ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/12
ᠪᠣᠣ ᠭᠠᠩ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠪᠧᠢ ᠶᠢᠨ ᠦᠬᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃      ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠪᠠᠴᠢᠮ ᠪᠠᠶᠢᠳᠠᠯ ᠢ ᠠᠷᠭᠠᠴᠠᠬᠤ ᠪᠠ ᠬᠢᠵᠢᠭ ᠤᠨ ᠪᠠᠶᠢᠳᠠᠯ ᠢ ᠪᠠᠶᠢᠩᠭᠤ ᠶᠢᠨ ᠴᠢᠨᠠᠷ ᠲᠠᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠳᠤᠮᠳᠠ ᠵᠥᠷᠢᠶ᠎ᠡ ᠪᠠᠨ ᠡᠷᠢᠵᠦ᠂ ᠪᠠᠭᠤᠷᠠᠢ ᠪᠠᠨ ᠨᠥᠬᠦᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠣᠨ ᠵᠠᠰᠠᠯᠲᠠ ᠶᠢᠨ ᠬᠢᠷᠢ ᠲᠦᠪᠰᠢᠨ ᠤ ᠣᠳᠣᠬᠢᠴᠢᠯᠠᠯᠲᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠪᠣᠳᠠᠲᠠᠢ ᠶᠢ ᠡᠷᠬᠢᠮᠯᠡᠬᠦ ᠪᠦᠲᠦᠮᠵᠢᠲᠡᠶ ᠰᠡᠳᠬᠢᠮᠵᠢ ᠠᠷᠭ᠎ᠠ ᠬᠡᠮᠵᠢᠶ᠎ᠡ ᠶᠢ ᠠᠪᠴᠤ᠂ ᠪᠥᠬᠦ ᠵᠢᠯ ᠤᠨ ᠠᠵᠤ ᠠᠬᠤᠢ ᠶᠢᠨ ᠡᠭᠦᠷᠭᠡ ᠬᠠᠷᠠᠯᠲᠠ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠦᠨᠡᠨ ᠬᠦ ᠰᠠᠶᠢᠲᠤᠷ ᠠᠳᠬᠤᠵᠤ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠡᠬᠢ ᠪᠠᠶᠠᠯᠢᠭ ᠤᠨ ᠬᠢᠵᠠᠭᠠᠷᠯᠠᠯ ᠢ ᠴᠢᠩᠳᠠᠯᠠᠵᠤ᠂ ᠪᠦᠬᠦ ᠬᠤᠳᠠ ᠶᠢᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠭᠠᠵᠠᠷ᠂ ᠳᠠᠷᠤᠭᠳᠠᠮᠠᠯ ᠪᠡᠯᠡ ᠮᠥᠩᠭᠦ᠂ ︽ᠬᠠᠭᠠᠰ ᠬᠤᠭᠤᠰ︾ ᠪᠠᠷᠢᠯᠭ᠎ᠠ ᠪᠠ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠡᠭᠡ ᠪᠠᠷ ᠪᠠᠶᠢᠳᠠᠯ ᠢ ᠣᠶᠢᠯᠠᠭᠠᠵᠤ᠂ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠦᠷ᠎ᠡ ᠠᠰᠢᠭ ᠢ ᠨᠢ ᠪᠠᠳᠠᠷᠠᠭᠤᠯᠬᠤ ᠬᠡᠷᠡᠭᠲᠡᠢ᠃ ᠠᠶᠤᠯᠭᠦᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠬᠢᠵᠢᠭᠦᠯᠦᠨ ᠪᠠᠶᠢᠭᠤᠯᠵᠤ᠂ ᠤᠯᠤᠰ ᠲᠦᠷᠦ ᠶᠢᠨ ᠠᠶᠤᠯᠭᠦᠢ᠂ ᠦᠢᠯᠡᠳᠪᠦᠷᠢᠯᠡᠯ ᠤᠨ ᠠᠶᠤᠯᠭᠦᠢ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠬᠡᠷᠡᠭᠲᠡᠢ᠃ ᠪᠠᠶᠢᠭᠤᠯᠭ᠎ᠠ ᠶᠢᠨ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠯᠮᠦᠷᠢ ᠶᠢ ᠡᠷᠬᠢᠮᠯᠡᠨ ᠠᠷᠪᠢᠯᠠᠨ ᠭᠠᠮᠨᠠᠵᠤ᠂ ᠬᠠᠮᠢᠶᠠᠷᠤᠯᠲᠠ ᠪᠠᠲᠤᠯᠠᠭ᠎ᠠ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠤᠬᠠᠢ ᠠᠷᠪᠠᠨ ᠬᠤᠶᠠᠷ ᠵᠦᠢᠯ ᠤᠨ ᠠᠷᠭ᠎ᠠ ᠬᠡᠮᠵᠢᠶ᠎ᠡ︾ ᠶᠢ ᠤᠯᠠᠮᠵᠢᠯᠠᠵᠤ᠂ ᠬᠥᠮᠥᠨ ᠢ ᠵᠥᠪ ᠰᠣᠩᠭᠤᠨ ᠬᠡᠷᠡᠭᠯᠡᠬᠦ ᠤᠳᠤᠷᠢᠳᠤᠮᠵᠢ ᠶᠢ ᠦᠨᠡᠨ  ᠬᠦ ᠪᠤᠢ ᠪᠣᠯᠭᠠᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠦᠬᠦ ᠬᠤᠳᠠ ᠶᠢᠨ ᠺᠠᠳ᠋ᠷᠴᠤᠳ ᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠥᠭᠡᠷᠡᠴᠢᠯᠡᠨ ᠨᠡᠶᠢᠳᠬᠡᠵᠦ ᠠᠵᠢᠯᠯᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠᠴᠢᠯᠠᠬᠤ ᠳᠠᠭᠠᠨ᠂ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ  ᠦᠨᠡᠨ ᠬᠦ ᠪᠠᠶᠢᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠲᠤᠪᠤᠶᠢᠯᠭᠠᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯ ᠠᠵᠢᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠲᠤ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢ ᠮᠡᠳᠡᠳᠡᠭ ᠬᠥᠮᠥᠨ ᠢᠶᠠᠷ ᠠᠵᠤ ᠠᠬᠤᠶᠢᠯᠠᠯ ᠢ ᠬᠠᠮᠢᠶᠠᠷᠤᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠭᠠᠷᠠᠭᠰᠠᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠤᠯᠤᠰ ᠤᠨ ᠥᠮᠴᠢᠯᠡᠯᠲᠥ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号