ᠶᠠᠩ ᠰᠢᠩ ᠱᠧᠩ ᠬᠡᠰᠡᠭ ᠰᠢᠶᠠᠩ ᠪᠠᠯᠭᠠᠰᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/7/1
     6 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠡᠰᠡᠭ ᠰᠢᠶᠠᠩ ᠪᠠᠯᠭᠠᠰᠤᠨ ᠤ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂  ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠴᠠᠭ ᠲᠤᠬᠠᠶ ᠳᠤᠨᠢ ᠴᠢᠨᠠᠷ ᠰᠠᠶᠢᠲᠠᠶ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠰᠢᠶᠠᠨ ᠤ ᠤᠳᠤᠷᠢᠳᠤᠯᠭ᠎ᠠ ᠷᠧᠨ ᠶᠠᠨ ᠰᠢᠶᠠᠩ᠂ ᠰᠢᠶᠧ ᠴᠢᠦᠢ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠶᠠᠩ ᠰᠢᠩ ᠱᠧᠩ ᠨᠡᠷ ᠤᠷᠢᠳ ᠬᠤᠵᠢᠳ ᠳ᠋ᠧ ᠱᠧᠩ ᠭᠸᠦ ᠰᠢᠶᠠᠩ ᠳᠤ ᠬᠦᠷᠴᠦ᠂ ᠪᠠᠷᠠᠭᠤᠨ ᠤᠯᠠᠭᠠᠨᠪᠤᠯᠠᠭ ᠪᠠᠯᠭᠠᠰᠤ᠂ ᠡᠯ ᠹᠧᠨ ᠽᠢ ᠰᠢᠶᠠᠩ᠂ ᠬᠥᠬᠡ ᠡᠷᠭᠢ ᠪᠠᠯᠭᠠᠰᠤᠨ ᠳᠤ ᠬᠦᠷᠴᠤ ᠲᠠᠯ᠎ᠠ ᠨᠤᠲᠤᠭ ᠤᠨ ᠠᠯᠠᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠬᠤᠩ ᠴᠢᠤᠸᠠᠨ 220KV ᠴᠠᠬᠢᠯᠭᠠᠨ ᠳᠠᠮᠵᠢᠭᠤᠯᠬᠤ ᠬᠦᠴᠦᠳᠡᠯ ᠥᠭᠡᠷᠡᠴᠢᠯᠡᠬᠦ ᠥᠷᠲᠡᠭᠡ᠂ ᠲᠢᠶᠠᠨ ᠨᠧᠩ ᠬᠦᠨᠳᠦ ᠠᠵᠤ  ᠦᠢᠯᠡᠳᠪᠦᠷᠢ ᠶᠢᠨ ᠬᠦᠴᠦᠳᠡᠯ ᠳᠡᠭᠡᠭᠰᠢᠯᠡᠭᠦᠯᠬᠦ ᠥᠷᠲᠡᠭᠡ᠂ ᠨᠦᠢᠯ ᠪᠣᠭᠤᠳᠠᠶ ᠶᠢᠨ ᠲᠠᠷᠢᠮᠠᠯ ᠤᠨ ᠰᠠᠭᠤᠷᠢᠨ ᠭᠠᠵᠠᠷ᠂ ᠵᠧᠩ ᠳ᠋ᠡ ᠠᠮᠢᠳᠤ ᠭᠠᠭ᠋ᠠᠶ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠠᠯᠤᠰ ᠬᠡᠲᠦ ᠶᠢᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠤᠷᠢᠳᠠᠪᠠᠷ ᠵᠢᠱᠢᠶ᠎ᠡ ᠦᠵᠡᠭᠦᠯᠬᠦ ᠰᠠᠯᠬᠢᠨ ᠤ ᠨᠥᠭᠡᠴᠡ ᠶᠢᠨ ᠰᠠᠭᠤᠷᠢᠨ ᠭᠠᠵᠠᠷ᠂ ᠬᠤᠲᠠ ᠪᠠᠯᠭᠠᠰᠤ ᠶᠢᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠢᠨᠵᠧᠨᠧᠷᠢᠩ᠂ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠵᠢᠴᠢ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠢᠨᠵᠧᠨᠧᠷᠢᠩ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠪᠠ᠃ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠥᠷᠥᠯ ᠵᠦᠢᠯ ᠢ ᠪᠠᠶᠢᠴᠠᠭᠠᠨ ᠦᠵᠡᠬᠦ᠂ ᠠᠬᠢᠴᠠ ᠶᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠡᠵᠡᠩᠨᠡᠯᠲᠡ᠂ ᠲᠥᠷᠥᠯ ᠵᠦᠢᠯ ᠤᠨ ᠲᠥᠯᠥᠪᠵᠢᠭᠦᠯᠭᠡ᠂ ᠪᠠᠷᠢᠯᠭ᠎ᠠ ᠶᠢᠨ ᠠᠵᠢᠯ ᠤᠨ ᠠᠬᠢᠴᠠ ᠶᠢ ᠨᠠᠷᠢᠨ ᠣᠶᠢᠯᠭᠠᠪᠠ᠃      ᠶᠠᠩ ᠰᠢᠩ ᠱᠧᠩ ᠴᠢᠬᠤᠯᠠᠴᠢᠯᠠᠭᠰᠠᠨ ᠨᠢ᠂ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠳᠠᠭᠠᠭᠠᠨ ᠠᠪᠤᠭᠰᠠᠨ ᠰᠢᠶᠠᠨ ᠤ ᠤᠳᠤᠷᠢᠳᠤᠯᠭ᠎ᠠ ᠵᠢᠴᠢ ᠲᠥᠷᠥᠯ ᠵᠦᠢᠯ ᠤᠨ ᠪᠠᠶᠢᠭ᠎ᠠ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠢᠳᠡᠪᠬᠢᠲᠡᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠡᠷᠬᠡ ᠶᠢ ᠰᠢᠪᠲᠤᠯᠤᠨ ᠪᠡᠷᠬᠡ ᠶᠢ ᠳᠠᠪᠠᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠣᠳᠣᠬᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠣᠳᠠᠲᠠᠢ ᠦᠷ᠎ᠡ ᠪᠦᠲᠦᠮᠵᠢ ᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠮᠤᠷ ᠲᠦᠪᠰᠢᠨ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠪᠡ᠃      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号