ᠬᠥᠬᠡ ᠡᠷᠭᠢ ᠪᠠᠯᠭᠠᠰᠤ ᠶᠢᠨ ᠰᠢᠩ ᠱᠧᠩ ᠨᠡᠶᠢᠭᠡᠮ ᠲᠣᠭᠤᠷᠢᠭ ︽ᠲᠠᠪᠤ ᠶᠢ ᠵᠠᠰᠠᠬᠤ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/1
     6 ᠰᠠᠷ᠎ᠠ ᠶᠢᠨ 27 ᠤ ᠡᠳᠦᠷ᠂ ᠬᠥᠬᠡ ᠡᠷᠭᠢ ᠪᠠᠯᠭᠠᠰᠤ ᠶᠢᠨ ᠰᠢᠩ ᠱᠧᠩ ᠨᠡᠶᠢᠭᠡᠮ ᠲᠣᠭᠤᠷᠢᠭ ︽ᠲᠠᠪᠤ ᠶᠢ ᠵᠠᠰᠠᠬᠤ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠧᠦ ᠵᠧᠨ ᠭᠤᠸᠠᠩ ᠬᠤᠷᠠᠯ ᠳᠤ ᠣᠷᠣᠯᠴᠠᠪᠠ᠃      ᠬᠤᠷᠠᠯ ᠠᠴᠠ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠳᠤ ︽ᠲᠠᠪᠤ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠢᠶᠠᠷ ᠪᠠᠷᠢᠮᠵᠢᠶ᠎ᠠ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ︽ᠤᠯᠤᠰ ᠳᠦᠷᠦ︾ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠬᠤᠰᠢᠭᠤᠴᠢ ᠬᠡᠯᠪᠡᠷᠢ ᠶᠢᠨ ᠰᠢᠨ᠎ᠡ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠢ︔ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠭᠦᠨᠵᠡᠭᠡᠶᠢᠷᠡᠭᠦᠯᠵᠦ᠂ ︽ᠬᠠᠤᠯᠢᠵᠢᠯ︾ ᠤᠨ ᠪᠠᠲᠤᠯᠠᠭ᠎ᠠ ᠶᠢ ᠪᠦᠷᠢᠨᠰᠢᠬᠦᠯᠵᠦ᠂ ᠨᠥᠬᠦᠷᠰᠡᠭ ᠬᠡᠯᠪᠡᠷᠢ ᠶᠢᠨ ᠬᠠᠷᠢᠯᠴᠠᠨ ᠬᠠᠪᠰᠤᠷᠤᠯᠴᠠᠬᠤ ᠰᠢᠨ᠎ᠡ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠢ︔ ᠬᠡᠷᠡᠭ ᠵᠥᠪᠯᠡᠬᠦ ᠲᠣᠭᠲᠠᠴᠠ ᠶᠢ ᠲᠣᠭᠲᠠᠪᠤᠷᠢᠵᠢᠭᠤᠯᠵᠤ᠂ ︽ᠶᠣᠰᠣ ᠰᠤᠷᠲᠠᠬᠤᠨ ᠢᠶᠠᠷ ᠵᠠᠰᠠᠬᠤ︾ ᠦᠷ᠎ᠡ ᠪᠦᠲᠦᠮᠵᠢ ᠶᠢ ᠢᠯᠡᠷᠡᠭᠦᠯᠵᠦ᠂ ᠬᠠᠮᠲᠤᠪᠠᠷ ᠠᠭᠤᠰᠤᠯᠴᠠᠬᠤ ᠬᠡᠯᠪᠡᠷᠢ ᠶᠢᠨ ᠰᠢᠨ᠎ᠡ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠢ︔ ᠰᠦᠯᠵᠢᠶᠡᠨ ᠤ ᠬᠠᠮᠢᠶᠠᠷᠤᠯᠲᠠ ᠶᠢ ᠨᠠᠷᠢᠯᠢᠬᠵᠢᠭᠤᠯᠵᠤ᠂ ︽ᠥᠪᠡᠷᠲᠡᠭᠡᠨ ᠵᠠᠰᠠᠬᠤ︾ ᠰᠠᠭᠤᠷᠢ ᠶᠢ ᠪᠠᠬᠢᠵᠢᠭᠦᠯᠵᠦ᠂  ᠦᠢᠯᠡᠴᠢᠯᠡᠭᠡᠨ ᠤ ᠬᠡᠯᠪᠡᠷᠢ ᠶᠢᠨ ᠡᠶ᠎ᠡ ᠵᠣᠬᠢᠴᠠᠯ ᠲᠠᠢ ᠰᠢᠨ᠎ᠡ ᠨᠡᠶᠢᠭᠡᠮ ᠲᠣᠭᠤᠷᠢᠭ ᠢ  ᠪᠠᠶᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠡᠷᠭᠡᠶᠢᠯᠡᠯᠲᠡ ᠶᠢ ᠰᠢᠯᠢᠳᠡᠭᠵᠢᠭᠦᠯᠵᠦ᠂ ︽ᠤᠶᠤᠨ ᠢᠶᠠᠷ ᠵᠠᠰᠠᠬᠤ︾  ᠰᠢᠰᠲ᠋ᠧᠮ ᠢ ᠲᠡᠭᠦᠯᠳᠡᠷᠵᠢᠭᠦᠯᠵᠦ᠂ ᠣᠶᠤᠨᠴᠢ ᠮᠠᠶ᠋ᠢᠭ ᠤᠨ ᠠᠮᠤᠷ ᠲᠦᠪᠰᠢᠨ ᠤ ᠰᠢᠨ᠎ᠡ ᠨᠡᠶᠢᠭᠡᠮ ᠲᠣᠭᠤᠷᠢᠭ ᠢ ᠪᠠᠶᠢᠭᠤᠯᠬᠤ ᠬᠡᠷᠡᠭᠲᠡᠢ ᠭᠡᠪᠡ᠃      ᠬᠤᠷᠠᠯ ᠠᠴᠠ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠬᠦ᠂ ᠲᠠᠨᠢᠯᠲᠠ ᠪᠠᠨ ᠭᠦᠨᠵᠡᠭᠡᠶᠢᠷᠡᠭᠦᠯᠬᠦ ᠶᠢ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾ ᠶᠢ ᠠᠬᠢᠭᠤᠯᠬᠤ ᠦᠨᠳᠦᠰᠦᠨ ᠱᠠᠭᠠᠷᠳᠠᠯᠭ᠎ᠠ ᠪᠣᠯᠭᠠᠵᠤ᠂ ᠦᠵᠡᠯ ᠰᠠᠨᠠᠭᠠᠨ ᠤ ᠲᠠᠯ᠎ᠠ ᠪᠠᠷ ᠬᠤᠷᠴᠠ ᠰᠡᠷᠭᠡᠭ ᠢᠶᠠᠷ ᠠᠵᠢᠯᠯᠠᠭ᠎ᠠ ᠶᠢᠨ ᠲᠠᠯ᠎ᠠ ᠪᠠᠷ ᠡᠷᠡᠰ ᠰᠢᠭᠤᠷᠬᠠᠢ ᠪᠠᠶᠢᠬᠤ ᠶᠢ ᠵᠢᠯᠣᠭᠤᠳᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠵᠦ ᠬᠠᠷᠢᠭᠤᠴᠠᠯᠭ᠎ᠠ ᠪᠠᠨ ᠭᠦᠢᠴᠡᠳᠬᠡᠬᠦ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ ᠶᠢ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾ ᠶᠢ ᠠᠬᠢᠭᠤᠯᠬᠤ ᠦᠨᠳᠦᠰᠦᠨ ᠠᠷᠭ᠎ᠠ ᠵᠠᠮ ᠪᠣᠯᠭᠠᠵᠤ᠂ ᠬᠥᠨᠳᠡᠯᠡᠨ ᠠᠴᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ ᠬᠢᠬᠦ᠂ ᠰᠢᠰᠲ᠋ᠧᠮ ᠪᠠ ᠬᠡᠰᠡᠭ ᠢ ᠤᠶᠠᠯᠳᠤᠭᠤᠯᠤᠭᠰᠠᠨ ᠠᠵᠢᠯ ᠤᠨ ᠪᠠᠶᠢᠷᠢᠰᠢᠯ ᠢ ᠦᠨᠡᠨᠬᠦ ᠪᠠᠶᠢᠭᠤᠯᠬᠤ ᠬᠡᠷᠡᠭᠲᠡᠢ︔ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠶᠢ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾ ᠶᠢ ᠠᠬᠢᠭᠤᠯᠬᠤ ᠦᠨᠳᠦᠰᠦᠨ ᠠᠷᠭ᠎ᠠ ᠪᠣᠯᠭᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ︽ᠶᠡᠭᠡ ᠰᠤᠷᠤᠯᠴᠠᠯᠭ᠎ᠠ︾᠂ ᠴᠢᠳᠠᠪᠤᠷᠢ ᠶᠢ ᠳᠡᠭᠡᠭᠰᠢᠯᠡᠭᠦᠯᠬᠦ ︽ᠶᠡᠭᠡ ᠪᠣᠯᠪᠠᠰᠤᠷᠠᠭᠤᠯᠤᠯ︾ ᠢ ᠥᠷᠨᠢᠭᠦᠯᠵᠦ᠂ ᠪᠥᠬᠦ ᠠᠵᠢᠯᠲᠠᠨ ᠢ ︽ᠶᠡᠭᠡ ᠪᠠᠷ ᠠᠬᠢᠭᠤᠯᠬᠤ︾ ᠳᠤ  ᠣᠷᠤᠯᠴᠠᠭᠤᠯᠬᠤ ᠬᠡᠷᠡᠭᠲᠡᠢ︔ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠣᠭᠤᠳᠬᠤ᠂ ᠴᠡᠭᠴᠡᠯᠡᠨ ᠰᠠᠶᠢᠵᠢᠷᠠᠭᠤᠯᠵᠤ ᠲᠡᠰ ᠳᠡᠪᠰᠢᠭᠦᠯᠬᠦ ᠶᠢ ︽ᠲᠠᠪᠤ ᠶᠢ ᠵᠠᠰᠠᠬᠤ ᠶᠢ ᠠᠭᠤᠰᠤᠯᠴᠠᠭᠤᠯᠬᠤ︾ ᠶᠢ ᠠᠬᠢᠭᠤᠯᠬᠤ ᠦᠨᠳᠦᠰᠦᠨ ᠠᠷᠭ᠎ᠠ ᠪᠤᠳᠤᠯᠭ᠎ᠠ ᠪᠣᠯᠭᠠᠵᠤ᠂ ᠱᠠᠯᠠᠪᠳᠠᠭᠤᠯᠤᠨ ᠠᠵᠢᠯᠯᠠᠭᠤᠯᠬᠤ᠂ ᠰᠢᠯᠭᠠᠯᠲᠠ ᠪᠠᠷ ᠰᠢᠯᠢᠳᠡᠭ ᠢ ᠠᠬᠢᠭᠤᠯᠬᠤ ᠵᠠᠷᠴᠢᠮ ᠢ ᠢᠮᠠᠭᠲᠠ ᠪᠠᠷᠢᠮᠲᠠᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号