ᠡᠨᠡ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠡᠳᠡᠭᠡᠷ ᠴᠢᠬᠤᠯᠠ ᠵᠦᠢᠯ ᠢ ᠳᠤᠷᠠᠳᠴᠠᠢ
ᠨᠡᠶᠢᠲᠡᠯᠡᠭᠰᠡᠨ ᠴᠠᠭ᠄
2022/6/8
     ᠲᠦᠷᠦ ᠶᠢᠨ ᠪᠣᠳᠣᠯᠭ᠎ᠠ Q&A      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 5 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠪᠠᠶᠢᠷᠢᠯᠠᠭᠤᠯᠤᠭᠰᠠᠨ ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠪᠡ᠃ ᠬᠠᠮᠲᠤ ᠪᠠᠷ ᠠᠩᠬᠠᠷᠤᠯ ᠳᠤ ᠪᠠᠨ ᠠᠪᠴᠠᠭᠠᠶ᠎ᠠ ︱      Q1      Q᠄ ᠳᠠᠷᠠᠭᠠᠴᠢ ᠶᠢᠨ ᠠᠯᠬᠤᠮ ᠳᠤ ᠶᠠᠭᠠᠬᠢᠵᠤ ᠬᠢᠬᠦ ᠪᠣᠢ︖      A᠄      ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ ᠠᠯᠢ ᠲᠦᠷᠭᠡᠨ ᠢᠶᠠᠷ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠷᠢᠳ ᠢᠶᠠᠷ ᠬᠦᠴᠦᠯᠡᠵᠦ᠂ ᠵᠦᠢ ᠵᠣᠬᠢᠰᠲᠠᠢ ᠬᠦᠴᠦ ᠨᠡᠮᠡᠨ᠂ ᠠᠵᠤ ᠠᠬᠤᠢ ᠶᠢᠨ ᠡᠷᠭᠢᠯᠲᠡ ᠶᠢ ᠬᠢᠵᠠᠭᠠᠷᠯᠠᠵᠤ ᠪᠠᠶᠢᠭ᠎ᠠ ᠬᠤᠷᠢᠭ᠎ᠠ ᠲᠦᠭᠵᠢᠷᠡᠯ ᠢ ᠬᠦᠴᠦᠯᠡᠨ ᠨᠠᠪᠲᠠᠷᠡᠭᠦᠯᠵᠦ᠂ ᠪᠦᠲᠦᠮᠵᠢᠲᠡᠶ ᠬᠡᠷᠡᠭᠴᠡᠭᠡ ᠶᠢ ᠵᠣᠬᠢᠰᠲᠠᠢ ᠥᠷᠭᠡᠳᠬᠡᠨ᠂ ᠠᠮᠤ ᠪᠤᠳᠠᠭ᠎ᠠ᠂ ᠡᠨᠧᠷᠭᠢ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠣᠭᠲᠠᠭᠤᠨ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠨ᠎ᠠ᠃      Q2      Q᠄ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠭᠦᠢᠯᠭᠡᠭᠡᠨ ᠲᠠᠢ ᠪᠣᠯᠭᠠᠭᠰᠠᠨ ᠦᠯᠡᠳᠡᠭᠡᠯ ᠡᠳ᠋ ᠬᠥᠷᠥᠩᠭᠡ ᠶᠢ ᠬᠠᠮᠢᠭᠠᠰᠢ ᠪᠠᠨ ᠣᠷᠣᠭᠤᠯᠬᠤ ᠪᠣᠢ︖ ᠪᠦᠲᠦᠮᠵᠢᠲᠡᠢ ᠪᠡᠯᠡ ᠣᠷᠣᠭᠤᠯᠤᠯᠲᠠ ᠶᠢ ᠬᠡᠷᠬᠢᠨ ᠪᠡᠶᠡᠯᠡᠭᠦᠯᠬᠦ ᠪᠤᠢ︖      A᠄      ᠠᠵᠤ ᠠᠬᠤᠢ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠣᠶᠢᠷ᠎ᠠ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ︽ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠭᠦᠢᠯᠭᠡᠭᠡᠨ ᠲᠠᠢ ᠪᠣᠯᠭᠠᠵᠤ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠲᠤᠬᠠᠢ ᠰᠠᠨᠠᠯ︾ ᠢ ᠨᠡᠶᠢᠲᠡᠯᠡᠨ ᠬᠡᠷᠡᠭᠵᠢᠭᠦᠯᠬᠦ ᠪᠠᠷ ᠳᠡᠪᠰᠢᠭᠦᠯᠦᠨ ᠮᠡᠳᠡᠭᠦᠯᠪᠡ᠃ ᠦᠯᠡᠳᠡᠭᠡᠯ ᠡᠳ᠋ ᠬᠥᠷᠥᠩᠭᠡ ᠶᠢ ᠭᠦᠢᠯᠭᠡᠭᠡᠨ ᠲᠠᠢ ᠪᠣᠯᠭᠠᠬᠤ ᠳᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠭᠤᠣᠯᠳᠠᠯᠭ᠎ᠠ ᠲᠠᠢ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠰᠢᠨ᠎ᠡ ᠪᠦᠲᠦᠮᠵᠢᠲᠡᠶ ᠪᠡᠯᠡ ᠣᠷᠣᠭᠤᠯᠤᠯᠲᠠ ᠶᠢ ᠪᠣᠶ ᠪᠣᠯᠭᠠᠵᠤ᠂ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ᠃      ᠨᠢᠭᠡ ᠳᠤ᠂ ᠪᠡᠯᠡ ᠣᠷᠣᠭᠤᠯᠤᠯᠲᠠ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠪᠤᠶᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠦᠢᠯᠭᠡᠭᠡᠨ ᠲᠠᠢ ᠪᠣᠯᠭᠠᠭᠰᠠᠨ ᠦᠯᠡᠳᠡᠭᠡᠯ ᠡᠳ᠋ ᠬᠥᠷᠥᠩᠭᠡ ᠶᠢᠨ ᠪᠤᠴᠠᠭᠠᠨ ᠬᠤᠷᠢᠶᠠᠬᠤ ᠪᠡᠯᠡ ᠮᠥᠩᠭᠦ ᠶᠢ ᠭᠤᠣᠯᠳᠠᠭᠤ ᠭᠤᠣᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ 102 ᠵᠦᠢᠯ ᠤᠨ ᠴᠢᠬᠤᠯᠠ ᠶᠡᠭᠡ ᠢᠨᠵᠧᠨᠧᠷᠢᠩ ᠵᠡᠷᠭᠡ ᠶᠢ ᠨᠠᠷᠢᠯᠢᠭ ᠣᠨᠣᠴᠠᠲᠠᠢ ᠪᠠᠷ ᠪᠦᠲᠦᠮᠵᠢᠲᠡᠶ ᠳᠡᠮᠵᠢᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠪᠣᠶ ᠪᠣᠯᠭᠠᠬᠤ ᠬᠡᠷᠡᠭᠲᠡᠢ᠃      ᠬᠤᠶᠠᠷ ᠲᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠬᠦ ᠬᠡᠷᠡᠭᠲᠡᠢ᠃ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠡᠷᠡᠭᠯᠡᠬᠦ ᠳᠤ᠂ ᠡᠮᠦᠨᠡᠬᠢ ᠬᠤᠭᠤᠴᠠᠭᠠᠨ ᠤ ᠠᠵᠢᠯ ᠢ ᠲᠥᠷᠭᠡᠳᠬᠡᠨ ᠠᠬᠢᠭᠤᠯᠵᠤ᠂ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠂ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠵᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ ᠦᠷ᠎ᠡ ᠠᠰᠢᠭ ᠢ ᠡᠷᠲᠡᠬᠡᠨ ᠪᠠᠳᠠᠷᠠᠭᠤᠯᠬᠤ ᠬᠡᠷᠡᠭᠲᠡᠢ᠃      ᠭᠤᠷᠪᠠ ᠳᠤ᠂ ᠢᠵᠢ ᠪᠦᠷᠢᠳᠦᠭᠦᠯᠬᠦ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢ ᠲᠣᠬᠢᠷᠠᠭᠤᠯᠬᠤ ᠳᠤ ᠪᠠᠨ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ ᠣᠷᠣᠭᠤᠯᠤᠭᠰᠠᠨ ᠰᠢᠨ᠎ᠡ ᠲᠥᠷᠥᠯ ᠵᠦᠢᠯ ᠳᠤ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠳᠡᠮᠵᠢᠯᠭᠡ ᠦᠵᠡᠭᠦᠯᠵᠦ ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠪᠠᠰᠠ ᠲᠣᠭᠲᠠᠭᠠᠯ ᠶᠣᠰᠣᠭᠠᠷ ᠰᠢᠨ᠎ᠡ ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ ᠪᠣᠯᠣᠨ᠎ᠠ᠃ ᠡᠭᠦᠨ ᠤ ᠬᠠᠮᠲᠤ᠂ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃      Q3      Q᠄ ᠶᠠᠮᠠᠷ ᠶᠠᠮᠠᠷ ᠠᠵᠢᠯ ᠲᠦᠷᠦᠯ᠂ ᠶᠠᠮᠠᠷ ᠶᠠᠮᠠᠷ ᠭᠠᠵᠠᠷ ᠣᠷᠣᠨ ᠤ ᠬᠢᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠵᠤ ᠪᠣᠯᠬᠤ ᠪᠤᠢ︖      A᠄      ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠪᠣᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃ ᠡᠮᠦᠨᠡᠬᠢ ᠬᠤᠭᠤᠴᠠᠭᠠᠨ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠠᠢ ᠬᠠᠮᠲᠤᠷᠠᠨ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ ᠠᠵᠢᠯ ᠲᠥᠷᠥᠯ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠭᠤᠷᠪᠠᠨ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠡᠭᠦᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ 3 ᠰᠠᠷ᠎ᠠ ᠪᠠᠶᠢᠵᠤ᠂ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ 1 ᠵᠢᠯ ᠠᠴᠠ ᠬᠡᠲᠦᠷᠡᠬᠦ ᠦᠭᠡᠢ᠃      ᠲᠣᠰ ᠤᠳᠠᠭ᠎ᠠ ᠶᠢᠨ ᠬᠤᠶᠢᠰᠢᠯᠠᠭᠤᠯᠤᠨ ᠲᠤᠰᠢᠶᠠᠬᠤ ᠬᠡᠪᠴᠢᠶ᠎ᠡ ᠶᠢ ᠥᠷᠭᠡᠳᠬᠡᠬᠦ ᠳᠤ ᠭᠤᠣᠯᠳᠠᠭᠤ ᠬᠤᠶᠠᠷ ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠦᠨᠳᠦ ᠨᠣᠴᠢᠲᠠᠢ ᠬᠦᠷᠲᠡᠭᠰᠡᠨ ᠭᠠᠵᠠᠷ ᠣᠷᠣᠨ ᠤ ᠦᠢᠯᠡᠳᠪᠦᠷᠢᠯᠡᠯ ᠡᠵᠡᠩᠨᠡᠯᠲᠡ ᠳᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠪᠣᠶ ᠪᠦᠬᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠪᠠᠶᠢᠭᠤᠯᠭ᠎ᠠ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠪᠠᠶᠢᠭᠤᠯᠭ᠎ᠠ ᠨᠢᠭᠡᠴᠢ ᠶᠢᠨ ᠲᠤᠰᠢᠶᠠᠬᠤ ᠬᠡᠰᠡᠭ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠬᠡᠷᠡᠭᠵᠢᠭᠦᠯᠦᠨ᠎ᠡ᠃ ᠬᠤᠶᠠᠷ ᠲᠤ᠂ 5 ᠣᠨᠴᠠ ᠬᠦᠴᠢᠷᠳᠡᠯ ᠲᠠᠢ ᠠᠵᠢᠯ ᠲᠥᠷᠥᠯ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠲᠠ ᠳᠤ ᠤᠴᠠᠷᠠᠭᠰᠠᠨ᠂ ᠠᠵᠢᠯ ᠲᠥᠷᠥᠯ ᠤᠨ ᠳᠣᠲᠣᠭᠠᠳᠤ ᠳᠠᠬᠢ ᠶᠡᠭᠡ ᠬᠡᠪᠴᠢᠶ᠎ᠡ ᠪᠠᠷ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯ ᠲᠠᠢ ᠪᠣᠯᠤᠭᠰᠠᠨ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ ᠪᠤᠰᠤᠳ ᠣᠨᠴᠠ ᠬᠦᠴᠢᠷᠳᠡᠯ ᠲᠠᠢ ᠠᠵᠢᠯ ᠲᠥᠷᠥᠯ ᠳᠤ ᠬᠦᠷᠲᠡᠯ᠎ᠡ ᠤᠯᠠᠮ ᠨᠢᠭᠡ ᠠᠯᠬᠤᠮ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ 2022 ᠣᠨ ᠤ ᠵᠢᠯ ᠤᠨ ᠡᠴᠦᠰ ᠪᠣᠯᠲᠠᠯ᠎ᠠ ᠬᠡᠷᠡᠭᠵᠢᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠨᠢᠭᠡ ᠵᠢᠯ ᠠᠴᠠ ᠬᠡᠲᠦᠷᠡᠭᠦᠯᠬᠦ ᠦᠭᠡᠢ᠃ ᠤᠤᠯ ᠤᠨ ᠲᠣᠳᠣᠷᠬᠠᠢ ᠲᠣᠭᠲᠠᠭᠠᠭᠰᠠᠨ 5 ᠣᠨᠴᠠ ᠬᠦᠴᠢᠷᠳᠡᠯᠲᠡᠢ ᠠᠵᠢᠯ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠵᠢᠯ ᠤᠨ ᠡᠴᠦᠰ ᠪᠣᠯᠲᠠᠯ᠎ᠠ ᠵᠣᠬᠢᠴᠠᠩᠭᠤᠢ ᠪᠠᠷ ᠤᠷᠲᠤᠳᠬᠠᠨ᠎ᠠ᠃ ᠣᠷᠣᠨ ᠪᠦᠰᠡ ᠶᠢᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠳᠤ ᠰᠢᠭᠤᠳ ᠨᠥᠯᠥᠭᠡᠯᠡᠭᠳᠡᠭᠰᠡᠨ ᠭᠠᠵᠠᠷ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠤ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶ᠎ᠡ ᠳᠤ ᠪᠠᠭᠲᠠᠭᠠᠵᠤ ᠪᠣᠯᠣᠨ᠎ᠠ︔ ᠠᠵᠢᠯ ᠲᠥᠷᠥᠯ ᠤᠨ ᠲᠠᠯ᠎ᠠ ᠠᠴᠠ ᠠᠪᠴᠤ ᠬᠡᠯᠡᠪᠡᠯ᠂ ᠬᠡᠳᠦᠶᠢᠪᠡᠷ ᠬᠢᠵᠢᠭ ᠤᠨ ᠪᠠᠶᠢᠳᠠᠯ ᠬᠦᠨᠳᠦ ᠨᠣᠴᠢᠲᠠᠢ ᠭᠠᠵᠠᠷ ᠣᠷᠣᠨ ᠳᠤ ᠪᠠᠶᠢᠬᠤ ᠦᠭᠡᠢ ᠪᠣᠯᠪᠠᠴᠤ ᠪᠦᠬᠦᠶᠢᠯᠡ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠨᠥᠯᠥᠭᠡ ᠠᠴᠠ ᠪᠣᠯᠵᠤ᠂ ᠦᠢᠯᠡᠳᠪᠦᠷᠢᠯᠡᠯ ᠡᠵᠡᠩᠨᠡᠯᠲᠡ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ ᠳᠤ ᠠᠵᠢᠯ ᠲᠥᠷᠥᠯ ᠤᠨ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠣᠯᠣᠨ᠎ᠠ᠃      Q4      Q᠄ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ ᠳᠤ ᠶᠠᠮᠠᠷ ᠶᠠᠮᠠᠷ ᠰᠢᠨ᠎ᠡ ᠪᠠᠶᠢᠷᠢᠯᠠᠭᠤᠯᠤᠯᠲᠠ ᠪᠠᠶᠢᠬᠤ ᠪᠣᠶ︖      A᠄      ᠨᠢᠭᠡ ᠳᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠪᠠᠷᠢᠮᠵᠢᠶ᠎ᠠ ᠶᠢ ᠨᠡᠩ ᠥᠨᠳᠥᠷ ᠪᠣᠯᠭᠠᠪᠠ᠃ ᠠᠵᠤ ᠠᠬᠤᠶᠢᠯᠠᠯ ᠢ ᠵᠣᠷᠢᠭᠵᠢᠭᠤᠯᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ᠡᠮᠦᠨᠡᠬᠢ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ ᠢ 60% ᠪᠠᠶᠢᠭᠰᠠᠨ ᠠᠴᠠ 90% ᠪᠣᠯᠭᠠᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠬᠡᠰᠡᠭ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠣᠳᠠᠲᠠᠢ ᠪᠠᠶᠢᠳᠠᠯ ᠢ ᠪᠣᠳᠣᠯᠬᠢᠯᠠᠨ᠂ ᠲᠣᠰ ᠤᠳᠠᠭ᠎ᠠ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠤᠴᠠᠭᠠᠬᠤ ᠬᠠᠷᠢᠴᠠᠯ ᠢ 30% ᠪᠠᠶᠢᠭᠰᠠᠨ ᠠᠴᠠ 50% ᠪᠣᠯᠭᠠᠨ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠶᠢ ᠳᠡᠮᠵᠢᠪᠡ᠃      ᠬᠤᠶᠠᠷ ᠲᠤ᠂ ᠠᠵᠢᠯᠴᠢᠨ ᠢ ᠦᠯᠡᠳᠡᠭᠡᠬᠦ ᠨᠥᠬᠦᠪᠦᠷᠢ ᠶᠢᠨ ᠬᠡᠪᠴᠢᠶ᠎ᠡ ᠶᠢ ᠨᠡᠩ ᠥᠷᠭᠡᠨ ᠪᠣᠯᠭᠠᠪᠠ᠃ ᠨᠡᠩ ᠣᠯᠠᠨ ᠠᠵᠤ ᠠᠬᠤᠶᠢᠯᠠᠯ ᠤᠨ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠤᠨ ᠠᠵᠢᠯᠴᠢᠨ ᠢ ᠦᠯᠡᠳᠡᠭᠡᠵᠦ᠂ ᠬᠦᠴᠢᠷᠳᠡᠯ ᠢᠶᠠᠨ ᠰᠢᠢᠳᠪᠦᠷᠢᠯᠡᠬᠦ ᠶᠢ ᠳᠡᠮᠵᠢᠬᠦ ᠶᠢᠨ ᠲᠥᠯᠥᠭᠡ᠂ ᠨᠢᠭᠡ ᠯᠡ ᠤᠳᠠᠭ᠎ᠠ ᠶᠢᠨ ᠴᠢᠨᠠᠷᠲᠠᠢ ᠠᠵᠢᠯᠴᠢᠨ ᠦᠯᠡᠳᠡᠭᠡᠬᠦ ᠨᠥᠬᠦᠪᠦᠷᠢ ᠶᠢᠨ ᠠᠰᠢᠭ ᠭᠥᠷᠳᠡᠬᠦ ᠬᠡᠪᠴᠢᠶ᠎ᠡ ᠶᠢ ᠥᠷᠭᠡᠳᠬᠡᠵᠦ᠂ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠳᠤᠮᠳᠠ ᠵᠢᠵᠢᠭ ᠪᠢᠴᠢᠯ ᠠᠵᠤ ᠠᠬᠤᠶᠢᠯᠠᠯ ᠠᠴᠠ ᠲᠣᠰ ᠭᠠᠵᠠᠷ ᠣᠷᠣᠨ ᠤ ᠲᠣᠮᠣ ᠬᠡᠯᠪᠡᠷᠢ ᠶᠢᠨ ᠠᠵᠤ ᠠᠬᠤᠶᠢᠯᠠᠯ ᠬᠦᠷᠲᠡᠯ᠎ᠡ ᠥᠷᠭᠡᠳᠬᠡᠬᠦ ᠶᠢᠨ ᠬᠠᠮᠲᠤ᠂ ᠡᠯ᠎ᠡ ᠮᠤᠵᠢ ᠶᠢᠨ ᠬᠢᠨ ᠬᠢᠵᠢᠭ ᠤᠨ ᠪᠠᠶᠢᠳᠠᠯ ᠤᠨ ᠨᠥᠯᠥᠭᠡ ᠪᠠ ᠰᠠᠭᠤᠷᠢ ᠮᠥᠩᠭᠦᠨ ᠤ ᠦᠯᠡᠳᠡᠪᠦᠷᠢ ᠶᠢᠨ ᠪᠠᠶᠢᠳᠠᠯ ᠢ ᠦᠨᠳᠦᠰᠦᠯᠡᠨ᠂ ᠪᠠᠰᠠ ᠳᠤᠮᠳᠠ ᠥᠨᠳᠥᠷ ᠳᠡᠰ ᠤᠨ ᠲᠦᠭᠰᠢᠭᠦᠷᠢᠲᠦ ᠬᠢᠵᠢᠭ ᠤᠨ ᠪᠠᠶᠢᠳᠠᠯ ᠭᠠᠷᠤᠭᠰᠠᠨ ᠦᠭᠡᠢ ᠭᠠᠵᠠᠷ ᠣᠷᠣᠨ ᠤ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠠᠷᠠᠳ ᠤᠨ ᠠᠭᠠᠷ ᠤᠨ ᠲᠡᠭᠡᠭᠡᠪᠦᠷᠢ ᠪᠠ ᠵᠠᠰᠠᠮᠠᠯ ᠵᠠᠮ ᠤᠰᠤᠨ ᠵᠠᠮ ᠲᠡᠮᠦᠷ ᠵᠠᠮ ᠤᠨ ᠲᠡᠭᠡᠭᠡᠪᠦᠷᠢ ᠵᠡᠷᠭᠡ 5 ᠣᠨᠴᠠ ᠬᠦᠴᠢᠷᠳᠡᠯᠲᠡᠢ ᠠᠵᠢᠯ ᠲᠥᠷᠥᠯ ᠤᠨ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠵᠦ ᠪᠣᠯᠣᠨ᠎ᠠ᠃      ᠭᠤᠷᠪᠠ ᠳᠤ᠂ ᠠᠵᠢᠯ ᠤᠨ ᠪᠠᠶᠢᠷᠢ ᠶᠢ ᠥᠷᠭᠡᠳᠬᠡᠬᠦ ᠠᠷᠭ᠎ᠠ ᠬᠡᠮᠵᠢᠶ᠎ᠡ ᠶᠢᠨ ᠰᠢᠨᠡᠴᠢᠯᠡᠯᠲᠡ ᠶᠢ ᠳᠡᠮᠵᠢᠪᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯᠴᠢᠨ ᠦᠯᠡᠳᠡᠭᠡᠬᠦ‍ ᠨᠢᠭᠡ ᠯᠠ ᠤᠳᠠᠭ᠎ᠠ ᠶᠢᠨ ᠴᠢᠨᠠᠷᠲᠠᠢ ᠨᠥᠬᠦᠪᠦᠷᠢ ᠥᠭᠬᠦ ᠵᠡᠷᠭᠡ ᠠᠵᠤ ᠠᠬᠤᠶᠢᠯᠠᠯ ᠤᠨ ᠬᠥᠮᠥᠨ ᠢᠶᠠᠨ ᠬᠠᠰᠤᠬᠤ ᠦᠭᠡᠢ᠂ ᠬᠥᠮᠥᠨ ᠢᠶᠠᠨ ᠴᠥᠭᠡᠨ ᠬᠠᠰᠤᠬᠤ ᠶᠢ ᠤᠷᠮᠠᠰᠢᠭᠤᠯᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠤᠨ ᠣᠶᠤᠲᠠᠳ ᠤᠨ ᠠᠵᠢᠯ ᠣᠯᠭᠤᠯᠲᠠ ᠶᠢ ᠰᠢᠩᠭᠡᠬᠡᠨ ᠠᠪᠬᠤ ᠶᠢ ᠤᠷᠮᠠᠰᠢᠭᠤᠯᠬᠤ ᠠᠵᠢᠯ ᠤᠨ ᠪᠠᠶᠢᠷᠢ ᠶᠢ ᠥᠷᠭᠡᠳᠬᠡᠬᠦ ᠲᠦᠷᠦ ᠶᠢᠨ ᠪᠣᠳᠣᠯᠭ᠎ᠠ ᠶᠢ ᠰᠢᠨ᠎ᠡ ᠪᠠᠷ ᠨᠡᠮᠡᠪᠡ᠃ ᠠᠵᠤ ᠠᠬᠤᠶᠢᠯᠠᠯ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠬᠠᠮᠲᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠤᠯᠤᠭᠰᠠᠨ ᠪᠣᠯ ᠬᠥᠮᠥᠨ ᠪᠦᠷᠢ ᠳᠤ 1500 ᠲᠥᠭᠦᠷᠢᠭ ᠠᠴᠠ ᠬᠡᠲᠦᠷᠡᠬᠦ ᠦᠭᠡᠢ ᠪᠠᠷᠢᠮᠵᠢᠶ᠎ᠠ ᠪᠠᠷ ᠠᠵᠤ ᠠᠬᠤᠶᠢᠯᠠᠯ ᠳᠤ ᠨᠢᠭᠡ ᠯᠠ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠵᠤ ᠪᠣᠯᠣᠨ᠎ᠠ᠂ ᠪᠣᠳᠠᠲᠠᠢ ᠨᠥᠬᠦᠪᠦᠷᠢ ᠶᠢᠨ ᠪᠠᠷᠢᠮᠵᠢᠶ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠲᠣᠭᠲᠠᠭᠠᠨ᠎ᠠ᠃      ᠣᠳᠣᠬᠠᠨ ᠳᠤ᠂ ᠡᠮᠦᠨᠡᠬᠢ ᠬᠤᠭᠤᠴᠠᠭᠠᠨ ᠳᠤ ᠨᠡᠶᠢᠲᠡᠯᠡᠨ ᠬᠡᠷᠡᠭᠵᠢᠭᠦᠯᠦᠭᠰᠡᠨ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯᠴᠢᠨ ᠦᠯᠡᠳᠡᠭᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠢᠭᠡᠨᠲᠡ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ ᠶᠢ ᠨᠢᠭᠡᠨᠲᠡ ᠠᠵᠤ ᠠᠬᠤᠶᠢᠯᠠᠯ ᠳᠤ ᠰᠢᠭᠤᠳ ᠬᠦᠷᠭᠡᠪᠡ᠃ ᠡᠨᠡ ᠤᠳᠠᠭ᠎ᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠳᠣ ᠶᠠᠭ ᠱᠠᠯᠠᠪᠳᠠᠨ ᠨᠠᠶᠢᠳᠠᠪᠤᠷᠢᠵᠢᠭᠤᠯᠵᠤ ᠪᠠᠶᠢᠨ᠎ᠠ᠃      Q5      Q᠄ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠳᠤ ᠶᠠᠮᠠᠷ ᠶᠠᠮᠠᠷ ︽ᠬᠠᠮ ᠠᠷᠭ᠎ᠠ ᠪᠣᠳᠣᠯᠭ᠎ᠠ︾ ᠪᠠᠶᠢᠬᠤ ᠪᠣᠶ︖      A᠄      ᠨᠢᠭᠡ ᠳᠤ᠂ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾᠃ ᠡᠨᠡ ᠵᠢᠯ ᠠᠴᠠ ᠨᠠᠭᠠᠰᠢ᠂ ᠤᠯᠤᠰ ᠤᠨ ᠲᠠᠰ ᠳᠠᠪᠬᠤᠷᠭ᠎ᠠ ᠠᠴᠠ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ 20 ᠭᠠᠷᠤᠢ ᠨᠡᠶᠢᠲᠡᠯᠡᠵᠦ᠂ ᠨᠡᠶᠢᠯᠡᠮᠡᠯ ᠮᠠᠶ᠋ᠢᠭ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠬᠡᠷᠡᠭᠵᠢᠭᠦᠯᠬᠦ᠂ ᠨᠠᠰᠤᠵᠢᠯ ᠤᠨ ᠠᠰᠠᠷᠠᠮᠵᠢ ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠠᠬᠢᠭᠤᠯᠬᠤ᠂ ᠤᠯᠤᠰ ᠤᠨ ᠥᠮᠴᠢᠯᠡᠯᠲᠦ ᠠᠳᠠᠯ ᠠᠬᠤᠢ ᠶᠢᠨ ᠭᠡᠷ ᠤᠨ ᠲᠦᠷᠢᠶᠡᠰᠦ ᠶᠢ ᠬᠠᠰᠤᠵᠤ ᠬᠡᠯᠲᠦᠷᠢᠭᠦᠯᠬᠦ ᠵᠡᠷᠭᠡ ᠣᠯᠠᠨ ᠲᠠᠯ᠎ᠠ ᠠᠴᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ 5 ᠳ᠋ᠤᠭᠠᠷ ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠦᠴᠦᠯᠡᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠵᠦ ᠲᠦᠪᠡᠭᠳᠡᠯ ᠢ ᠨᠢ ᠲᠠᠶᠢᠯᠬᠤ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠵᠤ᠂ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ᠂ ᠪᠡᠯᠡ ᠲᠣᠬᠢᠷᠠᠭᠤᠯᠬᠤ ᠳᠤ ᠬᠦᠴᠢᠷᠲᠡᠢ ᠵᠣᠭᠤᠰ ᠪᠤᠴᠠᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠬᠤ᠂ ᠥᠪᠡᠷ ᠤᠨ ᠥᠷᠲᠡᠭ ᠢ ᠪᠠᠭᠤᠷᠠᠭᠤᠯᠤᠨ ᠬᠡᠷᠡᠭᠴᠡᠭᠡ ᠶᠢ ᠥᠷᠭᠡᠳᠬᠡᠬᠦ ᠶᠢ ᠠᠬᠢᠭᠤᠯᠬᠤ ᠪᠠ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠬᠤ ᠵᠡᠷᠭᠡ 4 ᠲᠠᠯ᠎ᠠ ᠪᠠᠷ 10 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠳ᠋ ᠤᠨ ᠵᠠᠰᠠᠭ ᠤᠨ ᠶᠠᠮᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠠᠴᠠ ᠤᠷᠢᠳ ᠬᠤᠵᠢᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠬᠡᠷᠡᠭᠵᠢᠭᠦᠯᠬᠦ ᠪᠠᠷ ᠲᠣᠭᠲᠠᠭᠠᠭᠰᠠᠨ ᠠᠵᠤ ᠠᠬᠤᠢ ᠶᠢ ᠲᠣᠭᠲᠠᠪᠤᠷᠢᠵᠢᠭᠤᠯᠬᠤ 6 ᠲᠠᠯ᠎ᠠ ᠶᠢᠨ 33 ᠵᠦᠢᠯ ᠤᠨ ᠠᠷᠭ᠎ᠠ ᠬᠡᠮᠵᠢᠶ᠎ᠡ ᠶᠢᠨ ᠳᠣᠲᠣᠷ᠎ᠠ ᠨᠡᠶᠢᠲᠡ 14 ᠵᠣᠷᠪᠣᠰ 24 ᠵᠦᠢᠯ  ᠨᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠵᠦ ᠪᠤᠢ᠃ ᠵᠢᠱᠢᠶᠡᠯᠡᠪᠡᠯ ᠥᠷᠲᠡᠭ ᠨᠡᠮᠡᠭᠳᠡᠯ ᠤᠨ ᠭᠠᠶᠢᠯᠢ ᠶᠢᠨ ᠦᠯᠡᠳᠡᠭᠡᠬᠦ ᠪᠠ ᠰᠠᠭᠤᠳᠬᠠᠨ ᠪᠤᠴᠠᠭᠠᠬᠤ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠵᠡᠷᠭᠡ ᠪᠣᠯᠣᠨ᠎ᠠ᠃      ᠬᠤᠶᠠᠷ ᠲᠤ᠂ ᠦᠢᠯᠡᠴᠢᠯᠡᠭᠡᠨ ᠤ ︽ᠬᠠᠮ ᠠᠷᠭ᠎ᠠ ᠪᠣᠳᠣᠯᠭ᠎ᠠ︾᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ 5 ᠳ᠋ᠤᠭᠠᠷ ᠰᠠᠷ᠎ᠠ ᠳᠤ ᠪᠥᠬᠦ ᠤᠯᠤᠰ ᠲᠤ ︽ᠬᠦᠴᠢᠷᠳᠡᠯ ᠢ ᠰᠢᠢᠳᠪᠦᠷᠢᠯᠡᠵᠦ᠂ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠭᠰᠠᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠡᠭᠦᠨ ᠤ ᠵᠡᠷᠭᠡᠴᠡᠭᠡ ᠪᠠᠷ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠰᠡᠷᠭᠡᠶᠢᠯᠡᠨ ᠨᠠᠮᠳᠠᠭᠤᠯᠬᠤ ᠵᠡᠷᠭᠡ 4 ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠪᠡ᠃      ᠡᠭᠦᠨ ᠠᠴᠠ ᠭᠠᠳᠠᠨ᠎ᠠ᠂ ᠬᠦᠴᠢᠷᠳᠡᠯ ᠢ ᠰᠢᠢᠳᠪᠦᠷᠢᠯᠡᠬᠦ ᠪᠠ ᠰᠢᠯᠢᠳᠡᠭ ᠢ ᠬᠥᠮᠥᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠣᠰ ᠭᠠᠷᠠᠭ ᠲᠤ ︽ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ᠱᠠᠲᠤᠯᠢᠭ ᠪᠤᠶᠢᠵᠢᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠᠭᠠᠢ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠᠭᠠᠢ ᠰᠢᠨ᠎ᠡ ︽ᠵᠢᠵᠢᠭ ᠠᠪᠤᠷᠭᠤ︾ ᠠᠵᠤ ᠠᠬᠤᠶᠢᠯᠠᠯ ᠢ ᠬᠠᠮᠤᠷᠤᠭᠰᠠᠨ ᠴᠢᠨᠠᠷ ᠰᠠᠶᠢᠲᠠᠢ ᠳᠤᠮᠳᠠ ᠵᠢᠵᠢᠭ ᠠᠵᠤ ᠠᠬᠤᠶᠢᠯᠠᠯ ᠤᠨ ᠱᠠᠲᠤᠯᠢᠭ ᠪᠤᠶᠢᠵᠢᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠭᠤᠣᠯᠯᠠᠬᠤ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠪᠠᠶᠢᠳᠠᠯ ᠢ ᠴᠡᠭᠴᠡᠯᠡᠨ ᠵᠠᠰᠠᠬᠤ᠂ ᠥᠷᠢᠲᠦᠵᠦ ᠪᠠᠶᠢᠭ᠎ᠠ ᠲᠠᠩᠰᠠᠨ ᠵᠣᠭᠤᠰ ᠢ ᠴᠡᠭᠴᠡᠯᠡᠨ ᠢᠯᠭᠠᠷᠠᠭᠤᠯᠬᠤ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃      Q6      Q᠄ ᠣᠳᠣᠬᠠᠨ ᠤ ᠮᠠᠨ ᠤ ᠤᠯᠤᠰ ᠤᠨ ᠡᠨᠧᠷᠭᠢ ᠶᠢᠨ ᠬᠠᠩᠭᠠᠯᠭ᠎ᠠ ᠬᠡᠷᠡᠭᠯᠡᠭᠡ ᠨᠢ ᠶᠠᠮᠠᠷ ᠪᠠᠶᠢᠳᠠᠯ ᠲᠠᠢ ᠪᠤᠶ︖ ᠬᠡᠷᠬᠢᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠤᠢ︖      A᠄      ᠶᠡᠷᠦᠩᠬᠡᠢ ᠳᠤ ᠨᠢ ᠠᠪᠴᠤ ᠦᠵᠡᠪᠡᠯ᠂ ᠡᠨᠡ ᠵᠢᠯ ᠠᠴᠠ ᠨᠠᠭᠠᠰᠢ ᠮᠠᠨ ᠤ ᠤᠯᠤᠰ ᠤᠨ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠬᠡᠷᠡᠭᠴᠡᠭᠡ ᠶᠡᠷᠦᠩᠬᠡᠢ ᠳᠤ ᠪᠠᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ ᠪᠤᠢ᠃ ᠣᠳᠣᠬᠠᠨ ᠳᠤ᠂ ᠮᠠᠨ ᠤ ᠤᠯᠤᠰ ᠤᠨ ᠭᠤᠣᠯ ᠪᠣᠯᠬᠤ ᠴᠢᠯᠠᠭᠤᠨ ᠲᠣᠰᠣ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠥᠮᠥᠷᠭᠡ ᠶᠢᠨ ᠬᠠᠳᠠᠭᠠᠯᠠᠯᠲᠠ ᠢᠮᠠᠭᠲᠠ ᠥᠨᠳᠥᠷ ᠪᠠᠶᠢᠷᠢᠨ ᠳᠤ ᠪᠠᠶᠢᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠬᠠᠳᠠᠭᠠᠯᠠᠯᠲᠠ᠂ ᠰᠠᠪᠠ ᠶᠢᠨ ᠬᠠᠳᠠᠭᠠᠯᠠᠯᠲᠠ ᠴᠥᠮ ᠥᠨᠳᠥᠷ ᠪᠠᠶᠢᠷᠢᠨ ᠳᠤ ᠪᠠᠶᠢᠵᠤ᠂ ᠬᠡᠷᠡᠭᠴᠡᠭᠡ ᠶᠢ ᠪᠦᠲᠦᠮᠵᠢᠲᠡᠶ ᠪᠠᠲᠤᠯᠠᠵᠤ ᠴᠢᠳᠠᠨ᠎ᠠ᠃      ᠨᠡᠭᠦᠷᠡᠰᠦᠨ ᠤ ᠭᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠠᠯ᠎ᠠ ᠪᠠᠷ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠥᠷᠨᠢᠭᠦᠯᠪᠡ      ᠨᠢᠭᠡ ᠳᠤ᠂ ᠲᠡᠷᠢᠭᠦᠨ ᠤ ᠦᠢᠯᠡᠳᠪᠦᠷᠢᠯᠡᠬᠦ ᠴᠢᠳᠠᠪᠤᠷᠢ ᠶᠢ ᠭᠦᠢᠴᠡᠳ ᠪᠠᠳᠠᠷᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠨᠡᠭᠦᠷᠡᠰᠦ ᠴᠠᠬᠢᠯᠭᠠᠨ ᠲᠣᠰᠣ ᠬᠡᠢ ᠲᠡᠭᠡᠭᠡᠪᠦᠷᠢ ᠶᠢᠨ ᠲᠤᠬᠠᠢ ᠶᠠᠮᠤᠨ ᠤ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ᠂ ᠦᠢᠯᠡᠳᠪᠦᠷᠢᠯᠡᠯ ᠢ ᠥᠷᠭᠡᠳᠬᠡᠬᠦ᠂ ᠰᠢᠨ᠎ᠡ ᠪᠠᠷ ᠠᠰᠢᠭᠯᠠᠯᠲᠠ ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 3 ᠳ᠋ᠦᠩᠰᠢᠭᠤᠷ ᠲᠣᠨ ᠰᠢᠨ᠎ᠡ ᠪᠠᠷ ᠨᠡᠮᠡᠭᠳᠡᠭᠦᠯᠵᠦ᠂ ᠡᠭᠦᠨ ᠤ ᠬᠠᠮᠲᠤ ᠦᠢᠯᠡᠳᠪᠦᠷᠢᠯᠡᠯ ᠤᠨ ᠴᠢᠳᠠᠪᠤᠷᠢ ᠪᠣᠯᠣᠨ ᠭᠠᠷᠤᠯᠲᠠ ᠶᠢᠨ ᠬᠠᠷᠠᠯᠲᠠ ᠶᠢ ᠨᠡᠭᠦᠷᠡᠰᠦ ᠭᠠᠷᠭᠠᠬᠤ ᠪᠤᠢ ᠪᠦᠬᠦᠢ ᠮᠤᠵᠢ ᠣᠷᠣᠨ ᠳᠤ ᠬᠦᠷᠲᠡᠯ᠎ᠡ ᠲᠣᠳᠣᠷᠬᠠᠶᠢᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠣᠯᠣᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠪᠣᠯᠣᠨ ᠠᠵᠤ ᠠᠬᠤᠶᠢᠯᠠᠯ ᠠᠴᠠ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠠᠬᠢᠭᠤᠯᠵᠤ᠂ 1 - 4 ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠨᠡᠭᠦᠷᠡᠰᠦᠨ ᠤ ᠭᠠᠷᠤᠯᠲᠠ 14.48 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠵᠣᠬᠢᠰᠲᠠᠢ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠪᠠᠲᠤᠯᠠᠵᠤ ᠴᠢᠳᠠᠪᠠ᠃ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠬᠦ ᠶᠢ ᠳᠠᠭᠠᠯᠳᠤᠨ᠂ ᠦᠷᠭᠦᠯᠵᠢᠯᠡᠨ ᠬᠠᠩᠭᠠᠬᠤ ᠴᠢᠳᠠᠪᠤᠷᠢ ᠪᠠᠰᠠ ᠤᠯᠠᠮ ᠴᠢᠨᠠᠭᠰᠢᠳᠠ ᠨᠡᠮᠡᠭᠳᠡᠬᠦ ᠪᠣᠯᠣᠨ᠎ᠠ᠃      ᠬᠤᠶᠠᠷ ᠲᠤ᠂ ᠨᠡᠭᠦᠷᠡᠰᠦ ᠲᠡᠭᠡᠭᠡᠪᠦᠷᠢᠯᠡᠬᠦ ᠪᠠ ᠨᠥᠭᠡᠴᠡᠯᠡᠬᠦ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠣᠶᠢᠷ᠎ᠠ ᠶᠢᠨ ᠵᠢᠯ ᠤᠳ ᠲᠤ᠂ ᠨᠡᠭᠦᠷᠡᠰᠦ ᠶᠢ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠮᠠᠯ ᠵᠠᠮ ᠲᠡᠮᠦᠷ ᠵᠠᠮ ᠤᠰᠤᠨ ᠵᠠᠮ ᠤᠨ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ᠂ ᠨᠡᠭᠦᠷᠡᠰᠦ ᠲᠡᠭᠡᠭᠡᠪᠦᠷᠢᠯᠡᠬᠦ ᠴᠢᠳᠠᠪᠤᠷᠢ ᠶᠢ ᠶᠡᠭᠡ ᠪᠠᠷ ᠴᠢᠩᠭᠠᠷᠠᠭᠤᠯᠪᠠ᠃ ᠡᠭᠦᠨ ᠤ ᠬᠠᠮᠲᠤ᠂ ᠨᠡᠭᠦᠷᠡᠰᠦ ᠨᠥᠭᠡᠴᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠤ ᠨᠥᠭᠡᠴᠡᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠲᠣᠬᠢᠷᠠᠭᠤᠯᠵᠤ ᠪᠣᠯᠬᠤᠶᠢᠴᠠ ᠨᠥᠭᠡᠴᠡᠯᠡᠬᠦ ᠡᠬᠢ ᠪᠠᠶᠠᠯᠢᠭ ᠢ ᠶᠡᠭᠡ ᠪᠠᠷ ᠨᠡᠮᠡᠭᠳᠡᠭᠦᠯᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠶᠠᠪᠤᠴᠠ ᠳᠠᠬᠢ ᠴᠢᠬᠤᠯᠠ ᠦᠢᠯᠡᠳᠦᠯ ᠢ ᠪᠠᠳᠠᠷᠠᠭᠤᠯᠪᠠ᠃      ᠭᠤᠷᠪᠠ ᠳᠤ᠂ ᠤᠷᠲᠤ ᠬᠤᠭᠤᠴᠠᠭᠠᠨ ᠤ ᠵᠥᠪᠯᠡᠯᠴᠡᠭᠡᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠦᠨᠡᠨ ᠬᠦ ᠪᠠᠲᠤᠯᠠᠪᠠ᠃ ᠡᠨᠡ ᠵᠢᠯ ᠴᠠᠬᠢᠯᠭᠠᠨ ᠭᠠᠷᠭᠠᠬᠤ ᠢᠯᠴᠢ ᠬᠠᠩᠭᠠᠬᠤ ᠨᠡᠭᠦᠷᠡᠰᠦᠨ ᠤ ᠳᠤᠮᠳᠠ ᠤᠷᠳᠤ ᠬᠤᠭᠤᠴᠠᠭᠠᠨ ᠤ ᠭᠡᠷ᠎ᠡ ᠶᠢ ᠨᠡᠶᠢᠳᠡᠮ ᠬᠡᠷᠡᠭᠵᠢᠭᠦᠯᠬᠦ ᠶᠢ ᠠᠬᠢᠭᠤᠯᠵᠤ᠂ ᠨᠡᠭᠦᠷᠡᠰᠦᠨ ᠤ ᠳᠤᠮᠳᠠ ᠤᠷᠳᠤ ᠬᠤᠭᠤᠴᠠᠭᠠᠨ ᠤ ᠠᠷᠠᠯᠵᠢᠶᠠᠨ ᠤ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ ᠥᠪᠡᠷ ᠤᠨ ᠦᠷᠳᠡᠭ ᠢ ᠪᠦᠲᠦᠮᠵᠢᠲᠡᠶ ᠪᠠᠭᠤᠷᠠᠭᠤᠯᠵᠤ᠂ ᠡᠨᠧᠷᠭᠢ ᠶᠢᠨ ᠰᠤᠷᠪᠤᠯᠵᠢ ᠴᠠᠬᠢᠯᠭᠠᠨ ᠬᠦᠴᠦᠨ ᠤ ᠬᠠᠩᠭᠠᠯᠭ᠎ᠠ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃      Q7      Q᠄ ᠠᠵᠤ ᠦᠢᠯᠡᠳᠪᠦᠷᠢ ᠶᠢᠨ ᠠᠵᠤ ᠠᠬᠤᠢ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠲᠤᠬᠠᠢ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖      A᠄      ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ ᠠᠴᠠ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠬᠦ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠬᠢᠵᠢᠭ ᠢ ᠰᠡᠷᠭᠡᠶᠢᠯᠡᠬᠦ ᠡᠮᠴᠢᠯᠡᠭᠡᠨ ᠤ ᠡᠳ᠋ ᠪᠣᠳᠠᠰ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠡᠳ᠋ ᠪᠣᠳᠠᠰ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠡᠳ᠋ ᠪᠣᠳᠠᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠤ ᠦᠢᠯᠡᠰ ᠤᠨ ᠵᠠᠩᠭᠢᠯᠠᠭ᠎ᠠ ᠶᠢᠨ ᠡᠳ᠋ ᠪᠣᠳᠠᠰ ᠵᠡᠷᠭᠡ ᠳᠥᠷᠪᠡᠨ ᠶᠡᠭᠡ ᠬᠦᠷᠢᠶᠡᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠤᠨ ︽ᠴᠠᠭᠠᠨ ᠳᠠᠩᠰᠠ︾ ᠶᠢᠨ ᠳᠦᠷᠢᠮ ᠢ ᠳᠠᠷᠤᠶᠢᠬᠠᠨ ᠪᠠᠶᠢᠭᠤᠯᠬᠤ ᠶᠢᠨ ᠬᠠᠮᠲᠤ ᠬᠥᠳᠡᠯᠦᠩᠭᠦᠢ ᠪᠠᠷ ᠲᠣᠬᠢᠷᠠᠭᠤᠯᠵᠤ᠂ ᠮᠠᠰᠢᠨ ᠲᠡᠷᠭᠡ᠂ ᠬᠤᠷᠠᠮᠠᠯ ᠴᠠᠬᠢᠯᠭᠠᠨ ᠬᠡᠯᠬᠢᠶ᠎ᠡ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠵᠣᠬᠢᠴᠠᠭᠤᠯᠬᠤ ᠲᠠᠪᠴᠠᠩ ᠢ ᠪᠠᠶᠢᠭᠤᠯᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠵᠠᠩᠭᠢᠶᠠᠰᠤ ᠴᠡᠭ ᠤᠨ ᠠᠵᠤ ᠦᠢᠯᠡᠳᠪᠦᠷᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠴᠡᠭ ᠢᠶᠠᠷ ᠬᠡᠯᠬᠢᠶ᠎ᠡ ᠶᠢ ᠲᠠᠶᠢᠴᠢᠯᠠᠨ ᠠᠵᠤ ᠦᠢᠯᠡᠰ ᠤᠨ ᠬᠡᠯᠬᠢᠶ᠎ᠡ ᠶᠢᠨ ᠰᠠᠭᠠᠳ ᠦᠭᠡᠢ ᠨᠡᠪᠲᠡᠷᠡᠬᠦ ᠶᠢ ᠠᠬᠢᠭᠤᠯᠵᠤ᠂ ᠬᠡᠯᠬᠢᠶ᠎ᠡ ᠪᠠᠷ ᠲᠠᠯ᠎ᠠ ᠶᠢ ᠲᠠᠶᠢᠴᠢᠯᠠᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠠᠬᠢᠭᠤᠯᠪᠠ᠃      ᠨᠢᠭᠡ ᠳᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠨᠡᠪᠲᠡᠷᠡᠨ ᠲᠣᠭᠲᠠᠭᠤᠨ ᠪᠠᠶᠢᠬᠤ ᠶᠢ ᠪᠦᠬᠦᠨ ᠬᠦᠴᠦᠨ ᠢᠶᠠᠷ ᠢᠶᠠᠨ ᠪᠠᠲᠤᠯᠠᠨ᠎ᠠ᠃ ᠶᠠᠮᠤᠨ ᠤ ᠲᠠᠰ ᠤᠨ ︽ᠴᠠᠭᠠᠨ ᠲᠠᠩᠰᠠ︾ ᠶᠢᠨ ᠠᠵᠤ ᠠᠬᠤᠶᠢᠯᠠᠯ ᠤᠨ ᠬᠡᠪᠴᠢᠶ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠮᠤᠵᠢ ᠶᠢᠨ ᠲᠠᠰ ᠤᠨ ︽ᠴᠠᠭᠠᠨ ᠲᠠᠩᠰᠠ ︾ ᠶᠢᠨ ᠠᠵᠤ ᠠᠬᠤᠶᠢᠯᠠᠯ ᠤᠨ ᠣᠷᠣᠨ ᠪᠦᠰᠡ ᠶᠢᠨ ᠬᠠᠷᠢᠯᠴᠠᠨ ᠮᠡᠳᠡᠷᠡᠬᠦ ᠶᠢ ᠲᠥᠷᠭᠡᠳᠬᠡᠨ ᠠᠬᠢᠭᠤᠯᠬᠤ ᠶᠢᠨ ᠬᠠᠮᠲᠤ᠂ ᠳᠡᠭᠡᠳᠦ ᠳᠣᠣᠷᠠᠳᠤ ᠤᠷᠤᠰᠬᠠᠯ ᠤᠨ ᠵᠣᠯᠭᠠᠯᠲᠠ ᠦᠢᠯᠡᠴᠢᠯᠡᠭᠡ ᠶᠢ ᠴᠢᠩᠭᠠᠳᠬᠠᠨ᠎ᠠ᠃ ᠲᠣᠳᠣᠷᠬᠠᠶᠢᠯᠠᠬᠤ ᠴᠢᠬᠤᠯᠠᠲᠠᠢ ᠵᠦᠢᠯ ᠭᠡᠪᠡᠯ᠂ ︽ᠴᠠᠭᠠᠨ ᠳᠠᠩᠰᠠ︾ ᠶᠢᠨ ᠳᠦᠷᠢᠮ ᠪᠣᠯ ᠵᠥᠪᠬᠡᠨ ᠱᠠᠲᠤᠴᠢ ᠴᠢᠨᠠᠷᠲᠠᠢ ᠪᠠᠷ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠮᠥᠨ᠂ ᠬᠠᠷᠠᠯᠲᠠ ᠨᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠳᠤ ᠣᠷᠣᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠶᠠᠪᠤᠳᠠᠯ ᠪᠣᠯᠣᠨ᠎ᠠ᠃ ᠪᠠᠰᠠ ᠴᠡᠭ ᠠᠴᠠ ᠴᠡᠭ᠂ ᠨᠢᠭᠡ ᠠᠴᠠ ᠨᠢᠭᠡ᠂ ᠲᠦᠷᠭᠡᠨ ᠲᠣᠭᠲᠠᠭᠤᠨ ᠪᠠᠶᠢᠯᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶ᠎ᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠣᠨ ᠵᠠᠩᠭᠢᠯᠠᠭ᠎ᠠ ᠶᠢᠨ ᠵᠠᠩᠭᠢᠶᠠᠰᠤ ᠴᠡᠭ ᠤᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ ᠡᡁᠧᠪᠸᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠲᠠᠭᠤᠨ ᠢᠶᠠᠷ ᠦᠢᠯᠡᠳᠪᠦᠷᠢᠯᠡᠬᠦ᠂ ᠭᠠᠷᠤᠯᠲᠠ ᠪᠠᠨ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠬᠦ ᠶᠢ ᠪᠠᠲᠤᠯᠠᠨ᠎ᠠ᠃      ᠬᠤᠶᠠᠷ ᠲᠤ᠂ ᠨᠡᠩ ᠶᠡᠭᠡ ᠡᠷᠴᠢᠮ ᠢᠶᠠᠷ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠲᠠᠢ ᠪᠠᠶᠢᠯᠭᠠᠨ᠎ᠠ᠃ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠰᠠᠶᠢᠲᠤᠷ ᠲᠠᠶᠢᠯᠤᠮᠵᠢ ᠬᠢᠵᠦ᠂ ᠰᠠᠶᠢᠲᠤᠷ ᠤᠬᠠᠭᠤᠯᠤᠨ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ ᠂ ᠲᠦᠷᠦ ᠶᠢᠨ ᠪᠣᠳᠣᠯᠭ᠎ᠠ ᠶᠢᠨ ᠳᠠᠪᠬᠤᠴᠠᠭᠤᠯᠤᠨ ᠥᠷᠭᠡᠳᠬᠡᠬᠦ ᠨᠥᠯᠥᠭᠡ ᠦᠢᠯᠡᠳᠦᠯ ᠢ ᠪᠤᠢ ᠪᠣᠯᠭᠠᠵᠤ᠂ ᠠᠵᠤ ᠠᠬᠤᠶᠢᠯᠠᠯ ᠤᠨ ᠡᠳ᠋ᠯᠡᠪᠡᠰᠦ ᠵᠣᠬᠢᠬᠤ ᠳᠤ ᠨᠢ ᠪᠦᠬᠦᠨ ᠢ ᠡᠳ᠋ᠯᠡᠭᠦᠯᠬᠦ ᠶᠢ ᠪᠠᠲᠤᠯᠠᠨ᠎ᠠ᠃      ᠭᠤᠷᠪᠠ ᠳᠤ᠂ ᠪᠡᠯᠡ ᠣᠷᠣᠭᠤᠯᠤᠯᠲᠠ ᠪᠠ ᠬᠡᠷᠡᠭᠯᠡᠭᠡ ᠶᠢ ᠬᠦᠴᠦᠯᠡᠨ ᠥᠷᠭᠡᠳᠬᠡᠨ᠎ᠡ᠃ ᠦᠢᠯᠡᠳᠬᠡᠯ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠪᠠ ᠲᠥᠷᠥᠯ ᠵᠦᠢᠯ᠂ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠵᠦ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ 5G ᠰᠠᠭᠤᠷᠢ ᠦᠷᠳᠡᠭᠡ᠂ ᠲᠣᠮᠣ ᠳ᠋ᠠᠶᠢᠲ᠋ᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠪᠠᠶᠢᠷᠢᠯᠠᠭᠤᠯᠵᠤ᠂ ᠭᠠᠳᠠᠭᠠᠳᠤ ᠪᠡᠯᠡ ᠶᠢᠨ ᠴᠢᠬᠤᠯᠠ ᠶᠡᠭᠡ ᠲᠥᠷᠥᠯ ᠵᠦᠢᠯ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ ᠮᠠᠰᠢᠨ ᠲᠡᠷᠭᠡᠨ ᠤ ᠬᠡᠷᠡᠭᠯᠡᠭᠡ᠂ ᠮᠡᠳᠡᠭᠡ ᠵᠠᠩᠭᠢ ᠶᠢᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠡᠳᠡᠭᠡ ᠵᠠᠩᠭᠢ ᠶᠢᠨ ᠬᠡᠷᠡᠭᠯᠡᠭᠡ ᠶᠢᠨ ᠵᠢᠱᠢᠶ᠎ᠡ ᠦᠵᠡᠭᠦᠯᠬᠦ ᠬᠤᠲᠠ ᠪᠠ ᠵᠢᠱᠢᠶ᠎ᠡ ᠦᠵᠡᠭᠦᠯᠬᠦ ᠲᠥᠷᠥᠯ ᠵᠦᠢᠯ ᠢ ᠪᠣᠶᠢᠵᠢᠭᠤᠯᠤᠨ᠂ 5G᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠬᠢᠭᠡᠳ ᠡᠭᠴᠡ ᠠᠵᠢᠯ ᠲᠥᠷᠥᠯ ᠤᠨ ᠠᠭᠤᠰᠤᠯᠴᠠᠨ ᠬᠡᠷᠡᠭᠯᠡᠬᠦ ᠶᠢ ᠲᠦᠷᠭᠡᠳᠬᠡᠨ᠎ᠡ᠃      Q8      Q᠄ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ ᠪᠤᠢ︖      A᠄      ᠲᠠᠷᠠᠭᠠᠴᠢ ᠶᠢᠨ ᠠᠯᠬᠤᠮ ᠳᠤ ᠭᠤᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ᠨᠢᠭᠡ ᠳᠤ᠂ ᠣᠷᠣᠨ ᠨᠤᠲᠤᠭ ᠤᠨ ᠬᠤᠳᠠᠯᠳᠤᠭᠠᠨ ᠤ ᠶᠠᠪᠤᠳᠠᠯ ᠤᠨ ᠭᠤᠣᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠢᠯᠤᠭᠤᠳᠴᠤ ᠪᠠᠶᠢᠭᠠᠳ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠴᠢᠩᠭ᠎ᠠ ᠠᠳᠬᠤᠵᠤ᠂ ᠢᠯᠠᠩᠭᠤᠶ᠎ᠠ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠲᠡᠶᠢᠰᠢ ᠵᠣᠬᠢᠬᠤ ᠬᠡᠮᠵᠢᠶ᠎ᠡ ᠪᠠᠷ ᠬᠡᠯᠪᠡᠶᠢᠯᠭᠡᠵᠦ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ᠂ ᠢᠲᠡᠭᠡᠮᠵᠢᠲᠦ ᠵᠢᠭᠡᠯᠡᠯᠭᠡ ᠢᠲᠡᠭᠡᠮᠵᠢ ᠶᠢᠨ ᠪᠠᠲᠤᠯᠠᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠶᠡᠷᠦᠩᠬᠡᠢ ᠥᠪᠡᠷ ᠤᠨ ᠥᠷᠲᠡᠭ ᠢ ᠪᠠᠭᠤᠷᠠᠭᠤᠯᠬᠤ ᠪᠠᠷ ᠴᠢᠷᠮᠠᠶᠢᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠬᠠᠤᠯᠢ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠶᠢᠨ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠳᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠡᠷᠬᠡ ᠲᠡᠭᠰᠢ ᠪᠠᠷ ᠡᠳ᠋ᠯᠡᠭᠦᠯᠬᠦ ᠶᠢ ᠪᠠᠲᠤᠯᠠᠵᠤ᠂ ᠤᠯᠤᠰ ᠠᠷᠠᠳ ᠤᠨ ᠬᠠᠷᠠᠭᠠᠯᠵᠠᠯ ᠢ ᠬᠦᠷᠲᠡᠭᠡᠬᠦ ᠬᠡᠷᠡᠭᠲᠡᠢ᠃      ᠬᠤᠶᠠᠷ ᠲᠤ᠂ ᠰᠢᠨ᠎ᠡ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠨᠡᠶᠢᠲᠡᠯᠡᠬᠦ ᠶᠢ ᠬᠦᠴᠦᠯᠡᠨ ᠠᠬᠢᠭᠤᠯᠤᠨ᠎ᠠ᠃ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠲᠤ ᠲᠦᠷᠭᠡᠪᠴᠢᠯᠡᠨ ᠵᠠᠰᠠᠪᠤᠷᠢ ᠣᠷᠣᠭᠤᠯᠵᠤ᠂ ᠵᠣᠷᠢᠭᠵᠢᠭᠤᠯᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ᠦᠢᠯᠡᠳᠬᠡᠯ ᠤᠨ ᠦᠢᠯᠡᠰ᠂ ᠰᠤᠳᠤᠯᠤᠨ ᠨᠡᠭᠡᠭᠡᠬᠦ ᠲᠥᠪ ᠵᠡᠷᠭᠡ ᠬᠦᠷᠢᠶᠡᠨ ᠳᠠᠬᠢ ᠪᠡᠯᠡ ᠮᠥᠩᠭᠦ ᠣᠷᠣᠭᠤᠯᠵᠤ ᠠᠪᠴᠢᠷᠠᠬᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠪᠡᠯᠡ ᠮᠥᠩᠭᠦ ᠣᠷᠣᠭᠤᠯᠵᠤ ᠠᠪᠴᠢᠷᠠᠬᠤ ᠪᠦᠲᠦᠴᠡ ᠶᠢ ᠰᠢᠯᠢᠳᠡᠭᠵᠢᠭᠦᠯᠦᠨ᠂ ᠪᠡᠯᠡ ᠮᠥᠩᠭᠦ ᠣᠷᠣᠭᠤᠯᠵᠤ ᠠᠪᠴᠢᠷᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠳᠤ ᠰᠢᠨ᠎ᠡ ᠴᠠᠭ ᠦᠶ᠎ᠡ᠂ ᠰᠢᠨ᠎ᠡ ᠪᠠᠶᠢᠳᠠᠯ ᠢ ᠦᠨᠳᠦᠰᠦᠯᠡᠨ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠨᠥᠭᠡᠴᠡ ᠶᠢ ᠰᠠᠶᠢᠲᠤᠷ ᠬᠢᠬᠦ ᠬᠡᠷᠡᠭᠲᠡᠢ᠃      ᠭᠤᠷᠪᠠ ᠳᠤ᠂ ᠭᠠᠳᠠᠭᠠᠳᠤ ᠠᠷᠠᠯᠵᠢᠶᠠᠨ ᠤ ᠪᠠ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ ᠢ ᠵᠢᠯᠣᠭᠤᠳᠤᠨ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶᠠᠨ ᠤ ᠡᠳ᠋ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢ ᠰᠠᠭᠠᠳ ᠦᠭᠡᠢ ᠨᠡᠪᠲᠡᠷᠡᠭᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ RCEP ᠵᠡᠷᠭᠡ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠦᠨ᠎ᠡ᠃ ᠭᠠᠳᠠᠭᠠᠳᠤ ᠪᠡᠯᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠤᠨ ᠲᠤᠰᠬᠠᠢ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠵᠡᠩᠨᠡᠨ ᠬᠤᠳᠠᠯᠳᠤᠭᠠᠯᠠᠬᠤ ᠳᠤ ᠲᠦᠬᠦᠮ ᠦᠵᠡᠭᠦᠯᠬᠦ ᠵᠡᠷᠭᠡ ᠬᠦᠰᠡᠯ ᠱᠠᠭᠠᠷᠳᠠᠯᠭ᠎ᠠ ᠳᠤ ᠢᠳᠡᠪᠬᠢᠲᠡᠢ ᠪᠠᠷ ᠬᠠᠷᠢᠭᠤᠯᠲᠠ ᠥᠭᠭᠦᠨ᠎ᠡ᠃ 1 ᠳ᠋ᠦᠩᠰᠢᠭᠤᠷ ᠳ᠋ᠣᠯᠯᠠᠷ ᠠᠴᠠ ᠳᠡᠭᠡᠭᠰᠢᠬᠢ ᠭᠠᠳᠠᠭᠠᠳᠤ ᠪᠡᠯᠡ ᠶᠢᠨ ᠲᠣᠮᠣ ᠲᠥᠷᠥᠯ ᠵᠦᠢᠯ ᠢ ᠤᠯᠠᠮ ᠨᠢᠭᠡ ᠠᠯᠬᠤᠮ ᠡᠮᠬᠢᠯᠡᠨ ᠲᠢᠭᠯᠡᠵᠦ᠂ ᠬᠤᠳᠠᠯᠳᠤᠭᠠᠴᠢᠨ ᠤᠷᠢᠬᠤ ᠪᠠ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠎ᠠ᠃      Q9      Q᠄ ᠣᠳᠣᠬᠠᠨ ᠤ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠴᠢᠳᠠᠪᠤᠷᠢ ᠬᠢᠷᠢ ᠵᠡᠷᠭᠡ ᠪᠠᠶᠢᠬᠤ ᠪᠣᠶ︖      A᠄      ᠶᠡᠷᠦᠩᠬᠡᠢ ᠳᠤ ᠨᠢ ᠠᠪᠴᠤ ᠦᠵᠡᠪᠡᠯ᠂ ᠮᠠᠨ ᠤ ᠤᠯᠤᠰ ᠤᠨ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠲᠠᠯ᠎ᠠ ᠪᠠᠷ ᠪᠠᠲᠤ ᠪᠠᠬᠢ ᠪᠣᠳᠠᠰ ᠤᠨ ᠰᠠᠭᠤᠷᠢ ᠲᠠᠢ ᠶᠤᠮ᠃ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ︽ᠤᠯᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ ᠬᠥᠮᠥᠷᠭᠡ ᠶᠢᠨ ᠬᠠᠳᠠᠭᠠᠯᠠᠮᠵᠢ ᠡᠯᠪᠡᠭ ᠳᠡᠯᠪᠡᠭ ᠪᠠᠶᠢᠨ᠎ᠠ︔ ᠠᠮᠢᠳᠤ ᠭᠠᠭ᠋ᠠᠢ ᠶᠢᠨ ᠦᠢᠯᠡᠳᠪᠦᠷᠢᠯᠡᠯ ᠤᠨ ᠴᠢᠳᠠᠪᠤᠷᠢ ᠨᠡᠯᠢᠶᠡᠳ ᠰᠠᠶᠢᠨ ᠬᠢᠷᠢ ᠲᠦᠪᠰᠢᠨ ᠳᠤ ᠣᠷᠣᠰᠢᠵᠤ᠂ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ ᠲᠣᠭᠲᠠᠭᠤᠨ ᠪᠠᠶᠢᠵᠤ᠂ ᠲᠠᠷᠢᠶᠠᠨ ᠭᠠᠵᠠᠷ ᠲᠠᠬᠢ ᠢᠳᠡᠰᠢᠨ ᠨᠣᠭᠤᠭ᠎ᠠ ᠶᠢᠨ ᠲᠠᠯᠠᠪᠠᠶ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠬᠠᠩᠭᠠᠯᠭ᠎ᠠ ᠶᠢᠨ ᠴᠢᠳᠠᠪᠤᠷᠢ ᠭᠦᠢᠴᠡᠳ ᠪᠠᠶᠢᠨ᠎ᠠ᠃ ᠡᠭᠦᠨ ᠠᠴᠠ ᠭᠠᠳᠠᠨ᠎ᠠ᠂ ᠣᠶᠢᠷ᠎ᠠ ᠶᠢᠨ ᠬᠡᠳᠦᠨ ᠵᠢᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠦᠢᠯᠡᠳᠦᠯᠭᠡ ᠪᠠᠷ ᠳᠡᠮᠵᠢᠨ᠂ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠠᠵᠢᠯ ᠤᠨ ᠲᠣᠭᠲᠠᠯᠴᠠᠭ᠎ᠠ ᠨᠢ ᠲᠠᠰᠤᠷᠠᠯᠲᠠ ᠦᠭᠡᠢ ᠲᠡᠭᠦᠯᠳᠡᠷᠵᠢᠪᠡ᠃ ᠣᠳᠣᠬᠠᠨ ᠳᠤ᠂ ᠮᠠᠨ ᠤ ᠤᠯᠤᠰ ᠤᠨ ᠪᠣᠯᠪᠠᠰᠤᠷᠠᠭᠤᠯᠤᠭᠰᠠᠨ ᠠᠮᠤ ᠲᠣᠰᠣᠨ ᠤ ᠦᠨ᠎ᠡ ᠦᠨᠳᠦᠰᠦᠨ ᠳᠤ ᠪᠠᠨ ᠲᠣᠭᠲᠠᠭᠤᠨ ᠪᠠᠶᠢᠵᠤ᠂ ᠭᠠᠭ᠋ᠠᠢ ᠶᠢᠨ ᠮᠢᠬᠠᠨ ᠤ ᠦᠨ᠎ᠡ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ᠂ ᠢᠳᠡᠰᠢᠨ ᠨᠣᠭᠤᠭ᠎ᠠ ᠶᠢᠨ ᠦᠨ᠎ᠡ ᠲᠣᠭᠲᠠᠭᠤᠨ ᠪᠠᠶᠢᠬᠤ ᠶᠢᠨ ᠵᠡᠷᠭᠡ ᠳᠤ ᠪᠠᠭᠤᠷᠠᠬᠤ ᠬᠠᠨᠳᠤᠰᠢ ᠲᠠᠢ᠃      2021 ᠣᠨ ᠤ 11 ᠳ᠋ᠦ᠋ᠭᠡᠷ ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠯᠳᠤᠭᠤᠯᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠡᠭᠦᠨ ᠠᠴᠠ ᠡᠮᠦᠨᠡᠬᠢ ︽ᠳᠥᠷᠪᠡᠨ ᠲᠥᠷᠥᠯ ᠤᠨ ᠬᠥᠮᠥᠰ︾ ᠢ ︽ᠲᠤᠯᠤᠭᠠᠨ ᠲᠥᠷᠥᠯ ᠤᠨ ᠬᠥᠮᠥᠰ︾ ᠪᠣᠯᠭᠠᠨ ᠥᠷᠭᠡᠳᠬᠡᠭᠰᠡᠨ ᠤ ᠬᠠᠮᠲᠤ ᠨᠥᠬᠦᠪᠦᠷᠢ ᠣᠯᠭᠤᠬᠤ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠪᠠ᠃ ᠡᠭᠦᠨ ᠳᠤ᠂ ᠨᠥᠬᠦᠪᠦᠷᠢ ᠥᠭᠬᠦ ᠪᠠᠷᠢᠮᠵᠢᠶ᠎ᠠ ᠪᠣᠯ ᠲᠣᠭᠲᠠᠮᠠᠯ ᠵᠣᠭᠤᠰ ᠤᠨ ᠲᠤᠭ᠎ᠠ ᠪᠢᠰᠢ᠂ ᠬᠠᠷᠢᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠲᠠᠢ ᠬᠤᠯᠪᠣᠯᠳᠤᠭᠤᠯᠵᠤ ᠪᠠᠶᠢᠳᠠᠭ᠂ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠬᠡᠳᠦᠢ ᠶᠡᠭᠡ ᠪᠣᠯᠬᠤ ᠲᠤᠲᠤᠮ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠮᠥᠩᠭᠦ ᠶᠢᠨ ᠲᠤᠭ᠎ᠠ ᠲᠡᠳᠦᠢ ᠥᠨᠳᠥᠷ ᠪᠣᠯᠣᠨ᠎ᠠ᠃ ᠣᠶᠢᠷ᠎ᠠ ᠶᠢᠨ ᠬᠤᠭᠤᠴᠠᠭᠠᠨ ᠳᠤ᠂ ᠬᠡᠰᠡᠭ ᠭᠠᠵᠠᠷ ᠣᠷᠣᠨ ᠤ ᠬᠢᠨ ᠨᠢᠭᠡᠨᠲᠡ ᠬᠡᠷᠡᠭᠵᠢᠭᠦᠯᠬᠦ ᠨᠥᠬᠦᠴᠡᠯ ᠳᠤ ᠬᠦᠷᠴᠦ᠂ ᠬᠤᠯᠪᠣᠭᠳᠠᠯ ᠪᠦᠬᠦᠢ ᠲᠣᠭᠲᠠᠴᠠ ᠶᠢ ᠡᠬᠢᠯᠡᠨ ᠬᠡᠷᠡᠭᠵᠢᠭᠦᠯᠵᠦ᠂ ᠣᠲᠣ ᠶᠠᠭ ᠲᠠᠰ ᠳᠠᠷᠠᠭᠠᠯᠠᠯ ᠶᠣᠰᠣᠭᠠᠷ ᠬᠦᠴᠢᠷᠳᠡᠯᠲᠡᠢ ᠣᠯᠠᠨ ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠣᠯᠭᠤᠵᠤ ᠪᠤᠢ᠃ ᠡᠭᠦᠨ ᠤ ᠬᠠᠮᠲᠤ ᠨᠥᠬᠦᠴᠡᠯ ᠲᠠᠢ ᠭᠠᠵᠠᠷ ᠣᠷᠣᠨ ᠠᠴᠠ ᠬᠦᠴᠢᠷᠳᠡᠯᠲᠡᠢ ᠣᠯᠠᠨ ᠲᠦᠮᠡᠨ ᠳᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠶᠢ ᠵᠣᠷᠢᠭᠵᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠤᠯᠪᠣᠭᠳᠠᠯ ᠪᠦᠬᠦᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠭᠠᠵᠠᠷ ᠤᠨ ᠬᠢᠨ ᠢ ᠰᠢᠮᠳᠠᠭᠤᠯᠤᠨ ᠪᠣᠳᠠᠲᠠᠢ ᠳᠤ ᠨᠠᠶᠢᠳᠠᠪᠤᠷᠢᠵᠢᠭᠤᠯᠵᠤ᠂ ᠪᠠᠷᠠᠭᠠᠨ ᠤ ᠦᠨ᠎ᠡ ᠶᠢᠨ ᠥᠰᠦᠯᠲᠡ ᠠᠴᠠ ᠪᠣᠯᠣᠭᠰᠠᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠳᠤ ᠦᠵᠡᠭᠦᠯᠬᠦ ᠨᠥᠯᠥᠭᠡ ᠶᠢ ᠦᠨᠡᠨ ᠬᠦ ᠨᠠᠮᠳᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号