ ᠦᠢᠯᠡᠳᠪᠦᠷᠢᠯᠡᠵᠦ ᠡᠵᠡᠩᠨᠡᠬᠦ ᠶᠢᠨ ᠠᠷᠭ᠎ᠠ ᠦᠭᠡᠢ ᠪᠣᠯᠤᠭᠰᠠᠨ ᠳᠠᠭᠠᠳᠬᠠᠯ ᠳᠤ ᠣᠷᠣᠯᠴᠠᠭᠰᠠᠨ ᠪᠤᠢ ᠪᠦᠬᠦᠢ ᠠᠵᠤ ᠠᠬᠤᠶᠢᠯᠠᠯ ᠬᠦᠷᠲᠡᠯ᠎ᠡ ᠥᠷᠭᠡᠳᠬᠡᠨ᠎ᠡ᠃      ● ᠠᠵᠤ ᠠᠬᠤᠶᠢᠯᠠᠯ ᠠᠴᠠ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠪᠣᠯ᠂ ᠬᠥᠮᠥᠨ ᠪᠦᠷᠢ ᠳᠤ 1500 ᠲᠥᠭᠦᠷᠢᠭ ᠠᠴᠠ ᠥᠯᠥ ᠬᠡᠲᠦᠷᠡᠭᠦᠯᠬᠦ ᠪᠠᠷᠢᠮᠵᠢᠶ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠥᠷᠭᠡᠳᠬᠡᠭᠰᠡᠨ ᠨᠥᠬᠦᠪᠦᠷᠢ ᠣᠯᠭᠤᠵᠤ ᠪᠣᠯᠣᠨ᠎ᠠ᠃ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠮᠤᠵᠢ ᠣᠷᠣᠨ ᠲᠣᠭᠲᠠᠭᠠᠵᠤ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯ ᠣᠯᠭᠤᠯᠲᠠ ᠶᠢ ᠰᠢᠩᠭᠡᠬᠡᠨ ᠠᠪᠤᠭᠰᠠᠨ ᠨᠥᠬᠦᠪᠦᠷᠢ ᠯᠦᠭᠡ ᠳᠠᠪᠬᠤᠷᠳᠠᠭᠤᠯᠤᠨ ᠬᠦᠷᠲᠡᠭᠡᠬᠦ ᠦᠭᠡᠢ᠂ ᠲᠥᠷᠥ ᠶᠢᠨ ᠪᠣᠳᠣᠯᠭ᠎ᠠ ᠶᠢ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃      ᠬᠤᠶᠠᠳᠤᠭᠠᠷ ᠪᠦᠯᠦᠭ 100 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠲᠠᠷᠬᠠᠭᠠᠪᠠ      ᠣᠳᠣᠬᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠮᠥᠨ ᠯᠡ ᠥᠨᠳᠥᠷ ᠲᠦᠪᠰᠢᠨ ᠳᠤ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠡᠮᠦᠨᠡᠬᠢ ᠬᠤᠭᠤᠴᠠᠭᠠᠨ ᠳᠤ ᠨᠢᠭᠡᠨᠲᠡ 200 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠥᠭᠭᠦᠭᠰᠡᠨ ᠰᠠᠭᠤᠷᠢᠨ ᠳᠡᠭᠡᠷ᠎ᠡ᠂ ᠬᠤᠶᠠᠳᠤᠭᠠᠷ ᠪᠦᠯᠦᠭ 100 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠶᠢ ᠴᠠᠭ ᠲᠤᠬᠠᠢ ᠳᠤ ᠨᠢ ᠲᠠᠷᠬᠠᠭᠠᠵᠤ᠂ ᠥᠪᠡᠷ ᠤᠨ ᠦᠷᠳᠡᠭ ᠥᠰᠦᠭᠰᠡᠨ ᠠᠴᠠ ᠪᠣᠯᠵᠤ ᠠᠮᠤ ᠪᠤᠳᠠᠭ᠎ᠠ ᠲᠠᠷᠢᠬᠤ ᠠᠰᠢᠭ ᠣᠷᠣᠯᠭ᠎ᠠ ᠪᠠᠭᠤᠷᠠᠭᠰᠠᠨ ᠢ ᠨᠥᠬᠦᠪᠦᠷᠢᠯᠡᠪᠡ᠃      1547 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ      ● ᠲᠥᠪ ᠤᠨ ᠡᠳ᠋ ᠤᠨ ᠵᠠᠰᠠᠭ ᠠᠴᠠ ᠪᠠᠭᠤᠯᠭᠠᠭᠰᠠᠨ 1547 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠲᠡᠭᠡᠬᠦ ᠲᠣᠭᠲᠠᠴᠠ ᠪᠠᠷ ᠳᠠᠮᠵᠢᠭᠤᠯᠤᠨ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ ᠳᠤ ᠴᠠᠭ ᠲᠤᠬᠠᠢ ᠳᠤ ᠨᠢ ᠲᠤᠭ᠎ᠠ ᠶᠣᠰᠣᠭᠠᠷ ᠨᠢ ᠣᠯᠭᠤᠨ᠎ᠠ᠃      ● ᠭᠠᠮᠰᠢᠭᠳᠠᠭᠰᠠᠨ ᠬᠥᠮᠥᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠠᠪᠤᠷᠠᠨ ᠲᠤᠰᠠᠯᠠᠵᠤ ᠪᠠᠲᠤᠯᠠᠬᠤ ᠴᠢᠬᠤᠯᠠᠲᠠᠢ ᠬᠦᠴᠢᠷᠳᠡᠯᠲᠡᠢ ᠬᠥᠮᠥᠰ ᠢ ᠬᠠᠪᠰᠤᠷᠤᠨ ᠲᠡᠳᠬᠦᠬᠦ ᠠᠵᠢᠯ ᠢ ᠣᠨᠣᠪᠴᠢᠲᠠᠢ ᠰᠠᠶᠢᠲᠤᠷ ᠬᠢᠵᠦ᠂ ᠲᠦᠷ ᠴᠠᠭ ᠤᠨ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠢ ᠬᠠᠨᠳᠤᠯᠭ᠎ᠠ ᠲᠠᠢ ᠪᠠᠷ ᠬᠠᠪᠰᠤᠷᠤᠨ ᠲᠡᠳᠬᠦᠨ᠎ᠡ᠃      ᠡᠳᠡᠭᠡᠷ ᠵᠣᠭᠤᠰ ᠢ ᠬᠤᠶᠢᠰᠢᠯᠠᠭᠤᠯᠵᠤ ᠪᠣᠯᠣᠨ᠎ᠠ ︱      ᠨᠡᠶᠢᠭᠡᠮ ᠤᠨ ᠳᠠᠭᠠᠳᠬᠠᠯ ᠤᠨ ᠵᠠᠷᠤᠳᠠᠯ      ● ᠡᠯ᠎ᠡ ᠵᠦᠢᠯ ᠤᠨ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠤ ᠬᠢᠵᠢᠭ ᠤᠨ ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠤᠢ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠨᠢᠭᠡᠴᠢ ᠶᠢᠨ ᠰᠦᠢᠳᠬᠡᠯ ᠲᠤᠰᠢᠶᠠᠬᠤ ᠬᠡᠰᠡᠭ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠱᠠᠲᠤᠴᠢ ᠴᠢᠨᠠᠷᠲᠠᠢ ᠪᠠᠷ ᠡᠨᠡ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃      ● ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ ᠠᠵᠢᠯ ᠲᠥᠷᠥᠯ ᠳᠤ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠲᠠ ᠳᠤ ᠤᠴᠠᠷᠠᠭᠰᠠᠨ᠂ ᠠᠵᠢᠯ ᠲᠦᠷᠦᠯ ᠤᠨ ᠳᠣᠲᠣᠷᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯᠲᠡᠢ ᠪᠣᠯᠤᠭᠰᠠᠨ᠂ ᠤᠯᠤᠰ ᠤᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ ᠪᠤᠰᠤᠳ ᠣᠨᠴᠠ ᠬᠦᠴᠢᠷᠳᠡᠯᠲᠡᠢ ᠠᠵᠢᠯ ᠲᠦᠷᠦᠯ ᠳᠤ ᠬᠤᠶᠢᠰᠢᠯᠠᠭᠤᠯᠤᠨ ᠲᠤᠰᠢᠶᠠᠬᠤ ᠲᠦᠷᠦ ᠶᠢᠨ ᠪᠣᠳᠣᠯᠭ᠎ᠠ ᠶᠢ ᠥᠷᠭᠡᠳᠬᠡᠨ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠱᠠᠲᠤᠴᠢ ᠴᠢᠨᠠᠷᠲᠠᠢ ᠪᠠᠷ ᠡᠨᠡ ᠵᠢᠯ ᠤᠨ ᠡᠴᠦᠰ ᠪᠣᠯᠲᠠᠯ᠎ᠠ ᠤᠷᠲᠤᠳᠬᠠᠨ᠎ᠠ᠃      ᠬᠤᠪᠢ ᠬᠥᠮᠥᠨ ᠤ ᠣᠷᠣᠨ ᠰᠠᠭᠤᠴᠠ ᠬᠢᠭᠡᠳ ᠬᠡᠷᠡᠭᠯᠡᠭᠡ ᠶᠢᠨ ᠵᠢᠭᠡᠯᠡᠯᠭᠡ ᠵᠡᠷᠭᠡ      ● ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠪᠠᠷᠠᠭᠠᠨ ᠤ ᠲᠡᠷᠭᠡᠨ ᠵᠢᠯᠣᠭᠤᠴᠢ ᠶᠢᠨ ᠵᠢᠭᠡᠯᠡᠯᠭᠡ ᠵᠢᠴᠢ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠤᠪᠢ ᠬᠥᠮᠥᠨ ᠤ ᠣᠷᠣᠨ ᠰᠠᠭᠤᠴᠠ ᠪᠣᠯᠣᠨ ᠬᠡᠷᠡᠭᠯᠡᠭᠡ ᠶᠢᠨ ᠵᠢᠭᠡᠯᠡᠯᠭᠡ ᠵᠡᠷᠭᠡ ᠳᠤ ᠬᠤᠭᠤᠴᠠᠭ᠎ᠠ ᠶᠢ ᠨᠢ ᠬᠤᠶᠢᠰᠢᠯᠠᠭᠤᠯᠤᠨ ᠡᠬᠡ ᠬᠦᠦ ᠶᠢ ᠨᠢ ᠪᠤᠴᠠᠭᠠᠬᠤ ᠶᠢ ᠵᠣᠷᠢᠭᠵᠢᠭᠤᠯᠤᠨ᠎ᠠ᠃      ● ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠦᠷᠭᠦᠯᠵᠢᠯᠡᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠤᠮᠳᠠ ᠵᠢᠵᠢᠭ ᠪᠢᠴᠢᠯ ᠠᠵᠤ ᠠᠬᠤᠶᠢᠯᠠᠯ ︵ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠨ ᠪᠠᠭᠲᠠᠨ᠎ᠠ︶ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠪᠠᠷᠠᠭᠠᠨ ᠤ ᠲᠡᠷᠭᠡᠨ ᠵᠢᠯᠣᠭᠤᠴᠢ ᠨᠠᠷ ᠯᠤᠭ᠎ᠠ ᠪᠡᠶ᠎ᠡ ᠪᠠᠨ ᠳᠠᠭᠠᠭᠠᠨ ᠵᠥᠪᠳᠡᠯᠴᠡᠵᠦ᠂ ᠲᠡᠳᠡᠨ ᠤ ᠵᠢᠭᠡᠯᠡᠯᠭᠡ ᠪᠠᠨ ᠬᠤᠶᠢᠰᠢᠯᠠᠭᠤᠯᠤᠨ ᠡᠬᠡ ᠬᠦᠦ ᠶᠢ  ᠨᠢ ᠪᠤᠴᠠᠭᠠᠵᠤ᠂ ᠬᠤᠶᠢᠰᠢᠯᠠᠭᠤᠯᠪᠠᠯ ᠵᠣᠬᠢᠬᠤ ᠶᠢ ᠨᠢ ᠪᠦᠬᠦᠨ ᠢ ᠬᠤᠶᠢᠰᠢᠯᠠᠭᠤᠯᠬᠤ ᠪᠠᠷ ᠴᠢᠷᠮᠠᠶᠢᠵᠤ᠂ ᠲᠤᠰ ᠤᠳᠠᠭᠠᠨ ᠤ ᠡᠬᠡ ᠬᠦᠦ ᠶᠢ ᠨᠢ ᠬᠤᠶᠢᠰᠢᠯᠠᠭᠤᠯᠤᠨ ᠪᠤᠴᠠᠭᠠᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 2022 ᠣᠨ ᠤ ᠰᠡᠭᠦᠯᠴᠢ ᠠᠴᠠ ᠬᠡᠲᠦᠷᠡᠭᠦᠯᠬᠦ ᠦᠭᠡᠢ᠃      ● ᠲᠥᠪ ᠤᠨ ᠮᠠᠰᠢᠨ ᠲᠡᠷᠭᠡᠨ ᠤ ᠠᠵᠤ ᠠᠬᠤᠶᠢᠯᠠᠯ ᠳᠤ ᠬᠠᠷᠢᠶᠠᠯᠠᠭᠳᠠᠬᠤ ᠮᠥᠩᠭᠦᠨ ᠭᠦᠢᠯᠭᠡᠭᠡᠨ ᠤ ᠰᠠᠯᠪᠤᠷᠢ ᠠᠵᠤ ᠠᠬᠤᠶᠢᠯᠠᠯ ᠤᠳ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ 2022 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠠᠯᠪᠢᠭᠰᠠᠨ ᠬᠤᠳᠠᠯᠳᠤᠭᠠᠨ ᠳᠤ ᠬᠡᠷᠡᠭᠯᠡᠬᠦ ᠪᠠᠷᠠᠭᠠᠨ ᠤ ᠲᠡᠷᠭᠡ ᠶᠢᠨ ᠬᠡᠷᠡᠭᠯᠡᠭᠡ ᠶᠢᠨ ᠵᠢᠭᠡᠯᠡᠯᠭᠡ ᠳᠤ 6 ᠰᠠᠷ᠎ᠠ ᠬᠤᠶᠢᠰᠢᠯᠠᠭᠤᠯᠤᠨ ᠡᠬᠡ ᠬᠦᠦ ᠶᠢ ᠨᠢ ᠪᠤᠴᠠᠭᠠᠬᠤ ᠳᠡᠮᠵᠢᠯᠭᠡ ᠦᠵᠡᠭᠦᠯᠦᠨ᠎ᠡ᠃      ● ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠤᠶᠤ ᠲᠤᠰᠠᠭᠠᠷᠯᠠᠭᠳᠠᠭᠰᠠᠨ᠂ ᠬᠢᠵᠢᠭ ᠤᠨ ᠪᠠᠶᠢᠳᠠᠯ ᠤᠨ ᠨᠥᠯᠥᠭᠡ ᠪᠠᠷ ᠲᠤᠰᠠᠭᠠᠷᠯᠠᠨ ᠠᠵᠢᠭᠯᠠᠭᠳᠠᠭᠰᠠᠨ ᠪᠤᠶᠤ ᠣᠷᠣᠯᠭ᠎ᠠ ᠶᠢᠨ ᠢᠷᠡᠯᠲᠡ ᠪᠠᠨ ᠠᠯᠳᠠᠭᠰᠠᠨ ᠬᠥᠮᠥᠰ ᠲᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠲᠡᠭᠦᠨ ᠤ ᠦᠷᠭᠦᠯᠵᠢᠯᠡᠨ ᠣᠷᠣᠰᠢᠵᠤ ᠪᠠᠶᠢᠭ᠎ᠠ ᠬᠤᠪᠢ ᠬᠥᠮᠥᠨ ᠤ ᠣᠷᠣᠨ ᠰᠠᠭᠤᠴᠠ᠂ ᠬᠡᠷᠡᠭᠯᠡᠭᠡ ᠵᠡᠷᠭᠡ ᠵᠢᠭᠡᠯᠡᠯᠭᠡ ᠳᠤ ᠵᠣᠭᠤᠰ ᠪᠤᠴᠠᠭᠠᠬᠤ ᠴᠠᠭ ᠢ ᠨᠢ ᠵᠣᠬᠢᠰᠲᠠᠢ ᠬᠤᠶᠢᠰᠢᠯᠠᠭᠤᠯᠬᠤ᠂ ᠵᠢᠭᠡᠯᠡᠯᠭᠡ ᠶᠢᠨ ᠬᠤᠭᠤᠴᠠᠭ᠎ᠠ ᠶᠢ ᠨᠢ ᠤᠷᠲᠤᠳᠬᠠᠬᠤ᠂ ᠡᠬᠡ ᠮᠥᠩᠭᠦ ᠶᠢ ᠨᠢ ᠬᠤᠶᠢᠰᠢᠯᠠᠭᠤᠯᠤᠨ ᠪᠤᠴᠠᠭᠠᠬᠤ ᠵᠡᠷᠭᠡ ᠠᠷᠭ᠎ᠠ ᠶᠢ ᠠᠮᠢᠳᠤᠯᠢᠭ ᠢᠶᠠᠷ ᠬᠡᠷᠡᠭᠯᠡᠨ ᠵᠣᠭᠤᠰ ᠪᠤᠴᠠᠭᠠᠬᠤ ᠲᠥᠯᠥᠪᠯᠡᠭᠡ ᠳᠤ ᠲᠣᠬᠢᠷᠠᠭᠤᠯᠤᠯᠲᠠ ᠬᠢᠨ᠎ᠡ᠃      ● ᠬᠤᠭᠤᠴᠠᠭ᠎ᠠ ᠤᠷᠲᠤᠳᠬᠠᠭᠰᠠᠨ ᠵᠢᠭᠡᠯᠡᠯᠭᠡ ᠳᠤ ᠮᠥᠨ ᠴᠢᠨᠠᠷ ᠤᠨ ᠠᠶᠤᠯ ᠲᠦᠭᠰᠢᠭᠦᠷᠢ ᠶᠢᠨ ᠮᠠᠭᠠᠳᠯᠠᠯᠲᠠ ᠬᠢᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠡᠯᠧᠮᠧᠨ᠋ᠲ ᠠᠴᠠ ᠪᠣᠯᠵᠤ ᠵᠢᠭᠡᠯᠡᠯᠭᠡ ᠶᠢᠨ ᠠᠶᠤᠯ ᠲᠦᠭᠰᠢᠭᠦᠷᠢ ᠶᠢᠨ ᠠᠩᠭᠢᠯᠠᠯ ᠢ ᠠᠰ ᠲᠤ ᠨᠢ ᠪᠠᠭᠤᠷᠠᠭᠤᠯᠬᠤ ᠦᠭᠡᠢ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠡᠮᠳᠡᠭᠯᠡᠯ ᠢ ᠨᠥᠯᠥᠭᠡᠯᠡᠬᠦ ᠦᠭᠡᠢ ᠪᠥᠭᠡᠳ ᠲᠣᠷᠭᠠᠭᠤᠯᠢ ᠶᠢᠨ ᠬᠦᠦ ᠮᠥᠩᠭᠦ ᠬᠤᠷᠢᠶᠠᠬᠤ ᠶᠢ ᠬᠡᠯᠲᠦᠷᠢᠭᠦᠯᠦᠨ᠎ᠡ᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ      ● ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠤᠶᠢᠰᠢᠯᠠᠭᠤᠯᠤᠨ ᠲᠤᠰᠢᠶᠠᠯᠭᠠᠬᠤ ᠪᠠᠷ ᠭᠤᠶᠤᠴᠢᠯᠠᠵᠤ ᠪᠣᠯᠣᠨ᠎ᠠ᠂ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠨᠥᠬᠦᠵᠦ ᠲᠤᠰᠢᠶᠠᠯᠭᠠᠨ᠎ᠠ᠃      ● ᠡᠨᠡ ᠬᠦ ᠬᠤᠭᠤᠴᠠᠭᠠᠨ ᠳᠤ ᠲᠤᠰᠢᠶᠠᠨ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠬᠡᠪ ᠤᠨ ᠶᠣᠰᠣᠭᠠᠷ ᠭᠠᠷᠭᠠᠨ ᠠᠪᠬᠤ ᠪᠠ ᠭᠤᠶᠤᠴᠢᠯᠠᠵᠤ᠂ ᠬᠤᠶᠢᠰᠢᠯᠠᠭᠤᠯᠤᠨ ᠲᠤᠰᠢᠶᠠᠭᠰᠠᠨ ᠨᠥᠯᠥᠭᠡ ᠶᠢ ᠬᠦᠷᠲᠡᠬᠦ ᠦᠭᠡᠢ᠃      ● ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠲᠤᠰᠢᠶᠠᠨ ᠬᠠᠳᠠᠭᠠᠯᠠᠭᠤᠯᠤᠭᠴᠢ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠᠨ ᠬᠡᠪ ᠤᠨ ᠪᠠᠶᠢᠳᠠᠯ ᠢᠶᠠᠷ ᠪᠤᠴᠠᠭᠠᠵᠤ ᠳᠡᠶᠢᠯᠬᠦ ᠦᠭᠡᠢ ᠪᠣᠯ ᠬᠤᠭᠤᠴᠠᠭ᠎ᠠ ᠬᠡᠲᠦᠷᠡᠭᠦᠯᠦᠭᠰᠡᠨ ᠳᠤ ᠲᠣᠭᠠᠴᠠᠬᠤ ᠦᠭᠡᠢ᠂ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠦᠭᠡᠢ᠃      ● ᠡᠯ᠎ᠡ ᠭᠠᠵᠠᠷ ᠣᠷᠣᠨ ᠤ ᠬᠢᠨ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠡᠷ ᠤᠨ ᠲᠦᠷᠢᠶᠡᠰᠦ ᠪᠠᠷ ᠲᠤᠰᠢᠶᠠᠬᠤ ᠭᠠᠷᠭᠠᠨ ᠠᠪᠬᠤ ᠲᠤᠭ᠎ᠠ ᠶᠢ ᠳᠡᠭᠡᠭᠰᠢᠯᠡᠭᠦᠯᠵᠦ᠂ ᠪᠣᠳᠠᠲᠠᠢ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃      ᠡᠳᠡᠭᠡᠷ ᠵᠣᠭᠤᠰ ᠢ ᠬᠠᠰᠤᠵᠤ ᠬᠡᠯᠲᠦᠷᠢᠭᠦᠯᠵᠦ ᠪᠣᠯᠣᠨ᠎ᠠ ︱      ᠭᠡᠷ ᠪᠠᠶᠢᠰᠢᠩ ᠤᠨ ᠲᠦᠷᠢᠶᠡᠰᠦᠨ ᠮᠥᠩᠭᠦ      ● 2022 ᠣᠨ ᠳᠤ ᠦᠢᠯᠡᠴᠢᠯᠡᠭᠡᠨ ᠤ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠦᠷᠢᠶᠡᠰᠦᠯᠡᠭᠰᠡᠨ ᠤᠯᠤᠰ ᠤᠨ ᠥᠮᠴᠢᠯᠡᠯᠲᠦ ᠭᠡᠷ ᠪᠠᠶᠢᠰᠢᠩ ᠠᠴᠠ 3 ︱ 6 ᠰᠠᠷ᠎ᠠ ᠶᠢᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ︔ ᠲᠦᠷᠢᠶᠡᠰᠦᠯᠡᠭᠦᠯᠦᠭᠴᠢ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠪᠣᠯ ᠲᠣᠭᠲᠠᠭᠠᠯ ᠶᠣᠰᠣᠭᠠᠷ ᠲᠣᠰ ᠵᠢᠯ ᠤᠨ ᠭᠡᠷ ᠬᠥᠷᠥᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠶᠢ ᠨᠢ ᠬᠠᠰᠤᠵᠤ ᠬᠡᠯᠲᠦᠷᠢᠭᠦᠯᠬᠦ ᠶᠢᠨ ᠬᠠᠮᠲᠤ᠂ ᠤᠯᠤᠰ ᠤᠨ ᠥᠮᠴᠢᠯᠡᠯᠲᠦ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠲᠦᠷᠢᠶᠡᠰᠦᠯᠡᠭᠦᠯᠦᠭᠴᠢ ᠳᠤ ᠬᠡᠷᠡᠭᠴᠡᠭᠡ ᠶᠢ ᠨᠢ ᠦᠨᠳᠦᠰᠦᠯᠡᠨ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠪᠠᠷ ᠵᠢᠭᠡᠯᠡᠯᠭᠡ ᠳᠠᠨᠵᠢᠯᠠᠬᠤ ᠵᠡᠷᠭᠡ ᠳᠡᠮᠵᠢᠯᠭᠡ ᠦᠵᠡᠭᠦᠯᠦᠨ᠎ᠡ᠃      ● ᠤᠯᠤᠰ ᠤᠨ ᠥᠮᠴᠢᠯᠡᠯᠲᠦ ᠪᠤᠰᠤ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠭᠰᠡᠨ ᠪᠣᠯ ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠠᠳᠠᠯᠢᠬᠠᠨ ᠬᠦᠷᠲᠡᠵᠦ ᠪᠣᠯᠣᠨ᠎ᠠ᠃      ● ᠡᠯ᠎ᠡ ᠭᠠᠵᠠᠷ ᠣᠷᠣᠨ ᠤ ᠬᠢᠨ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃      ᠡᠳᠡᠭᠡᠷ ᠵᠣᠭᠤᠰ ᠢ ᠪᠠᠭᠤᠷᠠᠭᠤᠯᠬᠤ ᠪᠠᠷ ᠪᠣᠢ ︱      ᠤᠰᠤ ᠴᠠᠬᠢᠯᠭᠠᠨ ᠰᠦᠯᠵᠢᠶ᠎ᠡ ᠬᠡᠷᠡᠭᠯᠡᠬᠦ ᠵᠡᠷᠭᠡ ᠶᠢᠨ ᠥᠪᠡᠷ ᠤᠨ ᠦᠷᠲᠡᠭ      ● ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠳᠤ ︽ᠰᠦᠢᠳᠬᠡᠯ ᠥᠷᠢᠲᠦᠪᠡᠴᠦ ᠬᠠᠩᠭᠠᠯᠭ᠎ᠠ ᠶᠢ ᠵᠣᠭᠰᠣᠭᠠᠬᠤ ᠦᠭᠡᠢ︾ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠢᠳᠬᠡᠯ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 6 ᠰᠠᠷ᠎ᠠ ᠪᠣᠯᠭᠠᠨ ᠲᠣᠭᠲᠠᠭᠠᠬᠤ ᠶᠢᠨ ᠬᠠᠮᠲᠤ ᠲᠤᠬᠠᠢ ᠶᠢᠨ ᠭᠠᠵᠠᠷ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ ᠴᠢᠨᠠᠭᠰᠢᠳᠠ ᠤᠷᠲᠤᠳᠬᠠᠵᠤ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠰᠦᠢᠳᠬᠡᠯ ᠥᠷᠢᠲᠦᠵᠦ ᠬᠤᠭᠤᠴᠠᠭ᠎ᠠ ᠰᠠᠭᠠᠲᠠᠭᠤᠯᠤᠭᠰᠠᠨ ᠮᠥᠩᠭᠦ ᠬᠤᠷᠢᠶᠠᠬᠤ ᠠᠴᠠ ᠬᠡᠯᠲᠦᠷᠢᠭᠦᠯᠵᠦ ᠪᠣᠯᠣᠨ᠎ᠠ᠃      ● ᠣᠷᠣᠨ ᠨᠤᠲᠤᠭ ᠢ ᠵᠢᠭᠠᠨ ᠵᠢᠯᠤᠭᠤᠳᠴᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠰᠤ ᠴᠠᠬᠢᠯᠭᠠᠨ ᠬᠡᠢ ᠵᠡᠷᠭᠡ ᠶᠢᠨ ᠵᠠᠷᠤᠳᠠᠯ ᠳᠤ ᠨᠥᠬᠦᠪᠦᠷᠢ ᠣᠯᠭᠤᠨ᠎ᠠ᠃ ᠬᠤᠳᠠ ᠪᠠᠯᠭᠠᠰᠤᠨ ᠤ ᠤᠰᠤ ᠴᠠᠬᠢᠯᠭᠠᠨ ᠬᠡᠢ ᠢᠯᠴᠢ ᠬᠠᠩᠭᠠᠬᠤ ᠵᠡᠷᠭᠡ ᠠᠵᠢᠯ ᠲᠦᠷᠦᠯ ᠤᠨ ᠬᠤᠷᠢᠶᠠᠬᠤ ᠰᠦᠢᠳᠬᠡᠯ ᠢ ᠢᠯᠭᠠᠷᠠᠭᠤᠯᠤᠨ ᠵᠢᠷᠤᠮᠵᠢᠭᠤᠯᠵᠤ᠂ ᠵᠣᠬᠢᠰ ᠦᠭᠡᠢ ᠰᠦᠢᠳᠬᠡᠯ ᠢ ᠬᠦᠴᠦᠨ ᠦᠭᠡᠢ ᠪᠣᠯᠭᠠᠵᠤ᠂ ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ ᠪᠠ ᠡᠵᠡᠩᠨᠡᠭᠴᠢ ᠶᠢᠨ ᠦᠨ᠎ᠡ ᠬᠠᠩᠰᠢ ᠪᠠᠷ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠦᠯᠡᠳᠡᠭᠡᠭᠰᠡᠨ ᠰᠦᠢᠳᠬᠡᠯ ᠬᠤᠷᠢᠶᠠᠬᠤ ᠵᠦᠢᠯᠡᠰ ᠲᠤ ᠨᠠᠷᠢᠨ ᠬᠠᠭᠤᠳᠠᠰᠤ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃      ● 2022 ᠣᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠷᠭᠡᠨ ᠪᠦᠰᠡ ᠪᠠ ᠲᠤᠰᠬᠠᠢ ᠱᠤᠭᠤᠮ ᠤᠨ ᠳᠤᠮᠳᠠᠴᠢ ᠵᠠᠷᠤᠳᠠᠯ ᠢ ᠳᠠᠬᠢᠨᠲᠠ 10% ᠪᠠᠷ ᠪᠠᠭᠤᠷᠠᠭᠤᠯᠤᠨ᠎ᠠ᠃      ● ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠤ ᠪᠠᠲᠤᠯᠠᠭ᠎ᠠ ᠶᠢᠨ ᠪᠢᠴᠢᠭ ︵ᠳᠠᠭᠠᠳᠬᠠᠯ ︶ ᠢᠶᠠᠷ ᠪᠡᠯᠡᠨ ᠵᠣᠭᠤᠰ ᠢ ᠣᠷᠣᠯᠠᠭᠤᠯᠤᠨ ᠳᠠᠭᠠᠭᠠᠴᠢᠯᠠᠯᠲᠠ ᠬᠦᠯᠢᠶᠡᠬᠦ᠂ ᠭᠡᠷ᠎ᠡ ᠭᠦᠢᠴᠡᠳᠬᠡᠬᠦ᠂ ᠪᠠᠷᠢᠯᠭ᠎ᠠ ᠶᠢᠨ ᠶᠠᠰᠤ ᠴᠢᠨᠠᠷ ᠵᠡᠷᠭᠡ ᠪᠠᠲᠤᠯᠠᠭ᠎ᠠ ᠶᠢᠨ ᠮᠥᠩᠭᠦ ᠲᠤᠰᠢᠶᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠭᠴᠢ ᠠᠴᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠭᠴᠢ ᠶᠢᠨ ᠳᠠᠭᠠᠭᠠᠴᠢᠯᠠᠯᠲᠠ ᠬᠦᠯᠢᠶᠡᠬᠦ ᠳᠠᠭᠠᠭᠠᠯᠲᠠ ᠶᠢ ᠬᠡᠯᠲᠦᠷᠢᠭᠦᠯᠬᠦ ᠶᠢ ᠵᠣᠷᠢᠭᠵᠢᠭᠤᠯᠤᠨ᠎ᠠ᠃      ᠡᠳᠡᠭᠡᠷ ᠶᠠᠪᠤᠳᠠᠯ ᠳᠤ ᠵᠣᠭᠤᠰ ᠵᠠᠷᠤᠴᠠᠭᠤᠯᠬᠤ ᠦᠭᠡᠢ ︱      ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ᠂ ᠲᠦᠷᠭᠡᠨ ᠬᠦᠷᠭᠡᠭᠴᠢ᠂ ᠣᠩᠭᠤᠴᠠᠴᠢᠨ ᠣᠨᠳᠣᠣ ᠭᠠᠵᠠᠷ ᠤᠨ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠨ ᠬᠡᠮᠵᠢᠬᠦ ᠴᠡᠭ ᠲᠤ ᠬᠦᠷᠴᠦ ᠪᠥᠭᠡᠮ ᠬᠦᠴᠢᠯ ᠪᠠ ᠠᠨᠲ᠋ᠢᠭᠧᠡ ᠪᠠᠶᠢᠴᠠᠭᠠᠯᠭᠠᠬᠤ ᠳᠤ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠪᠠᠷ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠠᠳᠠᠯᠢ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠬᠡᠷᠡᠭᠰᠡᠬᠦ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠠᠴᠠ ᠪᠠᠲᠤᠯᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号