| | | 7 ᠰᠠᠷ᠎ᠠ ᠶᠢᠨ 7 ᠤ ᠡᠳᠦᠷ᠂ ᠦᠴᠤᠸᠠᠨ ᠰᠢᠶᠠᠨ ᠭᠤᠤᠯ ᠤᠨ ᠡᠯᠡᠰᠦ ᠬᠤᠯᠠᠭᠠᠶᠢᠯᠠᠨ ᠮᠠᠯᠲᠠᠬᠤ᠂ | ᠪᠠᠷᠢᠯᠭ᠎ᠠ ᠶᠢᠨ ᠬᠤᠭ ᠨᠣᠪᠰᠢ ᠶᠢ ᠬᠤᠯᠠᠭᠠᠶᠢᠯᠠᠨ ᠤᠨᠠᠭᠠᠬᠤ ᠬᠠᠤᠯᠢ ᠠᠴᠠ ᠵᠥᠷᠢᠴᠡᠭᠰᠡᠨᠦᠢᠯᠡ ᠠᠵᠢᠯᠯᠠᠭ᠎ᠠ ᠳᠤ | ᠴᠣᠬᠢᠯᠲᠠ ᠥᠭᠬᠦ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠧᠨ | ᠯᠢᠨ ᠹᠠᠨ ᠬᠤᠷᠠᠯ ᠡᠷᠭᠢᠯᠡᠵᠦ᠂ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠰᠬᠠᠢ ᠴᠡᠭᠴᠡᠯᠡᠨ | ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠶᠡᠭᠡ ᠲᠠᠯ᠎ᠠ ᠶᠢᠨ ᠤᠬᠠᠮᠰᠠᠷ ᠪᠣᠯᠤᠨ | ᠪᠦᠬᠦᠯᠢ ᠴᠣᠭᠴᠠ ᠶᠢᠨ ᠦᠵᠡᠯᠲᠡ ᠪᠠᠨ ᠳᠡᠭᠡᠭᠰᠢᠯᠡᠭᠦᠯᠵᠦ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ | ᠪᠣᠯᠤᠨ ᠰᠠᠨᠠᠭᠠᠴᠢᠯᠠᠭᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠰᠠᠬᠢᠯᠭ᠎ᠠ ᠪᠠᠲᠤ ᠪᠣᠯᠤᠨ ᠶᠣᠰᠣ ᠲᠦᠷᠢᠮ ᠢ | ᠲᠡᠷᠢᠭᠦᠨ ᠪᠠᠶᠢᠷᠢᠨ ᠳᠤ ᠲᠠᠯᠪᠢᠵᠤ᠂ ᠤᠯᠠᠭᠠᠨ ᠱᠤᠭᠤᠮ ᠢ ᠲᠣᠳᠣᠷᠬᠠᠢ ᠲᠠᠨᠢᠵᠤ᠂ ᠬᠤᠷᠢᠭ᠎ᠠ ᠱᠤᠭᠤᠮ ᠢ ᠰᠠᠬᠢᠬᠤ | ᠬᠡᠷᠡᠭᠲᠡᠢ᠃ ᠬᠤᠶᠠᠷ ᠲᠤ ᠦᠵᠡᠯᠲᠡ ᠪᠠᠨ ᠬᠤᠪᠢᠷᠠᠭᠤᠯᠵᠤ᠂ ᠬᠠᠷᠢᠭᠤᠴᠠᠯᠭᠠᠲᠤ ᠤᠬᠠᠮᠰᠠᠷ ᠢ ᠪᠤᠢ ᠪᠣᠯᠭᠠᠵᠤ᠂ | ᠰᠢᠶᠠᠩ ᠪᠠᠯᠭᠠᠰᠤ ᠪᠣᠯᠤᠨ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ | ᠵᠣᠬᠢᠴᠠᠭᠤᠯᠤᠨ ᠬᠠᠮᠵᠢᠯᠴᠠᠵᠤ᠂ ᠴᠣᠬᠢᠯᠲᠠ ᠥᠭᠬᠦ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ | ᠰᠠᠶᠢᠲᠤᠷ ᠬᠢᠵᠦ᠂ ︽ᠬᠠᠲᠠᠭᠤ ᠲᠠᠢ ᠵᠣᠷᠢᠭᠲᠠᠶ ᠬᠠᠯᠳᠠᠬᠤ᠂ ᠦᠨᠡᠨ ᠢᠶᠠᠷ ᠵᠣᠷᠢᠭᠲᠠᠶ ᠠᠵᠢᠯᠯᠠᠬᠤ︾ ᠤᠬᠠᠮᠰᠠᠷ ᠢ | ᠪᠤᠢ ᠪᠣᠯᠭᠠᠵᠤ᠂ ᠶᠠᠷᠰᠢᠭ ᠲᠦᠪᠡᠭᠲᠡᠶ ᠡᠷᠦᠬᠡ᠂ ᠬᠠᠳᠠᠭᠠᠰᠤᠲᠠᠶ ᠡᠷᠦᠬᠡ ᠳᠤ ᠬᠠᠨᠳᠤᠬᠤ ᠳᠠᠭᠠᠨ ᠠᠶᠤᠬᠤ ᠦᠭᠡᠢ᠂ | ᠵᠣᠷᠢᠭᠲᠠᠶ ᠬᠠᠯᠳᠠᠬᠤ᠂ ᠠᠳᠬᠤᠬᠤ ᠡᠷᠡᠰ ᠴᠢᠩᠭ᠎ᠠ ᠵᠣᠷᠢᠭ ᠲᠠᠢ ᠪᠠᠶᠢᠵᠤ᠂ ᠬᠠᠤᠯᠢ ᠶᠣᠰᠣᠭᠠᠷ ᠪᠣᠳᠠᠲᠠᠶ ᠪᠠᠷ | ᠰᠢᠢᠳᠪᠦᠷᠢᠯᠡᠬᠦ ᠬᠡᠷᠡᠭᠲᠡᠶ᠃ ᠭᠤᠷᠪᠠ ᠳᠤ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠰᠠᠶᠢᠨ ᠰᠠᠶᠢᠬᠠᠨ | ᠬᠡᠪ ᠰᠤᠷᠲᠠᠯ ᠢ ᠪᠤᠢ ᠪᠣᠯᠭᠠᠵᠤ᠂ ᠰᠦᠪᠡᠭᠴᠢ ᠨᠢᠭᠡᠪᠦᠷᠢ ᠶᠢ ᠡᠷᠬᠡᠪᠰᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠬᠥᠮᠦᠨ ᠪᠠ ᠬᠡᠷᠡᠭ ᠶᠠᠪᠤᠳᠠᠯ ᠢ ᠦᠵᠡᠬᠦ ᠪᠠᠷ ᠪᠠᠷᠠᠬᠤ ᠦᠭᠡᠢ ᠪᠠᠰᠠ ᠴᠢᠩᠭ᠎ᠠ ᠰᠢᠢᠳᠬᠡᠵᠦ ᠬᠦᠨᠳᠦ ᠪᠠᠷ ᠰᠢᠢᠳᠬᠡᠬᠦ | ᠬᠡᠷᠡᠭᠲᠡᠢ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠪᠠᠶᠢᠪᠠᠯ ᠨᠡᠩ ᠴᠤ ᠡᠷᠡᠰ ᠴᠢᠩᠭ᠎ᠠ | ᠴᠣᠬᠢᠯᠲᠠ ᠥᠭᠬᠦ ᠬᠡᠷᠡᠭᠲᠡᠢ᠃ ᠡᠭᠦᠨ ᠤ ᠵᠡᠷᠭᠡᠴᠡᠭᠡᠪᠡᠷ᠂ ᠤᠬᠠᠭᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠥᠪ ᠪᠤᠷᠤᠭᠤ | ᠬᠤᠶᠠᠷ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠠᠭᠤᠳᠠᠯᠵᠤ᠂ ᠤᠬᠠᠭᠤᠯᠭ᠎ᠠ ᠶᠢᠨ ᠤᠷᠢᠶ᠎ᠠ | ᠯᠣᠽᠦ᠋ᠩ ᠢ ᠨᠠᠭᠠᠵᠤ᠂ ᠨᠡᠪᠲᠡᠷᠡᠭᠦᠯᠵᠦ᠂ ᠨᠡᠶᠢᠭᠡᠮ ᠳᠠᠶᠠᠭᠠᠷ ᠲᠤ ᠬᠠᠤᠯᠢ ᠪᠤᠰᠤ ᠦᠢᠯᠡ ᠠᠵᠢᠯᠯᠠᠭ᠎ᠠ ᠶᠢ | ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ ᠭᠡᠵᠤ | ᠱᠠᠭᠠᠷᠳᠠᠪᠠ᠃ | |