| | | 6 ᠰᠠᠷ᠎ᠠ ᠶᠢᠨ 28 ᠤ ᠡᠳᠦᠷ᠂ ᠦᠴᠤᠸᠠᠨ ᠰᠢᠶᠠᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ 2022 ᠣᠨ ᠤ ᠬᠤᠶᠠᠳᠤᠭᠠᠷ ᠤᠳᠠᠭᠠᠨ ᠤ ᠪᠥᠬᠦᠳᠡ ᠬᠤᠷᠠᠯ | ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ᠂ ᠰᠢᠶᠠᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠭ᠎ᠠ ᠵᠧᠤ ᠵᠧᠨ ᠭᠤᠸᠠᠩ ᠬᠤᠷᠠᠯ ᠡᠷᠭᠢᠯᠡᠵᠦ᠂ ᠰᠢᠶᠠᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠱᠣᠤ ᠯᠢᠨ᠂ ᠵᠠᠰᠠᠭ ᠤᠨ ᠣᠷᠳᠣᠨ ᠤ | ᠳᠡᠳ᠋ ᠳᠠᠷᠤᠭ᠎ᠠ ᠶᠦᠨ ᠰᠢᠶᠤᠤ ᠮᠢᠨ ᠬᠤᠷᠠᠯ ᠳᠤ ᠣᠷᠣᠯᠴᠠᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠶᠡᠭᠡ | ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠠᠢ︔ ᠪᠣᠤ ᠭᠠᠩ ᠱᠦᠵᠢ ᠶᠢᠨ ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ | ᠦᠴᠤᠸᠠᠨ ᠰᠢᠶᠠᠨ ᠤ ᠣᠷᠣᠨ ᠤ ᠲᠥᠪ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ | ᠰᠠᠨᠠᠯ ᠢ ᠲᠤᠤᠱᠯᠠᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠪᠡ︔ ︽ᠦᠴᠤᠸᠠᠨ ᠰᠢᠶᠠᠨ ᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢᠨ ᠲᠥᠰᠦᠯ︾ ᠵᠢᠴᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠪᠡ︔ ︽ᠦᠴᠤᠸᠠᠨ ᠰᠢᠶᠠᠨ ᠤ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠲᠥᠰᠦᠯ︾ ᠢ | ᠬᠢᠨᠠᠨ ᠵᠥᠪᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠰᠤᠷᠭᠠᠭᠤᠯᠢ ᠶᠢᠨ ᠬᠦᠷᠢᠶᠡᠨ ᠤ ᠤᠷᠢᠵᠤ | ᠲᠣᠮᠢᠯᠠᠬᠤ ᠳᠦᠷᠢᠮ ᠤᠨ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠰᠠᠶᠢᠲᠤᠷ ᠲᠥᠯᠥᠪᠯᠡᠨ ᠲᠣᠬᠢᠷᠠᠭᠤᠯᠵᠤ᠂ | ᠨᠠᠷᠢᠨ ᠨᠢᠮᠪᠠᠶ᠂ ᠪᠦᠬᠦ ᠲᠠᠯ᠎ᠠ ᠶᠢᠨ᠂ ᠬᠡᠮᠵᠢᠶᠡᠵᠢᠭᠦᠯᠵᠦ ᠪᠣᠯᠬᠤ ᠬᠢᠨᠠᠨ ᠰᠢᠯᠭᠠᠬᠤ ᠲᠥᠰᠦᠯ ᠢ ᠲᠣᠭᠲᠠᠭᠠᠬᠤ ᠳᠠᠭᠠᠨ | ᠪᠠᠭᠰᠢ᠂ ᠵᠢᠭᠠᠨ ᠰᠤᠳᠤᠯᠤᠭᠴᠢ ᠶᠢᠨ ᠪᠣᠯᠪᠠᠰᠤᠷᠠᠯ ᠤᠨ ᠬᠢᠴᠢᠶᠡᠯ ᠲᠦᠷᠦᠯ ᠢ ᠲᠥᠯᠥᠪᠯᠡᠭᠡ ᠲᠠᠢ᠂ ᠬᠠᠨᠳᠤᠯᠭᠠᠲᠤ | ᠴᠢᠨᠠᠷᠲᠠᠢ ᠪᠠᠷ ᠰᠠᠶᠢᠲᠤᠷ ᠥᠷᠨᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠨᠡ | ᠵᠢᠯ ᠤᠨ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ᠂ ᠳᠤᠮᠳᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠲᠠ᠂ ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ | ᠬᠢᠷᠢ ᠪᠦᠲᠦᠮᠵᠢ ᠳᠤ ᠰᠢᠰᠲ᠋ᠧᠮ ᠲᠠᠢ ᠵᠠᠳᠠᠯᠤᠯᠲᠠ ᠬᠢᠬᠦ ᠠᠵᠢᠯ ᠢ ᠰᠠᠶᠢᠲᠤᠷ ᠬᠢᠵᠦ᠂ ᠬᠦᠷᠦᠯᠴᠡᠬᠦ ᠦᠭᠡᠢ ᠲᠠᠯ᠎ᠠ ᠪᠠᠨ | ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠠᠭᠤᠷᠢ ᠰᠤᠷᠭᠠᠨ ᠬᠥᠮᠦᠵᠢᠯ ᠢ ᠰᠠᠶᠢᠲᠤᠷ ᠬᠢᠵᠦ᠂ ᠠᠵᠠ | ᠲᠣᠬᠢᠶᠠᠯ ᠢ ᠠᠮᠵᠢᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠶᠠᠰᠤ ᠴᠢᠨᠠᠷ ᠪᠠ ᠨᠡᠶᠢᠭᠡᠮ ᠤᠨ ᠮᠡᠳᠡᠷᠡᠮᠵᠢ ᠶᠢᠨ | ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠰᠤᠷᠭᠠᠨ ᠬᠥᠮᠦᠵᠢᠯ ᠢ ᠳᠡᠮᠵᠢᠵᠦ᠂ ᠰᠤᠷᠭᠠᠨ ᠬᠥᠮᠦᠵᠢᠯ ᠢ ᠴᠢᠬᠤᠯᠠᠴᠢᠯᠠᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠤᠷᠭᠠᠨ ᠬᠥᠮᠦᠵᠢᠯ ᠤᠨ | ᠬᠥᠭᠵᠢᠯᠲᠡ ᠶᠢᠨ ᠳᠤᠲᠠᠭᠤᠳᠠᠯ ᠢ ᠴᠢᠷᠮᠠᠶᠢᠨ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠡᠯᠧᠮᠧᠨ᠋ᠲ ᠤᠨ | ᠳᠡᠮᠵᠢᠯᠭᠡ ᠪᠠ ᠳᠦᠷᠢᠮ ᠤᠨ ᠬᠠᠩᠭᠠᠯᠭ᠎ᠠ ᠶᠢ ᠴᠢᠩᠭᠠᠳᠬᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ | ᠂ ᠰᠢᠶᠠᠨ ᠤ ᠰᠤᠷᠭᠠᠨ ᠬᠥᠮᠦᠵᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ | ᠬᠡᠷᠡᠭᠲᠡᠢ ᠭᠡᠪᠡ᠃ |